 

ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠢᠨᠠᠷ ᠰᠠᠶᠢᠲᠠᠢ ᠬᠦᠭᠵᠢᠯᠳᠡ ᠶᠢ ᠠᠬᠢᠭᠤᠯᠰᠤᠭᠠᠢ

2019-07-14 14:07
  274
  0
   ᠪᠤᠳᠠᠳᠠᠢ ᠲᠠᠢ ᠤᠶᠠᠯᠳᠤᠭᠤᠯᠬᠤ᠂ ᠵᠢᠮ᠎ᠡ ᠶᠤᠰᠤ ᠶᠢ ᠴᠢᠳᠠᠮᠠᠭᠠᠢ ᠡᠵᠡᠮᠰᠢᠬᠦ ᠪᠤᠯ ᠲᠤᠮᠳᠠᠳᠤ ᠤᠯᠤᠰ ᠤᠨ ᠡᠪ ᠬᠠᠮᠳᠤᠴᠤᠳ ᠤᠨ ᠲᠡᠤᠬᠡᠳᠦ ᠤᠬᠠᠮᠰᠠᠷ ᠪᠤᠯᠬᠤ ᠪᠦᠬᠡᠳ ᠮᠠᠨ ᠤ ᠨᠠᠮ ᠤᠨ ᠠᠵᠢᠯ ᠢᠶᠠᠨ ᠠᠬᠢᠭᠤᠯᠬᠤ ᠡᠷᠳᠡᠨᠢ ᠪᠤᠯᠤᠨ᠎ᠠ᠃
   ︽ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠳᠤ᠂ ᠡᠷᠬᠡᠪᠰᠢ ᠤᠨᠴᠠᠯᠢᠭ ᠪᠤᠯᠤᠨ ᠵᠢᠮ᠎ᠠ ᠶᠤᠰᠤ ᠶᠢ ᠬᠦᠨᠵᠡᠬᠡᠢ ᠵᠠᠳᠠᠯᠤᠨ ᠤᠨᠤᠪᠴᠢᠳᠠᠢ ᠡᠵᠡᠮᠰᠢᠬᠦ ᠬᠡᠷᠡᠭᠳᠡᠢ︾᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠠᠵᠢᠯ ᠤᠨ ᠬᠤᠷᠡᠯ ᠲᠡᠭᠡᠷ᠎ᠡ᠂ ᠶᠡᠷᠤᠩᠬᠡᠢ ᠱᠦᠵᠢ ᠰᠢ ᠶᠢᠨ ᠫᠢᠩ ᠰᠢᠨ᠎ᠡ ᠴᠠᠭ ᠦᠶ᠎ᠡ ᠳᠤ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠢ ᠠᠬᠢᠭᠤᠯᠬᠤ ᠪᠠᠷ ᠭᠤᠤᠯᠳᠠᠭᠤᠯᠵᠥ᠂ ᠨᠠᠮ ᠤᠨ ᠲᠦᠪ ᠬᠤᠷᠢᠶᠠᠨ ᠤ ᠢᠳᠡᠭᠡᠯ ᠢ ᠤᠯᠵᠤ᠂ ᠠᠷᠠᠳ ᠤᠯᠠᠨ ᠳᠤ ᠲᠠᠭᠠᠰᠢᠶᠠᠭᠳᠠᠭᠰᠠᠠ ᠵᠢᠱᠢᠶᠡᠴᠢ ᠪᠠᠶᠢᠭᠤᠯᠭ᠎ᠠ ᠶᠢ ᠪᠠᠶᠢᠭᠤᠯᠬᠤ ᠶᠢᠨ ᠲᠤᠭᠤᠷᠢᠨ ᠳᠤ᠂ ᠲᠠᠨᠢᠯᠳᠡ ᠶᠢᠨ ᠤᠨᠤᠯ ᠤᠨ ᠦᠨᠳᠦᠷᠴᠡ ᠪᠠ ᠠᠷᠭ᠎ᠠ ᠶᠢᠨ ᠤᠨᠤᠯ ᠤᠨ ᠲᠠᠯ᠎ᠠ ᠠᠴᠠ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠨᠢ ︽ᠲᠠᠪᠤᠨ ᠬᠠᠷᠢᠴᠠᠭ᠎ᠠ︾ ᠶᠢ ᠰᠠᠶᠢᠳᠤᠷ ᠰᠢᠢᠳᠪᠤᠷᠢᠯᠡᠬᠦ ᠬᠡᠷᠡᠭᠳᠡᠢ ᠬᠡᠵᠥ ᠲᠤᠳᠤᠷᠬᠠᠢ ᠲᠤᠷᠠᠳᠪᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠪᠤᠯ ᠮᠠᠨ ᠤ ᠨᠠᠮ ᠤᠨ ᠲᠤᠰ ᠪᠡᠶ᠎ᠡ ᠶᠢᠨ ᠪᠠᠶᠢᠭᠤᠯᠤᠯᠳᠠ ᠶᠢᠨ ᠵᠢᠮ᠎ᠡ ᠶᠤᠰᠤᠨ ᠤ ᠲᠤᠬᠠᠢ ᠴᠢᠨᠠᠭᠰᠢᠳᠠ ᠶᠢᠨ ᠬᠦᠨᠵᠡᠬᠡᠶᠢᠷᠡᠯ ᠪᠤᠯᠤᠨ᠎ᠠ᠂ ᠡᠨᠡ ᠨᠢ ᠲᠦᠪ ᠤᠨ ᠪᠡ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠪᠦᠬᠦ ᠲᠡᠯ᠎ᠡ ᠪᠠᠷ ᠲᠡᠭᠡᠭᠰᠢᠯᠡᠬᠦᠯᠬᠦ ᠳᠤ ᠤᠷᠤᠭᠰᠢᠯᠠᠬᠤ ᠴᠢᠭᠯᠡᠯ ᠢ ᠲᠤᠳᠤᠷᠬᠠᠢ ᠵᠢᠭᠠᠵᠥ᠂ ᠰᠢᠨᠵᠢᠯᠡᠬᠦ ᠤᠬᠠᠭᠠᠨᠴᠢ ᠵᠦᠭᠯᠡᠬᠦᠷ ᠬᠠᠩᠭᠠᠭᠰᠠᠠ ᠪᠠᠶᠢᠨ᠎ᠠ᠃
   ᠲᠦᠷᠦ ᠶᠢ ᠵᠠᠰᠠᠬᠤ ᠳᠤ ᠡᠷᠬᠡᠪᠰᠢ ᠤᠷᠢᠳ ᠢᠶᠠᠷ ᠨᠠᠮ ᠢ ᠵᠠᠰᠠᠵᠤ᠂ ᠤᠯᠤᠰ ᠢ ᠬᠦᠴᠦᠷᠭᠡᠭᠵᠢᠬᠦᠯᠬᠦ ᠳᠤ ᠡᠷᠬᠡᠪᠰᠢ ᠤᠷᠢᠳ ᠢᠶᠠᠷ ᠨᠠᠮ ᠢ ᠬᠦᠴᠦᠷᠭᠡᠭᠵᠢᠬᠦᠯᠬᠦ ᠬᠡᠷᠡᠭᠳᠡᠢ᠃ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠪᠤᠯ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠦᠢᠯᠡᠳᠦᠯᠭᠡ ᠶᠢᠨ ᠲᠤᠷᠰᠢᠯᠭ᠎ᠠ ᠶᠢ ᠳ᠋ᠦᠡᠭᠨᠡᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠳᠠ ᠶᠢᠨ ᠶᠡᠷᠤᠩᠭᠡᠢ ᠱᠠᠭᠠᠷᠳᠠᠯᠭ᠎ᠠ ᠲᠠᠢ ᠵᠤᠬᠢᠴᠠᠭᠤᠯᠵᠤ ᠲᠤᠷᠠᠳᠤᠬᠰᠡᠨ ᠴᠢᠬᠤᠯᠠ ᠶᠡᠭᠡ ᠰᠡᠳᠦᠪ ᠪᠤᠯᠤᠨ᠎ᠡ᠂ ᠨᠠᠮ ᠤᠨ ᠪᠠᠶᠢᠭᠤᠯᠤᠯᠳᠠ ᠶᠢᠨ ᠰᠢᠨ᠎ᠡ ᠠᠭᠤᠤ ᠶᠡᠭᠡ ᠢᠨᠵᠧᠨᠧᠷᠢᠩ ᠳᠤ ᠢᠯᠡ ᠲᠤᠳᠤ ᠴᠠᠭ ᠦᠶ᠎ᠡ ᠶᠢᠨ ᠠᠭᠤᠯᠤᠬᠳᠠᠬᠤᠨ ᠨᠡᠮᠡᠷᠢᠯᠡᠪᠠ᠃ ᠭᠠᠭᠴᠠ ᠬᠦ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠪᠡᠯ ᠰᠠᠶᠢ ᠨᠠᠮ ᠤᠨ ᠲᠡᠷᠢᠬᠦᠨ ᠤ ᠴᠢᠨᠠᠷ ᠪᠤᠯᠤᠨ ᠴᠡᠪᠡᠷ ᠴᠢᠨᠠᠷ ᠢ ᠪᠠᠳᠤᠯᠠᠵᠤ ᠴᠢᠳᠠᠨ᠎ᠡ᠂ ᠰᠠᠶᠢ ᠨᠠᠮ ᠤᠨ ᠪᠠᠶᠢᠭᠤᠯᠤᠯᠳᠠ ᠳᠤ ᠲᠤᠯᠭᠠᠷᠠᠵᠤ ᠪᠠᠶᠢᠭ᠎ᠠ ᠠᠰᠠᠭᠤᠳᠠᠯ ᠢ ᠰᠢᠢᠳᠪᠤᠷᠢᠯᠡᠵᠤ ᠴᠢᠳᠠᠨ᠎ᠡ᠂ ᠰᠠᠶᠢ ᠮᠠᠨ ᠤ ᠨᠠᠮ ᠢ ᠢᠮᠠᠬᠳᠠ ᠪᠠᠳᠤ ᠴᠢᠩᠭ᠎ᠠ ᠤᠳᠤᠷᠢᠳᠬᠤ ᠭᠤᠤᠯᠯᠠᠬᠴᠢ ᠪᠤᠯᠭᠠᠵᠤ ᠴᠢᠳᠠᠨ᠎ᠡ᠃ ᠲᠦᠪ ᠤᠨ ᠪᠠ ᠲᠦᠷᠦ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠨᠢ ᠨᠠᠮ ᠤᠨ ᠲᠦᠪ ᠬᠤᠷᠢᠶ᠎ᠡ ᠶᠢᠨ ᠡᠷᠭᠡ ᠰᠦᠷ ᠪᠠ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠲᠠᠢ ᠬᠤᠯᠪᠤᠬᠳᠠᠵᠤ᠂ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠬᠤᠯᠪᠤᠬᠳᠠᠵᠤ᠂ ᠬᠠᠮᠤᠭ ᠤᠨ ᠦᠷᠭᠡᠨ ᠤᠯᠠᠨ ᠠᠷᠠᠳ ᠲᠦᠮᠡᠨ ᠤ ᠦᠨᠳᠦᠰᠦᠨ ᠠᠰᠢᠭ ᠲᠤᠰᠠ ᠶᠢᠨ ᠪᠠᠶᠠᠯᠡᠯ ᠲᠠᠢ ᠬᠤᠯᠪᠤᠬᠳᠠᠵᠤ ᠪᠤᠢ᠂ ᠡᠷᠬᠡᠪᠰᠢ ᠴᠠᠭ ᠦᠶ᠎ᠡ ᠲᠠᠢ ᠵᠡᠷᠭᠡ ᠪᠠᠷ ᠤᠷᠤᠬᠰᠢᠯᠠᠵᠤ᠂ ᠦᠭᠡᠷᠡᠴᠢᠯᠡᠯᠳᠠ ᠬᠢᠵᠤ ᠰᠢᠨ᠎ᠡ ᠶᠢ ᠡᠬᠦᠳᠴᠤ᠂ ᠵᠤᠷᠢᠬᠳᠠᠢ ᠪᠠᠷ ᠬᠠᠶᠢᠨ ᠰᠦᠪᠡᠭᠴᠢᠯᠡᠵᠤ ᠦᠢᠯᠡᠳᠦᠯᠭᠡ ᠳᠤ ᠤᠷᠤᠯᠴᠠᠵᠤ᠂ ᠲᠤᠷᠰᠢᠯᠭ᠎ᠠ ᠪᠠᠨ ᠳ᠋ᠦᠡᠭᠨᠡᠬᠦ ᠳᠡᠭᠡᠨ ᠴᠢᠳᠠᠮᠠᠭᠠᠢ ᠪᠠᠶᠢᠵᠤ᠂ ᠡᠯ᠎ᠡ ᠵᠦᠢᠯ ᠤᠨ ᠠᠵᠢᠯ ᠤᠨ ᠴᠠᠭ ᠦᠶᠡᠴᠢ ᠴᠢᠨᠠᠷ ᠢ ᠨᠡᠩ ᠰᠠᠶᠢᠨ ᠢᠶᠠᠷ ᠢᠯᠡᠷᠡᠬᠦᠯᠵᠤ᠂ ᠵᠢᠮ᠎ᠡ ᠶᠤᠰᠤᠴᠢ ᠴᠢᠨᠠᠷ ᠢ ᠡᠵᠡᠮᠳᠡᠵᠤ᠂ ᠪᠦᠳᠦᠭᠡᠯᠴᠢ ᠴᠢᠨᠠᠷ ᠢᠶᠠᠷ ᠪᠠᠶᠠᠯᠢᠭ ᠪᠤᠯᠭᠠᠵᠤ᠂ ᠡᠬᠦᠨ ᠤ ᠤᠯᠠᠮ ᠢᠶᠠᠷ ᠴᠢᠨᠠᠷ ᠴᠢᠨᠰᠠᠭ᠎ᠠ ᠶᠢ ᠲᠠᠰᠤᠷᠠᠯᠳᠠ ᠦᠭᠡᠢ ᠲᠡᠭᠡᠭᠰᠢᠯᠡᠬᠦᠯᠵᠤ᠂ ᠢᠮᠠᠬᠳᠠ ᠠᠮᠢᠵᠢᠷᠠᠯ ᠤᠨ ᠬᠦᠴᠦᠨ ᠢᠶᠠᠷ ᠪᠢᠯᠬᠠᠮ᠎ᠡ ᠪᠤᠯᠭᠠᠬᠤ ᠭᠡᠷᠡᠭᠳᠠᠢ᠃
   ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠳᠤ᠂ ︽ᠨᠡᠶᠢᠲᠡᠯᠢᠭ ᠴᠢᠨᠠᠷ ᠪᠠ ᠦᠪᠡᠷᠮᠢᠴᠡ ᠴᠢᠨᠠᠷ︾᠂ ︽ᠨᠠᠮ ᠤᠨ ᠪᠠᠶᠢᠭᠤᠯᠤᠯᠲᠠ ᠪᠠ ᠲᠤᠬᠠᠢᠢᠯᠠᠬᠰᠠᠨ ᠠᠵᠢᠯ︾᠂ ︽ᠬᠠᠷᠠᠯᠲᠠ ᠪᠠᠷ ᠵᠢᠯᠤᠭᠤᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ︾᠂ ︽ᠳᠦᠷᠢᠮ ᠳᠤᠬᠳᠠᠭᠠᠯ ᠲᠤᠭᠲᠠᠭᠠᠬᠤ ᠪᠡ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ︾᠂ ︽ᠵᠠᠯᠭᠠᠮᠵᠢᠯᠠᠬᠤ ᠪᠡ ᠰᠢᠨ᠎ᠠ ᠶᠢ ᠡᠬᠦᠳᠬᠦ︾ ᠶᠢᠨ ᠬᠠᠷᠢᠴᠠᠭ᠎ᠠ ᠶᠢ ᠰᠠᠶᠢᠳᠤᠷ ᠰᠢᠢᠳᠪᠦᠷᠢᠯᠡᠬᠦ ᠬᠡᠷᠡᠭᠲᠡᠢ᠂ ᠡᠭᠦᠨ ᠤ ᠵᠠᠩᠬᠢᠯᠠᠭ᠎ᠠ ᠨᠢ ᠪᠠᠰᠠ ᠨᠠᠶᠢᠳᠠᠪᠤᠷᠢᠵᠢᠭᠤᠯᠤᠯᠲᠠ ᠶᠢ ᠴᠢᠩᠭ᠎ᠠ ᠰᠠᠶᠢᠳᠤᠷ ᠠᠳᠬᠤᠬᠤ ᠳᠤ ᠪᠤᠢ᠃ ᠨᠡᠶᠢᠳᠡᠯᠢᠭ ᠴᠢᠨᠠᠷ ᠪᠤᠯᠤᠨ ᠦᠪᠡᠷᠮᠢᠴᠡ ᠴᠢᠨᠠᠷ ᠤᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠳᠤ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠤᠨᠤᠯ ᠢ ᠪᠠᠶᠢᠭᠤᠯᠤᠭ᠎ᠠ ᠶᠢᠨ ᠨᠠᠮ ᠤᠨ ᠪᠠᠶᠢᠭᠤᠯᠤᠯᠳᠠ ᠶᠢ ᠠᠬᠢᠭᠤᠯᠬᠤ ᠰᠡᠳᠬᠢᠴᠡ ᠪᠤᠯᠤᠨ ᠠᠷᠭ᠎ᠠ ᠬᠡᠮᠵᠢᠶ᠎ᠠ ᠪᠤᠯᠭᠠᠨ ᠬᠤᠪᠢᠷᠠᠭᠤᠯᠬᠤ ᠳᠠᠭᠠᠨ ᠴᠢᠳᠠᠮᠠᠭᠠᠢ ᠪᠠᠶᠢᠵᠦ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠦᠢᠯᠡᠳᠦᠯᠬᠡ ᠶᠢᠨ ᠶᠡᠪᠤᠴᠠ ᠳᠤ ᠰᠢᠨ᠎ᠠ ᠶᠢ ᠡᠬᠦᠳᠦᠭᠰᠡᠡ ᠳᠤᠷᠰᠢᠯᠭ᠎ᠠ ᠶᠢ ᠳ᠋ᠦᠩᠨᠡᠨ ᠪᠤᠯᠪᠠᠰᠤᠷᠠᠭᠤᠯᠬᠤ ᠶᠢ ᠴᠢᠬᠤᠯᠠᠴᠢᠯᠠᠨ᠂ ᠵᠢᠮ᠎ᠠ ᠶᠤᠰᠤᠨ ᠤ ᠴᠢᠨᠠᠷᠳᠠᠢ ᠳᠠᠨᠢᠯᠳᠠ ᠪᠤᠯᠭᠠᠨ ᠳᠠᠰᠤᠷᠠᠯᠳᠠ ᠦᠬᠡᠢ ᠳᠡᠬᠡᠭᠰᠢᠯᠡᠬᠦᠯᠵᠦ᠂ ᠦᠢᠯᠡᠳᠦᠯ ᠢ ᠨᠢ ᠤᠷᠳᠤ ᠬᠤᠭᠤᠴᠠᠭ᠎ᠠ ᠪᠠᠷ ᠪᠠᠳᠠᠷᠠᠭᠤᠯᠬᠤ ᠬᠡᠷᠡᠭᠳᠡᠢ᠃ ᠨᠠᠮ ᠤᠨ ᠪᠠᠶᠢᠭᠤᠯᠤᠯᠳᠠ ᠪᠤᠯᠤᠨ ᠳᠤᠬᠠᠢᠢᠯᠠᠬᠰᠠᠨ ᠠᠵᠢᠯ ᠤᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠳᠤ᠂ ᠨᠠᠮ ᠤᠨ ᠪᠠᠶᠢᠭᠤᠯᠤᠯᠳᠠ ᠶᠢᠨ ᠠᠵᠢᠯ ᠪᠤᠯᠤᠨ ᠳᠤᠬᠠᠢᠢᠯᠠᠬᠰᠠᠨ ᠠᠵᠢᠯ ᠢ ᠵᠡᠷᠭᠡ ᠪᠠᠷ ᠳᠦᠯᠦᠪᠵᠢᠬᠦᠯᠵᠦ᠂ ᠵᠡᠷᠭᠡ ᠪᠠᠷ ᠪᠠᠶᠢᠷᠢᠯᠠᠭᠤᠯᠤᠨ᠂ ᠵᠡᠷᠭᠡ ᠪᠠᠷ ᠨᠠᠶᠢᠳᠠᠪᠤᠷᠢᠵᠢᠭᠤᠯᠵᠦ᠂ ᠵᠡᠷᠭᠡ ᠪᠠᠷ ᠪᠠᠶᠢᠴᠠᠭᠠᠬᠤ ᠬᠡᠷᠡᠭᠳᠡᠢ᠃ ᠬᠠᠷᠠᠯᠳᠠ ᠪᠠᠷ ᠵᠢᠯᠤᠭᠤᠳᠤᠮᠵᠢ ᠪᠤᠯᠭᠠᠬᠤ ᠪᠠ ᠠᠰᠠᠭᠤᠳᠠᠯ ᠢᠶᠠᠷ ᠤᠳᠤᠷᠢᠳᠤᠮᠵᠢ ᠪᠤᠯᠭᠠᠬᠤ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠳᠤ᠂ ᠬᠠᠷᠠᠯᠳᠠ ᠪᠠᠷ ᠠᠩᠬᠠᠷᠤᠯ ᠤᠨ ᠴᠡᠭ ᠪᠤᠯᠭᠠᠨ᠂ ᠨᠢᠬᠡᠳᠦᠯᠳᠡᠢ ᠳᠦᠯᠦᠪᠯᠡᠨ ᠳᠦᠯᠦᠪᠵᠢᠬᠦᠯᠬᠦ᠂ ᠦᠵᠦ ᠳᠦᠯᠦᠪᠯᠡᠭᠡ ᠬᠢᠬᠦ ᠳᠡᠬᠡᠷ᠎ᠠ ᠬᠦᠴᠦ ᠤᠷᠤᠭᠤᠯᠬᠤ ᠬᠡᠷᠡᠭᠳᠡᠢ ᠮᠦᠷᠲᠡᠭᠡᠨ ᠪᠠᠰᠠ ᠠᠰᠠᠭᠤᠳᠠᠯ ᠢ ᠰᠢᠢᠳᠪᠦᠷᠢᠯᠡᠬᠦ ᠪᠠᠷ ᠬᠦᠴᠦᠯᠡᠬᠦ ᠴᠡᠭ ᠪᠤᠯᠭᠠᠨ᠂ ᠳᠤᠳᠠᠭᠤᠳᠠᠯ ᠢᠶᠠᠨ ᠨᠦᠬᠦᠪᠦᠷᠢᠯᠡᠬᠦ᠂ ᠪᠠᠭᠤᠷᠠᠢ ᠳᠠᠯ᠎ᠠ ᠪᠠᠨ ᠴᠢᠩᠭᠠᠷᠠᠭᠤᠯᠬᠤ ᠳᠡᠬᠡᠷ᠎ᠠ ᠦᠷᠬᠦᠯᠵᠢᠯᠡᠨ ᠬᠦᠴᠦ ᠳᠠᠯᠪᠢᠬᠤ ᠬᠡᠷᠡᠭᠳᠡᠢ᠃ ᠳᠦᠷᠢᠮ ᠳᠤᠬᠳᠠᠭᠠᠯ ᠲᠤᠭᠲᠠᠭᠠᠬᠤ ᠪᠡ ᠨᠠᠶᠢᠳᠠᠪᠤᠷᠢᠵᠢᠭᠤᠯᠵᠤ ᠦᠷ᠎ᠡ ᠪᠦᠲᠦᠮᠵᠢ ᠭᠠᠷᠭᠠᠬᠤ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠳᠤ᠂ ᠳᠦᠷᠢᠮ ᠳᠤᠬᠳᠠᠭᠠᠯ ᠤᠨ ᠬᠡᠷᠡᠭᠵᠢᠭᠦᠯᠦᠯᠲᠡ ᠶᠢ ᠰᠠᠶᠢᠳᠤᠷ ᠠᠳᠬᠤᠵᠤ᠂ ᠪᠠᠶ᠎ᠠ ᠪᠠᠷ ᠢᠶᠠᠨ ᠳᠦᠷᠦᠬᠦᠯᠡᠨ ᠨᠠᠮ ᠤᠨ ᠳᠦᠷᠢᠮ ᠨᠠᠮ ᠤᠨ ᠳᠤᠬᠳᠠᠭᠠᠯ ᠢ ᠰᠤᠷᠤᠯᠴᠡᠵᠦ ᠵᠢᠷᠤᠮᠯᠠᠨ ᠬᠡᠷᠡᠭᠵᠢᠬᠦᠯᠵᠦ᠂ ᠦᠨᠳᠦᠰᠦᠨ ᠳᠦᠷᠢᠮ ᠪᠠ ᠡᠳᠦᠷ ᠳᠤᠳᠤᠮ ᠤᠨ ᠵᠢᠷᠤᠮᠵᠢᠯ ᠠᠴᠠ ᠡᠬᠢᠯᠡᠨ ᠠᠳᠬᠤᠬᠤ ᠬᠡᠷᠡᠭᠳᠡᠢ᠃ ᠵᠠᠯᠭᠠᠮᠵᠢᠯᠠᠬᠤ ᠪᠡ ᠰᠢᠨ᠎ᠠ ᠶᠢ ᠡᠬᠦᠳᠬᠦ ᠶᠢᠨ ᠬᠠᠷᠢᠴᠠᠭ᠎ᠠ ᠶᠢ ᠰᠠᠶᠢᠳᠤᠷ ᠰᠢᠢᠳᠪᠤᠷᠢᠯᠡᠬᠦ ᠳᠤ᠂ ᠤᠢᠢᠯᠠᠭᠠᠬᠳᠠᠬᠤᠨ ᠰᠡᠳᠬᠢᠴᠡ ᠶᠢᠨ ᠰᠢᠨ᠎ᠡ ᠡᠭᠦᠳᠦᠯᠳᠡ᠂ ᠠᠷᠭ᠎ᠠ ᠬᠡᠯᠪᠡᠷᠢ ᠠᠷᠭ᠎ᠠ ᠪᠠᠷᠢᠯ ᠤᠨ ᠰᠢᠨ᠎ᠡ ᠡᠭᠦᠳᠦᠯᠳᠡ᠂ ᠦᠨᠳᠦᠰᠦᠨ ᠱᠠᠳᠤᠨ ᠤ ᠠᠵᠢᠯ ᠤᠨ ᠰᠢᠨ᠎ᠡ ᠡᠭᠦᠳᠦᠯᠳᠡ ᠶᠢ ᠠᠬᠢᠭᠤᠯᠵᠦ᠂ ᠪᠦᠳᠦᠬᠡᠯᠴᠢ ᠴᠢᠨᠠᠷᠳᠠᠢ ᠪᠠᠷ ᠠᠵᠢᠯ ᠢᠶᠠᠨ ᠦᠷᠨᠢᠬᠦᠯᠬᠦ ᠬᠡᠷᠡᠭᠳᠡᠢ᠃
   ᠵᠠᠩᠬᠢᠯᠠᠭ᠎ᠠ ᠶᠢ ᠠᠳᠬᠤᠵᠤ ᠲᠡᠶᠢᠯᠪᠠᠯ ᠰᠠᠶ᠋ᠢ ᠬᠦᠳᠤᠯᠪᠤᠷᠢ ᠶᠢ ᠠᠳᠬᠤᠵᠤ ᠠᠯᠢᠪᠠ ᠪᠦᠬᠦᠨ ᠲᠠᠭᠠᠯᠳᠤᠨ ᠰᠢᠢᠳᠪᠤᠷᠢᠯᠡᠭᠳᠡᠬᠦ ᠪᠤᠯᠤᠨ᠎ᠠ᠃ ᠶᠠᠷᠤᠩᠬᠡᠢ ᠱᠦᠵᠢ ᠰᠢ ᠶᠢᠨ ᠫᠢᠩ ᠤᠨ ᠲᠤᠷᠠᠳᠤᠬᠰᠠᠨ ᠡᠨᠡ ᠬᠦ ︽ᠲᠠᠪᠤᠨ ᠬᠠᠷᠢᠴᠠᠭ᠎ᠠ︾ ᠨᠢ ᠮᠠᠨ ᠤ ᠨᠠᠮ ᠤᠨ ᠲᠤᠰ ᠪᠠᠶ᠎ᠠ ᠶᠢᠨ ᠪᠠᠶᠢᠭᠤᠯᠤᠯᠳᠠ ᠪᠠᠨ ᠴᠢᠩᠭᠠᠳᠬᠠᠭᠠᠳ ᠪᠦᠷᠢᠯᠳᠦᠭᠦᠯᠦᠭᠰᠡᠨ ᠰᠢᠯᠢᠳᠡᠭ ᠤᠯᠠᠮᠵᠢᠯᠠᠯ ᠪᠤᠯᠤᠨ ᠠᠮᠵᠢᠯᠳᠠᠳᠠᠢ ᠲᠤᠷᠰᠢᠯᠭ᠎ᠠ ᠶᠢ ᠪᠠᠷᠢᠮᠳᠠᠯᠠᠵᠤ ᠪᠠᠳᠠᠷᠠᠭᠤᠯᠤᠬᠰᠠᠨ ᠢᠶᠠᠷ ᠪᠠᠷᠠᠬᠤ ᠦᠬᠡᠢ᠂ ᠪᠠᠰᠠ ᠰᠢᠨ᠎ᠠ ᠪᠠᠶᠢᠳᠠᠯ ᠰᠢᠨ᠎ᠠ ᠠᠰᠠᠭᠤᠳᠠᠯ ᠳᠤ ᠲᠤᠷᠠᠳᠤᠬᠰᠠᠨ ᠰᠢᠨ᠎ᠠ ᠰᠡᠳᠬᠢᠴᠠ ᠰᠢᠨ᠎ᠠ ᠠᠷᠭ᠎ᠠ ᠬᠡᠮᠵᠢᠶ᠎ᠠ ᠰᠢᠨ᠎ᠠ ᠠᠷᠭ᠎ᠠ ᠬᠢᠳᠡᠯ ᠢ ᠦᠨᠳᠤᠰᠤᠯᠠᠵᠤ᠂ ᠲᠦᠪ ᠤᠨ ᠪᠠ ᠲᠦᠷᠤ ᠶᠢᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠤᠨᠴᠠᠯᠢᠬ ᠪᠤᠯᠤᠨ ᠵᠢᠮ᠎ᠠ ᠶᠤᠰᠤ ᠶᠢ ᠬᠦᠢᠴᠡᠳ ᠢᠯᠡᠷᠡᠬᠦᠯᠦᠭᠰᠡᠨ ᠪᠠᠶᠢᠨ᠎ᠠ᠃ ᠪᠢᠳᠠ ︽ᠲᠠᠪᠤᠨ ᠬᠠᠷᠢᠴᠠᠭ᠎ᠠ︾ ᠳᠤ ᠠᠭᠤᠯᠤᠬᠳᠠᠵᠤ ᠪᠦᠬᠦᠢ ᠮᠠᠷᠺᠰ ᠤᠨ ᠦᠵᠡᠯ ᠤᠨ ᠵᠤᠬᠰᠤᠯᠳᠠ ᠦᠵᠡᠯᠳᠠ ᠠᠷᠭ᠎ᠠ ᠶᠢ ᠬᠦᠨᠵᠡᠬᠡᠢ ᠤᠢᠢᠯᠠᠭᠠᠵᠤ᠂ ᠬᠠᠷᠢᠴᠠᠭ᠎ᠠ ᠪᠦᠷᠢ ᠶᠢ ᠰᠠᠶᠢᠳᠤᠷ ᠰᠢᠢᠳᠪᠤᠷᠢᠯᠠᠬᠦ ᠪᠠᠷ ᠪᠠᠷᠠᠬᠤ ᠦᠬᠡᠢ᠂ ︽ᠲᠠᠪᠤᠨ ᠬᠠᠷᠢᠴᠠᠭ᠎ᠠ︾ ᠶᠢ ᠰᠢᠨᠵᠢᠯᠡᠬᠦ ᠤᠬᠠᠭᠠᠨᠴᠢ ᠪᠠᠷ ᠨᠢᠬᠡᠳᠤᠯᠳᠠᠢ ᠲᠦᠯᠤᠪᠵᠢᠬᠦᠯᠵᠤ᠂ ᠲᠡᠬᠦᠨ ᠢ ᠠᠭᠤᠰᠤᠯᠴᠠᠭᠤᠯᠤᠨ ᠨᠡᠪᠳᠡᠷᠡᠬᠦᠯᠵᠤ᠂ ᠬᠠᠷᠢᠯᠴᠠᠨ ᠠᠬᠢᠭᠤᠯᠵᠤ᠂ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠢᠨᠠᠷ ᠪᠤᠯᠤᠨ ᠲᠦᠪᠰᠢᠨ ᠢ ᠪᠦᠬᠦ ᠲᠠᠯ᠎ᠠ ᠪᠠᠷ ᠲᠡᠭᠡᠭᠰᠢᠯᠡᠬᠦᠯᠬᠦ ᠭᠡᠷᠡᠭᠳᠠᠢ᠃
   ︽ᠲᠠᠮᠤᠷ ᠢ ᠲᠠᠪᠳᠠᠬᠤ ᠳᠤ ᠦᠪᠡᠷ ᠢᠶᠠᠨ ᠵᠠᠪᠠᠯ ᠬᠠᠳᠠᠭᠤ ᠪᠠᠶᠢᠬᠤ ᠭᠡᠷᠡᠭᠳᠠᠢ︾᠃ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠬᠦᠯᠬᠦ ᠳᠤ ︽ᠦᠪᠡᠷ ᠢᠶᠠᠨ ᠬᠠᠳᠠᠭᠤ ᠪᠠᠶᠢᠬᠤ ᠭᠡᠷᠡᠭᠳᠠᠢ︾᠂ ︽ᠦᠪᠡᠷ ᠢ ᠪᠠᠨ ᠬᠠᠳᠠᠭᠤ ᠪᠠᠶᠢᠯᠭᠠᠬᠤ︾ ᠨᠢ ︽ᠲᠡᠮᠤᠷ ᠢ ᠨᠡᠩ ᠰᠠᠶᠢᠨ ᠲᠠᠪᠳᠠᠬᠤ︾ ᠶᠢᠨ ᠲᠦᠯᠤᠬᠡ ᠶᠤᠮ᠃ ᠪᠠᠶᠢᠭᠤᠯᠭ᠎ᠠ ᠶᠢᠨ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠲᠠᠰᠤᠷᠠᠯᠳᠠ ᠦᠬᠡᠢ ᠲᠡᠭᠡᠭᠰᠢᠯᠡᠬᠦᠯᠪᠠᠯ᠂ ᠲᠦᠪ ᠤᠨ ᠪᠠ ᠲᠦᠷᠤ ᠶᠢᠨ ᠪᠠᠶᠢᠭᠤᠯᠭ᠎ᠠ ᠦᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠶᠠᠪᠤᠴᠠ ᠳᠤ ᠬᠦᠴᠦᠷᠭᠡᠭᠵᠢᠵᠤ᠂ ᠰᠢᠨ᠎ᠠ ᠴᠠᠬ ᠦᠶ᠎ᠠ ᠠᠴᠠ ᠤᠯᠭᠤᠬᠰᠠᠨ ᠰᠢᠨ᠎ᠠ ᠡᠬᠦᠷᠬᠡ ᠬᠠᠷᠢᠭᠤᠴᠠᠯᠭ᠎ᠠ ᠪᠠᠨ ᠨᠡᠩ ᠰᠠᠶᠢᠨ ᠡᠬᠦᠷᠬᠡᠯᠠᠵᠤ ᠴᠢᠳᠠᠨ᠎ᠠ᠃
   ︵ᠰᠢᠨᠬᠤᠸᠠ ᠬᠤᠷᠢᠶᠠᠨ ᠤ ᠪᠡᠬᠡᠵᠢᠩ ᠤᠨ 7 ᠰᠠᠷ᠎ᠠ ᠶᠢᠨ 11 ᠤ ᠴᠠᠬᠢᠯᠭᠠᠨ ᠮᠡᠳᠡᠭᠡ︶



  
     
     