

ᠢᠷᠦᠬᠡᠯ ᠮᠠᠭᠳᠠᠭᠠᠯ ᠤᠨ ᠰᠤᠶᠤᠯ ᠢᠶᠠᠨ ᠦᠪᠯᠡᠨ ᠤᠯᠠᠮᠵᠢᠯᠠᠶ᠎ᠠ

2018-07-31 15:05
  204
  0
      ᠮᠤᠩᠭᠤᠯᠴᠤᠳ ᠤᠪᠤᠭᠠᠨ ᠲᠠᠬᠢᠯᠭ᠎ᠠ᠂ ᠬᠤᠷᠢᠮ ᠲᠦᠷᠦ ᠵᠡᠷᠭᠡ ᠨᠠᠶᠢᠷ ᠨᠠᠭᠠᠳᠤᠮ ᠳᠤ ᠰᠢᠯᠭᠠᠷᠠᠬᠰᠠᠨ ᠰᠠᠶᠢᠨ ᠮᠤᠷᠢ᠂ ᠢᠳᠡᠳᠡᠨ ᠪᠦᠬᠡ ᠶᠢ ᠤᠷᠠᠨ ᠰᠡᠴᠡᠨ ᠦᠬᠡ ᠪᠠᠷ ᠮᠠᠭᠳᠠᠵᠦ᠂ ᠨᠠᠶᠢᠷ ᠨᠠᠭᠠᠳᠤᠮ ᠢ ᠤᠯᠠᠮ ᠬᠦᠭᠵᠢᠬᠡᠨ ᠲᠠᠢ ᠰᠠᠶᠢᠬᠠᠨ ᠪᠤᠯᠭᠠᠳᠠᠭ᠃ ᠬᠤᠨᠢ ᠬᠠᠶᠢᠴᠢᠯᠠᠬᠤ᠂ ᠢᠰᠡᠬᠡᠢ ᠬᠢᠬᠦ᠂ ᠬᠡᠬᠦᠦ ᠪᠡᠷᠢᠬᠤ᠂ ᠠᠳᠣᠭᠤ ᠲᠡᠯᠯᠡᠬᠦ ᠮᠡᠳᠦ ᠶᠢᠨ ᠤᠯᠠᠨ ᠤ ᠴᠤᠭᠯᠠᠭᠠᠨ ᠲᠡᠭᠡᠷ᠎ᠠ ᠪᠢᠯᠢᠭ ᠠᠪᠢᠶᠠᠰᠳᠠᠨ ᠬᠦᠮᠦᠰ ᠢ ᠤᠷᠢᠵᠦ ᠪᠡᠯᠬᠡ ᠢᠷᠦᠬᠡᠯ ᠤᠨ ᠦᠬᠡ ᠬᠡᠯᠡᠬᠦᠯᠵᠦ ᠤᠯᠠᠨ ᠤ ᠰᠠᠨᠠᠭ᠎ᠠ ᠵᠤᠷᠢᠭ ᠢ ᠭᠦᠭᠵᠢᠬᠡᠨ ᠪᠠᠶᠠᠰᠬᠠᠳᠠᠭ ᠵᠠᠩᠰᠢᠯ ᠲᠠᠢ᠃
     ᠠᠰᠢᠳᠡ ᠶᠢᠨ ᠪᠡᠯᠬᠡ᠂ ᠬᠠᠳᠠᠭ ᠤᠨ ᠮᠠᠭᠳᠠᠭᠠᠯ᠂ ᠬᠡᠷ ᠤᠨ ᠢᠷᠦᠬᠡᠯ᠂ ᠮᠤᠷᠢᠨ ᠤ ᠮᠠᠭᠳᠠᠭᠠᠯ᠂ ᠢᠰᠡᠬᠡᠢ ᠶᠢᠨ ᠢᠷᠦᠬᠡᠯ᠂ ᠭᠠᠯ ᠤᠨ ᠢᠷᠦᠬᠡᠯ᠂ ᠪᠦᠬᠡ ᠶᠢᠨ ᠮᠠᠭᠳᠠᠭᠠᠯ᠂ ᠰᠢᠳᠡᠷ᠎ᠠ ᠶᠢᠨ ᠢᠷᠦᠬᠡᠯ᠂ ᠲᠠᠯᠤ ᠶᠢᠨ ᠢᠷᠦᠬᠡᠯ᠂ ᠰᠢᠨ᠎ᠠ ᠡᠮᠡᠬᠡᠯ ᠲᠤᠬᠤᠬᠤ ᠢᠷᠦᠬᠡᠯ ᠁ ᠢᠷᠦᠬᠡᠯ ᠮᠠᠭᠳᠠᠭᠠᠯ ᠨᠢ ᠮᠤᠩᠭᠤᠯᠴᠤᠳ ᠤᠨ ᠠᠵᠦ ᠠᠮᠢᠳᠤᠷᠠᠯ ᠲᠠᠢ ᠨᠢᠬᠳᠡ ᠬᠤᠯᠪᠤᠯᠳᠦᠵᠦ᠂ ᠮᠤᠩᠭᠤᠯᠴᠤᠳ ᠤᠨ ᠨᠡᠶᠢᠬᠡᠮ ᠤᠨ ᠡᠯ᠎ᠠ ᠲᠡᠤᠬᠡᠨ ᠱᠠᠳᠦ ᠦᠶ᠎ᠡ ᠳᠠᠬᠢ ᠠᠵᠦ ᠠᠮᠢᠳᠤᠷᠠᠯ᠂ ᠵᠠᠩ ᠦᠢᠯᠡ ᠪᠤᠯᠤᠨ ᠬᠦᠰᠡᠯ ᠮᠦᠷᠦᠬᠡᠳᠦᠯ ᠤᠨ ᠲᠤᠰᠬᠠᠯ ᠪᠤᠯᠵᠦ ᠦᠯᠡᠳᠡᠭᠰᠡᠨ ᠪᠠᠶᠢᠨ᠎ᠠ᠃ ᠡᠨᠡᠬᠦ ᠠᠷᠠᠳ ᠤᠨ ᠤᠷᠠᠯᠢᠬ ᠤᠯᠠᠨ ᠵᠢᠯ ᠤᠨ ᠲᠤᠷᠰᠢ ᠠᠷᠠᠳ ᠤᠯᠠᠨ ᠤ ᠲᠤᠮᠳᠠ ᠤᠯᠠᠮᠵᠢᠯᠠᠭᠳᠠᠬᠤ ᠳᠠᠭᠠᠨ ᠤᠯᠠᠨᠳᠠ ᠵᠠᠰᠠᠭᠳᠠᠨ ᠪᠤᠯᠪᠠᠰᠤᠷᠠᠵᠦ᠂ ᠮᠤᠩᠭᠤᠯᠴᠤᠳ ᠤᠨ ᠠᠵᠦ ᠠᠮᠢᠳᠤᠷᠠᠯ ᠪᠤᠯᠤᠨ ᠰᠤᠶᠤᠯ ᠰᠡᠳᠬᠢᠯᠬᠡᠨ ᠤ ᠴᠢᠬᠤᠯᠠ ᠢᠯᠡᠷᠡᠬᠦᠯᠦᠯ ᠪᠤᠯᠬᠤ ᠪᠠᠷ ᠦᠯᠦ ᠪᠡᠷᠠᠮ᠂ ᠦᠬᠡ ᠶᠢᠨ ᠤᠷᠠᠯᠢᠭ ᠤᠨ ᠬᠤᠪᠢ ᠳᠤ ᠴᠤ ᠠᠰᠣᠷᠣ ᠦᠨᠡᠳᠡᠢ ᠦᠪ ᠤᠯᠠᠮᠵᠢᠯᠠᠯ ᠪᠤᠯᠬᠤ ᠶᠤᠮ᠃ ᠬᠡᠬᠦ ᠳᠡᠭᠡᠨ ᠤᠳᠤᠬᠢᠴᠢᠯᠠᠯᠳᠠ᠂ ᠲᠠᠶᠠᠭᠠᠷᠴᠢᠯᠠᠯᠳᠠ ᠶᠢᠨ ᠲᠦᠷᠬᠡᠨ ᠬᠤᠪᠢᠰᠤᠯᠳᠠ ᠲᠤᠮᠳᠠ ᠢᠷᠦᠬᠡᠯ ᠮᠠᠭᠳᠠᠭᠠᠯ ᠤᠨ ᠰᠤᠶᠤᠯ ᠵᠤᠬᠢᠬᠤ ᠬᠡᠮᠵᠢᠶ᠎ᠠ ᠪᠠᠷ ᠬᠡᠬᠡᠭᠳᠡᠨ ᠤᠷᠬᠢᠭᠳᠠᠬᠰᠠᠨ ᠨᠢ ᠶᠡᠷᠢᠶᠡᠨ ᠦᠬᠡᠢ᠃ ᠡᠨᠡᠬᠦ ᠶᠡᠬᠡᠨᠭᠬᠢ ᠨᠢ ᠠᠮᠠ ᠪᠠᠷ ᠤᠯᠠᠮᠵᠢᠯᠠᠭᠳᠠᠨ᠂ ᠴᠦᠬᠡᠨ ᠬᠡᠰᠡᠭ ᠨᠢ ᠨᠤᠮ ᠪᠢᠴᠢᠭ ᠲᠤ ᠲᠡᠮᠳᠡᠭᠯᠡᠭᠳᠡᠨ ᠮᠠᠨ ᠤ ᠦᠶ᠎ᠠ ᠶᠢᠨ ᠬᠢᠨ ᠳᠤ ᠬᠦᠷᠴᠦ ᠢᠷᠡᠭᠰᠡᠨ ᠬᠤᠪᠤᠷ ᠴᠤᠬᠠᠬ ᠰᠤᠶᠤᠯ ᠤᠨ ᠦᠪ ᠢᠶᠠᠨ ᠦᠪᠯᠠᠨ ᠬᠠᠮᠠᠭᠠᠯᠠᠬᠤ ᠠᠵᠢᠯ ᠡᠳᠦᠷ ᠢᠷᠡᠬᠦᠶ᠎ᠠ ᠲᠤᠯᠭᠠᠮ᠎ᠠ ᠪᠤᠯᠤᠬᠰᠠᠨ ᠪᠠᠶᠢᠨ᠎ᠠ᠃
     ᠲᠡᠬᠡᠷ᠎ᠠ ᠵᠠᠭᠤᠨ ᠤ ᠨᠠᠶᠠᠭᠠᠳ ᠤᠨ ᠳᠤ᠂ ᠰᠤᠶᠤᠯ ᠤᠨ ᠶᠠᠮᠤᠨ ᠠᠴᠠ ︽ᠤᠳᠤᠬᠠᠨ ᠤ ᠪᠠᠶᠢᠳᠠᠯ ᠲᠤᠤᠷ᠎ᠠ ᠦᠨᠳᠦᠰᠦᠳᠡᠨ ᠤ ᠰᠤᠶᠤᠯ ᠤᠨ ᠠᠵᠢᠯ ᠢ ᠰᠠᠶᠢᠳᠦᠷ ᠬᠢᠬᠦ ᠲᠤᠬᠠᠢ ᠰᠠᠨᠠᠯ︾᠎ ᠢ ᠲᠤᠷᠠᠳᠴᠦ᠂ ᠴᠦᠬᠡᠨ ᠲᠤᠭᠠᠳᠦ ᠦᠨᠳᠦᠰᠦᠳᠡᠨ ᠤ ᠰᠤᠶᠤᠯ ᠤᠷᠠᠯᠢᠭ ᠤᠨ ᠦᠪ ᠢ ᠡᠮᠬᠢᠳᠭᠡᠨ ᠴᠣᠬᠯᠠᠭᠤᠯᠬᠤ ᠪᠠ ᠦᠨᠳᠦᠰᠦᠳᠡᠨ ᠤ ᠰᠤᠶᠤᠯ ᠤᠷᠠᠯᠢᠭ ᠤᠨ ᠤᠨᠤᠯ ᠤᠨ ᠰᠤᠳᠤᠯᠭᠠᠨ ᠢ ᠬᠦᠨᠵᠡᠬᠡᠶᠢᠷᠡᠬᠦᠯᠦᠨ᠂ ᠦᠰᠦᠭ ᠪᠢᠴᠢᠭ ᠤᠨ ᠮᠠᠲ᠋ᠧᠷᠢᠶᠠᠯ ᠢ ᠠᠪᠤᠷᠠᠨ ᠬᠠᠮᠠᠭᠠᠯᠠᠬᠤ ᠪᠠ ᠠᠮᠠᠨ ᠤᠯᠠᠮᠵᠢᠯᠠᠯ ᠤᠨ ᠰᠤᠶᠤᠯ ᠤᠷᠠᠯᠢᠬ ᠤᠨ ᠦᠪ ᠢ ᠠᠪᠤᠷᠠᠨ ᠬᠠᠮᠠᠭᠠᠯᠠᠬᠤ ᠠᠵᠢᠯ ᠢ ᠴᠢᠬᠤᠯᠠᠴᠢᠯᠠᠨ ᠠᠳᠬᠤᠵᠠᠢ᠃ ᠡᠬᠦᠨ ᠢ ᠲᠠᠭᠠᠯᠳᠤᠨ᠂ ᠤᠯᠤᠰ ᠤᠨ ᠲᠤᠳᠤᠭᠠᠳᠦ ᠭᠠᠳᠠᠭᠠᠳᠦ ᠶᠢᠨ ᠡᠷᠳᠡᠮᠳᠡᠳ ᠮᠤᠩᠭᠤᠯ ᠦᠨᠳᠦᠰᠤᠳᠠᠨ ᠤ ᠢᠷᠦᠬᠡᠯ ᠮᠠᠭᠳᠠᠭᠠᠯ ᠢ ᠡᠮᠬᠢᠳᠬᠡᠨ ᠴᠤᠭᠯᠠᠭᠤᠯᠬᠤ ᠪᠤᠯᠤᠨ ᠢᠷᠦᠬᠡᠯ ᠮᠠᠭᠳᠠᠭᠠᠯ ᠢ ᠤᠷᠠᠨ ᠵᠤᠬᠢᠶᠠᠯ᠂ ᠱᠠᠰᠢᠨ ᠰᠤᠷᠳᠠᠬᠤᠨ ᠪᠤᠯᠤᠨ ᠲᠠᠭᠤᠤ ᠬᠦᠭᠵᠢᠮ ᠵᠡᠷᠬᠡ ᠡᠯ᠎ᠠ ᠲᠡᠯ᠎ᠠ ᠠᠴᠠ ᠰᠤᠳᠤᠯᠤᠬᠰᠠᠨ ᠢᠶᠠᠷ ᠢᠷᠦᠬᠡᠯ ᠮᠠᠭᠳᠠᠭᠠᠯ ᠤᠨ ᠰᠤᠶᠤᠯ ᠤᠨ ᠤᠯᠠᠮᠵᠢᠯᠠᠯ ᠪᠤᠯᠤᠨ ᠰᠤᠳᠤᠯᠭᠠᠨ ᠳᠤ ᠴᠢᠬᠤᠯᠠ ᠰᠠᠭᠤᠷᠢ ᠶᠢ ᠲᠠᠯᠪᠢᠬᠰᠠᠨ ᠪᠠᠶᠢᠨ᠎ᠠ᠃ ᠬᠡᠬᠦ ᠳᠡᠭᠡᠨ᠂ ᠢᠷᠦᠬᠡᠯ ᠮᠠᠭᠳᠠᠭᠠᠯ ᠪᠤᠯ ᠠᠷᠠᠳ ᠤᠨ ᠠᠮᠠᠨ ᠤᠷᠠᠯᠢᠭ ᠪᠠᠶᠢᠵᠦ᠂ ᠲᠡᠬᠦᠨ ᠤ ᠠᠮᠠᠨ ᠤᠯᠠᠮᠵᠢᠯᠠᠯ ᠢ ᠦᠪᠯᠡᠨ ᠤᠯᠠᠮᠵᠢᠯᠠᠬᠤ ᠪᠤᠯ ᠴᠢᠬᠤᠯᠠ ᠭᠤᠭᠴᠤᠭ᠎ᠠ ᠪᠤᠯᠤᠨ᠎ᠠ᠃ ᠡᠨᠡᠬᠦ ᠪᠠᠶᠢᠳᠠᠯ ᠲᠤᠤᠷ᠎ᠠ᠂ 2010 ᠤᠨ ᠠᠴᠠ ᠨᠠᠢᠮᠠᠨ ᠮᠤᠵᠢ ᠤᠷᠤᠨ ᠤ ᠮᠤᠩᠭᠤᠯ ᠬᠡᠯᠡ ᠪᠢᠴᠢᠭ ᠤᠨ ᠠᠵᠢᠯ ᠤᠨ ᠬᠠᠮᠵᠢᠯᠴᠠᠬᠤ ᠲᠤᠭᠤᠶᠢᠯᠠᠩ ᠤᠨ ᠠᠯᠪᠠᠨ ᠬᠡᠷ᠂ ᠦᠪᠦᠷ ᠮᠣᠩᠭᠤᠯ ᠤᠨ ᠦᠪᠡᠷᠳᠡᠭᠡᠨ ᠵᠠᠰᠠᠬᠤ ᠤᠷᠤᠨ ᠤ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠨᠠᠢᠮᠠᠨ ᠮᠤᠵᠢ ᠤᠷᠤᠨ ᠤ ︽ᠬᠢᠯᠦᠬᠡᠨ︾ ᠢᠷᠦᠬᠡᠯ ᠮᠠᠭᠳᠠᠭᠤ ᠶᠢᠨ ᠮᠦᠷᠦ᠋ᠢᠴᠡᠬᠡᠨ ᠢ ᠡᠷᠬᠢᠯᠡᠨ ᠶᠠᠪᠤᠭᠳᠠᠭᠤᠯᠬᠤ ᠪᠤᠯᠵᠠᠢ᠃ ᠤᠷᠤᠯᠳᠤᠭᠠᠨ ᠨᠢ ᠢᠷᠦᠬᠡᠯ ᠮᠠᠭᠳᠠᠭᠤ ᠪᠠᠨ ᠤᠶᠠᠩᠭᠠᠯᠠᠬᠤ ᠪᠠ ᠰᠢᠪᠠᠭ᠎ᠠ ᠲᠠᠳᠠᠨ ᠪᠡᠯᠡᠨ ᠢᠷᠦᠬᠡᠯ ᠬᠡᠯᠡᠬᠦ ᠬᠤᠶᠠᠷ ᠭᠡᠯᠪᠡᠷᠢ ᠪᠠᠷ ᠶᠠᠪᠤᠭᠳᠠᠳᠠᠭ ᠪᠤᠯᠬᠤᠷ ᠢᠷᠦᠬᠡᠯ ᠮᠠᠭᠳᠠᠭᠠᠯ ᠤᠨ ᠠᠮᠠᠨ ᠤᠯᠠᠮᠵᠢᠯᠠᠯ ᠢ ᠬᠠᠮᠠᠭᠠᠯᠠᠬᠤ ᠳᠤ ᠴᠢᠬᠤᠯᠠ ᠠᠴᠢ ᠬᠤᠯᠪᠤᠭᠳᠠᠯ ᠲᠠᠢ ᠠᠵᠢ᠃ ᠡᠬᠦᠨ ᠠᠴᠠ ᠭᠠᠳᠠᠨ᠎ᠠ᠂ ᠥᠪᠥᠷ ᠮᠣᠩᠭᠤᠯ ᠤᠨ ᠵᠠᠩ ᠦᠢᠯᠡ ᠶᠢᠨ ᠨᠡᠶᠢᠭᠡᠮᠯᠢᠭ᠂ ᠥᠪᠥᠷ ᠮᠣᠩᠭᠤᠯ ᠤᠨ ᠵᠠᠩ ᠦᠢᠯᠡ ᠰᠣᠶᠣᠯ ᠰᠤᠳᠤᠯᠬᠤ ᠰᠠᠭᠤᠷᠢᠨ᠂ ᠥᠪᠥᠷ ᠮᠣᠩᠭᠤᠯ ᠤᠨ ᠠᠷᠠᠳ ᠤᠨ ᠤᠷᠠᠯᠢᠭᠴᠢᠳ ᠤᠨ ᠨᠡᠶᠢᠭᠡᠮᠯᠢᠭ ᠪᠤᠯᠤᠨ ᠥᠪᠥᠷ ᠮᠣᠩᠭᠤᠯ ᠤᠨ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠷᠦᠭᠡᠯ ᠮᠠᠭᠲᠠᠭᠤ ᠶᠢᠨ ᠰᠣᠶᠣᠯ ᠢ ᠥᠪᠯᠡᠨ ᠬᠥᠭᠵᠢᠭᠦᠯᠬᠦ ᠨᠡᠶᠢᠭᠡᠮᠯᠢᠭ ᠵᠡᠷᠬᠡ ᠨᠢ ᠮᠤᠩᠭᠤᠯ ᠢᠷᠦᠬᠡᠯ ᠮᠠᠭᠳᠠᠭᠠᠯ ᠤᠨ ᠰᠤᠶᠤᠯ ᠢ ᠤᠯᠠᠮᠵᠢᠯᠠᠨ ᠬᠦᠭᠵᠢᠬᠦᠯᠬᠦ ᠴᠢᠬᠤᠯᠠ ᠬᠦᠴᠦᠨ ᠪᠤᠯᠤᠬᠰᠠᠨ ᠪᠠᠶᠢᠨ᠎ᠠ᠃
     2012 ᠣᠨ ᠳᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠷᠦᠭᠡᠯ ᠮᠠᠭᠲᠠᠭᠤ ᠶᠢᠨ ᠰᠣᠶᠣᠯ ᠢ ᠥᠪᠯᠡᠨ ᠬᠥᠭᠵᠢᠭᠦᠯᠬᠦ ᠨᠡᠶᠢᠭᠡᠮᠯᠢᠭ ᠠᠴᠠ ᠰᠥᠨᠢᠳ ᠪᠠᠷᠠᠭᠤᠨ ᠬᠤᠰᠢᠭᠤ ᠶᠢ ︽ᠮᠣᠩᠭᠤᠯ ᠦᠨᠳᠦᠰᠦᠲᠡᠨ ᠤ ᠤᠯᠠᠮᠵᠢᠯᠠᠯᠲᠤ ᠢᠷᠦᠭᠡᠯ ᠮᠠᠭᠲᠠᠭᠤ ᠶᠢᠨ ᠰᠣᠶᠣᠯ ᠢ ᠥᠪᠯᠡᠨ ᠤᠯᠠᠮᠵᠢᠯᠠᠭᠰᠠᠨ ᠥᠯᠥᠭᠡᠢ︾᠎ ᠪᠠᠷ ᠨᠡᠷᠡᠶᠢᠳᠴᠡᠢ᠃ ᠰᠥᠨᠢᠳ ᠪᠠᠷᠠᠭᠤᠨ ᠬᠤᠰᠢᠭᠤ ᠨᠢ ᠮᠣᠩᠭᠤᠯ ᠦᠨᠳᠦᠰᠦᠲᠡᠨ ᠤ ᠤᠯᠠᠮᠵᠢᠯᠠᠯᠲᠤ ᠰᠣᠶᠣᠯ ᠤᠨ ᠨᠢᠭᠡᠨ ᠡᠯᠧᠮᠧᠨ᠋ᠲ ᠪᠤᠯᠬᠤ ᠢᠷᠦᠭᠡᠯ ᠮᠠᠭᠲᠠᠭᠤ ᠶᠢᠨ ᠰᠣᠶᠣᠯ ᠢ ᠠᠪᠤᠷᠠᠨ ᠬᠠᠮᠠᠭᠠᠯᠠᠬᠤ ᠲᠠᠯ᠎ᠠ ᠪᠠᠷ ᠡᠯ᠎ᠡ ᠵᠦᠢᠯ ᠤᠨ ᠪᠣᠳᠠᠲᠠᠢ ᠠᠷᠭ᠎ᠠ ᠬᠡᠮᠵᠢᠶ᠎ᠡ ᠠᠪᠴᠤ ᠪᠤᠢ᠃ 2010 ᠣᠨ ᠳᠤ ᠨᠠᠢᠮᠠᠨ ᠮᠤᠵᠢ ᠣᠷᠣᠨ ᠤ ᠠᠩᠬᠠᠳᠤᠭᠠᠷ ᠬᠤᠭᠤᠴᠠᠭᠠᠨ ᠤ ︽ᠣᠳᠣᠨ ᠭᠤᠸ᠎ᠠ︾ ᠬᠤᠨᠳᠠᠭᠠᠲᠤ ᠬᠢᠯᠦᠭᠡᠨ ᠢᠷᠦᠭᠡᠯ ᠮᠠᠭᠲᠠᠭᠤ ᠶᠢᠨ ᠮᠥᠷᠦ᠋ᠢᠴᠡᠭᠡᠨ ᠢ ᠵᠤᠬᠢᠶᠠᠨ ᠪᠠᠶᠢᠭᠤᠯᠤᠬᠰᠠᠨ ᠠᠴᠠ ᠨᠠᠭᠠᠰᠢ᠂ ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ ᠤ ᠮᠣᠩᠭᠤᠯ ᠦᠨᠳᠦᠰᠦᠲᠡᠨ ᠤ ᠤᠯᠠᠮᠵᠢᠯᠠᠯᠲᠤ ᠢᠷᠦᠭᠡᠯ ᠮᠠᠭᠲᠠᠭᠤ ᠶᠢᠨ ᠰᠣᠶᠣᠯ ᠤᠨ ᠡᠷᠳᠡᠮ ᠰᠢᠨᠵᠢᠯᠡᠭᠡᠨ ᠤ ᠬᠤᠷᠠᠯ᠂ ᠨᠠᠢᠮᠠᠨ ᠮᠤᠵᠢ ᠣᠷᠣᠨ ᠤ ᠬᠤᠶᠠᠳᠤᠭᠠᠷ ᠬᠤᠭᠤᠴᠠᠭᠠᠨ  ᠤ ︽ᠬᠢᠯᠦᠭᠡᠨ︾ ᠢᠷᠦᠭᠡᠯ ᠮᠠᠭᠲᠠᠭᠤ ᠶᠢᠨ ᠤᠷᠤᠯᠳᠤᠭᠠᠨ ᠵᠡᠷᠬᠡ ᠶᠢ ᠵᠤᠬᠢᠶᠠᠨ ᠪᠠᠶᠢᠭᠤᠯᠬᠤ ᠠᠴᠠ ᠭᠠᠳᠠᠨ᠎ᠠ᠂ ︽ᠮᠤᠩᠭᠤᠯ ᠢᠷᠦᠭᠡᠯ ᠮᠠᠭᠳᠠᠭᠠᠯ ᠤᠨ ᠲᠠᠭᠦᠪᠦᠷᠢ︾᠂ ︽ᠰᠦᠨᠢᠳ ᠢᠷᠦᠭᠡᠯ ᠮᠠᠭᠳᠠᠭᠠᠯ ᠤᠷᠤᠰᠢᠪᠠᠢ︾ ᠵᠡᠷᠭᠡ ᠨᠤᠮ ᠲᠡᠭᠦᠪᠦᠷᠢ ᠶᠢ ᠬᠡᠪᠯᠡᠭᠦᠯᠦᠨ ᠢᠷᠦᠭᠡᠯ ᠮᠠᠭᠲᠠᠭᠤ ᠶᠢᠨ ᠰᠣᠶᠣᠯ ᠢ ᠥᠪᠯᠡᠨ ᠬᠥᠭᠵᠢᠭᠦᠯᠬᠦ ᠳᠤ ᠬᠦᠴᠦᠨ ᠢᠶᠠᠨ ᠡᠷᠬᠦᠵᠦ ᠪᠠᠶᠢᠭ᠎ᠠ ᠶᠤᠮ᠃ ᠤᠳᠤ ᠪᠡᠰᠠ ᠵᠡᠬᠦᠨ ᠦᠵᠦᠮᠦᠴᠢᠨ ᠬᠤᠰᠢᠭᠤᠨ ᠤ ᠢᠷᠦᠬᠡᠯᠴᠢᠳ ᠤᠨ ᠨᠡᠶᠢᠬᠡᠮᠯᠢᠭ᠂ ᠣᠲᠤᠭ ᠬᠤᠰᠢᠭᠤᠨ ᠤ ᠢᠷᠦᠭᠡᠯ ᠮᠠᠭᠳᠠᠭᠠᠯ ᠤᠨ ᠰᠤᠶᠤᠯ ᠢ ᠤᠯᠠᠮᠵᠢᠯᠠᠨ ᠬᠦᠭᠵᠢᠭᠦᠯᠬᠦ ᠨᠡᠶᠢᠬᠡᠮᠯᠢᠭ ᠵᠡᠷᠬᠡ ᠠᠶᠢᠮᠠᠬ ᠬᠤᠳᠠ᠂ ᠬᠤᠰᠢᠭᠤ ᠰᠢᠶᠠᠨ ᠤ ᠢᠷᠦᠬᠡᠯ ᠮᠠᠭᠳᠠᠭᠠᠯ ᠤᠨ ᠨᠡᠶᠢᠬᠡᠮᠯᠢᠭ ᠤᠳ ᠴᠤ ᠬᠤᠷ᠎ᠠ ᠶᠢᠨ ᠲᠠᠷᠠᠭᠠᠬᠢ ᠬᠤᠯᠤᠰᠦᠨ ᠰᠦᠶ᠎ᠠ ᠮᠡᠳᠦ ᠵᠠᠯᠭᠠᠪᠠᠷ ᠪᠤᠢ ᠪᠤᠯᠵᠦ᠂ ᠢᠷᠦᠬᠡᠯ ᠮᠠᠭᠳᠠᠭᠠᠯ ᠤᠨ ᠰᠤᠶᠤᠯ ᠢ ᠤᠯᠠᠮᠵᠢᠯᠠᠨ ᠬᠦᠭᠵᠢᠬᠦᠯᠬᠦ ᠲᠠᠯ᠎ᠠ ᠪᠠᠷ ᠤᠯᠠᠨ ᠪᠦᠳᠦᠬᠡᠯᠴᠢ ᠤᠷᠤᠯᠳᠤᠯᠭ᠎ᠠ ᠬᠢᠵᠦ ᠪᠠᠶᠢᠭ᠎ᠠ ᠶᠢ ᠦᠨᠡᠯᠡᠬᠦᠰᠢᠳᠡᠢ᠃
     ᠤᠯᠠᠨ ᠤ ᠬᠦᠴᠦᠨ ᠳᠤ ᠤᠪᠤᠭ᠎ᠠ ᠪᠤᠰᠤᠨ᠎ᠠ᠃ ᠠᠰᠢᠳᠠ ᠶᠢᠨ ᠪᠡᠯᠬᠡ ᠲᠠᠢ ᠠᠮᠠᠨ ᠢᠷᠦᠬᠡᠯ ᠤᠯᠠᠨ ᠤ ᠬᠦᠴᠦᠨ ᠳᠤ ᠨᠡᠩ ᠰᠠᠶᠢᠨ ᠤᠯᠠᠮᠵᠢᠯᠠᠭᠳᠠᠨ ᠲᠡᠯᠬᠡᠷᠡᠬᠦ ᠨᠢ ᠲᠠᠮᠵᠢᠭ ᠦᠬᠡᠢ᠃   



  
     
     