 

ᠲᠦᠪ ᠤᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ

2017-03-27 17:29
  399
  0
ᠲᠦᠪ ᠤᠨ ᠲᠤᠭᠤᠷᠢᠨ ᠪᠠᠶᠢᠴᠠᠭᠠᠬᠤ ᠠᠯᠪᠠᠨ ᠬᠡᠷ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ

ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠣᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠵᠢᠴᠢ

ᠳᠣᠭᠤᠷᠢᠨ ᠪᠠᠶᠢᠴᠠᠭᠠᠬᠤ ᠠᠵᠢᠯ ᠢ ᠲᠤᠰᠬᠠᠢ ᠲᠦᠷᠦᠯ ᠢᠶᠠᠷ ᠪᠠᠶᠢᠴᠠᠭᠠᠬᠤ ᠬᠤᠷᠠᠯ ᠬᠦᠬᠡᠬᠤᠳᠠ ᠳᠤ ᠬᠤᠷᠠᠯᠳᠤᠪᠠ

ᠲᠦᠪ ᠤᠨ ᠲᠤᠭᠤᠷᠢᠨ ᠪᠠᠶᠢᠴᠠᠭᠠᠬᠤ ᠠᠵᠢᠯ ᠢ ᠤᠳᠤᠷᠢᠳᠬᠤ ᠲᠤᠭᠤᠢᠢᠯᠠᠩ ᠤᠨ ᠨᠢᠭᠡᠳᠦᠯᠳᠡᠢ ᠪᠠᠶᠢᠷᠢᠯᠠᠭᠤᠯᠤᠯᠳᠠ  

᠎ ᠪᠠᠷ᠂ 3 ᠰᠠᠷ᠎ᠠ ᠶᠢᠨ 24᠎ ᠤ ᠦᠳᠡ ᠶᠢᠨ ᠡᠮᠦᠨ᠎ᠠ᠂ ᠲᠦᠪ ᠤᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ

ᠱᠠᠯᠠᠪᠳᠠᠭᠤᠯᠤᠨ ᠪᠠᠶᠢᠴᠠᠭᠠᠬᠤ ᠵᠢᠴᠢ ᠲᠤᠭᠤᠷᠢᠨ ᠪᠠᠶᠢᠴᠠᠭᠠᠬᠤ ᠠᠵᠢᠯ ᠢ ᠲᠤᠰᠬᠠᠢ ᠲᠦᠷᠦᠯ ᠢᠶᠠᠷ ᠪᠠᠶᠢᠴᠠᠭᠠᠬᠤ ᠬᠤᠷᠠᠯ

ᠬᠦᠬᠡᠬᠤᠳᠠ ᠳᠤ ᠬᠤᠷᠠᠯᠳᠤᠪᠠ᠃ ᠲᠦᠪ ᠤᠨ ᠲᠤᠭᠤᠷᠢᠨ ᠪᠠᠶᠢᠴᠠᠭᠠᠬᠤ ᠠᠵᠢᠯ ᠢ ᠤᠳᠤᠷᠢᠳᠬᠤ ᠲᠤᠭᠤᠢᠢᠯᠠᠩ ᠤᠨ

ᠪᠦᠷᠢᠯᠳᠦᠭᠦᠨ᠂ ᠠᠯᠪᠠᠨ ᠬᠡᠷ ᠤᠨ ᠡᠷᠬᠢᠯᠡᠭᠴᠢ ᠯᠢ ᠰᠢᠶᠤᠤ ᠬᠤᠩ ᠴᠢᠬᠤᠯᠠ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ

ᠤᠷᠤᠨ ᠤ ᠨᠠᠮ ᠤᠨ ᠬᠤᠷᠢᠶ᠎ᠠ ᠶᠢᠨ ᠱᠦᠵᠢ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ

ᠬᠤᠷᠢᠶ᠎ᠠ ᠶᠢᠨ ᠡᠷᠬᠢᠯᠡᠭᠴᠢ ᠯᠢ ᠵᠢᠢ ᠾᠧᠩ ᠬᠤᠷᠠᠯ ᠡᠷᠬᠢᠯᠡᠭᠦ ᠶᠢᠨ ᠬᠠᠮᠳᠤ ᠲᠦᠪ ᠤᠨ ᠲᠤᠭᠤᠷᠢᠨ ᠪᠠᠶᠢᠴᠠᠭᠠᠵᠣ ᠬᠠᠷᠢᠭᠤ

ᠲᠤᠰᠬᠠᠬᠰᠠᠨ ᠰᠠᠨᠠᠯ ᠢ ᠴᠡᠭᠴᠯᠡᠡᠨ ᠰᠠᠶᠢᠵᠢᠷᠠᠭᠤᠯᠵᠤ ᠨᠡᠶᠢᠳᠡᠪᠦᠷᠢᠵᠢᠭᠤᠯᠤᠬᠰᠠᠨ ᠪᠠᠶᠢᠳᠠᠯ ᠢ ᠬᠠᠷᠢᠭᠤ ᠮᠡᠳᠡᠭᠦᠯᠵᠠᠢ᠃

ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠲᠡᠳ᠋ ᠲᠠᠷᠤᠭ᠎ᠠ ᠰᠢᠤᠸᠠᠢ ᠯᠢ ᠵᠢᠴᠢ ᠲᠦᠪ ᠤᠨ

ᠲᠤᠭᠤᠷᠢᠨ ᠪᠠᠶᠢᠴᠠᠭᠠᠬᠤ ᠠᠯᠪᠠᠨ ᠬᠡᠷ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠬᠰᠠᠨ

ᠪᠠᠶᠢᠳᠠᠯ ᠪᠠ ᠲᠤᠭᠤᠷᠢᠨ ᠪᠠᠶᠢᠴᠠᠭᠠᠬᠤ ᠠᠵᠢᠯ ᠤᠨ ᠬᠠᠷᠢᠭᠤ ᠮᠡᠳᠡᠭᠦᠯᠦᠯᠳᠡ ᠶᠢ ᠰᠤᠨᠤᠰᠤᠬᠰᠠᠨ ᠤ ᠲᠠᠷᠠᠭ᠎ᠠ᠂ ᠯᠢ ᠰᠢᠶᠤᠤ

ᠬᠤᠩ ᠵᠢᠭᠠᠵᠤ ᠭᠠᠷᠭᠠᠬᠰᠠᠨ ᠨᠢ᠂ ᠡᠮᠦᠨ᠎ᠡ ᠨᠢᠭᠡ ᠬᠡᠰᠡᠭ ᠬᠤᠭᠤᠴᠠᠭᠠᠨ ᠤ ᠪᠠᠶᠢᠳᠠᠯ ᠠᠴᠠ ᠦᠵᠡᠪᠡᠯ᠂ ᠦᠪᠦᠷ

ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ

ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠠᠨᠢᠯᠳᠠ ᠪᠠᠨ ᠬᠦᠨᠵᠡᠭᠡᠶᠢᠷᠡᠭᠦᠯᠦᠨ

ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠤᠳᠤᠷᠢᠳᠤᠯᠭ᠎ᠠ ᠪᠠᠨ ᠴᠢᠩᠭᠠᠳᠬᠠᠨ ᠨᠡᠶᠢᠳᠡᠪᠦᠷᠢᠵᠢᠭᠤᠯᠬᠤ ᠶᠢ ᠠᠳᠬᠤᠵᠣ᠂

ᠲᠦᠪᠯᠡᠷᠡᠭᠦᠯᠦᠨ ᠪᠣᠭᠤᠮᠳᠠ ᠰᠢᠪᠳᠤᠯᠵᠤ ᠦᠷ᠎ᠠ ᠪᠦᠳᠦᠮᠵᠢ ᠶᠢ ᠠᠳᠬᠤᠵᠣ᠂ ᠲᠦᠷᠢᠮ ᠲᠤᠬᠳᠠᠭᠠᠯ ᠳᠣᠭᠳᠠᠭᠠᠨ

ᠪᠠᠬᠢᠵᠢᠭᠦᠯᠭᠦ ᠶᠢ ᠠᠳᠬᠤᠵᠤ᠂ ᠲᠤᠭᠤᠷᠢᠨ ᠪᠠᠶᠢᠴᠠᠭᠠᠵᠦ ᠴᠡᠭᠴᠡᠯᠡᠨ ᠰᠠᠶᠢᠵᠢᠷᠠᠭᠤᠯᠬᠤ ᠪᠠ ᠲᠤᠭᠤᠷᠢᠨ ᠪᠠᠶᠢᠴᠠᠭᠠᠬᠤ

ᠠᠵᠢᠯ ᠳᠠᠭᠠᠨ ᠱᠠᠳᠤᠴᠢ ᠴᠢᠨᠠᠷᠳᠠᠢ ᠦᠷ᠎ᠡ ᠪᠦᠳᠦᠮᠵᠢ ᠤᠯᠬᠤ ᠶᠢ ᠠᠬᠢᠭᠤᠯᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ

ᠬᠤᠷᠢᠶ᠎ᠠ ᠲᠤᠭᠤᠷᠢᠨ ᠪᠠᠶᠢᠴᠠᠭᠠᠬᠤ ᠠᠵᠢᠯ ᠢ ᠲᠡᠭᠡᠳᠦ ᠬᠡᠮᠵᠢᠶ᠎ᠠ ᠪᠠᠷ ᠬᠦᠨᠳᠦᠳᠭᠡᠵᠤ᠂ ᠤᠯᠤᠰ ᠲᠦᠷᠦ ᠶᠢᠨ ᠵᠤᠬᠰᠤᠴᠠ ᠪᠠᠨ

ᠲᠡᠭᠡᠭᠰᠢᠯᠡᠭᠦᠯᠦᠨ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠶᠢ ᠬᠦᠨᠵᠡᠭᠡᠶᠢᠷᠡᠭᠦᠯᠵᠤ᠂ ᠲᠤᠭᠤᠷᠢᠨ ᠪᠠᠶᠢᠴᠠᠭᠠᠵᠣ

ᠳᠣᠭᠤᠷᠢᠨ ᠦᠵᠡᠭᠦ ᠠᠵᠢᠯ ᠢ ᠲᠠᠰᠤᠷᠠᠯᠳᠠ ᠦᠭᠡᠢ ᠴᠢᠩᠭᠠᠳᠬᠠᠨ ᠰᠠᠶᠢᠵᠢᠷᠠᠭᠤᠯᠵᠤ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ

ᠵᠠᠰᠠᠬᠤ ᠶᠢ ᠦᠨᠳᠦᠰᠦᠨ ᠱᠠᠳᠤ ᠲᠡᠰᠢ ᠦᠷᠭᠦᠯᠵᠢᠯᠡᠭᠦᠯᠭᠦ ᠶᠢ ᠠᠬᠢᠭᠤᠯᠵᠣ᠂ ᠡᠯ ᠎ᠠ ᠵᠦᠢᠯ ᠤᠨ ᠠᠵᠢᠯ ᠨᠡᠯᠢᠶᠡᠳ ᠰᠠᠶᠢᠨ

ᠦᠷ᠎ᠡ ᠪᠦᠳᠦᠮᠵᠢ ᠤᠯᠪᠠ ᠬᠡᠵᠡᠢ᠃

  ᠯᠢ ᠰᠢᠶᠤᠤ ᠬᠤᠩ ᠴᠢᠬᠤᠯᠠᠴᠢᠯᠠᠬᠰᠠᠨ ᠨᠢ᠂ ᠲᠤᠭᠤᠷᠢᠨ ᠪᠠᠶᠢᠴᠠᠭᠠᠵᠣ ︽ᠡᠷᠬᠢᠨ ᠬᠠᠷᠠᠬᠤ︾᠎ ᠪᠠᠷ ᠲᠤᠬᠢᠶᠠᠯ    

 ᠪᠤᠯᠭᠠᠨ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠬᠦᠨᠵᠡᠭᠡᠶᠢᠷᠡᠭᠦᠯᠭᠦ ᠬᠡᠷᠡᠭᠳᠡᠢ᠃ ᠦᠪᠡᠷᠳᠡᠭᠡᠨ

ᠵᠠᠰᠠᠬᠤ ᠤᠷᠤᠨ ᠤ ᠨᠠᠮ ᠤᠨ ᠬᠤᠷᠢᠶ᠎ᠠ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ

ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠲᠦᠪ ᠤᠨ ᠲᠤᠭᠤᠷᠢᠨ ᠪᠠᠶᠢᠴᠠᠭᠠᠵᠣ ︽ᠡᠷᠬᠢᠨ ᠬᠠᠷᠠᠬᠤ︾᠎ ᠲᠠᠢ

ᠤᠶᠠᠯᠳᠤᠭᠤᠯᠤᠨ᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠦᠷᠭᠦᠯᠵᠢᠯᠡᠨ ᠬᠦᠴᠦᠯᠡᠭᠦ ᠶᠢ

ᠬᠦᠰᠡᠵᠦ ᠪᠠᠶᠢᠨ᠎ᠠ᠃ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠤᠯᠤᠰ ᠲᠦᠷᠦᠴᠢ ᠴᠢᠨᠠᠷ ᠢ ᠡᠵᠡᠮᠰᠢᠵᠤ᠂

ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠭᠦ ᠬᠡᠷᠡᠭᠳᠡᠢ᠃ ᠴᠢᠳᠠᠮᠠᠭᠠᠢ ᠪᠠᠷ ᠤᠯᠤᠰ ᠲᠦᠷᠦ ᠶᠢᠨ

ᠲᠠᠯ᠎ᠠ ᠠᠴᠠ ᠶᠡᠭᠡ ᠲᠠᠯ᠎ᠠ ᠶᠢ ᠠᠵᠢᠭᠯᠠᠵᠣ᠂ ᠠᠰᠠᠭᠤᠳᠠᠯ ᠢ ᠬᠠᠷᠠᠵᠣ᠂ ᠤᠯᠤᠰ ᠲᠦᠷᠦ ᠪᠠ ᠶᠡᠭᠡ ᠲᠠᠯ᠎ᠠ ᠠᠴᠠ ᠵᠦᠷᠢᠶ᠎ᠠ ᠪᠠᠨ

ᠲᠠᠰᠤᠷᠠᠯᠳᠠ ᠦᠭᠡᠢ ᠡᠷᠢᠵᠤ᠂ ᠦᠨᠡᠨᠭᠦ ᠭᠤᠤᠯᠯᠠᠬᠴᠢ ᠲᠠᠢ ᠨᠢᠭᠡᠳᠦᠯᠳᠡᠢ ᠪᠠᠶᠢᠵᠤ᠂ ᠨᠠᠮ ᠤᠨ ᠲᠦᠪ ᠬᠤᠷᠢᠶ᠎ᠠ ᠶᠢᠨ ᠡᠷᠭᠡ

ᠰᠦᠷ ᠢ ᠬᠠᠮᠠᠭᠠᠯᠠᠬᠤ᠂ ᠨᠠᠮ ᠤᠨ ᠲᠦᠪ ᠬᠤᠷᠢᠶ᠎ᠠ ᠲᠠᠢ ᠨᠢᠭᠡᠳᠦᠯᠳᠡᠢ ᠪᠠᠶᠢᠬᠤ ᠱᠠᠭᠠᠷᠳᠠᠯᠭ᠎ᠠ ᠶᠢ ᠳᠡᠷᠡ ᠶᠣᠰᠣᠭᠠᠷ ᠨᠢ

ᠰᠠᠶᠢᠳᠤᠷ ᠨᠡᠶᠢᠳᠡᠪᠦᠷᠢᠵᠢᠭᠤᠯᠬᠤ ᠬᠡᠷᠡᠭᠳᠡᠢ᠃ ᠪᠤᠳᠠᠳᠠᠢ ᠲᠠᠢ ᠪᠠᠨ ᠨᠢᠬᠳᠠ ᠤᠶᠠᠯᠳᠤᠭᠤᠯᠤᠨ ︽ᠲᠠᠪᠤ ᠶᠢ ᠨᠢᠭᠡ

ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ

ᠪᠠᠶᠢᠷᠢᠰᠢᠭᠤᠯᠤᠯᠳᠠ ᠪᠠ ᠰᠢᠨ᠎ᠠ ᠬᠦᠭᠵᠢᠯᠳᠡ ᠶᠢᠨ ᠤᠢᠢᠯᠠᠭᠠᠬᠳᠠᠬᠤᠨ ᠢ ᠲᠤᠤᠱᠯᠠᠭᠤᠯᠵᠤ᠂ ︽ᠠᠷᠠᠳ ᠲᠦᠮᠡᠨ ᠬᠦᠰᠡᠯ

ᠱᠠᠭᠠᠷᠳᠠᠯᠭ᠎ᠠ ᠲᠠᠢ ᠪᠣᠯ᠂ ᠪᠢ ᠬᠠᠷᠢᠭᠤ ᠲᠤᠰᠬᠠᠯ ᠲᠠᠢ ᠪᠠᠶᠢᠵᠣ︾᠂ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ

ᠠᠵᠢᠯ ᠤᠨ ᠦᠢᠯᠡᠳᠦᠯᠭᠡᠳᠦ ᠴᠢᠨᠠᠷ ᠢ ᠡᠵᠡᠮᠰᠢᠵᠤ᠂ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠᠷ ᠦᠨᠳᠦᠰᠦᠨ ᠬᠠᠷᠠᠯᠳᠠ

ᠪᠤᠯᠭᠠᠵᠤ᠂ ᠨᠠᠮ ᠤᠨ ᠪᠠᠶᠢᠭᠤᠯᠤᠯᠳᠠ ᠶᠢ ᠴᠢᠩᠭᠠᠳᠬᠠᠬᠤ ᠪᠠᠷ ᠦᠨᠳᠦᠰᠦᠨ ᠠᠷᠭ᠎ᠠ ᠵᠠᠮ ᠪᠤᠯᠭᠠᠵᠣ᠂ ᠪᠦᠬᠦ ᠲᠠᠯ᠎ᠠ ᠪᠠᠷ

ᠨᠠᠮ ᠢᠶᠠᠨ ᠴᠢᠩᠭ᠎ᠠ ᠵᠠᠰᠠᠬᠤ ᠪᠠᠷ ᠦᠨᠳᠦᠰᠦᠨ ᠪᠠᠳᠤᠯᠠᠭ᠎ᠠ ᠪᠤᠯᠭᠠᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂

ᠨᠠᠮ ᠤᠨ ᠤᠳᠤᠷᠢᠳᠤᠯᠭ᠎ᠠ ᠰᠤᠯᠠᠷᠠᠬᠤ᠂ ᠨᠠᠮ ᠤᠨ ᠪᠠᠶᠢᠭᠤᠯᠤᠯᠳᠠ ᠲᠤᠳᠠᠭᠤᠳᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ

ᠵᠠᠰᠠᠬᠤ ᠳᠠᠯ᠎ᠠ ᠪᠠᠷ ᠡᠷᠴᠢ ᠦᠭᠡᠢ᠂ ᠨᠠᠮ ᠤᠨ ᠤᠢᠢᠯᠠᠭᠠᠬᠳᠠᠬᠤᠨ ᠳᠣᠳᠠᠮᠠᠭ᠂ ᠵᠤᠬᠢᠶᠠᠨ ᠪᠠᠶᠢᠭᠤᠯᠤᠯᠳᠠ ᠰᠤᠯᠠ ᠵᠠᠳᠠᠭᠠᠢ᠂

ᠰᠠᠬᠢᠯᠭ᠎ᠠ ᠪᠠᠳᠤ ᠰᠤᠯᠠ᠂ ᠨᠠᠮ ᠢᠶᠠᠨ ᠬᠠᠮᠢᠶᠠᠷᠴᠤ ᠨᠠᠮ ᠢᠶᠠᠨ ᠵᠠᠰᠠᠬᠤ ᠰᠤᠯᠠ ᠵᠦᠭᠡᠯᠡᠨ ᠵᠡᠷᠭᠡ ᠠᠰᠠᠭᠤᠳᠠᠯ ᠢ ᠬᠦᠴᠦᠯᠡᠨ

ᠰᠢᠢᠳᠪᠦᠷᠢᠯᠡᠵᠤ᠂ ᠴᠡᠭᠴᠡᠯᠡᠨ ᠰᠠᠶᠢᠵᠢᠷᠠᠭᠤᠯᠬᠤ ᠠᠵᠢᠯ ᠢ ᠲᠠᠰᠤᠷᠠᠯᠳᠠ ᠦᠭᠡᠢ ᠬᠦᠡᠵᠡᠭᠡᠶᠢᠷᠡᠭᠦᠯᠭᠦ ᠬᠡᠷᠡᠭᠳᠡᠢ᠃ ᠲᠤᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢᠨ ᠪᠤᠳᠠᠳᠠᠢ ᠴᠢᠨᠠᠷ ᠢ ᠡᠵᠡᠮᠰᠢᠵᠤ᠂ ᠴᠡᠭᠴᠡᠯᠡᠨ ᠰᠠᠶᠢᠵᠢᠷᠠᠭᠤᠯᠬᠤ ᠭᠤᠤᠯ

ᠴᠤᠬᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠱᠠᠭᠠᠷᠳᠠᠯᠭ᠎ᠠ ᠶᠢ

ᠨᠠᠷᠢᠯᠢᠬᠵᠢᠭᠤᠯᠵᠤ᠂ ᠴᠡᠭᠴᠡᠯᠡᠨ ᠰᠠᠶᠢᠵᠢᠷᠠᠭᠤᠯᠬᠤ ᠠᠵᠢᠯ ᠤᠨ ᠦᠷ᠎ᠡ ᠪᠦᠳᠦᠮᠵᠢ ᠶᠢ ᠬᠦᠨᠵᠡᠭᠡᠶᠢᠷᠡᠭᠦᠯᠵᠦ᠂ ᠦᠩᠭᠡᠨ ᠲᠠᠯ᠎ᠠ

ᠪᠠ ᠦᠨᠳᠦᠰᠦᠨ ᠠᠴᠠ ᠨᠢ ᠵᠠᠰᠠᠬᠤ ᠶᠢ ᠲᠠᠰᠤᠷᠠᠯᠳᠠ ᠦᠭᠡᠢ ᠠᠬᠢᠭᠤᠯᠵᠤ᠂ ᠡᠯ᠎ᠠ ᠵᠦᠢᠯ ᠤᠨ ᠦᠢᠯᠡᠰ ᠤᠨ ᠡᠷᠡᠭᠦᠯ ᠢᠶᠠᠷ

ᠡᠮᠬᠢ ᠵᠢᠷᠤᠮ ᠲᠠᠢ ᠬᠦᠭᠵᠢᠭᠦ ᠶᠢ ᠠᠬᠢᠭᠤᠯᠬᠤ ᠬᠡᠷᠡᠭᠳᠡᠢ ᠬᠡᠵᠡᠢ᠃

  ᠯᠢ ᠰᠢᠶᠤᠤ ᠬᠤᠩ ᠴᠢᠬᠤᠯᠠᠴᠢᠯᠠᠬᠰᠠᠨ ᠨᠢ᠂ ᠲᠤᠰᠬᠠᠢ ᠲᠦᠷᠦᠯ ᠢᠶᠠᠷ ᠪᠠᠶᠢᠴᠠᠭᠠᠬᠤ ᠪᠠᠷ ᠬᠦᠳᠡᠯᠭᠡᠭᠦ ᠬᠦᠴᠦᠨ

ᠪᠤᠯᠭᠠᠵᠤ᠂ ᠲᠤᠭᠤᠷᠢᠨ ᠪᠠᠶᠢᠴᠠᠭᠠᠬᠤ ᠠᠵᠢᠯ ᠤᠨ ᠬᠦᠨᠵᠡᠭᠡᠶᠢᠷᠡᠨ ᠬᠦᠭᠵᠢᠭᠦ ᠶᠢ ᠠᠬᠢᠭᠤᠯᠬᠤ ᠬᠡᠷᠡᠭᠳᠡᠢ᠃ ᠦᠪᠡᠷᠳᠡᠭᠡᠨ

ᠵᠠᠰᠠᠬᠤ ᠤᠷᠤᠨ ᠤ ᠨᠠᠮ ᠤᠨ ᠬᠤᠷᠢᠶ᠎ᠠ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ       

ᠬᠦᠨᠵᠡᠭᠡᠶᠢᠷᠡᠭᠦᠯᠵᠤ᠂ ᠲᠤᠭᠤᠷᠢᠨ ᠪᠠᠶᠢᠴᠠᠭᠠᠵᠤ ᠲᠤᠭᠤᠷᠢᠨ ᠦᠵᠡᠭᠦ ᠠᠵᠢᠯ ᠢ ᠯᠠᠪᠳᠠᠭᠤᠨ ᠪᠠᠳᠤᠳᠠᠢ ᠠᠬᠢᠭᠤᠯᠬᠤ ᠶᠢ

ᠬᠦᠰᠡᠵᠦ ᠪᠠᠶᠢᠨ᠎ᠠ᠃ ᠲᠤᠰᠢᠶᠠᠯ ᠬᠠᠷᠢᠭᠤᠴᠠᠯᠭ᠎ᠠ ᠶᠢᠨ ᠪᠠᠶᠢᠷᠢ ᠲᠤᠬᠳᠠᠭᠠᠯᠳᠠ ᠳᠠᠭᠠᠨ ᠠᠩᠬᠠᠷᠤᠯ ᠢᠶᠠᠨ ᠲᠦᠪᠯᠡᠷᠡᠭᠦᠯᠵᠤ᠂

ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠶᠢ ᠬᠦᠨᠵᠡᠭᠡᠶᠢᠷᠡᠭᠦᠯᠭᠦ ᠲᠡᠭᠡᠷ᠎ᠡ ᠬᠦᠴᠦ ᠣᠷᠣᠭᠤᠯᠵᠣ᠂ ᠤᠯᠤᠰ ᠲᠦᠷᠦ ᠶᠢᠨ

ᠲᠤᠭᠤᠷᠢᠨ ᠪᠠᠶᠢᠴᠠᠭᠠᠬᠤ ᠵᠤᠬᠰᠤᠴᠠ ᠪᠠᠨ ᠲᠡᠭᠡᠭᠰᠢᠯᠡᠭᠦᠯᠦᠨ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠶᠢᠨ

ᠭᠤᠤᠯᠳᠠᠯᠭ᠎ᠠ ᠶᠢ ᠡᠵᠡᠮᠰᠢᠵᠤ᠂ ᠤᠯᠤᠰ ᠲᠦᠷᠦ ᠶᠢᠨ ᠲᠤᠭᠤᠷᠢᠨ ᠪᠠᠶᠢᠴᠠᠭᠠᠬᠤ ᠦᠷ᠎ᠡ ᠠᠰᠢᠭ ᠢ ᠴᠢᠩᠭᠠᠷᠠᠭᠤᠯᠵᠣ᠂ ᠤᠯᠤᠰ

ᠲᠦᠷᠦ ᠶᠢᠨ ᠲᠤᠭᠤᠷᠢᠨ ᠪᠠᠶᠢᠴᠠᠭᠠᠬᠤ ᠶᠢᠨ ᠦᠨᠳᠦᠰᠦᠨ ᠠᠴᠠ ᠨᠢ ᠵᠠᠰᠠᠬᠤ ᠦᠢᠯᠡᠳᠦᠯ ᠢ ᠪᠦᠳᠦᠮᠵᠢᠳᠡᠢ ᠪᠠᠳᠠᠷᠠᠭᠤᠯᠬᠤ

ᠬᠡᠷᠡᠭᠳᠡᠢ᠃ ᠪᠦᠬᠦᠨ ᠢ ᠪᠦᠷᠭᠦᠭᠦᠯᠭᠦ ᠱᠠᠭᠠᠷᠳᠠᠯᠭ᠎ᠠ ᠶᠢ ᠨᠡᠶᠢᠳᠡᠪᠦᠷᠢᠵᠢᠭᠤᠯᠤᠨ᠂ ᠳᠣᠰ ᠭᠠᠵᠠᠷ ᠤᠷᠤᠨ ᠤ ᠪᠠᠨ ᠲᠤᠭᠤᠷᠢᠨ

ᠪᠠᠶᠢᠴᠠᠭᠠᠬᠳᠠᠬᠤ ᠡᠳᠡᠭᠡᠳ ᠤᠨ ᠲᠤᠭ᠎ᠠ ᠬᠡᠮᠵᠢᠶ᠎ᠠ ᠪᠠ ᠪᠦᠳᠦᠴᠡ ᠶᠢ ᠦᠨᠳᠦᠰᠦᠯᠡᠨ᠂ ᠲᠤᠭᠤᠷᠢᠨ ᠪᠠᠶᠢᠴᠠᠭᠠᠬᠤ

ᠲᠦᠯᠦᠪᠵᠢᠭᠦᠯᠭᠡ ᠶᠢ ᠨᠢᠭᠡᠳᠦᠯᠳᠡᠢ ᠲᠦᠯᠦᠪᠵᠢᠭᠦᠯᠭᠦ ᠲᠡᠭᠡᠷ᠎ᠡ ᠬᠦᠴᠦ ᠣᠷᠣᠭᠤᠯᠬᠤ ᠬᠡᠷᠡᠭᠳᠡᠢ᠃ ᠱᠠᠯᠠᠪᠳᠠᠭᠤᠯᠤᠨ

ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠭᠦᠯᠬᠦ ᠶᠢ ᠴᠢᠩᠭᠠᠳᠬᠠᠨ᠂ ᠲᠤᠭᠤᠷᠢᠨ ᠪᠠᠶᠢᠴᠠᠭᠠᠵᠣ ᠢᠯᠡᠷᠡᠭᠦᠯᠦᠭᠰᠡᠨ

ᠠᠰᠠᠭᠤᠳᠠᠯ ᠢ ᠰᠢᠯᠵᠢᠭᠦᠯᠦᠨ ᠲᠤᠰᠢᠶᠠᠬᠤ ᠶᠢ ᠴᠢᠩᠭᠠᠷᠠᠭᠤᠯᠵᠤ᠂ ᠴᠡᠭᠴᠡᠯᠡᠨ ᠰᠠᠶᠢᠵᠢᠷᠠᠭᠤᠯᠬᠤ ᠶᠢ ᠱᠠᠯᠠᠪᠳᠠᠭᠤᠯᠤᠨ

ᠪᠠᠶᠢᠴᠠᠭᠠᠬᠤ ᠠᠵᠢᠯ ᠢ ᠴᠢᠩᠭᠠᠷᠠᠭᠤᠯᠵᠤ᠂ ᠲᠤᠭᠤᠷᠢᠨ ᠪᠠᠶᠢᠴᠠᠭᠠᠬᠤ ᠦᠷ᠎ᠠ ᠪᠦᠳᠦᠮᠵᠢ ᠶᠢ ᠤᠬᠠᠭᠤᠯᠬᠤ ᠶᠢ ᠴᠢᠩᠭᠠᠷᠠᠭᠤᠯᠦᠨ

᠂ ᠲᠤᠭᠤᠷᠢᠨ ᠪᠠᠶᠢᠴᠠᠭᠠᠭᠰᠠᠨ ᠦᠷ᠎ᠡ ᠪᠦᠳᠦᠭᠡᠯ ᠢ ᠰᠠᠶᠢᠳᠤᠷ ᠠᠰᠢᠬᠯᠠᠬᠤ ᠲᠡᠭᠡᠷ᠎ᠡ ᠬᠦᠴᠦ ᠣᠷᠣᠭᠤᠯᠬᠤ ᠬᠡᠷᠡᠭᠳᠡᠢ᠃

ᠲᠤᠭᠤᠷᠢᠨ ᠪᠠᠶᠢᠴᠠᠭᠠᠬᠤ ᠠᠵᠢᠯ ᠢ ᠠᠬᠢᠭᠤᠯᠵᠤ᠂ ᠨᠢᠭᠡᠳᠦᠯᠳᠡᠢ ᠲᠦᠯᠦᠪᠵᠢᠭᠦᠯᠭᠦ ᠶᠢ ᠴᠢᠩᠭᠠᠳᠬᠠᠨ᠂ ᠤᠯᠤᠰ ᠲᠦᠷᠦ ᠶᠢᠨ

ᠲᠤᠭᠤᠷᠢᠨ ᠪᠠᠶᠢᠴᠠᠭᠠᠬᠤ ᠶᠢ ᠬᠦᠨᠵᠡᠭᠡᠶᠢᠷᠡᠭᠦᠯᠵᠤ᠂ ᠠᠰᠠᠭᠤᠳᠠᠯ ᠤᠨ ᠤᠳᠤᠷᠢᠳᠤᠮᠵᠢ ᠶᠢ ᠪᠠᠷᠢᠮᠳᠠᠯᠠᠨ᠂ ᠬᠢᠨᠠᠯᠳᠠ ᠲᠠᠯᠪᠢᠬᠤ

ᠪᠠᠶᠢᠷᠢᠰᠢᠯ ᠢ ᠲᠡᠭᠦᠯᠳᠡᠷᠵᠢᠭᠦᠯᠭᠦ ᠲᠡᠭᠡᠷ᠎ᠡ ᠬᠦᠴᠦ ᠣᠷᠣᠭᠤᠯᠬᠤ ᠬᠡᠷᠡᠭᠳᠡᠢ᠃ ᠰᠠᠭᠤᠷᠢ ᠪᠦᠳᠦᠭᠡᠨ ᠪᠠᠶᠢᠭᠤᠯᠤᠯᠳᠠ ᠶᠢ

ᠪᠠᠳᠣᠳᠬᠠᠵᠣ᠂ ᠰᠤᠶᠤᠯ ᠤᠨ ᠢᠳᠡᠭᠡᠯ ᠢ ᠪᠠᠳᠤᠳᠬᠠᠬᠤ ᠲᠡᠭᠡᠷ᠎ᠡ ᠬᠦᠴᠦ ᠣᠷᠣᠭᠤᠯᠵᠣ᠂ ᠰᠢᠯᠢᠳᠡᠭ ᠺᠠᠳ᠋ᠷ ᠢ ᠲᠤᠭᠤᠷᠢᠨ

ᠪᠠᠶᠢᠴᠠᠭᠠᠬᠤ ᠠᠵᠢᠯ ᠳᠤ ᠲᠤᠬᠢᠷᠠᠭᠤᠯᠦᠨ᠂ ᠤᠳᠤ ᠶᠢᠨ ᠬᠡᠷᠡᠭᠵᠢᠭᠦᠯᠵᠦ ᠪᠠᠶᠢᠭ᠎ᠠ ᠲᠦᠷᠢᠮ ᠢᠶᠠᠨ ᠵᠠᠰᠠᠪᠤᠷᠢ ᠤᠷᠤᠭᠤᠯᠤᠨ

ᠲᠡᠭᠦᠯᠳᠡᠷᠵᠢᠭᠦᠯᠵᠤ᠂ ᠨᠠᠮᠴᠢ ᠴᠢᠨᠠᠷ ᠤᠨ ᠬᠦᠮᠦᠵᠢᠯ ᠪᠠ ᠡᠳᠦᠷ ᠲᠤᠳᠤᠮ ᠤᠨ ᠬᠠᠮᠢᠶᠠᠷᠤᠯᠳᠠ ᠶᠢ ᠴᠢᠩᠭᠠᠳᠬᠠᠵᠤ᠂

ᠲᠤᠭᠤᠷᠢᠨ ᠪᠠᠶᠢᠴᠠᠭᠠᠬᠤ ᠺᠠᠳ᠋ᠷᠴᠤᠳ ᠢ ᠬᠦᠳᠦᠯᠦᠨ ᠳᠠᠭᠠᠭᠤᠯᠵᠣ ᠪᠠᠶᠢᠭᠠᠳ ᠨᠠᠮ ᠳᠤ ᠦᠨᠡᠨᠴᠢ᠂ ᠬᠠᠷᠠᠮ ᠦᠭᠡᠢ

ᠵᠣᠷᠢᠭᠤᠯᠬᠤ᠂ ᠬᠦᠨᠳᠦᠳᠭᠡᠨ ᠪᠢᠰᠢᠷᠡᠬᠦ ᠪᠠ ᠬᠤᠷᠢᠭ᠎ᠠ ᠱᠤᠭᠤᠮ ᠢ ᠰᠠᠬᠢᠬᠤ ᠪᠣᠯᠭᠠᠬᠤ ᠬᠡᠷᠡᠭᠳᠡᠢ ᠬᠡᠵᠡᠢ᠃

  ᠯᠢ ᠵᠢᠢ ᠾᠧᠩ ᠲᠦᠪ ᠤᠨ ᠲᠤᠭᠤᠷᠢᠨ ᠪᠠᠶᠢᠴᠠᠭᠠᠵᠣ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ

ᠨᠡᠶᠢᠳᠡᠪᠦᠷᠢᠵᠢᠭᠤᠯᠤᠬᠰᠠᠨ ᠪᠠᠶᠢᠳᠠᠯ ᠢ ᠬᠠᠷᠢᠭᠤ ᠮᠡᠳᠡᠭᠦᠯᠪᠡ᠃ ᠲᠡᠷᠡ ᠵᠢᠭᠠᠵᠤ ᠭᠠᠷᠭᠠᠬᠰᠠᠨ ᠨᠢ᠂ ᠭᠤᠷᠪᠠᠨ ᠵᠢᠯ

ᠭᠠᠷᠣᠢ ᠶᠢᠨ ᠲᠤᠷᠰᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠲᠤᠭᠤᠷᠢᠨ ᠪᠠᠶᠢᠴᠠᠭᠠᠵᠣ ᠬᠠᠷᠢᠭᠤ

ᠲᠤᠰᠬᠠᠬᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠶᠢ ᠰᠠᠶᠢᠳᠣᠷ ᠠᠳᠬᠤᠬᠤ ᠶᠢ ᠢᠮᠠᠬᠳᠠ ᠴᠢᠬᠤᠯᠠ ᠤᠯᠤᠰ ᠲᠦᠷᠦ ᠶᠢᠨ

ᠡᠭᠦᠷᠭᠡ ᠪᠤᠯᠭᠠᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠶᠢ ᠬᠦᠨᠵᠡᠭᠡᠢ

ᠰᠤᠷᠤᠯᠴᠠᠨ ᠲᠤᠤᠱᠯᠠᠭᠤᠯᠵᠦ᠂ ᠲᠦᠪ ᠤᠨ ᠲᠤᠭᠤᠷᠢᠨ ᠪᠠᠶᠢᠴᠠᠭᠠᠬᠤ ᠠᠵᠢᠯ ᠢ ᠤᠳᠤᠷᠢᠳᠬᠤ ᠲᠤᠭᠤᠢᠢᠯᠠᠩ ᠤᠨ

ᠲᠤᠬᠢᠷᠠᠭᠤᠯᠤᠯᠳᠠ ᠪᠠᠶᠢᠷᠢᠯᠠᠭᠤᠯᠤᠯᠳᠠ ᠶᠤᠰᠤᠭᠠᠷ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠳᠬᠠᠨ᠂

ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠳᠠᠢ ᠳᠤ ᠨᠡᠶᠢᠳᠡᠪᠦᠷᠢᠵᠢᠭᠤᠯᠵᠤ᠂ ᠦᠩᠭᠡᠨ ᠲᠠᠯ᠎ᠠ ᠪᠠ

ᠦᠨᠳᠦᠰᠦᠨ ᠠᠴᠠ ᠨᠢ ᠵᠠᠰᠠᠬᠤ ᠶᠢ ᠬᠦᠨᠵᠡᠭᠡᠶᠢᠷᠡᠭᠦᠯᠵᠤ᠂ ᠴᠡᠭᠴᠡᠯᠨᠨ ᠰᠠᠶᠢᠵᠢᠷᠠᠭᠤᠯᠬᠤ ᠠᠵᠢᠯ ᠪᠤᠳᠠᠳᠠᠢ ᠳᠤ

ᠨᠡᠶᠢᠳᠡᠪᠦᠷᠢᠵᠢᠭᠤᠯᠤᠬᠳᠠᠨ᠂ ᠢᠯᠡᠷᠬᠡᠢ ᠦᠷ᠎ᠡ ᠪᠦᠳᠦᠮᠵᠢ ᠤᠯᠬᠤ ᠶᠢ ᠠᠬᠢᠭᠤᠯᠪᠠ᠃ ᠦᠪᠡᠷᠳᠡᠭᠡᠨ ᠵᠠᠰᠠᠬᠤ ᠤᠷᠤᠨ ᠤ

ᠨᠠᠮ ᠤᠨ ᠬᠤᠷᠢᠶ᠎ᠠ ᠤᠯᠤᠰ ᠲᠦᠷᠦ ᠶᠢᠨ ᠵᠤᠬᠰᠤᠴᠠ ᠪᠠᠨ ᠲᠠᠰᠤᠷᠠᠯᠳᠠ ᠦᠭᠡᠢ ᠲᠡᠭᠡᠭᠰᠢᠯᠡᠭᠦᠯᠦᠨ᠂ ᠦᠵᠡᠯ ᠰᠠᠨᠠᠭ᠎ᠠ

ᠲᠠᠨᠢᠯᠳᠠ ᠪᠠᠨ ᠬᠦᠨᠵᠡᠭᠡᠶᠢᠷᠡᠭᠦᠯᠵᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠴᠢᠩᠭᠠᠷᠠᠭᠤᠯᠵᠣ᠂

ᠱᠠᠯᠠᠪᠳᠠᠭᠤᠯᠣᠨ ᠨᠡᠶᠢᠳᠡᠪᠦᠷᠢᠵᠢᠭᠤᠯᠬᠤ ᠶᠢ ᠴᠢᠩᠭᠠᠳᠬᠠᠵᠤ᠂ ᠲᠤᠭᠤᠷᠢᠨ ᠪᠠᠶᠢᠴᠠᠭᠠᠵᠣ ᠬᠠᠷᠢᠭᠤ ᠲᠤᠰᠬᠠᠬᠰᠠᠨ ᠰᠠᠨᠠᠯ ᠢ

ᠴᠡᠭᠴᠡᠯᠡᠨ ᠰᠠᠶᠢᠵᠢᠷᠠᠭᠤᠯᠬᠤ ᠶᠢ ᠰᠠᠶᠢᠳᠤᠷ ᠠᠳᠬᠤᠬᠤ ᠦᠵᠡᠯ ᠰᠠᠨᠠᠭᠠᠨ ᠤ ᠤᠬᠠᠮᠰᠠᠷ ᠪᠤᠯᠤᠨ ᠠᠵᠢᠯᠯᠠᠭ᠎ᠠ ᠶᠢᠨ

ᠤᠬᠠᠮᠰᠠᠷ ᠢᠶᠠᠨ ᠦᠨᠡᠨᠭᠦ ᠴᠢᠩᠭᠠᠷᠠᠭᠤᠯᠪᠠ᠃ ᠭᠤᠤᠯᠳᠠᠯᠭ᠎ᠠ ᠪᠠᠨ ᠲᠤᠪᠤᠶᠢᠯᠭᠠᠨ ᠲᠦᠪᠯᠡᠷᠡᠭᠦᠯᠦᠨ ᠪᠣᠭᠤᠮᠳᠠ ᠰᠢᠪᠳᠤᠯᠵᠤ᠂

ᠲᠦᠪ ᠤᠨ ᠲᠤᠭᠤᠷᠢᠨ ᠪᠠᠶᠢᠴᠠᠭᠠᠬᠤ ᠲᠤᠭᠤᠢᠢᠯᠠᠩ ᠤᠨ ᠬᠠᠷᠢᠭᠤ ᠲᠤᠰᠬᠠᠬᠰᠠᠨ ᠲᠦᠷᠪᠡᠨ ᠲᠠᠯ᠎ᠠ ᠶᠢᠨ 18 ᠠᠰᠠᠭᠤᠳᠠᠯ ᠢ

ᠵᠤᠷᠪᠤᠰ ᠲᠠᠷᠠᠭᠠᠯᠠᠨ ᠨᠢᠭᠡᠳ ᠨᠢᠭᠡ ᠪᠠᠷ ᠨᠢ ᠴᠡᠭᠴᠡᠯᠡᠨ ᠰᠠᠶᠢᠵᠢᠷᠠᠭᠤᠯᠵᠤ᠂ ᠱᠠᠳᠤᠴᠢ ᠴᠢᠨᠠᠷᠳᠠᠢ ᠦᠷ᠎ᠡ ᠪᠦᠳᠦᠭᠡᠯ ᠤᠯᠵᠠᠢ᠃

ᠴᠡᠭᠴᠡᠯᠡᠨ ᠰᠠᠶᠢᠵᠢᠷᠠᠭᠤᠯᠤᠬᠰᠠᠨ ᠦᠷ᠎ᠠ ᠪᠦᠳᠦᠮᠵᠢ ᠪᠠᠨ ᠪᠠᠬᠢᠵᠢᠭᠦᠯᠦᠨ ᠦᠷᠭᠡᠳᠭᠡᠵᠤ᠂ ᠦᠵᠡᠯ ᠰᠠᠨᠠᠭ᠎ᠠ ᠤᠯᠤᠰ

ᠲᠦᠷᠦ ᠶᠢᠨ ᠪᠠᠶᠢᠭᠤᠯᠤᠯᠳᠠ ᠶᠢ ᠭᠦᠨ ᠬᠦᠨᠵᠡᠭᠡᠢ ᠣᠳᠠᠭᠠᠨ ᠳᠠᠭᠠᠭᠠᠮᠠᠭᠠᠢ ᠰᠠᠶᠢᠳᠤᠷ ᠠᠳᠬᠤᠵᠤ᠂ ᠶᠡᠷᠦᠩᠬᠡᠢ ᠱᠦᠵᠢ

ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ

ᠲᠤᠤᠱᠯᠠᠭᠤᠯᠤᠨ ᠨᠡᠶᠢᠳᠡᠪᠦᠷᠢᠵᠢᠭᠤᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠨᠠᠮ ᠤᠨ ᠠᠷᠪᠠᠨ ᠨᠠᠢᠮᠠᠳᠤᠭᠠᠷ

ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ

ᠲᠤᠤᠱᠯᠠᠭᠤᠯᠬᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠨᠠᠮ ᠤᠨ ᠬᠤᠷᠢᠶ᠎ᠠ ᠶᠢᠨ ᠭᠤᠤᠯ ᠴᠤᠬᠴᠠ ᠶᠢᠨ

ᠬᠠᠷᠢᠭᠤᠴᠠᠯᠭ᠎ᠠ ᠪᠠ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨᠠᠯᠳᠠ ᠲᠠᠯᠪᠢᠬᠤ ᠬᠠᠷᠢᠭᠤᠴᠠᠯᠭ᠎ᠠ ᠪᠠᠨ ᠪᠦᠬᠦ

ᠲᠠᠯ᠎ᠡ ᠪᠠᠷ ᠬᠦᠢᠴᠡᠳᠭᠡᠵᠦ᠂ ᠪᠦᠬᠦ ᠲᠠᠯ᠎ᠠ ᠪᠠᠷ ᠨᠠᠮ ᠢᠶᠠᠨ ᠴᠢᠩᠭ᠎ᠠ ᠵᠠᠰᠠᠬᠤ ᠶᠢᠨ ᠲᠠᠰᠤᠷᠠᠯᠳᠠ ᠦᠭᠡᠢ ᠬᠦᠨᠵᠡᠭᠡᠶᠢᠷᠡᠨ

ᠬᠦᠭᠵᠢᠭᠦ ᠶᠢ ᠠᠬᠢᠭᠤᠯᠵᠠᠢ ᠬᠡᠪᠡ᠃

  ᠯᠢ ᠵᠢᠢ ᠾᠧᠩ ᠴᠢᠬᠤᠯᠠᠴᠢᠯᠠᠬᠰᠠᠨ ᠨᠢ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠲᠤᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠣᠭᠰᠠᠨ ᠪᠠᠶᠢᠳᠠᠯ ᠢ ᠱᠠᠯᠠᠪᠳᠠᠭᠤᠯᠤᠨ ᠪᠠᠶᠢᠴᠠᠭᠠᠬᠤ ᠪᠠ ᠲᠤᠰᠬᠠᠢ ᠲᠦᠷᠦᠯ ᠢᠶᠠᠷ

ᠪᠠᠶᠢᠴᠠᠭᠠᠬᠤ‌‍ᠪᠠᠷ ᠲᠤᠬᠢᠶᠠᠯ ᠪᠤᠯᠭᠠᠨ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶ᠎ᠠ ᠶᠢᠨ ᠵᠤᠷᠢᠭ

ᠰᠠᠨᠠᠭ᠎ᠠ ᠶᠢ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠤᠯᠤᠰ ᠲᠦᠷᠦ ᠶᠢ ᠡᠷᠬᠢᠮᠯᠡᠭᠦ ᠦᠨᠳᠦᠷᠴᠡ ᠠᠴᠠ ᠲᠤᠭᠤᠷᠢᠨ

ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠶᠢ ᠠᠬᠢᠭᠤᠯᠬᠤ ᠳᠡᠭᠡᠷ᠎ᠡ ᠳᠠᠬᠢᠨ ᠠᠩᠬᠠᠷᠤᠯ ᠢᠶᠠᠨ ᠲᠦᠪᠯᠡᠷᠡᠭᠦᠯᠵᠤ᠂ ᠲᠠᠬᠢᠨ

ᠬᠦᠴᠦᠯᠡᠵᠤ᠂ ᠲᠦᠪ ᠤᠨ ᠲᠤᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠡᠯ᠎ᠠ ᠵᠦᠢᠯ ᠤᠨ ᠱᠠᠭᠠᠷᠳᠠᠯᠭ᠎ᠠ ᠶᠢ ᠳᠡᠷᠡ

ᠶᠣᠰᠣᠭᠠᠷ ᠨᠢ ᠪᠣᠳᠠᠳᠠᠢ ᠳᠤ ᠨᠠᠶᠢᠳᠠᠪᠣᠷᠢᠵᠢᠭᠤᠯᠬᠤ ᠬᠡᠷᠡᠭᠳᠡᠢ᠃ ᠬᠠᠷᠢᠭᠤᠴᠠᠯᠭ᠎ᠠ ᠶᠢ ᠨᠡᠶᠢᠳᠡᠪᠦᠷᠢᠵᠢᠭᠤᠯᠬᠤ ᠶᠢ

ᠴᠢᠩᠭᠠᠷᠠᠭᠤᠯᠵᠤ᠂ ᠨᠠᠮ ᠤᠨ ᠬᠤᠷᠢᠶ᠎ᠠ ᠶᠢᠨ ᠱᠦᠵᠢ ᠪᠡᠶ᠎ᠡ ᠪᠠᠷ ᠢᠶᠠᠨ ᠠᠳᠬᠤᠵᠣ᠂ ᠨᠠᠮ ᠤᠨ ᠬᠤᠷᠢᠶ᠎ᠠ ᠶᠢᠨ ᠪᠠᠶᠢᠩᠭᠤ ᠶᠢᠨ

ᠬᠡᠰᠢᠭᠦᠳ ᠪᠠ ᠬᠠᠮᠢᠶ᠎ᠠ ᠪᠦᠬᠦᠢ ᠮᠤᠵᠢ ᠶᠢᠨ ᠲᠡᠰ ᠶᠢᠨ ᠤᠳᠤᠷᠢᠳᠤᠯᠭ᠎ᠠ ᠴᠤᠬᠭᠠᠷ ᠠᠳᠬᠤᠵᠤ᠂ ᠬᠠᠷᠢᠭᠤᠴᠠᠯᠭᠠᠳᠦ ᠨᠢᠭᠡᠴᠡ

ᠨᠢᠭᠡᠳᠦᠯᠳᠡᠢ ᠲᠦᠯᠦᠪᠵᠢᠭᠦᠯᠦᠨ ᠵᠤᠬᠢᠴᠠᠭᠤᠯᠵᠤ᠂ ᠬᠠᠮᠵᠢᠯᠴᠠᠬᠤ ᠰᠠᠯᠠᠭ᠎ᠠ ᠮᠦᠴᠢᠷ ᠬᠦᠴᠦᠨ ᠢᠶᠠᠨ ᠬᠠᠮᠳᠤᠳᠬᠠᠨ

ᠪᠣᠭᠤᠮᠳᠠ ᠰᠢᠪᠳᠤᠯᠬᠤ ᠬᠡᠷᠡᠭᠳᠡᠢ᠃ ᠡᠬᠡ ᠲᠠᠩᠰᠠ ᠶᠢᠨ ᠬᠠᠮᠢᠶᠠᠷᠤᠯᠳᠠ ᠶᠢ ᠴᠢᠩᠭᠠᠳᠬᠠᠵᠤ᠂ ᠤᠷᠬᠢᠬᠳᠠᠭᠰᠠᠨ ᠢ ᠨᠢ

ᠪᠠᠶᠢᠴᠠᠭᠠᠵᠣ ᠲᠤᠳᠠᠬᠳᠠᠬᠰᠠᠨ ᠢ ᠨᠢ ᠨᠦᠬᠦᠪᠦᠷᠢᠯᠡᠵᠤ᠂ ᠠᠰᠠᠭᠤᠳᠠᠯ ᠪᠤᠯᠭᠠᠨ ᠢ ᠨᠠᠶᠢᠳᠠᠪᠣᠷᠢᠵᠢᠭᠤᠯᠵᠣ᠂ ᠶᠠᠪᠤᠳᠠᠯ ᠪᠤᠯᠭᠠᠨ ᠢ

ᠬᠠᠷᠢᠭᠤᠯᠳᠠ ᠲᠠᠢ ᠪᠠᠶᠢᠬᠤ ᠶᠢ ᠦᠨᠡᠨᠭᠦ ᠪᠡᠶᠡᠯᠡᠭᠦᠯᠬᠦ ᠬᠡᠷᠡᠭᠳᠡᠢ᠃ ︽ᠭᠤᠷᠪᠠᠨ ᠴᠢᠩᠭ᠎ᠠ ᠭᠤᠷᠪᠠᠨ ᠪᠤᠳᠠᠳᠠᠢ︾᠎ ᠶᠢᠨ

ᠱᠠᠭᠠᠷᠳᠠᠯᠭ᠎ᠠ ᠶᠢ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ ᠴᠢᠩᠭ᠎ᠠ᠂ ᠲᠦᠷᠢᠮ ᠤᠨ ᠪᠠᠶᠢᠭᠤᠯᠤᠯᠳᠠ ᠴᠢᠩᠭ᠎ᠠ᠂ ᠰᠠᠬᠢᠯᠭ᠎ᠠ

ᠪᠠᠳᠤ ᠶᠢ ᠬᠡᠷᠡᠭᠵᠢᠭᠦᠯᠬᠦ ᠳᠠᠯ᠎ᠠ ᠪᠠᠷ ᠴᠢᠩᠭ᠎ᠠ᠂ ᠦᠪᠡᠷ ᠢ ᠪᠠᠨ ᠱᠠᠭᠠᠷᠳᠠᠬᠤ ᠳᠠᠯ᠎ᠠ ᠪᠠᠷ ᠴᠢᠩᠭ᠎ᠠ᠂ ᠣᠪᠣᠷ ᠰᠤᠷᠳᠠᠯ   

ᠴᠢᠩᠭ᠎ᠠ᠂ ᠢᠯᠵᠢᠷᠠᠯ ᠢ ᠡᠰᠡᠷᠭᠦᠴᠡᠨ ᠠᠷᠢᠭᠤᠨ ᠴᠢᠭᠡᠴᠢ ᠶᠢ ᠡᠷᠬᠢᠮᠯᠡᠭᠦ ᠳᠠᠯ᠎ᠠ ᠪᠠᠷ ᠴᠢᠩᠭ᠎ᠠ ᠪᠠᠶᠢᠵᠣ᠂ ︽ᠵᠢᠷᠭᠤᠭᠠᠨ   

ᠵᠦᠢᠯ︾᠎ ᠤᠨ ᠰᠠᠬᠢᠯᠭ᠎ᠠ ᠪᠠᠳᠤ ᠶᠢ ᠴᠢᠩᠭ᠎ᠠ ᠬᠡᠷᠡᠭᠵᠢᠭᠦᠯᠵᠤ᠂ ︽ᠲᠦᠷᠪᠡᠨ ᠵᠦᠢᠯ ᠤᠨ ᠬᠡᠯᠪᠡᠷᠢ︾᠎ ᠶᠢ ᠰᠠᠶᠢᠳᠤᠷ ᠬᠡᠷᠡᠭᠯᠡᠨ᠂

ᠰᠠᠬᠢᠯᠭ᠎ᠠ ᠪᠠᠳᠤ ᠶᠢ ᠬᠡᠷᠡᠭᠵᠢᠭᠦᠯᠬᠦ ᠠᠵᠢᠯ ᠢ ᠶᠠᠪᠣᠬᠤ ᠳᠣᠳᠣᠮ ᠢᠶᠠᠨ ᠴᠢᠩᠭ᠎ᠠ ᠪᠣᠯᠭᠠᠬᠤ ᠠᠵᠢᠯ ᠤᠨ ᠱᠠᠭᠠᠷᠳᠠᠯᠭ᠎ᠠ ᠶᠢ

ᠲᠠᠮᠵᠢᠭᠤᠯᠬᠤ ᠬᠡᠷᠡᠭᠳᠡᠢ᠃ ᠦᠷ᠎ᠡ ᠪᠦᠳᠦᠮᠵᠢ ᠪᠠᠷ ᠤᠳᠤᠷᠢᠳᠤᠮᠵᠢ ᠪᠤᠯᠭᠠᠬᠤ ᠶᠢ ᠪᠠᠷᠢᠮᠳᠠᠯᠠᠵᠤ᠂ ᠠᠵᠢᠯᠯᠠᠭ᠎ᠠ ᠪᠠᠷ ᠢᠶᠠᠨ

ᠦᠨᠡᠨᠴᠢ ᠰᠢᠳᠤᠷᠭᠤ ᠪᠠᠨ ᠳᠠᠶᠢᠯᠪᠣᠷᠢᠯᠠᠵᠣ᠂ ᠣᠪᠣᠷ ᠰᠤᠷᠳᠠᠯ ᠢᠶᠠᠷ ᠢᠶᠠᠨ ᠲᠦᠷᠢ ᠲᠦᠷᠭᠦ ᠪᠠᠨ ᠱᠤᠭᠤᠵᠤ᠂ ᠦᠷ᠎ᠠ

ᠠᠰᠢᠭ ᠢᠶᠠᠷ ᠢᠶᠠᠨ ᠬᠠᠷᠢᠭᠤᠴᠠᠯᠭ᠎ᠠ ᠡᠭᠦᠷᠭᠡᠯᠡᠯ ᠢᠶᠠᠨ ᠲᠤᠳᠤᠷᠬᠠᠢᠢᠯᠠᠵᠤ᠂ ᠨᠠᠮ ᠢᠶᠠᠨ ᠬᠠᠮᠢᠶᠠᠷᠴᠤ ᠨᠠᠮ ᠢᠶᠠᠨ ᠵᠠᠰᠬᠠᠤ

ᠲᠦᠪᠰᠢᠨ ᠢᠶᠠᠨ ᠲᠠᠰᠤᠷᠠᠯᠳᠠ ᠦᠭᠡᠢ ᠲᠡᠭᠡᠭᠰᠢᠯᠡᠭᠦᠯᠭᠦ ᠬᠡᠷᠡᠭᠳᠡᠢ᠃ ᠲᠦᠪ ᠤᠨ ᠬᠤᠶᠠᠳᠤᠭᠠᠷ ᠲᠤᠭᠤᠷᠢᠨ ᠪᠠᠶᠢᠴᠠᠭᠠᠬᠤ

ᠲᠤᠭᠤᠢᠢᠯᠠᠩ ᠤᠨ ︽ᠡᠷᠬᠢᠨ ᠬᠠᠷᠠᠬᠤ︾ ᠠᠵᠢᠯ ᠢ ᠪᠦᠬᠦ ᠬᠦᠴᠦᠨ ᠢᠶᠠᠷ ᠲᠡᠮᠵᠢᠨ ᠬᠠᠮᠵᠢᠵᠣ᠂ ᠤᠯᠤᠰ ᠲᠦᠷᠦ ᠶᠢᠨ

ᠤᠬᠠᠮᠰᠠᠷ ᠢᠶᠠᠨ ᠲᠡᠭᠡᠭᠰᠢᠯᠡᠭᠦᠯᠦᠨ᠂ ᠵᠠᠶᠢᠯᠠᠬᠤ ᠦᠭᠡᠢ᠂ ᠳᠠᠷᠣᠬᠤ ᠦᠭᠡᠢ᠂ ᠲᠤᠳᠠᠬᠳᠠᠯ ᠢᠶᠠᠨ ᠨᠢᠭᠤᠬᠤ ᠦᠭᠡᠢ ᠪᠠᠶᠢᠵᠣ᠂

︽ᠭᠤᠷᠪᠠᠨ ᠶᠡᠭᠡ ᠠᠰᠠᠭᠤᠳᠠᠯ︾᠎ ᠢ ᠬᠦᠨᠵᠡᠭᠡᠢ ᠪᠠᠶᠢᠴᠠᠭᠠᠨ ᠨᠠᠷᠢᠨ ᠰᠤᠳᠤᠯᠬᠤ ᠶᠢᠨ ᠲᠤᠭᠤᠷᠢᠨ ᠳᠤ᠂ ᠲᠦᠪ ᠤᠨ ᠤᠯᠤᠰ

ᠲᠦᠷᠦ ᠶᠢᠨ ᠲᠤᠭᠤᠷᠢᠨ ᠪᠠᠶᠢᠴᠠᠭᠠᠬᠤ ᠱᠠᠭᠠᠷᠳᠠᠯᠭ᠎ᠠ ᠶᠢ ᠦᠨᠡᠨᠭᠦ ᠪᠤᠳᠠᠳᠠᠢ ᠳᠤ ᠨᠡᠶᠢᠳᠡᠪᠦᠷᠢᠵᠢᠭᠤᠯᠬᠤ ᠬᠡᠷᠡᠭᠳᠡᠢ ᠬᠡᠵᠡᠢ᠃

  ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ

ᠬᠤᠷᠢᠶ᠎ᠠ ᠶᠢᠨ ᠱᠦᠵᠢ᠂ ᠲᠤᠭᠤᠷᠢᠨ ᠪᠠᠶᠢᠴᠠᠭᠠᠬᠤ ᠠᠵᠢᠯ ᠢ ᠤᠳᠤᠷᠢᠳᠬᠤ ᠲᠤᠭᠤᠢᠢᠯᠠᠩ ᠤᠨ ᠲᠠᠷᠤᠭ᠎ᠠ ᠯᠢᠦ ᠴᠢ ᠹᠠᠨ

ᠲᠤᠰᠬᠠᠢ ᠲᠦᠷᠦᠯ ᠢᠶᠠᠷ ᠪᠠᠶᠢᠴᠠᠭᠠᠬᠤ ᠠᠵᠢᠯ ᠤᠨ ᠱᠠᠭᠠᠷᠳᠠᠯᠭ᠎ᠠ ᠶᠤᠰᠤᠭᠠᠷ᠂ ᠲᠡᠭᠡᠷ᠎ᠡ ᠨᠢᠭᠡ ᠡᠭᠡᠯᠵᠢ ᠶᠢᠨ ᠲᠦᠪ ᠤᠨ

ᠲᠤᠭᠤᠷᠢᠨ ᠪᠠᠶᠢᠴᠠᠭᠠᠬᠤ ᠠᠵᠢᠯ ᠤᠨ ᠲᠤᠰᠬᠠᠢ ᠲᠦᠷᠦᠯ ᠢᠶᠠᠷ ᠪᠠᠶᠢᠴᠠᠭᠠᠵᠣ ᠬᠠᠷᠢᠭᠤ ᠲᠤᠰᠬᠠᠬᠰᠠᠨ ᠰᠠᠨᠠᠯ ᠢ ᠴᠡᠭᠴᠡᠯᠡᠨ

ᠰᠠᠶᠢᠵᠢᠷᠠᠭᠤᠯᠤᠬᠰᠠᠨ ᠪᠠᠶᠢᠳᠠᠯ ᠪᠠ ᠦᠪᠡᠷᠳᠡᠭᠡᠨ ᠵᠠᠰᠬᠠᠤ ᠤᠷᠤᠨ ᠤ ᠠᠶᠢᠮᠠᠭ ᠬᠤᠳᠠ᠂ ᠬᠤᠰᠢᠭᠤ ᠰᠢᠶᠠᠨ ᠳᠤ ᠲᠤᠭᠤᠷᠢᠨ

ᠪᠠᠶᠢᠴᠠᠭᠠᠬᠤ ᠠᠵᠢᠯ ᠢ ᠦᠷᠨᠢᠭᠦᠯᠦᠭᠰᠡᠨ ᠪᠠᠶᠢᠳᠠᠯ ᠢ ᠬᠠᠷᠢᠭᠤ ᠮᠡᠳᠡᠭᠦᠯᠵᠡᠢ᠃ ᠦᠪᠡᠷᠳᠡᠭᠡᠨ ᠵᠠᠰᠬᠠᠤ ᠤᠷᠤᠨ ᠤ

ᠤᠳᠤᠷᠢᠳᠤᠯᠭ᠎ᠠ ᠽᠧᠩ ᠢ ᠴᠦᠨ᠂ ᠯᠦᠸᠧ ᠶᠦᠩ ᠭᠠᠩ᠂ ᠸᠠᠩ ᠬᠤᠸᠠᠨ ᠴᠧᠩ᠂ ᠦᠪᠡᠷᠳᠡᠭᠡᠨ ᠵᠠᠰᠠᠬᠤ ᠤᠷᠤᠨ ᠤ

ᠲᠤᠭᠤᠷᠢᠨ ᠪᠠᠶᠢᠴᠠᠭᠠᠬᠤ ᠠᠵᠢᠯ ᠢ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠲᠤᠭᠤᠷᠢᠨ ᠪᠠᠶᠢᠴᠠᠭᠠᠬᠤ

ᠲᠤᠭᠤᠢᠢᠯᠠᠩ ᠤᠨ ᠲᠠᠷᠤᠭ᠎ᠠ᠂ ᠲᠡᠳ᠋ ᠲᠠᠷᠤᠭ᠎ᠠ ᠵᠢᠴᠢ ᠬᠠᠮᠢᠶ᠎ᠠ ᠪᠦᠬᠦᠢ ᠲᠠᠯ᠎ᠠ ᠶᠢᠨ ᠨᠦᠬᠦᠳ ᠬᠤᠷᠠᠯ ᠳᠤ ᠤᠷᠤᠯᠴᠠᠪᠠ᠃

ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ 2017-03-25 11:46:58



  
     
     