-
35808
2025-06-13 22:35
0
0
ᠵᠡᠷᠯᠢᠭ ᠵᠠᠮᠤᠷ ᠤ᠋ᠨ ᠵᠢᠮᠢᠰ
ᠲᠤᠰ ᠡᠮ ᠪᠣᠯ ᠴᠠᠩᠬᠤᠢ ᠴᠡᠴᠡᠭ ᠦ᠋ᠨ ᠢᠵᠠᠭᠤᠷ ᠤ᠋ᠨ ᠤᠷᠭᠤᠮᠠᠯ ᠪᠣᠯᠬᠤ ᠬᠢᠩᠭᠠᠨ ᠵᠠᠮᠤᠷ ᠤ᠋ᠨ ᠬᠠᠲᠠᠭᠠᠭᠰᠠᠨ ᠪᠣᠯᠪᠠᠰᠤᠷᠠᠮᠠᠯ ᠵᠢᠮᠢᠰ ᠮᠥᠨ᠃ ᠪᠠᠰᠠ ᠰᠧᠭᠤᠸᠠ᠂ ᠰᠧᠭᠣᠳᠪᠠᠷᠠᠢ ᠭᠡᠳᠡᠭ᠃
[ ᠤᠤᠯ ᠤᠷᠭᠤᠮᠠᠯ] ᠨᠠᠪᠴᠢ ᠵᠤᠯᠭᠠᠷᠠᠬᠤ ᠪᠤᠲᠠ ᠮᠣᠳᠣ᠃0.8~2m ᠥᠨᠳᠥᠷ᠂ ᠦᠨᠳᠦᠰᠦ ᠨᠢ ᠤᠷᠲᠤ᠂ ᠪᠦᠳᠡᠭᠢ ᠬᠦᠷᠡᠩ ᠥᠩᠭᠡ ᠲᠡᠢ᠃ ᠮᠥᠴᠢᠷ ᠨᠢ ᠪᠦᠳᠡᠭᠢ ᠪᠣᠷᠣ ᠥᠩᠭᠡ ᠲᠡᠢ᠂ ᠦᠰᠦ ᠦᠭᠡᠢ᠂ ᠵᠢᠵᠢᠭ ᠮᠥᠴᠢᠷ ᠪᠣᠯᠤᠨ ᠨᠠᠪᠴᠢᠨ ᠪᠠᠷᠢᠭᠤᠯ ᠤ᠋ᠨ ᠤᠭ ᠤ᠋ᠨ ᠬᠡᠰᠡᠭ ᠲᠤᠨᠢ ᠬᠣᠣᠰᠯᠠᠭᠰᠠᠨ ᠬᠠᠯᠢᠰᠤᠨ ᠥᠷᠭᠡᠰᠦ ᠲᠡᠢ ᠪᠥᠭᠡᠳ ᠵᠢᠭᠠᠬᠠᠨ ᠮᠤᠷᠤᠢ ᠪᠤᠶᠤ ᠰᠢᠯᠤᠭᠤᠨ᠃ᠰᠣᠨᠳᠣᠭᠣᠢ ᠥᠳᠥᠯᠢᠭ ᠨᠡᠢᠯᠡᠮᠡᠯ ᠨᠠᠪᠴᠢ ᠴᠤᠪᠤᠷᠠᠨ ᠤᠷᠭᠤᠨ᠎ᠠ᠂5~9 ᠵᠢᠵᠢᠭ ᠨᠠᠪᠴᠢ ᠲᠠᠢ᠂ ᠤᠷᠲᠤᠯᠵᠢᠨ ᠲᠣᠭᠣᠷᠢᠭ ᠪᠤᠶᠤ ᠥᠷᠭᠡᠨ ᠬᠠᠪᠲᠠᠭᠠᠢ ᠲᠡᠪᠡᠨᠡ ᠬᠡᠯᠪᠡᠷᠢ ᠲᠡᠢ᠂1~3.5cm ᠤᠷᠲᠤ᠂0.5~1.5cm ᠥᠷᠭᠡᠨ᠂ ᠱᠣᠪᠬᠣ ᠦᠵᠦᠭᠦᠷ ᠲᠡᠢ ᠪᠤᠶᠤ ᠵᠢᠭᠠᠬᠠᠨ ᠮᠣᠬᠣᠭᠣ᠂ ᠲᠣᠭᠣᠷᠢᠭ ᠪᠤᠶᠤ ᠱᠠᠭᠠᠨᠲᠠᠭ ᠤᠭ ᠲᠠᠢ᠂ ᠨᠠᠷᠢᠨ ᠬᠢᠷᠥᠭᠡᠨ ᠰᠢᠳᠦᠲᠦ ᠬᠥᠪᠡᠭᠡ ᠲᠡᠢ᠂ ᠨᠠᠪᠴᠢᠨ ᠥᠪᠥᠷ ᠨᠢ ᠭᠦᠨ ᠨᠣᠭᠣᠭᠠᠨ ᠥᠩᠭᠡ ᠲᠡᠢ᠂ ᠦᠰᠦ ᠦᠭᠡᠢ᠂ ᠨᠠᠪᠴᠢᠨ ᠠᠷᠤ ᠨᠢ ᠴᠠᠢᠪᠤᠷ ᠴᠠᠭᠠᠨ ᠥᠩᠭᠡ ᠲᠡᠢ᠂ ᠮᠥᠬᠥᠯᠢᠭ ᠰᠢᠭ ᠪᠠᠯᠠᠷᠬᠠᠢ ᠲᠣᠯᠪᠣ ᠪᠣᠯᠤᠨ ᠣᠬᠣᠷ ᠵᠥᠭᠡᠯᠡᠨ ᠦᠰᠦ ᠲᠡᠢ᠃ ᠨᠠᠪᠴᠢᠨ ᠪᠠᠷᠢᠭᠤᠯ ᠳ᠋ᠤᠨᠢ ᠪᠤᠯᠴᠢᠷᠬᠠᠢ ᠲᠠᠢ᠃ ᠲᠣᠰᠬᠣᠭᠤᠷ ᠨᠠᠪᠴᠢ ᠨᠢ ᠮᠥᠩᠬᠡ ᠣᠷᠣᠰᠢᠨ᠎ᠠ᠂1cm ᠤᠷᠲᠤ᠂ ᠳᠣᠣᠷ᠎ᠠ2/3 ᠨᠢ ᠨᠠᠪᠴᠢᠨ ᠪᠠᠷᠢᠭᠤᠯ ᠲᠠᠢ ᠪᠠᠨ ᠨᠡᠢᠯᠡᠵᠦ ᠪᠣᠢ᠃ ᠴᠡᠴᠡᠭ ᠨᠢ ᠭᠠᠭᠴᠠᠭᠠᠷ ᠪᠤᠶᠤ2~3 ᠬᠦᠢᠰ ᠢ᠋ᠶ᠋ᠡᠷ ᠳᠡᠯᠭᠡᠷᠡᠨ᠎ᠡ᠂ ᠭᠦᠨ ᠤᠯᠠᠭᠠᠨ ᠥᠩᠭᠡ ᠲᠡᠢ᠂ ᠳ᠋ᠢᠶᠠᠮᠧᠲ᠋ᠷ ᠨᠢ4cm ᠣᠷᠴᠢᠮ᠂ ᠲᠣᠭᠳᠣᠢ ᠢᠯᠲᠠᠰᠤ ᠨᠢ ᠢᠪᠴᠤᠤ ᠬᠠᠪᠲᠠᠭᠠᠢ ᠲᠡᠪᠡᠨᠡ ᠬᠡᠯᠪᠡᠷᠢ ᠲᠡᠢ᠂ ᠴᠡᠴᠡᠭ ᠦ᠋ᠨ ᠳᠡᠯᠪᠢ ᠲᠡᠢ ᠪᠡᠨ ᠲᠡᠩᠴᠡᠭᠦᠦ ᠤᠷᠲᠤ᠂ ᠪᠦᠲᠦᠨ ᠬᠥᠪᠡᠭᠡ ᠲᠡᠢ᠂ ᠵᠢᠮᠢᠰᠯᠡᠬᠦ ᠬᠤᠭᠤᠴᠠᠭᠠᠨ ᠳ᠋ᠠᠭᠠᠨ ᠲᠣᠮᠣᠷᠠᠨ᠎ᠠ᠃ ᠵᠢᠮᠢᠰ ᠨᠢ ᠥᠨᠳᠡᠭᠡᠯᠵᠢᠨ ᠬᠡᠯᠪᠡᠷᠢ ᠲᠡᠢ ᠪᠤᠶᠤ ᠪᠥᠮᠪᠦᠭᠡᠨ ᠬᠡᠯᠪᠡᠷᠢ ᠲᠡᠢ᠂ ᠳ᠋ᠢᠶᠠᠮᠧᠲ᠋ᠷ ᠨᠢ1~1.5cm᠂ ᠤᠯᠠᠭᠠᠨ ᠥᠩᠭᠡ ᠲᠡᠢ᠂ ᠮᠥᠩᠬᠡ ᠣᠷᠣᠰᠢᠬᠤ ᠴᠡᠴᠡᠭ ᠦ᠋ᠨ ᠲᠣᠭᠳᠣᠢ ᠲᠠᠢ᠃6~7 ᠳ᠋ᠤᠭᠠᠷ ᠰᠠᠷ᠎ᠠ ᠳ᠋ᠤ᠌ ᠴᠡᠴᠡᠭᠯᠡᠵᠦ᠂8~9 ᠳ᠋ᠦ᠍ᠭᠡᠷ ᠰᠠᠷ᠎ᠠ ᠳ᠋ᠤ᠌ ᠵᠢᠮᠢᠰᠯᠡᠨ᠎ᠡ᠃
[ ᠤᠷᠭᠤᠬᠤ ᠣᠷᠴᠢᠨ ᠬᠢᠭᠡᠳ ᠲᠠᠷᠬᠠᠴᠠ] ᠣᠢ ᠶ᠋ᠢᠨ ᠬᠥᠪᠡᠭᠡ ᠵᠠᠬ᠎ᠠ᠂ ᠭᠣᠣᠯ ᠤ᠋ᠨ ᠡᠷᠭᠢ᠂ ᠠᠭᠤᠯᠠᠨ ᠬᠠᠵᠠᠭᠤ ᠶ᠋ᠢᠨ ᠪᠤᠲᠠ ᠰᠥᠭᠡᠭ ᠦ᠋ᠨ ᠬᠣᠭᠣᠷᠣᠨᠳᠣ ᠪᠤᠶᠤ ᠬᠣᠯᠢᠮᠠᠭ ᠣᠢ ᠳ᠋ᠤ᠌ ᠤᠷᠭᠤᠨ᠎ᠠ᠃ ᠬᠠᠷᠠᠮᠦ᠋ᠷᠡᠨ᠂ ᠬᠢᠷᠢᠨ᠂ ᠯᠢᠶᠣᠤᠨᠢᠩ᠂ ᠥᠪᠥᠷ ᠮᠣᠩᠭᠣᠯ᠂ ᠾᠧᠪᠧᠢ᠂ ᠱᠠᠨ ᠰᠢ ᠳ᠋ᠦ᠍ ᠲᠠᠷᠬᠠᠴᠠ ᠲᠠᠢ᠃
[ ᠲᠡᠭᠦᠵᠦ ᠪᠣᠯᠪᠠᠰᠤᠷᠠᠭᠤᠯᠬᠤ] ᠵᠢᠮᠢᠰ ᠨᠢ ᠪᠣᠯᠪᠠᠰᠤᠷᠠᠭᠰᠠᠨ ᠦᠶ᠎ᠡ ᠳ᠋ᠦ᠍ᠨᠢ ᠲᠡᠭᠦᠵᠦ᠂ ᠨᠠᠷᠠᠨ ᠳ᠋ᠤ᠌ ᠬᠠᠲᠠᠭᠠᠭᠰᠠᠨ ᠤ᠋ ᠰᠡᠭᠦᠯᠡᠷ ᠴᠡᠴᠡᠭ ᠦ᠋ᠨ ᠲᠣᠭᠳᠣᠢ ᠶ᠋ᠢ ᠨᠢ ᠠᠷᠢᠯᠭᠠᠨ ᠬᠠᠶᠠᠨ᠎ᠠ᠃
[ ᠠᠮᠲᠠ᠂ ᠴᠢᠨᠠᠷ᠂ ᠡᠷᠳᠡᠮ] ᠢᠰᠬᠦᠯᠡᠩ ᠠᠮᠲᠠ ᠲᠠᠢ᠂ ᠰᠡᠷᠢᠭᠦᠨ ᠴᠢᠨᠠᠷ ᠲᠠᠢ᠂ ᠬᠦᠨᠳᠦ᠂ ᠰᠢᠷᠦᠭᠦᠨ᠂ ᠬᠠᠭᠤᠷᠠᠢ ᠡᠷᠳᠡᠮ ᠲᠡᠢ᠃
[ ᠴᠢᠳᠠᠯ ᠪᠠ ᠭᠣᠣᠯᠳᠠᠭᠤ ᠵᠠᠰᠠᠬᠤ] ᠬᠠᠯᠠᠭᠤᠨ ᠢ᠋ ᠠᠷᠢᠯᠭᠠᠬᠤ᠂ ᠬᠣᠣᠷ ᠢ᠋ ᠲᠠᠢᠯᠬᠤ᠂ ᠰᠢᠷ᠎ᠠ ᠤᠰᠤ ᠶ᠋ᠢ ᠠᠷᠢᠯᠭᠠᠬᠤ ᠴᠢᠳᠠᠯ ᠲᠠᠢ᠃ ᠭᠣᠣᠯᠳᠠᠭᠤ ᠬᠣᠣᠷ ᠤ᠋ᠨ ᠬᠠᠯᠠᠭᠤᠨ᠂ ᠬᠠᠷ᠎ᠠ ᠰᠢᠷ᠎ᠠ ᠤᠰᠤᠨ ᠡᠪᠡᠳᠴᠢᠨ᠂ ᠡᠯᠢᠭᠡᠨ ᠦ᠌ ᠬᠠᠯᠠᠭᠤᠨ᠂ ᠪᠠᠮ ᠵᠡᠷᠭᠡ ᠶ᠋ᠢ ᠵᠠᠰᠠᠬᠤ ᠳ᠋ᠤ᠌ ᠬᠡᠷᠡᠭᠯᠡᠨ᠎ᠡ᠃
ᠬᠢᠲᠠᠳ ᠨᠡᠷ᠎ᠡ᠄山刺玫果(山刺玫)
ᠠᠩᠭ᠌ᠯᠢ ᠨᠡᠷ᠎ᠡ᠄Rosa dauurica ball.