

ᠪᠦ᠋ ᠰᠢᠶᠤᠤ ᠯᠢᠨ ᠪᠠᠶᠠᠷ ᠤᠨ ᠡᠳᠦᠷ ᠤᠨ ᠬᠤᠭᠤᠴᠠᠭᠠᠨ ᠳᠤ ᠠᠯᠠᠱᠠ   

2019-10-05 20:13
  320
  0
  10 ᠰᠠᠷ᠎ᠠ ᠶᠢᠨ 1 ᠠᠴᠠ 4 ᠤ ᠡᠳᠦᠷ ᠪᠤᠯᠳᠠᠯ᠎ᠠ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠠᠯᠠᠱᠠ ᠠᠶᠢᠮᠠᠬ ᠲᠤ ᠬᠦᠷᠴᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ᠂ ᠤᠯᠤᠰ ᠤᠨ ᠪᠠᠶᠠᠷ ᠤᠨ ᠬᠤᠭᠤᠴᠠᠭᠠᠨ ᠳᠠᠬᠢ ᠠᠮᠤᠷ ᠢ ᠬᠠᠮᠠᠭᠠᠯᠠᠬᠤ᠂ ᠠᠯᠠᠱᠠ ᠠᠶᠢᠮᠠᠬ ᠤᠨ ᠲᠡᠦᠭᠡ ᠰᠤᠶᠤᠯ ᠤᠨ ᠬᠦᠭᠵᠢᠯᠳᠠ ᠬᠢᠭᠡᠳ ᠬᠠᠮᠠᠭᠠᠯᠠᠯᠳᠠ ᠪᠤᠯᠤᠨ ᠤᠯᠠᠭᠠᠨᠮᠦ᠋ᠴᠢᠷ ᠵᠡᠷᠭᠡ ᠠᠵᠢᠯ ᠤᠨ ᠲᠤᠭᠤᠷᠢᠨ ᠳᠤ ᠪᠠᠶᠢᠴᠠᠭᠠᠨ ᠰᠤᠳᠤᠯᠵᠦ᠂ ᠴᠠᠭ ᠦᠶ᠎ᠠ ᠶᠢᠨ ᠵᠢᠱᠢᠶᠡᠴᠢ ᠰᠦᠭᠡ ᠵᠢᠴᠢ ᠠᠯᠳᠠᠨᠴᠤᠬ ᠰᠤᠮᠤ ᠶᠢᠨ ᠮᠠᠯᠴᠢᠨ ᠨᠢᠩᠲᠠᠢ ᠶᠢ ᠪᠤᠯᠭᠤᠭᠠᠨ ᠲ ᠤᠬᠤᠨᠢᠭᠤᠯᠪᠠ᠃
  ᠠᠯᠠᠱᠠ ᠪᠠᠷᠠᠭᠤᠨ ᠬᠤᠰᠢᠭᠤᠨ ᠤ ᠥᠪᠦᠷ ᠮᠤᠩᠭᠤᠯ ᠤᠨ ᠲᠡᠮᠡᠭᠡᠨ ᠤ ᠰᠤᠳᠤᠯᠭᠠᠨ ᠤ ᠬᠦᠷᠢᠶᠡᠯᠡᠩ ᠳᠤ᠂ ᠪᠦ᠋ ᠰᠢᠶᠤᠤ ᠯᠢᠨ ᠲᠡᠮᠡᠭᠡᠨ ᠤ ᠡᠬᠦᠯᠳᠡᠷ ᠤᠨ ᠡᠬᠢ ᠪᠠᠶᠠᠯᠢᠭ᠂ ᠠᠵᠤ ᠦᠢᠯᠡᠰ ᠤᠨ ᠬᠦᠭᠵᠢᠯᠳᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠤᠳᠤᠯᠭᠠᠨ ᠨᠡᠭᠡᠭᠡᠯᠳᠠ᠂ ᠮᠠᠯᠴᠢᠳ ᠤᠨ ᠤᠷᠤᠯᠭ᠎ᠠ ᠶᠢᠨ ᠨᠡᠮᠡᠭᠳᠡᠯ ᠵᠡᠷᠭᠡ ᠪᠠᠶᠢᠳᠠᠯ ᠢ ᠨᠠᠷᠢᠨ ᠤᠢᠢᠯᠠᠭᠠᠪᠠ᠃ ᠪᠦ᠋ ᠰᠢᠶᠤᠤ ᠯᠢᠨ᠂ ᠠᠯᠠᠱᠠ ᠶᠢᠨ ᠬᠢᠨ ᠰᠢᠨ᠎ᠠ ᠶᠢ ᠡᠬᠦᠳᠬᠦ ᠰᠡᠳᠬᠢᠴᠡ ᠪᠠᠷ ᠲᠡᠮᠡᠭᠡᠨ ᠤ ᠠᠵᠤ ᠦᠢᠯᠡᠰ ᠤᠨ ᠬᠦᠭᠵᠢᠯᠳᠠ ᠶᠢ ᠶᠠᠳᠠᠭᠤ ᠠᠴᠠ ᠠᠩᠬᠢᠵᠢᠷᠠᠭᠤᠯᠤᠨ ᠪᠤᠭᠤᠮᠳᠠ ᠰᠢᠪᠳᠤᠯᠬᠤ᠂ ᠬᠦᠳᠡᠭᠡ ᠲᠤᠰᠬᠤᠨ ᠢ ᠬᠦᠭᠵᠢᠬᠦᠯᠦᠨ ᠮᠠᠨᠳᠤᠭᠤᠯᠬᠤ ᠲᠠᠢ ᠤᠶᠠᠯᠳᠤᠭᠤᠯᠤᠨ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢᠶᠠᠷ ᠵᠠᠮᠨᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃
ᠴᠠᠭᠠᠨ ᠲᠦᠩᠭᠡ ᠶᠢᠨ ᠳᠤᠳᠤᠭᠠᠳᠦ ᠶᠢ ᠬᠠᠮᠠᠭᠠᠯᠠᠬᠤ ᠪᠠᠶᠢᠴᠠᠭᠠᠯᠳᠠ ᠶᠢᠨ ᠦᠷᠳᠡᠭᠡ ᠳᠤ᠂ ᠪᠦ᠋ ᠰᠢᠶᠤᠤ ᠯᠢᠨ ᠡᠮᠦᠨ᠎ᠠ ᠹᠷᠤᠨᠲ ᠲᠠᠬᠢ ᠳᠤᠳᠤᠭᠠᠳᠦ ᠶᠢ ᠬᠠᠮᠠᠭᠠᠯᠠᠬᠤ ᠺᠠᠳ᠋ᠷ ᠴᠠᠭᠳᠠᠭ᠎ᠠ ᠶᠢ ᠪᠤᠯᠭᠤᠭᠠᠨ ᠲᠤᠬᠤᠨᠢᠭᠤᠯᠪᠠ᠃ ᠲᠡᠷᠡ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠵᠦ ᠪᠠᠶᠢᠭ᠎ᠠ ᠳᠠᠰᠢᠷᠠᠮ ᠳᠤ᠂ ᠪᠠᠰᠠ ᠵᠢᠭᠤᠯᠴᠢᠯᠠᠯ ᠤᠨ ᠤᠷᠬᠢᠯ ᠤᠨ ᠬᠤᠭᠤᠴᠠᠭ᠎ᠠ ᠪᠤᠯᠤᠭᠰᠠᠨ ᠠᠴᠠ ᠳᠤᠳᠤᠭᠠᠳᠦ ᠶᠢ ᠬᠠᠮᠠᠭᠠᠯᠠᠬᠤ ᠺᠠᠳ᠋ᠷ ᠴᠠᠭᠳᠠᠭ᠎ᠠ ᠨᠠᠷ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠦᠨ᠂ ᠰᠢᠯᠢᠳᠡᠭ ᠰᠤᠷᠳᠠᠯ ᠢ ᠪᠠᠳᠠᠷᠠᠭᠤᠯᠵᠦ᠂ ᠦᠪᠡᠷᠲᠡᠭᠡᠨ ᠵᠠᠰᠠᠬᠤ ᠤᠷᠤᠨ ᠤ ᠠᠮᠤᠷ ᠲᠦᠪᠰᠢᠨ ᠲᠤᠭᠳᠠᠭᠤᠨ ᠤ ᠶᠡᠭᠡ ᠲᠠᠯ᠎ᠠ ᠶᠢ ᠰᠠᠶᠢᠳᠤᠷ ᠬᠠᠮᠠᠭᠠᠯᠠᠬᠤ ᠭᠡᠷᠡᠭᠲᠡᠢ ᠭᠡᠵᠦ ᠴᠢᠬᠤᠯᠠᠴᠢᠯᠠᠪᠠ᠃ ᠪᠦ᠋ ᠰᠢᠶᠤᠤ ᠯᠢᠨ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠤᠨ ᠪᠠᠶᠢᠳᠠᠯ ᠢ ᠶᠡᠭᠡ ᠪᠠᠷ ᠬᠠᠯᠠᠮᠵᠢᠯᠠᠵᠦ ᠪᠠᠶᠢᠯ᠎ᠠ᠂ ᠲᠡᠷᠡ ᠠᠯᠳᠠᠨᠴᠤᠬ ᠰᠤᠮᠤ ᠶᠢᠨ ᠮᠠᠯᠴᠢᠨ ᠡᠷᠦᠭᠡ ᠨᠢᠩᠳᠠᠢ ᠶᠢᠨ ᠭᠡᠷ ᠲᠤ ᠲᠤᠬᠠᠢ ᠶᠢᠨ ᠭᠠᠵᠠᠷ ᠤᠨ ᠺᠠᠳ᠋ᠷ ᠲᠤ᠂ ᠠᠷᠭ᠎ᠠ ᠪᠦᠬᠦᠨ ᠢ ᠰᠦᠪᠡᠭᠴᠢᠯᠡᠨ ᠪᠤᠶᠢᠳᠠ ᠪᠦᠭᠯᠡᠬᠦᠦ ᠭᠠᠵᠠᠷ ᠤᠷᠤᠨ ᠤ ᠮᠠᠯᠴᠢᠨ ᠲᠠᠷᠢᠶᠠᠴᠢᠨ ᠤ ᠦᠢᠯᠡᠳᠪᠤᠷᠢᠯᠡᠯ ᠠᠮᠢᠳᠤᠷᠠᠯ ᠤᠨ ᠨᠦᠬᠦᠴᠡᠯ ᠢ ᠰᠠᠶᠢᠵᠢᠷᠠᠭᠤᠯᠤᠨ᠂ ᠮᠠᠯᠴᠢᠨ ᠲᠠᠷᠢᠶᠠᠴᠢᠨ ᠢ ᠬᠦᠳᠦᠯᠦᠨ ᠵᠢᠯᠤᠭᠤᠳᠴᠦ ᠬᠠᠪᠰᠤᠷᠴᠤ ᠪᠠᠶᠢᠭᠠᠳ ᠨᠡᠩ ᠴᠢᠨᠠᠷ ᠰᠠᠶᠢᠳᠠᠢ ᠴᠢᠨᠡᠭᠡᠯᠢᠭᠵᠢᠭᠰᠡᠨ ᠠᠮᠢᠳᠤᠷᠠᠯ ᠵᠦᠭ ᠲᠡᠮᠡᠤᠯᠬᠦ ᠪᠤᠯᠭᠠᠬᠤ ᠭᠡᠷᠡᠭᠲᠡᠢ ᠭᠡᠵᠦ ᠰᠠᠨᠠᠭᠤᠯᠪᠠ᠃
  10 ᠰᠠᠷ᠎ᠠ ᠶᠢᠨ 3 ᠤ ᠡᠳᠦᠷ᠂ ᠪᠦ᠋ ᠰᠢᠶᠤᠤ ᠯᠢᠨ ᠮᠠᠰᠢᠨ ᠳᠡᠷᠭᠡ ᠪᠠᠷ ᠡᠵᠡᠨ᠎ᠠ ᠬᠤᠰᠢᠭᠤᠨ ᠤ ᠵᠢᠤᠢ ᠶᠠᠨ ᠤ ᠰᠤᠶᠤᠯ ᠤᠨ ᠦᠯᠡᠳᠡᠭᠳᠡᠯ ᠪᠠᠭᠤᠷᠢ ᠬᠠᠷ᠎ᠠ ᠬᠤᠳᠠ ᠶᠢᠨ ᠤᠢᠢᠷᠠᠯᠴᠠᠭ᠎ᠠ ᠬᠦᠷᠴᠤ᠂ ᠴᠠᠭ ᠦᠶ᠎ᠠ ᠶᠢᠨ ᠵᠢᠱᠢᠶᠡᠴᠢ ᠰᠦᠭᠡ ᠵᠢᠴᠢ ᠲᠡᠬᠦᠨ ᠤ ᠭᠡᠷ ᠪᠦᠯᠢ ᠶᠢᠨ ᠬᠢᠨ ᠢ ᠪᠤᠯᠭᠤᠭᠠᠨ ᠲᠤᠬᠤᠨᠢᠭᠤᠯᠵᠦ᠂ ᠳᠡᠳᠡᠨ ᠳᠤ ᠰᠢᠨ᠎ᠠ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠰᠠᠶᠢᠨ ᠰᠠᠶᠢᠬᠠᠨ ᠵᠦᠩᠨᠡᠯ ᠲᠡᠪᠰᠢᠬᠦᠯᠵᠡᠢ᠃ ᠪᠦ᠋ ᠰᠢᠶᠤᠤ ᠯᠢᠨ ᠰᠦᠭᠡ ᠶᠢᠨ ᠭᠠᠷ ᠢ ᠠᠳᠬᠤᠵᠤ᠄ ᠰᠦᠭᠡ ᠨᠦᠬᠦᠷ ᠤᠳᠤᠷᠢᠳᠬᠤ ᠪᠠᠶᠢᠷᠢᠨ ᠠᠴᠠ ᠠᠵᠢᠯ ᠠᠴᠠ ᠪᠠᠨ ᠠᠮᠠᠷᠠᠭᠰᠠᠨ ᠤ ᠪᠠᠨ ᠳᠠᠷᠠᠭ᠎ᠠ᠂ ᠶᠡᠭᠡ ᠭᠤᠪᠢ ᠶᠢᠨ ᠡᠯᠡᠰᠦ ᠮᠠᠩᠬᠠᠨ ᠳᠤ ᠠᠷᠪᠡᠨ ᠭᠡᠳᠦᠨ ᠵᠢᠯ ᠰᠠᠭᠤᠵᠦ᠂ ᠮᠤᠳᠤ ᠲᠠᠷᠢᠵᠦ ᠤᠢᠢᠵᠢᠭᠤᠯᠤᠨ᠂ ᠡᠯᠡᠰᠦ ᠮᠠᠩᠬ᠎ᠠ ᠶᠢ ᠵᠠᠰᠠᠭᠠᠳ᠂ ᠡᠪ ᠬᠠᠮᠳᠦ ᠨᠠᠮ ᠤᠨ ᠭᠡᠰᠢᠬᠦᠨ ᠤ ᠠᠭᠤᠤ ᠶᠡᠭᠡ ᠬᠡᠪ ᠰᠤᠷᠳᠠᠯ ᠪᠠ ᠡᠷᠬᠢᠮ ᠳᠡᠭᠡᠳᠦ ᠵᠤᠷᠢᠭ ᠰᠠᠨᠠᠭ᠎ᠠ ᠶᠢ ᠢᠯᠡᠷᠡᠭᠦᠯᠪᠠ᠂ ᠰᠦᠭᠡ ᠨᠦᠬᠦᠷ ᠪᠤᠯ ᠨᠠᠮ ᠤᠨ ᠭᠡᠰᠢᠬᠦᠨ ᠺᠠᠳ᠋ᠷᠴᠤᠳ ᠤᠨ ᠢᠳᠡᠭᠡᠯ ᠪᠢᠰᠢᠷᠡᠯ ᠢᠶᠠᠨ ᠪᠠᠳᠤ ᠰᠠᠬᠢᠵᠦ᠂ ᠬᠠᠷᠠᠮ ᠦᠭᠡᠢ ᠵᠤᠷᠢᠭᠤᠯᠬᠤ ᠲᠡᠷᠢᠬᠦᠨ ᠤ ᠨᠡᠶᠢᠳᠡᠯᠢᠭ ᠵᠢᠱᠢᠶ᠎ᠠ ᠮᠦᠨ᠂ ᠤᠯᠠᠨ ᠢᠶᠠᠷ ᠢᠶᠠᠨ ᠰᠤᠷᠤᠯᠴᠠᠬᠤ ᠦᠯᠢᠭᠡᠷ ᠳᠠᠭᠤᠷᠢᠶᠠᠯ ᠮᠦᠨ ᠭᠡᠯ᠎ᠠ᠃
  ᠠᠯᠠᠱᠠ ᠵᠡᠬᠦᠨ ᠬᠤᠰᠢᠭᠤᠨ ᠳᠤ᠂ ᠪᠦ᠋ ᠰᠢᠶᠤᠤ ᠯᠢᠨ ᠤᠷᠢᠳ ᠬᠤᠵᠢᠳ ᠠᠯᠠᠱᠠ ᠶᠢᠨ ᠢᠵᠠᠭᠤᠷ ᠤᠷᠠᠯᠢᠭ ᠤᠨ ᠳᠤᠭᠯᠠᠯᠳᠠ ᠶᠢᠨ ᠲᠢᠩᠬᠢᠮ᠂ ᠠᠯᠠᠱᠠ ᠬᠤᠱᠤᠳ ᠬᠤᠰᠢᠭᠤᠨ ᠤ ᠲᠡᠦᠭᠡ ᠶᠢᠨ ᠲᠠᠩᠰᠠ ᠡᠪᠭᠡᠮᠡᠯ ᠤᠨ ᠮᠦᠽᠸᠢ᠂ ᠠᠯᠠᠱᠠ ᠵᠡᠬᠦᠨ ᠬᠤᠰᠢᠭᠤᠨ ᠤ ᠤᠯᠠᠭᠠᠨᠮᠦ᠋ᠴᠢᠷ ᠲᠤ ᠬᠦᠷᠴᠤ ᠪᠠᠶᠢᠴᠠᠭᠠᠨ ᠰᠤᠳᠤᠯᠪᠠ᠃ ᠠᠯᠠᠱᠠ ᠬᠤᠱᠤᠳ ᠬᠤᠰᠢᠭᠤᠨ ᠤ ᠲᠡᠦᠭᠡ ᠶᠢᠨ ᠲᠠᠩᠰᠠ ᠡᠪᠭᠡᠮᠡᠯ ᠤᠨ ᠮᠦᠽᠸᠢ ᠳᠤ᠂ ᠪᠦ᠋ ᠰᠢᠶᠤᠤ ᠯᠢᠨ᠂ ᠮᠦᠽᠸᠢ ᠳᠤ ᠬᠠᠳᠠᠭᠠᠯᠠᠭᠳᠠᠵᠦ ᠪᠠᠶᠢᠭ᠎ᠠ ᠬᠤᠪᠤᠷ ᠨᠡᠨᠳᠢᠨ ᠲᠡᠦᠭᠡ ᠶᠢᠨ ᠲᠠᠩᠰᠠ ᠡᠪᠭᠡᠮᠡᠯ ᠨᠢ ᠠᠯᠠᠱᠠ ᠶᠢᠨ ᠬᠦᠭᠵᠢᠯᠳᠠ ᠶᠢᠨ ᠲᠡᠦᠭᠡᠨ ᠶᠠᠪᠤᠴᠠ ᠶᠢ ᠳᠡᠮᠳᠡᠭᠯᠡᠨ ᠭᠡᠷᠡᠴᠢᠯᠡᠵᠤ ᠪᠤᠢ᠂ ᠤᠷᠤᠨ ᠨᠤᠳᠤᠭ ᠤᠨ ᠵᠠᠰᠠᠭ ᠤᠨ ᠤᠷᠳᠤᠨ ᠤ ᠬᠢᠨ ᠲᠡᠦᠭᠡ ᠶᠢᠨ ᠲᠠᠩᠰᠠ ᠡᠪᠭᠡᠮᠡᠯ ᠢ ᠬᠠᠮᠠᠭᠠᠯᠠᠬᠤ᠂ ᠨᠡᠭᠡᠭᠡᠨ ᠬᠦᠭᠵᠢᠬᠦᠯᠬᠦ ᠪᠠ ᠠᠰᠢᠬᠯᠠᠬᠤ ᠠᠵᠢᠯ ᠢ ᠰᠠᠶᠢᠳᠤᠷ ᠬᠢᠵᠦ᠂ ᠠᠯᠠᠱᠠ ᠶᠢᠨ ᠰᠤᠶᠤᠯ ᠲᠡᠦᠭᠡ ᠶᠢᠨ ᠤᠯᠠᠮᠵᠢᠯᠠᠯ ᠪᠠ ᠬᠠᠮᠠᠭᠠᠯᠠᠯᠳᠠ ᠶᠢ ᠴᠢᠩᠭᠠᠳᠬᠠᠬᠤ ᠭᠡᠷᠡᠭᠲᠡᠢ ᠭᠡᠵᠦ ᠵᠢᠭᠠᠵᠦ ᠭᠠᠷᠭᠠᠵᠠᠢ᠃
  10 ᠰᠠᠷ᠎ᠠ ᠶᠢᠨ 4 ᠤ ᠦᠳᠡ ᠶᠢᠨ ᠡᠮᠦᠨ᠎ᠠ᠂ ᠪᠦ᠋ ᠰᠢᠶᠤᠤ ᠯᠢᠨ ᠠᠯᠠᠱᠠ ᠵᠡᠭᠦᠨ ᠬᠤᠰᠢᠭᠤᠨ ᠤ ᠤᠯᠠᠭᠠᠨᠮᠦ᠋ᠴᠢᠷ ᠲᠤ ᠬᠦᠷᠴᠤ᠂ ᠤᠯᠠᠭᠠᠨᠮᠦ᠋ᠴᠢᠷ ᠤᠨ ᠬᠦᠭᠵᠢᠯᠳᠠ ᠶᠢᠨ ᠪᠠᠶᠢᠳᠠᠯ ᠢ ᠨᠠᠷᠢᠨ ᠤᠢᠢᠯᠠᠭᠠᠪᠠ᠃ ᠪᠦ᠋ ᠰᠢᠶᠤᠤ ᠯᠢᠨ᠂ ᠤᠯᠠᠭᠠᠨᠮᠦ᠋ᠴᠢᠷ ᠤᠨ ᠭᠡᠰᠢᠬᠦᠳ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠭ᠎ᠠ ᠶᠢ ᠪᠠᠳᠤ ᠴᠡᠭᠡᠵᠢᠯᠡᠵᠦ᠂ ᠠᠮᠢᠳᠤᠷᠠᠯ ᠳᠤ ᠤᠢᠢᠷᠠᠳᠤᠬᠰᠠᠨ᠂ ᠤᠯᠠᠨ ᠲᠦᠮᠡᠨ ᠤ ᠲᠤᠮᠳᠠ ᠲᠠᠷᠬᠠᠵᠤ ᠲᠡᠯᠭᠡᠷᠡᠭᠰᠡᠨ᠂ ᠰᠡᠳᠭᠢᠯ ᠳᠤ ᠰᠠᠭᠤᠬᠳᠠᠬᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠮᠠᠯᠴᠢᠨ ᠲᠠᠷᠢᠶᠠᠴᠢᠨ ᠤᠯᠠᠨ ᠲᠦᠮᠡᠨ ᠤ ᠤᠶᠤᠨ ᠤ ᠰᠤᠶᠤᠯ ᠤᠨ ᠠᠮᠢᠳᠤᠷᠠᠯ ᠢ ᠨᠡᠩ ᠢᠯᠡᠬᠦᠦ ᠪᠠᠶᠠᠯᠢᠭᠵᠢᠭᠤᠯᠤᠨ᠂ ᠬᠤᠪᠢᠰᠬᠠᠯ ᠤᠨ ᠤᠳᠤᠮᠰᠢᠯ ᠢ ᠦᠶ᠎ᠠ ᠳᠠᠮᠵᠢᠨ ᠵᠠᠯᠭᠠᠮᠵᠢᠯᠠᠵᠤ᠂ ᠦᠨᠢ ᠡᠭᠦᠷᠢᠳᠡ ᠲᠠᠯ᠎ᠠ ᠨᠤᠲᠤᠬ ᠤᠨ ︽ᠬᠤᠪᠢᠰᠬᠠᠯᠳᠦ ᠤᠳᠬ᠎ᠠ ᠤᠷᠠᠯᠢᠭ ᠤᠨ ᠬᠦᠩᠭᠡᠡ ᠮᠤᠷᠢᠲᠦ ᠴᠡᠷᠢᠭ︾ ᠪᠤᠯᠬᠤ ᠭᠡᠷᠡᠭᠲᠡᠢ ᠭᠡᠵᠦ ᠴᠢᠬᠤᠯᠠᠴᠢᠯᠠᠪᠠ᠃ ᠵᠣᠬᠢᠶᠠᠭᠴᠢ᠄  ᠬᠠᠨ ᠴᠢᠩ ᠯᠢ 



  
     
     