

ᠨᠠᠮ ᠤᠨ ᠲᠦᠪ ᠬᠤᠷᠢᠶᠠᠨ ᠤ ᠲᠤᠭᠳᠠᠭᠠᠯ ᠢ ᠨᠡᠶᠢᠳᠡᠯᠡᠪᠡ

2019-10-26 12:14
  56
  0
ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠦᠬᠦ ᠤᠷᠤᠨ ᠤ ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠵᠦ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠳᠠᠨ ᠨᠦᠬᠦᠷ ᠲᠤ ᠲᠤᠬᠢᠷᠠᠭᠤᠯᠤᠯᠳᠠ ᠬᠢᠬᠦ ᠲᠤᠬᠠᠢ ᠨᠠᠮ ᠤᠨ ᠲᠦᠪ ᠬᠤᠷᠢᠶᠠᠨ ᠤ ᠲᠤᠭᠳᠠᠭᠠᠯ ᠢ ᠨᠡᠶᠢᠳᠡᠯᠡᠪᠡ

     ᠽᠸᠤ ᠮᠢᠩ ᠳᠦᠪ ᠬᠤᠷᠢᠶᠠᠨ ᠤ ᠳᠤᠬᠳᠠᠭᠠᠯ ᠢ ᠨᠡᠶᠢᠳᠡᠯᠡᠵᠥ ᠯᠢ ᠵᠢᠢ ᠾᠧᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠳᠠᠯᠪᠢᠵᠥ ᠱᠢ ᠲᠠᠢ ᠹᠧᠩ ᠪᠦ᠋ ᠰᠢᠶᠤᠤ ᠯᠢᠨ ᠶᠠᠷᠢᠶ᠎ᠠ ᠳᠠᠯᠪᠢᠵᠠᠢ

  10 ᠰᠠᠷ᠎ᠠ ᠶᠢᠨ 25 ᠤ ᠡᠳᠤᠷ᠂ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠪᠦᠬᠦ ᠤᠷᠤᠨ ᠤ ᠤᠳᠤᠷᠢᠳᠬᠤ ᠺᠠᠳ᠋ᠷᠴᠤᠳ ᠤᠨ ᠬᠤᠷᠠᠯ ᠬᠤᠷᠠᠯᠳᠤᠭᠤᠯᠵᠦ᠂ ᠳᠦᠪ ᠤᠨ ᠵᠤᠬᠢᠶᠠᠨ ᠪᠠᠶᠢᠭᠤᠯᠬᠤ ᠬᠡᠯᠳᠡᠰ ᠤᠨ ᠬᠡᠯᠳᠡᠰ ᠤᠨ ᠶᠠᠪᠤᠳᠠᠯ ᠤᠨ ᠬᠡᠰᠢᠬᠦᠨ ᠪᠦᠬᠡᠳ ᠺᠠᠳ᠋ᠷ ᠤᠨ ᠬᠤᠶᠠᠳᠤᠭᠠᠷ ᠳᠤᠪᠴᠢᠶᠠᠨ ᠤ ᠳᠠᠷᠤᠭ᠎ᠠ ᠽᠸᠤ ᠮᠢᠩ ᠳᠦᠪ ᠬᠤᠷᠢᠶᠠᠨ ᠤ ᠳᠤᠬᠳᠠᠭᠠᠯ ᠢ ᠤᠩᠰᠢᠨ ᠨᠡᠶᠢᠳᠡᠯᠡᠪᠡ᠄ ᠱᠢ ᠲᠠᠢ ᠹᠧᠩ ᠨᠦᠬᠦᠷ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠡᠰᠢᠬᠦᠨ᠂ ᠪᠠᠶᠢᠩᠭᠤ ᠶᠢᠨ ᠬᠤᠷᠢᠶᠠᠨ ᠤ ᠭᠡᠰᠢᠬᠦᠨ᠂ ᠱᠦᠵᠢ ᠶᠢᠨ ᠲᠤᠰᠢᠶᠠᠯ ᠢ ᠬᠠᠷᠢᠭᠤᠴᠠᠵᠤ᠂ ᠯᠢ ᠵᠢᠢ ᠾᠧᠩ ᠨᠦᠬᠦᠷ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ᠂ ᠪᠠᠶᠢᠩᠭᠤ ᠶᠢᠨ ᠬᠤᠷᠢᠶᠠᠨ ᠤ ᠭᠡᠰᠢᠬᠦᠨ᠂ ᠭᠡᠰᠢᠬᠦᠨ ᠤ ᠲᠤᠰᠢᠶᠠᠯ ᠢ ᠲᠠᠬᠢᠵᠤ ᠬᠠᠷᠢᠭᠤᠴᠠᠬᠤ ᠦᠭᠡᠢ᠂ ᠪᠤᠰᠤᠳ ᠳᠤᠰᠢᠶᠠᠯ ᠳᠤ ᠳᠤᠮᠢᠯᠠᠨ᠎ᠡ᠃
  ᠯᠢ ᠵᠢᠢ ᠾᠧᠩ ᠬᠤᠷᠠᠯ ᠢ ᠡᠷᠬᠢᠯᠡᠭᠰᠡᠨ ᠪᠦᠬᠡᠳ ᠶᠠᠷᠢᠶ᠎ᠠ ᠲᠠᠯᠪᠢᠪᠠ᠃ ᠱᠢ ᠲᠠᠢ ᠹᠧᠩ᠂ ᠪᠦ᠋ ᠰᠢᠶᠤᠤ ᠯᠢᠨ ᠶᠠᠷᠢᠶ᠎ᠠ ᠲᠠᠯᠪᠢᠵᠠᠢ᠃
    ᠯᠢ ᠵᠢᠢ ᠾᠧᠩ ᠶᠠᠷᠢᠶᠠᠨ ᠳᠠᠭᠠᠨ᠂ ᠡᠨᠡ ᠤᠳᠠᠭ᠎ᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠤᠳᠤᠷᠢᠳᠬᠤ ᠨᠦᠬᠦᠷ ᠤᠨ ᠳᠤᠰᠢᠶᠠᠯ ᠳᠤ ᠳᠤᠬᠢᠷᠠᠭᠤᠯᠤᠯᠳᠠ ᠬᠢᠭᠰᠡᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠥᠪᠦᠷ ᠮᠤᠩᠭᠤᠯ ᠢ ᠳᠤᠳᠤᠨᠤ ᠪᠠᠷ ᠬᠠᠯᠠᠮᠵᠢᠯᠠᠵᠥ᠂ ᠦᠪᠦᠷ ᠮᠤᠩᠭᠤᠯ ᠤᠨ ᠠᠵᠢᠯ ᠢ ᠬᠦᠢᠴᠡᠳ ᠨᠤᠳᠠᠯᠠᠵᠥ᠂ ᠦᠪᠦᠷ ᠮᠤᠩᠭᠤᠯ ᠤᠨ ᠤᠳᠤᠷᠢᠳᠬᠤ ᠪᠠᠬ ᠤᠨ ᠪᠠᠶᠢᠭᠤᠯᠤᠯᠳᠠ ᠶᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠬᠤ ᠶᠢ ᠬᠦᠢᠴᠡᠳ ᠬᠠᠷᠠᠭᠤᠯᠵᠦ ᠪᠠᠶᠢᠨ᠎ᠠ᠂ ᠪᠢ ᠪᠦᠷᠢᠨ ᠬᠦᠷᠢᠶᠡᠯᠡᠵᠦ᠂ ᠳᠦᠪ ᠬᠤᠷᠢᠶᠠᠨ ᠤ ᠳᠤᠬᠳᠠᠭᠠᠯ ᠢ ᠡᠷᠡᠰ ᠳᠠᠭᠠᠨ᠎ᠠ᠃ ᠱᠢ ᠲᠠᠢ ᠹᠧᠩ ᠨᠦᠬᠦᠷ ᠤᠯᠤᠰ ᠳᠦᠷᠦ ᠶᠢᠨ ᠳᠠᠯ᠎ᠠ ᠪᠠᠷ ᠡᠷᠡᠰ ᠪᠠᠳᠤ᠂ ᠨᠠᠮᠴᠢ ᠴᠢᠨᠠᠷ ᠤᠨ ᠦᠵᠡᠯᠳᠡ ᠪᠤᠯᠤᠨ ᠶᠡᠭᠡ ᠳᠠᠯ᠎ᠠ ᠶᠢᠨ ᠤᠬᠠᠮᠰᠠᠷ ᠴᠢᠩᠭ᠎ᠠ᠂ ᠳᠦᠷᠦ ᠶᠢᠨ ᠪᠤᠳᠤᠯᠭ᠎ᠠ ᠤᠨᠤᠯ ᠤᠨ ᠳᠦᠪᠰᠢᠨ ᠦᠨᠳᠤᠷ᠂ ᠤᠳᠤᠷᠢᠳᠬᠤ ᠳᠤᠷᠰᠢᠯᠭ᠎ᠠ ᠪᠠᠶᠠᠯᠢᠭ᠂ ᠬᠠᠷᠠᠴᠠ ᠦᠷᠭᠡᠨ᠂ ᠵᠤᠷᠢᠬᠳᠠᠢ ᠪᠠᠷ ᠬᠠᠷᠢᠭᠤᠴᠠᠯᠭ᠎ᠠ ᠡᠭᠦᠷᠭᠡᠯᠡᠵᠤ᠂ ᠤᠪᠤᠷ ᠰᠤᠷᠳᠠᠯ ᠨᠢ ᠠᠷᠠᠳᠴᠢᠯᠠᠯ ᠲᠠᠢ᠂ ᠵᠤᠬᠢᠶᠠᠨ ᠪᠠᠶᠢᠭᠤᠯᠵᠥ ᠤᠳᠤᠷᠢᠳᠬᠤ ᠪᠠ ᠨᠢᠬᠡᠳᠦᠯᠳᠡᠢ ᠳᠦᠯᠦᠪᠵᠢᠬᠦᠯᠦᠨ ᠵᠤᠬᠢᠴᠠᠭᠤᠯᠬᠤ ᠴᠢᠳᠠᠪᠤᠷᠢ ᠪᠠᠷ ᠴᠢᠩᠭ᠎ᠠ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠶᠢᠨ ᠠᠵᠢᠯ ᠢ ᠯᠠᠪᠳᠠᠢ ᠰᠠᠶᠢᠳᠤᠷ ᠬᠢᠵᠥ᠂ ᠳᠦᠪ ᠬᠤᠷᠢᠶᠠᠨ ᠤ ᠬᠦᠰᠡᠯ ᠨᠠᠶᠢᠳᠠᠯᠭ᠎ᠠ ᠶᠢ ᠬᠦᠰᠡᠷᠳᠡᠬᠦᠯᠬᠦ ᠦᠬᠡᠢ ᠶᠤᠮ᠃ ᠨᠦᠬᠦᠳ ᠨᠠᠷ ᠱᠢ ᠲᠠᠢ ᠹᠧᠩ ᠨᠦᠬᠦᠷ ᠤᠨ ᠠᠵᠢᠯ ᠢ ᠪᠦᠬᠦ ᠬᠦᠴᠦ ᠪᠠᠷ ᠢᠶᠠᠨ ᠳᠡᠮᠵᠢᠵᠥ᠂ ᠰᠡᠳᠬᠢᠯ ᠢᠶᠠᠨ ᠨᠢᠭᠡᠳᠭᠡᠵᠤ ᠬᠦᠴᠦ ᠪᠠᠨ ᠬᠠᠮᠳᠤᠳᠬᠠᠨ ᠦᠪᠦᠷ ᠮᠤᠩᠭᠤᠯ ᠤᠨ ᠡᠯ᠎ᠡ ᠵᠦᠢᠯ ᠤᠨ ᠠᠵᠢᠯ ‍ᠦ᠋ᠯᠡᠰ ᠢ ᠦᠷᠬᠦᠯᠵᠢᠯᠡᠨ ᠤᠷᠤᠬᠰᠢ ᠠᠬᠢᠭᠤᠯᠬᠤ ᠶᠢ ᠬᠦᠰᠡᠵᠥ ᠪᠠᠶᠢᠨ᠎ᠠ ᠬᠡᠪᠡ᠃
  ᠯᠢ ᠵᠢᠢ ᠾᠧᠩ᠂ ᠦᠪᠦᠷ ᠮᠤᠩᠭᠤᠯ ᠪᠤᠯ ᠰᠠᠶᠢᠬᠠᠨ ᠤᠷᠤᠨ ᠮᠦᠨ᠂ ᠦᠷᠬᠡᠨ ᠠᠭᠤᠳᠠᠮ ᠰᠦᠷᠯᠢᠭ ᠦᠵᠡᠮᠵᠢᠳᠠᠢ᠂ ᠡᠳ᠋ ᠪᠠᠶᠠᠯᠢᠭ  ᠡᠯᠪᠡᠭ᠂ ᠬᠦᠮᠦᠨ ᠠᠷᠠᠳ ᠨᠢ ᠰᠡᠴᠡᠨ ᠰᠡᠷᠭᠦᠯᠡᠩ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠳᠡᠬᠡᠳᠤ ᠬᠡᠮᠵᠢᠶ᠎ᠡ ᠪᠠᠷ ᠠᠩᠬᠠᠷᠤᠯ ᠢᠶᠠᠨ ᠲᠠᠯᠪᠢᠵᠤ᠂ ᠭᠦᠨ ᠰᠡᠳᠭᠢᠯᠭᠡ ᠪᠠᠷ ᠬᠠᠯᠠᠮᠵᠢᠯᠠᠵᠤ᠂ ᠪᠡᠶ᠎ᠡ ᠪᠠᠷ ᠢᠶᠠᠨ ᠦᠪᠦᠷ ᠮᠤᠩᠭᠤᠯ ᠤᠨ ᠪᠠᠶᠢᠳᠠᠯ ᠳᠤ ᠲᠤᠬᠢᠷᠠᠭᠤᠯᠤᠨ ᠠᠵᠢᠯᠯᠠᠭᠠᠨ ᠤ ᠬᠦᠳᠦᠯᠪᠦᠷᠢ ᠳᠤᠬᠳᠠᠭᠠᠨ ᠦᠭᠴᠤ᠂ ᠰᠠᠶᠢᠨ ᠰᠠᠶᠢᠬᠠᠨ ᠠᠯᠤᠰ ᠤᠨ ᠳᠦᠰᠦᠪ ᠢ ᠨᠢᠮᠪᠠᠢ ᠵᠢᠷᠤᠬᠯᠠᠨ ᠦᠭᠴᠤ᠂ ᠪᠢᠳᠡᠨ ᠳᠤ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ᠂ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ︾ ᠴᠢᠩ ᠰᠡᠳᠬᠢᠯ ᠤᠨ ᠬᠦᠰᠡᠯ ᠨᠠᠶᠢᠳᠠᠯᠭ᠎ᠠ ᠲᠠᠯᠪᠢᠵᠠᠢ᠃ ᠡᠨᠡ ᠬᠦ ᠬᠠᠯᠠᠭᠤᠨ ᠬᠦᠷᠦᠰᠦᠨ ᠳᠡᠬᠡᠷ᠎ᠡ ᠨᠠᠮ ᠳᠠᠭᠠᠨ ᠰᠢᠳᠤᠷᠭᠤ ᠪᠠᠷ ᠵᠢᠳᠬᠦᠵᠥ᠂ ᠤᠯᠤᠰ ᠤᠨ ᠢᠶᠠᠨ ᠳᠦᠯᠦᠬᠡ ᠬᠠᠷᠢᠭᠤᠴᠠᠯᠭ᠎ᠠ ᠪᠠᠨ ᠬᠦᠢᠴᠡᠳᠬᠡᠵᠥ᠂ ᠠᠷᠠᠳ ᠳᠦᠮᠡᠨ ᠳᠤ ᠦᠢᠯᠡᠴᠢᠯᠡᠵᠤ ᠶᠠᠪᠤᠬᠰᠠᠨ ᠨᠢ ᠳᠦᠪ ᠬᠤᠷᠢᠶ᠎ᠠ ᠠᠴᠠ ᠨᠠᠮᠠᠢᠢ ᠢᠳᠡᠬᠡᠭᠰᠡᠨ ᠶᠠᠪᠤᠳᠠᠯ ᠪᠤᠯᠤᠨ᠎ᠠ᠂ ᠨᠡᠩ ᠴᠤ ᠮᠢᠨᠤ ᠬᠤᠪᠢ ᠢᠷᠦᠬᠡᠯ ᠪᠤᠯᠤᠨ᠎ᠠ᠃ ᠭᠤᠷᠪᠠᠨ ᠵᠢᠯ ᠭᠠᠷᠤᠢ ᠶᠢᠨ ᠳᠤᠷᠰᠢ᠂ ᠪᠢ ᠢᠮᠠᠬᠳᠠ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠵᠥ᠂ ︽ᠳᠦᠷᠪᠡᠨ ᠢᠳᠡᠬᠡᠯ︾ ᠢᠶᠠᠨ ᠦᠨᠡᠨ ᠬᠦ ᠪᠠᠳᠤᠳᠬᠠᠵᠥ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠥ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠤᠯᠤᠨ ᠮᠤᠵᠢ ᠶᠢᠨ ᠱᠠᠳᠤᠨ ᠤ ᠤᠳᠤᠷᠢᠳᠬᠤ ᠪᠠᠬ ᠤᠨ ᠪᠦᠷᠢᠯᠳᠦᠬᠦᠨ ᠲᠠᠢ ᠬᠠᠮᠳᠤ ᠪᠠᠷ᠂ ᠰᠢ ᠶᠢᠨ ᠫᠢᠩ ᠤᠨ ᠰᠢᠨ᠎ᠡ ᠴᠠᠬ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠳᠤᠭᠤᠰᠢᠯᠠᠭᠤᠯᠵᠥ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠵᠥ᠂ ︽ᠳᠠᠪᠤ ᠶᠢ ᠨᠢᠬᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠨᠢᠬᠡᠳᠦᠯᠳᠡᠢ ᠳᠦᠯᠦᠪᠵᠢᠬᠦᠯᠦᠨ ᠠᠬᠢᠭᠤᠯᠵᠥ᠂ ︽ᠳᠦᠷᠪᠡᠨ ᠪᠦᠬᠦ ᠳᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠭᠤᠯᠤᠨ ᠠᠬᠢᠭᠤᠯᠵᠥ᠂ ᠬᠤᠭᠤᠴᠠᠭ᠎ᠠ ᠪᠦᠷᠢ ᠶᠢᠨ ᠤᠳᠤᠷᠢᠳᠬᠤ ᠪᠠᠬ ᠤᠨ ᠵᠠᠯᠭᠠᠭ᠎ᠠ ᠪᠠᠷ ᠴᠤᠬᠴᠠᠯᠠᠬᠰᠠᠨ ᠰᠠᠶᠢᠨ ᠰᠠᠭᠤᠷᠢᠨ ᠳᠡᠬᠡᠷ᠎ᠡ᠂ ᠦᠪᠡᠷᠳᠡᠬᠡᠨ ᠵᠠᠰᠠᠬᠤ ᠤᠷᠤᠨ ᠤ ᠠᠵᠥ ᠠᠬᠤᠢ ᠶᠢᠨ ᠬᠦᠭᠵᠢᠯᠳᠡ᠂ ᠨᠡᠶᠢᠬᠡᠮ ᠤᠨ ᠳᠠᠪᠰᠢᠯᠳᠠ᠂ ᠦᠨᠳᠦᠰᠦᠳᠡᠨ ᠤ ᠪᠦᠯᠬᠦᠮᠳᠡᠯ᠂ ᠬᠢᠯᠢ ᠬᠢᠵᠠᠭᠠᠷ ᠠᠮᠤᠷ ᠳᠤᠬᠳᠠᠭᠤᠨ ᠪᠠᠶᠢᠬᠤ ᠶᠡᠭᠡ ᠰᠠᠶᠢᠨ ᠪᠠᠶᠢᠳᠠᠯ ᠢ ᠤᠯᠠᠮ ᠴᠢᠨᠠᠬᠰᠢᠳᠠ ᠪᠠᠬᠢᠵᠢᠬᠦᠯᠪᠡ᠃ ᠡᠯ᠎ᠡ ᠵᠦᠢᠯ ᠤᠨ ᠤᠷᠳᠤ ᠬᠤᠭᠤᠴᠠᠭ᠎ᠠ ᠪᠠᠷ ᠬᠤᠷᠠᠮᠳᠤᠬᠰᠠᠨ ᠵᠦᠷᠢᠴᠡᠯ ᠠᠶᠤᠯ ᠳᠦᠭᠰᠢᠬᠦᠷᠢ ᠪᠤᠯᠤᠨ ᠪᠤᠳᠠᠳᠠᠢ ᠳᠤᠯᠭᠠᠷᠠᠬᠰᠠᠨ ᠬᠦᠴᠢᠷ ᠠᠰᠠᠭᠤᠳᠠᠯ ᠳᠤ ᠬᠠᠨᠳᠤᠭᠤᠯᠤᠨ᠂ ᠪᠢᠳᠡ ᠬᠦᠨᠳᠤ ᠡᠬᠦᠷᠬᠡ ᠶᠢ ᠮᠡᠳᠡᠵᠥ ᠬᠦᠨᠳᠦ ᠡᠭᠦᠷᠭᠡ ᠶᠢ ᠡᠬᠦᠷᠬᠡᠯᠡᠵᠥ᠂ ᠡᠷᠡᠮᠡᠬᠡᠶᠢᠯᠡᠨ ᠤᠷᠤᠬᠰᠢᠯᠠᠵᠤ᠂ ᠳᠤᠬᠳᠠᠯ ᠬᠦᠴᠦᠨ ᠢ ᠪᠠᠳᠤᠯᠠᠬᠤ ᠲᠠᠯ᠎ᠠ ᠪᠠᠷ ᠭᠤᠶᠢᠪᠢᠰᠢ ᠦᠬᠡᠢ ᠪᠠᠶᠢᠵᠤ᠂ ᠳᠠᠷᠤᠯᠳᠠ ᠶᠢ ᠬᠦᠴᠦᠯᠡᠨ ᠲᠤᠯᠬᠤ ᠲᠠᠯ᠎ᠠ ᠪᠠᠷ ᠨᠤᠭᠤᠷᠠᠰᠢ ᠦᠬᠡᠢ ᠪᠠᠶᠢᠵᠥ᠂ ᠨᠠᠷᠢᠯᠢᠬ ᠤᠨᠤᠪᠴᠢᠳᠠᠢ ᠵᠠᠳᠠᠯᠵᠥ᠂ ᠦᠷᠬᠦᠯᠵᠢᠯᠡᠨ ᠪᠤᠭᠤᠮᠳᠠ ᠰᠢᠪᠳᠤᠯᠵᠥ᠂ ᠡᠳᠦᠢ ᠲᠡᠳᠦᠢ ᠬᠡᠮ ᠰᠤᠭᠤᠭ ᠠᠷᠬᠠᠭ ᠭᠡᠮ ᠢ ᠪᠦᠳᠦᠮᠵᠢᠳᠡᠢ ᠠᠷᠢᠯᠭᠠᠵᠥ᠂ ᠡᠳᠦᠢ ᠲᠡᠳᠦᠢ ᠵᠦᠷᠢᠴᠡᠯ ᠠᠰᠠᠭᠤᠳᠠᠯ ᠢ ᠰᠢᠢᠳᠪᠦᠷᠢᠯᠡᠵᠥ᠂ ᠡᠳᠦᠢ ᠲᠡᠳᠦᠢ ᠠᠶᠤᠯ ᠳᠦᠭᠰᠢᠬᠦᠷᠢ ᠲᠠᠯᠳᠠ ᠬᠡᠮ ᠢ ᠠᠷᠢᠯᠭᠠᠵᠥ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠬᠡᠢ ᠬᠦᠭᠵᠢᠭᠦᠯᠬᠦ ᠪᠠᠷ ᠤᠳᠤᠷᠢᠳᠤᠮᠵᠢ ᠪᠤᠯᠭᠠᠬᠰᠠᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠡ ᠵᠠᠮ ᠢᠶᠠᠷ ᠰᠠᠶᠢᠳᠤᠷ ᠵᠠᠮᠨᠠᠬᠤ ᠳᠤ ᠰᠠᠶᠢᠨ ᠰᠠᠶᠢᠬᠠᠨ ᠤᠷᠴᠢᠨ ᠨᠦᠬᠦᠴᠡᠯ ᠢ ᠪᠦᠷᠢᠯᠳᠦᠭᠦᠯᠵᠤ ᠦᠭᠴᠠᠢ᠃ ᠪᠢᠳᠡ ᠪᠦᠬᠦ ᠤᠷᠤᠨ ᠤ ᠲᠡᠭᠡᠳᠦ ᠲᠤᠤᠷᠠᠳᠤ ᠱᠠᠳᠤᠨ ᠤ ᠬᠢ ᠶᠢ ᠵᠤᠬᠢᠶᠠᠨ ᠪᠠᠶᠢᠭᠤᠯᠵᠥ ᠪᠦᠬᠦ ᠬᠦᠴᠦ ᠪᠠᠷ ᠢᠶᠠᠨ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠵᠥ᠂ ᠳᠦᠷᠦ ᠶᠢᠨ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠬᠦᠯᠵᠥ ᠠᠵᠥ ᠠᠬᠤᠢ ᠶᠢᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠵᠥ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠷᠳᠤ ᠬᠤᠭᠤᠴᠠᠭ᠎ᠠ ᠪᠠᠷ ᠴᠢᠩᠭᠠᠳᠬᠠᠵᠥ᠂ ᠰᠡᠳᠬᠢᠯ ᠳᠠᠯᠪᠢᠨ ᠬᠦᠴᠦ ᠤᠷᠤᠭᠤᠯᠵᠥ ᠪᠠᠶᠢᠭᠠᠳ ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠵᠥ᠂ ᠨᠡᠶᠢᠬᠡᠮ ᠤᠨ ᠠᠮᠤᠷ ᠳᠤᠬᠳᠠᠭᠤᠨ ᠢ ᠬᠠᠮᠠᠭᠠᠯᠠᠬᠤ ᠠᠵᠢᠯ ᠢ ᠪᠤᠳᠠᠳᠠᠢ ᠨᠠᠷᠢᠯᠢᠭ ᠬᠢᠵᠥ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠬᠦᠨᠵᠡᠬᠡᠶᠢᠷᠡᠬᠦᠯᠬᠦ ᠳᠤ ᠦᠷᠬᠦᠯᠵᠢᠯᠡᠨ ᠬᠦᠴᠦᠯᠡᠵᠥ᠂ ᠤᠨᠴᠠᠭᠠᠢ ᠳᠠᠳᠠᠬᠤ ᠬᠦᠴᠦᠨ ᠲᠠᠢ᠂ ᠦᠪᠡᠷᠮᠢᠴᠡ ᠤᠨᠴᠠᠯᠢᠭ ᠢᠶᠠᠨ ᠭᠠᠶᠢᠬᠠᠭᠤᠯᠤᠭᠰᠠᠨ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ ᠦᠪᠦᠷ ᠮᠤᠩᠭᠤᠯ ᠶᠠᠬ ᠡᠬᠡ ᠤᠯᠤᠰ ᠤᠨ ᠤᠮᠠᠷᠠᠳᠤ ᠬᠢᠯᠢ ᠳᠤ ᠰᠡᠬᠦ᠋ᠢᠨ ᠰᠦᠨᠳᠡᠷᠯᠡᠵᠥ ᠪᠠᠶᠢᠨ᠎ᠠ ᠬᠡᠵᠡᠢ᠃
  ᠯᠢ ᠵᠢᠢ ᠾᠧᠩ᠂ ᠦᠩᠬᠡᠷᠡᠭᠰᠡᠨ ᠢᠶᠠᠨ ᠡᠷᠬᠢᠴᠡᠬᠦᠯᠬᠦᠶ᠎ᠡ᠂ ᠳᠦᠪ ᠬᠤᠷᠢᠶ᠎ᠠ ᠠᠴᠠ ᠨᠠᠳᠠ ᠶᠢ ᠦᠪᠦᠷ ᠮᠤᠩᠭᠤᠯ ᠳᠤ ᠲᠤᠮᠢᠯᠠᠨ ᠢᠷᠡᠭᠦᠯᠵᠥ ᠠᠵᠢᠯᠯᠠᠬᠰᠠᠨ ᠳᠡᠷᠡ ᠨᠢᠬᠡ ᠮᠦᠴᠡ ᠠᠴᠠ ᠡᠬᠢᠯᠡᠵᠥ᠂ ᠪᠢ ᠠᠳᠡᠬᠢ ᠶᠢ ᠦᠪᠡᠷ ᠤᠨ ᠬᠡᠷ ᠢᠶᠠᠨ ᠪᠤᠯᠭᠠᠵᠥ᠂ ᠦᠪᠡᠷ ᠢ ᠪᠠᠨ ᠦᠪᠦᠷ ᠮᠤᠩᠭᠤᠯ ᠤᠨ ᠬᠦᠮᠦᠨ ᠪᠤᠯᠭᠠᠵᠥ᠂ ᠢᠮᠠᠬᠳᠠ ᠦᠢᠯᠡᠰ ᠪᠤᠰᠬᠠᠬᠴᠢ᠂ ᠰᠢᠷᠭᠠᠭᠤ ᠳᠡᠮᠡᠴᠡᠭᠴᠢ᠂ ᠪᠦᠳᠦᠬᠡᠨ ᠪᠠᠶᠢᠭᠤᠯᠤᠬᠴᠢ ᠶᠢᠨ ᠤᠷᠭᠢᠯᠤᠮ᠎ᠠ ᠬᠠᠯᠠᠭᠤᠨ ᠰᠡᠳᠬᠢᠯ ᠢᠶᠠᠷ ᠡᠬᠦᠷᠬᠡ ᠳᠤᠰᠢᠶᠠᠯ ᠢᠶᠠᠨ ᠰᠢᠳᠤᠷᠭᠤ ᠪᠠᠷ ᠬᠦᠢᠴᠡᠳᠬᠡᠵᠥ᠂ ᠬᠠᠷᠢᠭᠤᠴᠠᠯᠭ᠎ᠠ ᠪᠠᠨ ᠴᠢᠷᠮᠠᠶᠢᠨ ᠬᠦᠢᠴᠡᠳᠬᠡᠵᠥ᠂ ᠤᠳᠤᠷᠢᠳᠬᠤ ᠪᠠᠬ ᠢ ᠴᠢᠷᠮᠠᠶᠢᠨ ᠰᠠᠶᠢᠳᠤᠷ ᠠᠳᠬᠤᠵᠥ᠂ ᠡᠩᠨᠡᠭᠡ ᠪᠠᠨ ᠰᠠᠶᠢᠳᠤᠷ ᠳᠠᠭᠠᠭᠤᠯᠵᠥ᠂ ᠠᠵᠢᠯ ᠢᠶᠠᠨ ᠰᠠᠶᠢᠳᠤᠷ ᠬᠢᠵᠥ᠂ ᠦᠪᠦᠷ ᠮᠤᠩᠭᠤᠯ ᠤᠨ ᠬᠦᠭᠵᠢᠯᠳᠡ ᠳᠤ ᠪᠦᠬᠦ ᠬᠠᠶᠢᠷ᠎ᠠ ᠰᠡᠳᠬᠢᠯᠬᠡ ᠪᠠ ᠤᠶᠤᠨ ᠤᠬᠠᠭᠠᠨ ᠢᠶᠠᠨ ᠡᠷᠭᠦᠵᠤ᠂ ᠵᠢᠷᠭᠠᠯ ᠵᠤᠪᠠᠯ ᠢᠶᠠᠨ ᠪᠦᠬᠦᠨ ᠢ ᠰᠢᠩᠭᠡᠭᠡᠪᠡ᠃ ᠭᠤᠷᠪᠠᠨ ᠵᠢᠯ ᠭᠠᠷᠤᠢ ᠶᠢᠨ ᠳᠤᠷᠰᠢ᠂ ᠪᠢ ᠦᠪᠦᠷ ᠮᠤᠩᠭᠤᠯ ᠤᠨ ᠭᠠᠵᠠᠷ ᠪᠤᠯᠭᠠᠨ ᠢᠶᠠᠷ ᠶᠠᠪᠤᠵᠥ᠂ ᠦᠷᠬᠡᠨ ᠤᠯᠠᠨ ᠺᠠᠳ᠋ᠷ ᠤᠯᠠᠨ ᠳᠦᠮᠡᠨ ᠲᠠᠢ ᠬᠦᠨ ᠵᠤᠵᠠᠭᠠᠨ ᠬᠠᠶᠢᠷ᠎ᠠ ᠰᠡᠳᠬᠢᠯᠬᠡ ᠲᠠᠢ ᠪᠤᠯᠪᠠ᠃ ᠪᠢ ᠨᠦᠬᠦᠳ ᠨᠠᠷ ᠠᠴᠠ ᠮᠠᠰᠢ ᠤᠯᠠᠨ ᠰᠠᠶᠢᠨ ᠵᠠᠩ ᠴᠢᠨᠠᠷ᠂ ᠰᠠᠶᠢᠨ ᠤᠪᠤᠷ ᠰᠤᠷᠳᠠᠯ᠂ ᠰᠠᠶᠢᠨ  ᠳᠤᠷᠰᠢᠯᠭ᠎ᠠ᠂ ᠰᠠᠶᠢᠨ ᠠᠷᠭ᠎ᠠ ᠶᠢ ᠰᠤᠷᠴᠤ ᠡᠵᠡᠮᠰᠢᠪᠡ᠂ ᠡᠨᠡ ᠨᠢ ᠰᠡᠳᠬᠢᠯ ᠳᠤ ᠮᠦᠡᠭᠬᠡ ᠬᠠᠳᠠᠩᠰᠢᠵᠥ᠂ ᠮᠠᠰᠢ ᠤᠯᠵᠠᠷᠬᠠᠯ ᠪᠤᠯᠵᠤ ᠪᠠᠶᠢᠨ᠎ᠠ᠃ ᠡᠨᠡ ᠴᠠᠬ ᠮᠦᠴᠡ ᠳᠤ ᠦᠪᠦᠷ ᠮᠤᠩᠭᠤᠯ ᠤᠨ ᠠᠵᠢᠯ ᠤᠨ ᠪᠠᠶᠢᠷᠢ ᠠᠴᠠ ᠪᠠᠨ ᠰᠠᠯᠬᠤ ᠪᠤᠯᠤᠯ᠎ᠠ᠂ ᠪᠢ ᠰᠠᠯᠵᠥ ᠶᠠᠳᠠᠵᠥ ᠪᠤᠢ᠂ ᠰᠡᠳᠬᠢᠯ ᠳᠤ ᠳᠠᠯᠠᠷᠬᠠᠯ ᠳᠦᠬᠦᠷᠡᠩ ᠪᠠᠶᠢᠨ᠎ᠠ᠃ ᠤᠮᠠᠷᠠᠳᠤ ᠬᠢᠯᠢ ᠳᠤᠷ ᠭᠤᠷᠪᠠᠨ ᠨᠠᠮᠤᠷ ᠢ ᠦᠩᠬᠡᠷᠡᠬᠡᠬᠦᠶ᠎ᠡ᠂ ᠳᠠᠯ᠎ᠠ ᠨᠤᠳᠤᠭ ᠤᠨ ᠬᠠᠶᠢᠷ᠎ᠠ ᠨᠢᠬᠡ ᠨᠠᠰᠤᠨ ᠳᠤᠷ ᠰᠢᠩᠬᠡᠮᠤᠢ᠃ ᠪᠢ ᠦᠨᠢ ᠡᠬᠦᠷᠢᠳᠡ ᠦᠪᠦᠷ ᠮᠤᠩᠭᠤᠯ ᠤᠨ ᠬᠦᠮᠦᠨ᠂ ᠬᠤᠶᠢᠰᠢᠳᠠ ᠬᠠᠮᠢᠭ᠎ᠠ ᠬᠦᠷᠦᠭᠰᠡᠨ ᠴᠤ᠂ ᠦᠪᠦᠷ ᠮᠤᠩᠭᠤᠯ ᠢ  ᠬᠠᠶᠢᠷᠠᠯᠠᠵᠥ᠂ ᠦᠪᠦᠷ ᠮᠤᠩᠭᠤᠯ ᠢ ᠳᠤᠷᠠᠰᠴᠤ᠂ ᠦᠪᠦᠷ ᠮᠤᠩᠭᠤᠯ ᠢ ᠠᠩᠬᠠᠷᠴᠤ᠂ ᠦᠪᠦᠷ ᠮᠤᠩᠭᠤᠯ ᠢ ᠳᠡᠮᠵᠢᠵᠥ᠂ ᠦᠪᠦᠷ ᠮᠤᠩᠭᠤᠯ ᠢ ᠬᠦᠰᠡᠨ ᠵᠦᠩᠨᠡᠨ᠎ᠡ᠃ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠳᠤᠤᠷ᠎ᠠ᠂ ᠱᠢ ᠲᠠᠢ ᠹᠧᠩ ᠨᠦᠬᠦᠷ ᠢᠶᠠᠷ ᠪᠠᠬ ᠤᠨ ᠳᠠᠷᠤᠭ᠎ᠠ ᠪᠤᠯᠭᠠᠬᠰᠠᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠳᠤᠤᠷ᠎ᠠ᠂ ᠦᠪᠦᠷ ᠮᠤᠩᠭᠤᠯ ᠡᠨᠡ ᠬᠦ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠯᠠᠪᠳᠠᠢ ᠨᠡᠩ ᠦᠵᠡᠰᠬᠦᠯᠡᠩᠳᠤ ᠰᠠᠶᠢᠬᠠᠨ ᠪᠤᠯᠵᠥ ᠴᠢᠳᠠᠨ᠎ᠠ ᠬᠡᠳᠡᠭ ᠢ ᠪᠢ ᠪᠠᠳᠤ ᠢᠳᠡᠬᠡᠵᠥ ᠪᠠᠶᠢᠨ᠎ᠠ ᠬᠡᠪᠡ᠃



5a729d2d6cde5feee5e9de3839336dbc_8424-ihmipqw6627311.jpg



  ᠱᠢ ᠲᠠᠢ ᠹᠧᠩ ᠶᠠᠷᠢᠶᠠᠨ ᠳᠠᠭᠠᠨ᠂ ᠨᠠᠮ ᠤᠨ ᠳᠦᠪ ᠬᠤᠷᠢᠶᠠᠨ ᠤ ᠳᠤᠬᠳᠠᠭᠠᠯ ᠢ ᠴᠢᠩ ᠰᠡᠳᠭᠢᠯ ᠠᠴᠠ ᠪᠠᠨ ᠬᠦᠷᠢᠶᠠᠯᠠᠵᠤ᠂ ᠡᠷᠡᠰ ᠢᠶᠠᠷ ᠳᠠᠭᠠᠨ᠎ᠠ᠃ ᠪᠢ ᠯᠠᠪᠳᠠᠢ ᠬᠤᠪᠢ ᠳ᠋ᠠᠬᠢᠨ ᠨᠠᠨᠳᠢᠩᠨᠠᠵᠥ᠂ ᠦᠨᠡᠨᠴᠢ ᠰᠢᠳᠤᠷᠭᠤ ᠪᠠᠷ ᠳᠤᠰᠢᠶᠠᠯ ᠢᠶᠠᠨ ᠬᠦᠢᠴᠡᠳᠬᠡᠵᠥ᠂ ᠪᠦᠬᠦ ᠤᠷᠦᠠ ᠤ ᠦᠷᠬᠡᠨ ᠤᠯᠠᠨ ᠺᠡᠳ᠋ᠷ ᠤᠯᠠᠠ ᠳᠦᠮᠡᠡ ᠲᠠᠢ ᠬᠠᠮᠳᠤ ᠪᠠᠷ ᠴᠢᠷᠮᠠᠶᠢᠵᠥ᠂ ᠬᠠᠮᠳᠤ ᠪᠠᠷ ᠳᠡᠮᠡᠴᠡᠵᠥ᠂ ︽ᠦᠵᠡᠰᠬᠦᠯᠡᠩᠳᠤ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠥ ᠠᠭᠤᠤ ᠶᠡᠭᠡ ᠳᠤᠮᠳᠠᠳᠤ ᠶᠢᠨ ᠵᠡᠬᠦᠳᠤ ᠪᠠᠨ ᠬᠠᠮᠳᠤ ᠪᠠᠷ ᠳᠡᠷᠬᠡᠯᠰᠢᠬᠦᠯᠬᠦ︾ ᠳᠤ ᠦᠪᠡᠷ ᠤᠨ ᠪᠦᠬᠦ ᠰᠡᠳᠬᠢᠯ ᠪᠦᠬᠦ ᠬᠦᠴᠦᠨ ᠢᠶᠠᠨ ᠨᠡᠮᠡᠷᠢᠯᠡᠨ᠎ᠡ ᠬᠡᠵᠥ ᠢᠯᠡᠳᠬᠡᠪᠡ᠃
  ᠱᠢ ᠲᠠᠢ ᠹᠧᠩ᠂ ᠶᠡᠷᠦᠩᠬᠡᠢ ᠱᠦᠵᠢ ᠰᠢ ᠶᠢᠨ ᠫᠢᠩ ᠦᠪᠦᠷ ᠮᠤᠩᠭᠤᠯ ᠤᠨ ᠠᠵᠢᠯ ᠢ ᠢᠮᠠᠬᠳᠠ ᠳᠡᠬᠡᠳᠤ ᠬᠡᠮᠵᠢᠶ᠎ᠡ ᠪᠠᠷ ᠴᠢᠬᠤᠯᠠᠴᠢᠯᠠᠵᠥ᠂ ᠦᠪᠦᠷ ᠮᠤᠩᠭᠤᠯ ᠤᠨ ᠠᠷᠠᠳ ᠳᠦᠮᠡᠨ ᠢ ᠢᠮᠠᠬᠳᠠ ᠰᠡᠳᠬᠢᠯ ᠳᠡᠭᠡᠨ ᠪᠤᠳᠤᠵᠥ ᠪᠠᠶᠢᠨ᠎ᠠ᠃ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠤᠨ ᠳᠤᠬᠠᠢ ᠰᠢᠷᠢᠰ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠱᠠᠭᠠᠷᠳᠠᠯᠭ᠎ᠠ ᠨᠢ ᠦᠪᠦᠷ ᠮᠤᠩᠭᠤᠯ ᠤᠨ ᠬᠦᠭᠵᠢᠯᠳᠡ ᠳᠤ ᠰᠢᠨ᠎ᠡ ᠪᠠᠶᠢᠷᠢ ᠳᠤᠬᠳᠠᠭᠠᠯᠳᠠ ᠶᠢ ᠳᠤᠬᠳᠠᠭᠠᠵᠥ᠂ ᠰᠢᠨ᠎ᠡ ᠡᠬᠦᠷᠬᠡ ᠤᠯᠭᠤᠵᠠᠢ᠂ ᠡᠨᠡ ᠪᠤᠯ ᠦᠪᠦᠷ ᠮᠤᠩᠭᠤᠯ ᠤᠨ ᠦᠬᠡᠷᠡᠴᠢᠯᠡᠯᠳᠡ ᠨᠡᠬᠡᠬᠡᠯᠳᠡ ᠪᠤᠯᠤᠨ ᠤᠳᠤᠬᠢᠴᠢᠯᠠᠯᠳᠠ ᠶᠢᠨ ᠪᠦᠳᠦᠬᠡᠨ ᠪᠠᠶᠢᠭᠤᠯᠤᠯᠳᠠ ᠶᠢᠨ ᠦᠨᠳᠦᠰᠤᠨ ᠵᠦᠭᠯᠡᠭᠦᠷ ᠪᠤᠯᠤᠨ᠎ᠠ᠃ ᠪᠢᠳᠡ ᠡᠷᠬᠡᠪᠰᠢ ᠬᠦᠨᠵᠡᠬᠡᠢ ᠰᠤᠷᠤᠯᠴᠠᠨ ᠦᠢᠯᠠᠭᠠᠵᠥ᠂ ᠡᠷᠡᠰ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠳᠡᠢ ᠬᠡᠪᠡ᠃
ᠱᠢ ᠲᠠᠢ ᠹᠧᠩ᠂ ᠯᠢ ᠵᠢᠢ ᠾᠧᠩ ᠨᠦᠭᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠳᠤ ᠢᠷᠡᠵᠥ ᠠᠵᠢᠯᠯᠠᠬᠰᠠᠨ ᠠᠴᠠ ᠨᠠᠭᠠᠰᠢ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠶᠢ ᠪᠦᠬᠦ ᠤᠷᠤᠨ ᠤ ᠡᠯ᠎ᠡ ᠵᠦᠢᠯ ᠤᠨ ᠠᠵᠢᠯ ᠤᠨ ᠭᠤᠤᠯ ᠬᠦᠭ ᠠᠶᠠᠰ ᠪᠤᠯᠭᠠᠵᠥ᠂ ᠦᠬᠡᠷᠡᠴᠢᠯᠡᠯᠳᠡ ᠬᠦᠭᠵᠢᠯᠳᠡ ᠶᠢᠨ ᠳᠤᠮᠳᠠᠬᠢ ᠳᠤᠪᠤᠶᠢᠮ᠎ᠠ ᠵᠦᠷᠢᠴᠡᠯ ᠪᠤᠯᠤᠨ ᠬᠦᠴᠢᠷ ᠠᠰᠠᠭᠤᠳᠠᠯ ᠢ ᠪᠦᠳᠦᠬᠡᠯᠴᠢ ᠪᠠᠷ ᠰᠢᠢᠳᠪᠤᠷᠢᠯᠡᠵᠤ᠂ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠳᠤᠬᠳᠠᠭᠤᠨ ᠳᠤ ᠦᠯᠡᠮᠵᠢᠬᠡᠨ ᠪᠦᠳᠦᠮᠵᠢᠳᠡᠢ ᠠᠵᠢᠯ ᠬᠢᠵᠥ᠂ ᠦᠪᠦᠷ ᠮᠤᠩᠭᠤᠯ ᠤᠨ ᠬᠦᠭᠵᠢᠯᠳᠡ ᠶᠢ ᠠᠬᠢᠭᠤᠯᠤᠨ ᠰᠢᠨ᠎ᠡ ᠰᠠᠶᠢᠨ ᠰᠠᠶᠢᠬᠠᠨ ᠪᠠᠶᠢᠳᠠᠯ ᠲᠠᠢ ᠪᠤᠯᠭᠠᠵᠥ᠂ ᠦᠪᠡᠷᠳᠡᠬᠡᠨ ᠵᠠᠰᠠᠬᠤ ᠤᠷᠤᠨ ᠰᠢᠨ᠎ᠡ ᠴᠠᠬ ᠦᠶ᠎ᠡ ᠳᠤ ᠨᠡᠩ ᠦᠨᠳᠤᠷ ᠬᠠᠷᠠᠯᠳᠠ ᠳᠡᠶᠢᠰᠢ ᠤᠷᠤᠬᠰᠢᠯᠠᠨ ᠳᠠᠪᠰᠢᠬᠤ ᠳᠤ ᠪᠠᠳᠤ ᠰᠠᠭᠤᠷᠢ ᠲᠠᠯᠪᠢᠵᠤ ᠦᠭᠴᠡᠢ᠃ ᠯᠢ ᠵᠢᠢ ᠾᠧᠩ ᠨᠦᠬᠦᠷ ᠰᠢᠨ᠎ᠡ ᠠᠵᠢᠯ ᠤᠨ ᠪᠠᠶᠢᠷᠢᠨ ᠳᠠᠭᠠᠨ ᠨᠠᠮ ᠪᠠ ᠠᠷᠠᠳ ᠳᠦᠮᠡᠨ ᠤ ᠠᠵᠢᠯ ᠦᠢᠯᠡᠰ ᠲᠤ ᠨᠡᠩ ᠶᠡᠭᠡ ᠰᠢᠨ᠎ᠡ ᠬᠤᠪᠢ ᠨᠡᠮᠡᠷᠢ ᠦᠵᠡᠬᠦᠯᠬᠦ ᠶᠢ ᠴᠢᠩ ᠰᠡᠳᠬᠢᠯ ᠠᠴᠠ ᠪᠠᠨ ᠬᠦᠰᠡᠵᠥ ᠪᠠᠶᠢᠨ᠎ᠠ᠂ ᠯᠢ ᠵᠢᠢ ᠾᠧᠩ ᠨᠦᠬᠦᠷ ‍ᠦᠪᠦᠷ ᠮᠤᠩᠭᠤᠯ ᠤᠨ ᠬᠦᠭᠵᠢᠯᠳᠡ ᠶᠢ ᠦᠷᠬᠦᠯᠵᠢᠯᠡᠨ ᠬᠠᠯᠠᠮᠵᠢᠯᠠᠵᠥ ᠳᠡᠮᠵᠢᠬᠦ ᠶᠢ ᠴᠢᠩ ᠰᠡᠳᠬᠢᠯ ᠠᠴᠠ ᠪᠠᠨ ᠬᠦᠰᠡᠵᠥ ᠪᠠᠶᠢᠨ᠎ᠠ ᠬᠡᠪᠡ᠃
  ᠱᠢ ᠲᠠᠢ ᠹᠧᠩ᠂ ᠤᠳᠤᠬᠠᠨ ᠳᠤ᠂ ᠥᠪᠦᠷ ᠮᠤᠩᠭᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠡᠯᠳᠠ ᠤᠯᠬᠤ ᠵᠠᠩᠬᠢᠯᠠᠭ᠎ᠠ ᠶᠢᠨ ᠬᠤᠭᠤᠴᠠᠭ᠎ᠠ ᠳᠤ᠂ ᠡᠨᠡ ᠬᠦ ᠠᠮᠢᠵᠢᠷᠠᠯ ᠤᠨ ᠬᠦᠴᠦ ᠪᠠ ᠬᠦᠰᠡᠯ ᠡᠷᠡᠮᠡᠯᠵᠡᠯ ᠢᠶᠠᠷ ᠪᠢᠯᠬᠠᠭᠰᠠᠨ ᠬᠠᠯᠠᠭᠤᠨ ᠬᠦᠷᠦᠰᠦᠨ ᠳᠤ ᠬᠦᠯ ᠲᠠᠯᠪᠢᠵᠤ᠂ ᠥᠪᠦᠷ ᠮᠤᠩᠭᠤᠯ ᠤᠨ ᠠᠷᠠᠳ ᠲᠦᠮᠡᠨ ᠠᠴᠠ ᠰᠤᠷᠤᠯᠴᠠᠨ᠂ ᠥᠪᠦᠷ ᠮᠤᠩᠭᠤᠯ ᠤᠨ ᠠᠷᠠᠳ ᠲᠦᠮᠡᠨ ᠳᠤ ᠦᠢᠯᠡᠴᠢᠯᠡᠬᠦ ᠪᠤᠯᠤᠬᠰᠠᠨ ᠳᠠᠭᠠᠨ᠂ ᠪᠢ ᠠᠵᠠ ᠵᠠᠪᠰᠢᠶᠠᠨ ᠭᠡᠵᠤ ᠪᠤᠳᠤᠵᠤ ᠪᠠᠶᠢᠬᠤ ᠮᠦᠷᠳᠡᠭᠡᠨ ᠮᠠᠰᠢ ᠪᠠᠶᠠᠷᠳᠠᠢ ᠪᠠᠶᠢᠨ᠎ᠠ᠂ ᠬᠠᠷᠢᠭᠤᠴᠠᠯᠭ᠎ᠠ ᠨᠡᠩ ᠬᠦᠨᠳᠦ ᠪᠤᠯᠤᠬᠰᠠᠨ ᠭᠡᠵᠤ ᠪᠤᠳᠤᠵᠤ ᠪᠠᠶᠢᠨ᠎ᠠ᠃ ᠡᠨᠡ ᠡᠳᠦᠷ ᠠᠴᠠ ᠡᠬᠢᠯᠡᠵᠦ᠂ ᠪᠢ ᠥᠪᠦᠷ ᠮᠤᠩᠭᠤᠯ ᠤᠨ ᠬᠦᠮᠦᠨ ᠪᠤᠯᠤᠯ᠎ᠠ᠂ ᠥᠪᠦᠷ ᠮᠤᠩᠭᠤᠯ ᠪᠤᠯ ᠮᠢᠨᠤ ᠰᠢᠨ᠎ᠠ ᠨᠤᠳᠤᠭ ᠮᠦᠨ᠃ ᠪᠢ ᠶᠡᠷᠦᠩᠭᠡᠢ ᠱᠦᠵᠢ ᠰᠢ ᠶᠢᠨ ᠫᠢᠩ ᠤᠨ ᠬᠦᠰᠡᠯ ᠨᠠᠶᠢᠳᠠᠯᠠᠭ᠎ᠠ ᠪᠠ ᠨᠠᠮ ᠤᠨ ᠲᠦᠪ ᠬᠤᠷᠢᠶᠠᠨ ᠤ ᠱᠠᠭᠠᠷᠳᠠᠯᠭ᠎ᠠ ᠶᠢ ᠰᠡᠳᠬᠢᠯ ᠳᠡᠭᠡᠨ ᠬᠠᠳᠠᠩᠰᠢᠭᠤᠯᠵᠦ᠂ ᠥᠪᠦᠷ ᠮᠤᠩᠭᠤᠯ ᠤᠷᠤᠨ ᠳᠤ ᠬᠦᠨ ᠵᠤᠵᠠᠭᠠᠨ ᠬᠠᠶᠢᠷ᠎ᠠ ᠰᠡᠳᠬᠢᠯᠭᠡ ᠶᠢ ᠡᠪᠤᠷᠯᠡᠨ᠂ ᠪᠦᠬᠦ ᠰᠡᠳᠬᠢᠯ ᠪᠦᠬᠦ ᠵᠤᠷᠢᠭ ᠢᠶᠠᠷ ᠢᠶᠠᠨ ᠠᠵᠢᠯᠯᠠᠨ᠂ ᠪᠦᠬᠦ ᠤᠷᠤᠨ ᠤ ᠺᠠᠳ᠋ᠷ ᠤᠯᠠᠨ ᠲᠦᠮᠡᠨ ᠲᠠᠢ ᠬᠠᠮᠳᠦ ᠪᠠᠷ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠠᠵᠠ ᠲᠤᠬᠢᠶᠠᠯ ᠢ ᠠᠮᠵᠢᠵᠤ᠂ ᠰᠡᠳᠬᠢᠯ ᠨᠢᠭᠡᠳᠭᠡᠨ ᠬᠦᠴᠦ ᠪᠠᠨ ᠬᠠᠮᠳᠤᠳᠬᠠᠵᠦ᠂ ᠦᠷᠬᠦᠯᠵᠢᠯᠡᠨ ᠲᠡᠮᠡᠴᠡᠵᠦ᠂ ᠪᠦᠬᠦ ᠤᠷᠤᠨ ᠤ ᠦᠭᠡᠷᠡᠴᠢᠯᠡᠯᠳᠠ ᠬᠦᠭᠵᠢᠯᠳᠠ ᠲᠤᠭᠳᠠᠭᠤᠨ ᠤ ᠰᠢᠨ᠎ᠠ ᠪᠠᠶᠢᠳᠠᠯ ᠢ ᠳᠠᠰᠤᠷᠠᠯᠳᠠ ᠦᠭᠡᠢ ᠡᠬᠦᠳᠦᠨ᠎ᠠ ᠭᠡᠪᠡ᠃
  ᠨᠢᠭᠡ ᠳᠤ᠂ ᠤᠯᠤᠰ ᠲᠦᠷᠦ ᠶᠢᠨ ᠵᠤᠬᠰᠤᠴᠠ ᠪᠠᠨ ᠳᠡᠭᠡᠭᠰᠢᠯᠡᠬᠦᠯᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠦᠨ᠎ᠠ᠃ ᠲᠤᠭ ᠳᠡᠮᠳᠡᠭ ᠳᠤᠳᠤᠷᠬᠠᠢ ᠪᠠᠷ ᠤᠯᠤᠰ ᠲᠦᠷᠦ ᠶᠢ ᠡᠷᠬᠢᠮᠯᠡᠵᠦ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠨᠨ ᠲᠤᠭᠤᠰᠢᠯᠠᠭᠤᠯᠵᠦ᠂ ᠶᠡᠷᠦᠩᠭᠡᠢ ᠱᠦᠵᠢ ᠰᠢ ᠶᠢᠨ ᠫᠢᠩ ᠤᠨ ᠭᠤᠤᠯᠯᠠᠬᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶᠠᠨ ᠤ ᠡᠷᠭᠡ ᠰᠦᠷ ᠪᠠ ᠲᠦᠪᠯᠡᠷᠡᠩᠬᠦᠢ ᠨᠢᠭᠡᠳᠦᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠲᠤᠬᠠᠢ ᠠᠯᠢ ᠤᠯᠠᠨ ᠴᠢᠬᠤᠯᠠ ᠶᠠᠷᠢᠶ᠎ᠠ ᠪᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠯᠤᠭ᠎ᠠ ᠰᠠᠨᠠᠭᠠᠴᠢᠯᠠᠭ᠎ᠠ ᠠᠴᠠ ᠪᠠᠨ ᠪᠠᠷᠢᠮᠵᠢᠶᠡᠯᠡᠨ ᠬᠠᠷᠭᠤᠭᠤᠯᠵᠦ᠂ ᠰᠤᠷᠤᠯᠴᠠᠨ ᠲᠤᠭᠤᠰᠢᠯᠠᠭᠤᠯᠬᠤ ᠠᠵᠢᠯ ᠢ ᠡᠷᠡᠰ ᠰᠠᠶᠢᠳᠤᠷ ᠠᠳᠬᠤᠵᠦ᠂ ᠨᠠᠮ ᠤᠨ ᠲᠦᠪ ᠬᠤᠷᠢᠶᠠᠨ ᠤ ᠡᠯ᠎ᠠ ᠵᠦᠢᠯ ᠤᠨ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠥᠪᠦᠷ ᠮᠤᠩᠭᠤᠯ ᠳᠤ ᠲᠤᠭᠤᠰᠢᠯᠠᠬᠳᠠᠨ ᠦᠷ᠎ᠡ ᠪᠦᠳᠦᠮᠵᠢ ᠤᠯᠬᠤ ᠶᠢ ᠪᠠᠳᠤᠯᠠᠨ᠎ᠠ᠃ ᠰᠢᠨ᠎ᠠ ᠬᠦᠭᠵᠢᠯᠳᠠ ᠶᠢᠨ ᠤᠢᠢᠯᠠᠭᠠᠭᠳᠠᠬᠤᠨ ᠢ ᠪᠠᠳᠤ ᠪᠤᠢ ᠪᠤᠯᠭᠠᠵᠦ᠂ ᠲᠤᠭᠳᠠᠭᠤᠨ ᠤ ᠳᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠦᠩᠭᠡᠢ ᠬᠦᠭ ᠠᠶᠠᠰ ᠢ ᠪᠠᠷᠢᠮᠳᠠᠯᠠᠨ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠬᠦᠨᠵᠡᠭᠡᠶᠢᠷᠡᠬᠦᠯᠵᠦ᠂ ᠠᠵᠤ ᠠᠬᠤᠢ ᠶᠢᠨ ᠬᠦᠭᠵᠢᠯᠳᠠ ᠶᠢᠨ ᠴᠢᠨᠠᠷ ᠴᠢᠨᠰᠠᠭ᠎ᠠ ᠶᠢᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠡᠯᠭᠡᠬᠦ ᠬᠦᠴᠦᠨ ᠤ ᠬᠤᠪᠢᠰᠤᠯᠳᠠ ᠶᠢ ᠠᠬᠢᠭᠤᠯᠤᠨ᠂ ᠠᠵᠤ ᠠᠬᠤᠢ ᠶᠢᠨ ᠰᠢᠨ᠎ᠠ ᠶᠢ ᠡᠬᠦᠳᠬᠦ ᠬᠦᠴᠦ ᠪᠠ ᠦᠷᠢᠰᠦᠯᠳᠦᠬᠦ ᠬᠦᠴᠦ ᠶᠢ ᠳᠠᠰᠤᠷᠠᠯᠳᠠ ᠦᠭᠡᠢ ᠴᠢᠩᠭᠠᠳᠬᠠᠨ᠎ᠠ᠃ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠶᠢ ᠪᠠᠷᠢᠮᠳᠠᠯᠠᠵᠦ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠤ ᠴᠤᠬᠴᠠᠯᠠᠨ᠎ᠠ᠃ ︽ᠤᠬ ᠰᠠᠨᠠᠭ᠎ᠠ ᠪᠠᠨ ᠰᠠᠬᠢᠵᠦ ᠡᠬᠦᠷᠭᠡ ᠬᠠᠷᠢᠭᠤᠯᠴᠠᠯᠭ᠎ᠠ ᠡᠭᠦᠷᠭᠡᠯᠡᠨ᠂ ᠵᠦᠷᠢᠶ᠎ᠠ ᠪᠠᠨ ᠡᠷᠢᠵᠦ ᠨᠠᠶᠢᠳᠠᠪᠤᠷᠢᠵᠢᠭᠤᠯᠤᠯᠳᠠ ᠶᠢ ᠠᠳᠬᠤᠬᠤ︾ ᠶᠡᠷᠦᠩᠭᠡᠢ ᠱᠠᠭᠠᠷᠳᠠᠯᠭ᠎ᠠ ᠶᠢ ᠪᠦᠬᠦ ᠲᠠᠯ᠎ᠠ ᠪᠠᠷ ᠡᠵᠡᠮᠳᠡᠵᠦ᠂ ︽ᠤᠬ ᠰᠠᠨᠠᠭ᠎ᠠ ᠪᠠᠨ ᠦᠯᠦ ᠮᠠᠷᠳᠠᠵᠦ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠭᠤᠤᠯ ᠰᠡᠳᠦᠪᠳᠦ ᠬᠦᠮᠦᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠨ᠎ᠠ᠃
  ᠬᠤᠶᠠᠷ ᠲᠤ᠂ ᠨᠢᠭᠡ ᠰᠡᠳᠬᠢᠯ ᠢᠶᠠᠷ ᠠᠷᠠᠳ ᠤᠨ ᠲᠦᠯᠦᠭᠡ ᠵᠢᠳᠬᠦᠬᠦ ᠶᠢ ᠪᠠᠷᠢᠮᠳᠠᠯᠠᠵᠦ᠂ ᠦᠨᠡᠨ ᠬᠦ ᠠᠷᠠᠳ ᠲᠦᠮᠡᠨ ᠤ ᠰᠠᠶᠢᠨ ᠠᠯᠪᠠᠨ ᠵᠠᠷᠤᠴᠠ ᠪᠤᠯᠤᠨ᠎ᠠ᠃ ᠪᠦᠬᠦ ᠰᠡᠳᠬᠢᠯ ᠪᠦᠬᠦ ᠵᠤᠷᠢᠭ ᠢᠶᠠᠷ ᠠᠷᠠᠳ ᠲᠦᠮᠡᠨ ᠳᠤ ᠦᠢᠯᠡᠴᠢᠯᠡᠬᠦ ᠵᠤᠷᠢᠯᠳᠠ ᠶᠢ ᠪᠠᠳᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠠ ᠶᠢᠨ ᠦᠵᠡᠯ ᠰᠠᠨᠠᠭ᠎ᠠ ᠶᠢ ᠦᠢᠯᠡᠳᠦᠯᠭᠡᠵᠢᠬᠦᠯᠦᠨ᠂ ᠡᠮᠦᠨ᠎ᠡ ᠹᠷᠤᠨᠲ ᠲᠤ ᠬᠦᠨᠵᠡᠭᠡᠶᠢᠷᠡᠨ ᠪᠠᠶᠢᠴᠠᠭᠠᠨ ᠰᠤᠳᠤᠯᠤᠯᠳᠠ ᠬᠢᠵᠤ᠂ ᠵᠠᠰᠠᠬ ᠤᠨ ᠠᠵᠢᠯ ᠠᠷᠭ᠎ᠠ ᠪᠤᠳᠤᠯᠭ᠎ᠠ ᠭᠡᠷᠡᠭᠴᠡᠭᠡ ᠱᠠᠭᠠᠷᠳᠠᠯᠭ᠎ᠠ ᠶᠢ ᠠᠷᠠᠳ ᠲᠦᠮᠡᠨ ᠠᠴᠠ ᠠᠰᠠᠭᠤᠵᠤ᠂ ᠠᠷᠠᠳ ᠤᠨ ᠠᠮᠢᠳᠤᠷᠠᠯ ᠤᠨ ᠡᠯ᠎ᠠ ᠵᠦᠢᠯ ᠤᠨ ᠦᠢᠯᠡᠰ ᠢ ᠯᠠᠪᠳᠠᠭᠤᠨ ᠪᠠᠳᠤᠳᠠᠢ ᠬᠢᠵᠤ᠂ ᠠᠷᠠᠳ ᠤᠯᠠᠨ ᠳᠤ ᠨᠡᠩ ᠤᠯᠠᠨ ᠨᠡᠩ ᠰᠢᠭᠤᠳ ᠨᠠᠩ ᠪᠤᠳᠠᠳᠠᠢ ᠬᠦᠷᠳᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠤᠯᠭᠤᠨ᠎ᠠ᠃ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠲᠡᠷᠢᠬᠦᠨ ᠴᠢᠬᠤᠯᠠ ᠶᠡᠭᠡ ᠶᠠᠪᠤᠳᠠᠯ ᠪᠠ ᠠᠷᠠᠳ ᠤᠨ ᠠᠮᠢᠳᠤᠷᠠᠯ ᠤᠨ ᠲᠡᠷᠢᠭᠦᠨ ᠢᠨᠵᠧᠨᠧᠷᠢᠩ ᠪᠤᠯᠭᠠᠬᠤ ᠶᠢ ᠪᠠᠷᠢᠮᠳᠠᠯᠠᠵᠦ᠂ ᠤᠨᠴᠠ ᠶᠠᠳᠠᠭᠤ ᠬᠦᠴᠢᠷᠳᠡᠯ ᠤᠨ ᠠᠰᠠᠭᠤᠳᠠᠯ ᠳᠤ ᠠᠩᠬᠠᠷᠤᠯ ᠢᠶᠠᠨ ᠲᠦᠪᠯᠡᠷᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠡᠷᠡᠰ ᠢᠶᠠᠷ ᠤᠯᠤᠨ᠎ᠠ᠃ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠶᠢ ᠥᠪᠦᠷ ᠮᠤᠩᠭᠤᠯ ᠤᠨ ᠬᠦᠭᠵᠢᠯ ᠴᠡᠴᠡᠭᠯᠡᠯ ᠤᠨ ᠬᠠᠮᠤᠭ ᠤᠨ ᠶᠡᠭᠡ ᠤᠷᠢᠳᠠᠯ ᠪᠤᠯᠭᠠᠬᠤ ᠶᠢ ᠪᠠᠷᠢᠮᠳᠠᠯᠠᠵᠦ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠮᠦᠵᠢᠯ ᠢ ᠬᠦᠨᠵᠡᠭᠡᠶᠢᠷᠡᠬᠦᠯᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠬᠤ ᠤᠢᠢᠯᠠᠭᠠᠭᠳᠠᠬᠤᠨ ᠢ ᠦᠢᠯᠡᠳᠦᠯᠭᠡᠵᠢᠬᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠬᠦᠯᠵᠤ᠂ ᠡᠭᠡ ᠤᠯᠤᠰ ᠤᠨ ᠬᠢᠯᠢ ᠬᠢᠵᠠᠭᠠᠷ ᠢ ᠬᠠᠮᠳᠤ ᠪᠠᠷ ᠰᠠᠬᠢᠨ ᠬᠠᠮᠠᠭᠠᠯᠠᠵᠦ᠂ ᠰᠠᠶᠢᠨ ᠰᠠᠶᠢᠬᠠᠨ ᠠᠮᠢᠳᠤᠷᠠᠯ ᠢ ᠬᠠᠮᠳᠤ ᠪᠠᠷ ᠴᠤᠬᠴᠠᠯᠠᠨ᠎ᠠ᠃ ᠤᠯᠤᠰ ᠤᠨ ᠠᠮᠤᠷ ᠲᠦᠪᠰᠢᠨ ᠪᠠ ᠬᠢᠯᠢ ᠬᠢᠵᠠᠭᠠᠷ ᠤᠨ ᠠᠮᠤᠷ ᠲᠤᠭᠳᠠᠭᠤᠨ ᠢ ᠬᠠᠮᠠᠭᠠᠯᠠᠬᠤ ᠴᠢᠬᠤᠯᠠ ᠶᠡᠭᠡ ᠤᠯᠤᠰ ᠲᠦᠷᠦ ᠶᠢᠨ ᠬᠠᠷᠢᠭᠤᠴᠠᠯᠭ᠎ᠠ ᠶᠢ ᠡᠬᠦᠷᠭᠡᠯᠡᠵᠦ᠂ ᠡᠯ᠎ᠠ ᠵᠦᠢᠯ ᠤᠨ ᠠᠶᠦᠯ ᠲᠦᠭᠰᠢᠬᠦᠷᠢ ᠶᠢ ᠪᠦᠳᠦᠮᠵᠢᠳᠠᠢ ᠰᠡᠷᠭᠡᠶᠢᠯᠡᠨ ᠨᠠᠮᠳᠠᠭᠠᠵᠦ ᠬᠠᠮᠢᠶᠠᠷᠤᠨ ᠡᠵᠡᠮᠳᠡᠵᠦ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠤ ᠲᠤᠭᠳᠠᠭᠤᠨ ᠬᠠᠯᠬᠠᠪᠴᠢ ᠶᠢ ᠪᠠᠳᠤ ᠴᠤᠬᠴᠠᠯᠠᠨ᠎ᠠ᠃
  ᠭᠤᠷᠪᠠ ᠳᠤ᠂ ᠵᠤᠷᠢᠬᠳᠠᠢ ᠪᠠᠷ ᠬᠠᠷᠢᠭᠤᠴᠠᠯᠭ᠎ᠠ ᠡᠬᠦᠷᠭᠡᠯᠡᠨ ᠵᠢᠳᠬᠦᠯ ᠴᠢᠷᠮᠠᠶᠢᠯᠠᠭ᠎ᠠ ᠭᠠᠷᠭᠠᠵᠦ᠂ ᠦᠨᠡᠨ ᠬᠦ ᠠᠳᠬᠤᠵᠦ ᠪᠤᠳᠠᠳᠠᠢ ᠠᠵᠢᠯᠯᠠᠨ᠂ ᠪᠤᠳᠠᠳᠠᠢ ᠶᠢ ᠡᠷᠬᠢᠮᠯᠡᠨ ᠰᠢᠷᠭᠠᠭᠤ ᠠᠵᠢᠯᠯᠠᠨ᠎ᠠ᠃ ︽ᠬᠦᠴᠢᠷ ᠪᠡᠷᠬᠡᠰᠢᠶᠡᠯ ᠢ ᠲᠠᠪᠠᠵᠤ᠂ ᠴᠤᠴᠠᠯᠳᠠ ᠦᠭᠡᠢ ᠤᠷᠤᠬᠰᠢᠯᠠᠨ᠂ ᠵᠤᠷᠢᠬᠰᠠᠨ ᠳᠠᠭᠠᠨ ᠵᠠᠪᠠᠯ ᠬᠦᠷᠬᠦ︾ ᠮᠤᠩᠭᠤᠯ ᠮᠤᠷᠢᠨ ᠤ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠦ᠂ ᠵᠦᠪ ᠠᠵᠢᠯ ᠤᠨ ᠠᠮᠵᠢᠯᠳᠠ ᠶᠢᠨ ᠤᠢᠢᠯᠠᠭᠠᠭᠳᠠᠬᠤᠨ ᠢ ᠪᠤᠢ ᠪᠤᠯᠭᠠᠵᠦ᠂ ᠦᠨᠡᠨ ᠢ ᠪᠠᠷᠢᠮᠳᠠᠯᠠᠨ ᠪᠤᠳᠠᠳᠠᠢ ᠶᠢ ᠡᠷᠬᠢᠮᠯᠡᠬᠦ ᠶᠢ ᠪᠠᠷᠢᠮᠳᠠᠯᠠᠨ᠂ ᠰᠤᠷᠳᠠᠯ ᠢᠶᠠᠨ ᠳᠠᠰᠤᠷᠠᠯᠳᠠ ᠦᠭᠡᠢ ᠰᠠᠶᠢᠵᠢᠷᠠᠭᠤᠯᠵᠦ᠂ ᠬᠠᠷᠢᠭᠤᠴᠠᠯᠭ᠎ᠠ ᠶᠢ ᠵᠤᠷᠢᠬᠳᠠᠢ ᠪᠠᠷ ᠡᠬᠦᠷᠭᠡᠯᠡᠵᠦ᠂ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠨ᠎ᠠ᠃ ᠲᠡᠮᠡᠴᠡᠯ ᠤᠨ ᠵᠤᠷᠢᠭ ᠰᠠᠨᠠᠭ᠎ᠠ ᠶᠢ ᠪᠠᠳᠠᠷᠠᠭᠤᠯᠤᠨ᠂ ᠬᠦᠴᠢᠷ ᠢ ᠰᠦᠷᠦᠨ ᠤᠷᠤᠬᠰᠢᠯᠠᠵᠦ᠂ ᠬᠠᠳᠠᠭᠤ ᠲᠠᠢ ᠨᠢ ᠬᠠᠯᠳᠠᠵᠦ᠂ ᠵᠤᠷᠢᠬᠳᠠᠢ ᠠᠳᠬᠤᠨ ᠵᠤᠷᠢᠬᠳᠠᠢ ᠬᠠᠮᠢᠶᠠᠷᠴᠦ᠂ ᠵᠤᠷᠢᠬᠳᠠᠢ ᠠᠵᠢᠯᠯᠠᠨ ᠵᠢᠳᠬᠦᠯ ᠴᠢᠷᠮᠠᠶᠢᠯᠠᠭ᠎ᠠ ᠭᠠᠷᠭᠠᠵᠦ᠂ ᠬᠡᠯᠪᠡᠷᠢᠴᠢ ᠦᠵᠡᠯ᠂ ᠨᠤᠶᠠᠨᠴᠢ ᠰᠤᠷᠳᠠᠯ ᠢ ᠡᠷᠡᠰ ᠲᠡᠪᠴᠢᠨ᠂ ᠰᠢᠨ᠎ᠠ ᠶᠢ ᠡᠬᠦᠳᠦᠨ ᠪᠤᠳᠠᠳᠠᠢ ᠠᠵᠢᠯᠯᠠᠬᠤ ᠪᠤᠳᠠᠳᠤ ᠠᠵᠢᠯᠯᠠᠭ᠎ᠠ᠂ ᠡᠴᠦᠰ ᠲᠤᠨᠢ ᠲᠤᠯᠳᠠᠯ᠎ᠠ ᠠᠳᠬᠤᠬᠤ ᠠᠵᠢᠯ ᠤᠨ ᠡᠷᠴᠢ ᠬᠦᠴᠦ ᠪᠠᠷ ᠪᠦᠬᠦ ᠤᠷᠤᠨ ᠤ ᠡᠯ᠎ᠠ ᠵᠦᠢᠯ ᠤᠨ ᠠᠵᠢᠯ ᠦᠢᠯᠡᠰ ᠤᠨ ᠬᠦᠭᠵᠢᠯᠳᠠ ᠰᠢᠨ᠎ᠠ ᠰᠢᠪᠳᠤᠯᠤᠯᠳᠠ ᠲᠠᠢ ᠪᠤᠯᠵᠦ᠂ ᠰᠢᠨ᠎ᠠ ᠳᠡᠭᠳᠡᠷ ᠲᠤ ᠭᠠᠷᠬᠤ ᠶᠢ ᠠᠬᠢᠭᠤᠯᠤᠨ᠎ᠠ᠃
  ᠲᠦᠷᠪᠡ ᠳᠤ᠂ ᠭᠤᠤᠯ ᠴᠤᠬᠴᠠ ᠶᠢᠨ ᠬᠠᠷᠢᠭᠤᠴᠠᠯᠭ᠎ᠠ ᠶᠢ ᠡᠬᠦᠷᠭᠡᠯᠡᠨ᠂ ᠰᠠᠶᠢᠨ ᠰᠠᠶᠢᠬᠠᠨ ᠤᠯᠤᠰ ᠲᠦᠷᠦ ᠶᠢᠨ ᠠᠮᠢ ᠠᠬᠤᠢ ᠶᠢ ᠪᠦᠷᠢᠯᠳᠦᠬᠦᠯᠦᠨ᠎ᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠡᠨᠡ ᠬᠦ ᠰᠢᠵᠢᠮ ᠢ ᠬᠦᠴᠦᠯᠡᠨ ᠴᠢᠩᠭᠠᠷᠠᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠬᠦᠢᠴᠡᠳᠭᠡᠵᠦ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠨ᠂ ᠬᠦᠮᠦᠨ ᠭᠡᠷᠡᠭᠯᠡᠬᠦ ᠵᠦᠪ ᠤᠳᠤᠷᠢᠳᠤᠮᠵᠢ ᠶᠢ ᠪᠤᠢ ᠪᠤᠯᠭᠠᠵᠦ᠂ ᠤᠳᠤᠷᠢᠳᠬᠤ ᠪᠠᠭ ᠪᠠ ᠺᠠᠳ᠋ᠷ ᠤᠨ ᠡᠩᠨᠡᠭᠡᠨ ᠤ ᠪᠠᠶᠢᠭᠤᠯᠤᠯᠳᠠ ᠶᠢ ᠴᠢᠩᠭᠠᠳᠬᠠᠨ᠂ ᠰᠤᠷᠳᠠᠯ ᠢ ᠲᠦᠪ ᠪᠤᠯᠭᠠᠵᠦ ᠰᠠᠬᠢᠯᠭ᠎ᠠ ᠪᠠᠳᠤ ᠶᠢ ᠴᠢᠩᠳᠠᠯᠠᠬᠤ ᠶᠢ ᠦᠷᠬᠦᠯᠵᠢᠯᠡᠨ ᠰᠠᠶᠢᠳᠤᠷ ᠠᠳᠬᠤᠵᠦ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠬᠦᠷᠭᠡᠯᠡᠳᠡᠭ ᠦᠨᠳᠦᠷ ᠬᠡᠪ ᠪᠤᠯᠪᠠᠰᠤᠷᠠᠯ ᠲᠠᠢ ᠺᠠᠳ᠋ᠷ ᠤᠨ ᠡᠩᠨᠡᠭᠡ ᠶᠢ ᠪᠠᠶᠢᠭᠤᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠳᠠᠰᠤᠷᠠᠯᠳᠠ ᠦᠭᠡᠢ ᠬᠦᠨᠵᠡᠭᠡᠶᠢᠷᠡᠨ ᠬᠦᠭᠵᠢᠬᠦ ᠶᠢ ᠠᠬᠢᠭᠤᠯᠤᠨ᠎ᠠ᠃ ᠠᠷᠠᠳᠴᠢᠯᠠᠯ ᠲᠦᠪᠯᠡᠷᠡᠯ ᠤᠨ ᠶᠤᠰᠤᠨ ᠤ ᠵᠠᠷᠴᠢᠮ ᠢᠶᠠᠷ ᠤᠴᠢᠷ ᠶᠠᠪᠤᠳᠠᠯ ᠵᠦᠪᠯᠡᠬᠦ᠂ ᠰᠢᠢᠳᠪᠤᠷᠢᠳᠦ ᠪᠤᠳᠤᠯᠭ᠎ᠠ ᠲᠤᠭᠳᠠᠭᠠᠬᠤ᠂ ᠤᠴᠢᠷ ᠶᠠᠪᠤᠳᠠᠯ ᠰᠢᠢᠳᠪᠤᠷᠢᠯᠡᠬᠦ ᠶᠢ ᠪᠠᠷᠢᠮᠳᠠᠯᠠᠵᠦ᠂ ᠨᠠᠮ ᠤᠨ ᠲᠤᠳᠤᠭᠠᠳᠤ ᠶᠢᠨ ᠠᠷᠠᠳᠴᠢᠯᠠᠯ ᠢ ᠲᠦᠷᠦᠭᠦᠯᠡᠨ ᠪᠠᠳᠠᠷᠠᠭᠤᠯᠵᠤ᠂ ᠬᠠᠮᠳᠤ ᠶᠢᠨ ᠤᠳᠤᠷᠢᠳᠤᠯᠭ᠎ᠠ ᠶᠢ ᠲᠦᠷᠦᠬᠦᠯᠡᠨ ᠪᠠᠷᠢᠮᠳᠠᠯᠠᠵᠦ᠂ ᠳᠤᠤᠭᠠᠷᠪᠠᠯ ᠳᠠᠭᠤ ᠨᠢᠭᠡᠳᠠᠢ ᠲᠤᠭᠳᠤᠷᠪᠠᠯ ᠬᠦᠴᠦ ᠨᠢᠭᠡᠳᠠᠢ᠂ ᠪᠦᠯᠬᠦᠮᠳᠡᠨ ᠨᠢᠭᠡᠳᠴᠦ ᠠᠵᠢᠯ ᠶᠠᠪᠤᠳᠠᠯ ᠪᠦᠳᠦᠭᠡᠵᠦ ᠦᠢᠯᠡᠰ ᠪᠤᠰᠬᠠᠬᠤ ᠰᠠᠶᠢᠨ ᠰᠠᠶᠢᠬᠠᠨ ᠪᠠᠶᠢᠳᠠᠯ ᠢ ᠠᠬᠢᠭᠤᠯᠤᠨ ᠪᠦᠷᠢᠯᠳᠦᠬᠦᠯᠦᠨ᠎ᠠ᠃ ᠲᠦᠪ ᠤᠨ ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠴᠢᠩᠭ᠎ᠠ ᠭᠡᠷᠡᠭᠵᠢᠬᠦᠯᠵᠦ᠂ ᠠᠷᠢᠭᠤᠨ ᠴᠢᠭᠡᠴᠢ ᠪᠠᠷ ᠪᠡᠶ᠎ᠠ ᠪᠠᠨ ᠱᠠᠭᠠᠷᠳᠠᠬᠤ ᠶᠢ ᠦᠨᠡᠨ ᠬᠦ ᠴᠢᠩᠭᠠᠳᠬᠠᠨ᠂ ᠢᠮᠠᠬᠳᠠ ᠦᠨᠳᠦᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠳᠠᠯᠠᠵᠤ᠂ ᠪᠡᠶ᠎ᠠ ᠪᠠᠷ ᠢᠶᠠᠨ ᠬᠡᠪ ᠳᠠᠭᠤᠷᠢᠶᠠᠯ ᠪᠤᠯᠵᠦ᠂ ᠤᠬᠠᠮᠰᠠᠷ ᠠᠴᠠ ᠪᠠᠨ ᠡᠯ᠎ᠠ ᠵᠦᠢᠯ ᠤᠨ ᠤᠨᠴᠠᠭᠠᠢ ᠡᠷᠭᠡ ᠶᠢᠨ ᠦᠵᠡᠯ ᠰᠠᠨᠠᠭ᠎ᠠ ᠪᠠ ᠤᠨᠴᠠᠭᠠᠢ ᠡᠷᠭᠡ ᠶᠢᠨ ᠦᠵᠡᠭᠳᠡᠯ ᠯᠦᠭᠡ ᠲᠡᠮᠡᠴᠡᠯ ᠬᠢᠵᠦ᠂ ᠭᠡᠷ ᠤᠨ ᠬᠦᠮᠦᠰ ᠵᠢᠴᠢ ᠳᠡᠷᠭᠡᠳᠡᠬᠢ ᠠᠵᠢᠯᠳᠠᠳ ᠢᠶᠠᠨ ᠴᠢᠩᠭ᠎ᠠ ᠱᠠᠭᠠᠷᠳᠠᠨ᠂ ᠡᠪ ᠬᠠᠮᠳᠤᠴᠤᠳ ᠤᠨ ᠠᠷᠠᠳ ᠤᠨ ᠲᠦᠯᠦᠭᠡ ᠪᠤᠳᠠᠳᠠᠢ ᠶᠢ ᠡᠷᠬᠢᠮᠯᠡᠨ ᠠᠷᠢᠭᠤᠨ ᠴᠢᠭᠡᠴᠢ ᠪᠠᠶᠢᠬᠤ ᠤᠯᠤᠰ ᠲᠦᠷᠦ ᠶᠢᠨ ᠮᠦᠨ ᠴᠢᠨᠠᠷ ᠢ ᠡᠬᠦᠷᠢᠳᠠ ᠬᠠᠳᠠᠭᠠᠯᠠᠨ᠎ᠠ᠃
  ᠪᠦ᠋ ᠰᠢᠶᠤᠤ ᠯᠢᠨ᠂ ᠨᠠᠮ ‍ᠤᠨᠲᠦᠪ ᠬᠤᠷᠢᠶᠠᠨ ᠤ ᠲᠤᠭᠲᠠᠭᠠᠯ ᠢ ᠡᠷᠡᠰ ᠬᠦᠷᠢᠶᠡᠯᠡᠵᠦ ᠪᠠᠶᠢᠨ᠎ᠠ᠂ ᠱᠢ ᠲᠠᠢ ᠹᠧᠩ ᠨᠦᠬᠦᠷ ᠢ ᠴᠢᠩ ᠰᠡᠳᠭᠢᠯ ᠠᠴᠠ ᠪᠠᠨ ᠤᠭᠲᠤᠵᠦ ᠪᠠᠶᠢᠨ᠎ᠠ᠂ ᠱᠢ ᠲᠠᠢ ᠹᠧᠩ ᠨᠦᠬᠦᠷ ᠤᠨ ᠠᠵᠢᠯ ᠢ ᠪᠦᠬᠦ ᠬᠦᠴᠦ ᠪᠠᠷ ᠢᠶᠠᠨ ᠳᠡᠮᠵᠢᠨ ᠬᠠᠮᠵᠢᠯᠴᠠᠨ᠎ᠠ ᠭᠡᠵᠦ ᠢᠯᠡᠳᠭᠡᠪᠡ᠃
  ᠪᠦ᠋ ᠰᠢᠶᠤᠤ ᠯᠢᠨ᠂ ᠯᠢ ᠵᠢᠢ ᠾᠧᠩ ᠨᠦᠬᠦᠷ ᠥᠪᠦᠷ ᠮᠤᠩᠭᠤᠯ ᠳᠤ ᠢᠷᠡᠵᠦ ᠠᠵᠢᠯᠯᠠᠬᠰᠠᠨ ᠠᠴᠠ ᠨᠠᠭᠠᠰᠢ᠂ ᠦᠪᠡᠷᠲᠡᠭᠡᠡ ᠵᠠᠰᠬᠠᠤ ᠤᠷᠤᠠ ᠤ ᠨᠠᠮ ᠤᠨ ᠬᠤᠷᠢᠶᠠᠠ ᠤ ᠪᠠᠭ ᠤᠨ ᠬᠢᠨ ᠲᠠᠢ ᠪᠦᠯᠬᠦᠮᠲᠡᠵᠦ ᠲᠡᠲᠡᠡ ᠢ ᠲᠠᠶᠢᠴᠢᠯᠠᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠬᠦᠨᠵᠡᠭᠡᠢ ᠲᠤᠭᠤᠰᠢᠯᠠᠭᠤᠯᠵᠦ᠂ ᠨᠡᠮᠡᠭᠳᠡᠯ ᠢ ᠲᠤᠭᠳᠠᠪᠤᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠬ ᠬᠦᠷᠳᠡᠭᠡᠬᠦ᠂ ᠠᠶᠦᠯ ᠲᠦᠭᠰᠢᠬᠦᠷᠢ ᠶᠢ ᠰᠡᠷᠭᠡᠶᠢᠯᠡᠬᠦ᠂ ᠲᠤᠭᠳᠠᠭᠤᠨ ᠢ ᠪᠠᠳᠤᠯᠠᠬᠤ ᠶᠢ ᠠᠬᠢᠭᠤᠯᠵᠦ᠂ ᠡᠯ᠎ᠠ ᠲᠠᠯ᠎ᠠ ᠶᠢᠨ ᠠᠵᠯ ᠴᠦᠮ ᠰᠢᠨ᠎ᠠ ᠠᠮᠵᠢᠯᠳᠠ ᠲᠠᠢ ᠪᠤᠯᠵᠦ᠂ ᠪᠦᠬᠦ ᠤᠷᠤᠨ ᠤ ᠠᠵᠤ ᠠᠬᠤᠢ ᠬᠦᠭᠵᠢᠵᠦ᠂ ᠨᠡᠶᠢᠭᠡᠮ ᠲᠠᠪᠰᠢᠵᠦ᠂ ᠦᠨᠳᠦᠰᠦᠳᠡᠨ ᠪᠦᠯᠬᠦᠮᠳᠡᠵᠦ᠂ ᠬᠢᠯᠢ ᠬᠢᠵᠠᠭᠠᠷ ᠠᠮᠤᠷ ᠲᠤᠭᠳᠠᠭᠤᠨ ᠪᠤᠯᠤᠭᠰᠠᠨ ᠰᠠᠶᠢᠨ ᠰᠠᠶᠢᠬᠠᠨ ᠪᠠᠶᠢᠳᠠᠯ ᠤᠯᠠᠮ ᠴᠢᠨᠠᠬᠰᠢᠳᠠ ᠪᠠᠬᠢᠵᠢᠵᠡᠢ ᠭᠡᠪᠡ᠃
  ᠪᠦ᠋ ᠰᠢᠶᠤᠤ ᠯᠢᠨ᠂ ᠨᠠᠮ ᠤᠨ ᠲᠦᠪ ᠬᠤᠷᠢᠶ᠎ᠠ ᠠᠴᠠ ᠱᠢ ᠲᠠᠢ ᠹᠧᠩ ᠨᠦᠬᠦᠷ ᠢᠶᠠᠷ ᠥᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠬᠠᠷᠢᠭᠤᠴᠠᠭᠤᠯᠬᠤ ᠪᠠᠷ ᠲᠤᠭᠳᠠᠭᠰᠠᠨ ᠨᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠥᠪᠦᠷ ᠮᠤᠩᠭᠤᠯ ᠤᠨ ᠠᠵᠢᠯ ᠢ ᠳᠡᠭᠡᠳᠦ ᠭᠡᠮᠵᠢᠶ᠎ᠠ ᠪᠠᠷ ᠴᠢᠬᠤᠯᠠᠴᠢᠯᠠᠵᠦ ᠪᠠᠶᠢᠬᠤ ᠪᠠ ᠥᠪᠦᠷ ᠮᠤᠩᠭᠤᠯ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠬᠦᠨ ᠬᠠᠯᠠᠮᠵᠢᠯᠠᠬᠤ ᠪᠠᠶᠢᠬᠤ ᠶᠢ ᠬᠦᠢᠴᠡᠳ ᠬᠠᠷᠠᠭᠤᠯᠵᠤ ᠪᠠᠶᠢᠨ᠎ᠠ᠃ ᠱᠢ ᠲᠠᠢ ᠹᠧᠩ ᠨᠦᠬᠦᠷ ᠤᠨ ᠳᠠᠭᠠᠭᠤᠯᠭ᠎ᠠ ᠳᠤᠤᠷ᠎ᠠ᠂ ᠥᠪᠦᠷ ᠮᠤᠩᠭᠤᠯ ᠤᠨ ᠡᠯ᠎ᠠ ᠵᠦᠢᠯ ᠤᠨ ᠠᠵᠢᠯ ᠯᠠᠪᠳᠠᠶ᠎ᠠ ᠰᠢᠨ᠎ᠠ ᠪᠠᠶᠢᠳᠠᠯ ᠢ ᠡᠬᠦᠳᠴᠦ ᠴᠢᠳᠠᠨ᠎ᠠ ᠭᠡᠳᠡᠭ ᠲᠤ ᠢᠳᠡᠭᠡᠯᠳᠠᠢ ᠪᠠᠶᠢᠨ᠎ᠠ᠃ ᠪᠦᠬᠦ ᠤᠷᠤᠨ ᠤ ᠡᠯ᠎ᠠ ᠱᠠᠳᠤ ᠡᠯ᠎ᠠ ᠰᠠᠯᠠᠭ᠎ᠠ ᠮᠦᠴᠢᠷ ᠤᠨ ᠬᠢᠨ ᠨᠠᠮ ᠤᠨ ᠲᠦᠪ ᠬᠤᠷᠢᠶᠠᠨ ᠤ ᠰᠢᠢᠳᠪᠤᠷᠢᠳᠦ ᠪᠤᠳᠤᠯᠭ᠎ᠠ ᠪᠠᠶᠢᠷᠢᠯᠠᠭᠤᠯᠤᠯᠳᠠ ᠪᠠ ᠶᠡᠷᠦᠩᠭᠡᠢ ᠱᠦᠵᠢ ᠰᠢ ᠶᠢᠨ ᠫᠢᠩ ᠤᠨ ᠥᠪᠦᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠵᠦ᠂ ᠱᠢ ᠲᠠᠢ ᠹᠧᠩ ᠨᠦᠬᠦᠷ ᠢᠶᠠᠷ ᠪᠠᠭ ᠤᠨ ᠳᠠᠷᠤᠭ᠎ᠠ ᠪᠤᠯᠭᠠᠭᠰᠠᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠳᠤᠷᠢᠳᠤᠯᠭ᠎ᠠ ᠲᠤᠤᠷ᠎ᠠ᠂ ᠥᠪᠦᠷ ᠮᠤᠩᠭᠤᠯ ᠤᠨ ᠡᠯ᠎ᠠ ᠵᠦᠢᠯ ᠤᠨ ᠠᠵᠢᠯ ᠦᠢᠯᠡᠰ ᠢ ᠳᠠᠰᠤᠷᠠᠯᠳᠠ ᠦᠭᠡᠢ ᠤᠷᠤᠬᠰᠢ ᠠᠬᠢᠭᠤᠯᠵᠦ᠂ ︽ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢᠶᠠᠨ ᠪᠦᠳᠦᠭᠡᠨ ᠪᠠᠶᠢᠭᠤᠯᠵᠦ ᠠᠭᠤᠤ ᠶᠡᠭᠡ ᠳᠤᠮᠳᠠᠳᠤ ᠶᠢᠨ ᠵᠡᠬᠦᠳᠦ ᠪᠠᠨ ᠬᠠᠮᠳᠤ ᠪᠠᠷ ᠳᠡᠷᠭᠡᠯᠰᠢᠬᠦᠯᠬᠦ︾ ᠶᠢᠨ ᠲᠦᠯᠦᠭᠡ ᠰᠡᠳᠬᠢᠯ ᠨᠢᠭᠡᠳᠦᠨ ᠬᠦᠴᠦ ᠬᠠᠮᠳᠤᠳᠬᠠᠵᠦ᠂ ᠴᠦᠬᠦᠷᠡᠰᠢ ᠦᠭᠡᠢ ᠲᠡᠮᠡᠴᠡᠬᠦ ᠭᠡᠷᠡᠭᠲᠡᠢ ᠭᠡᠵᠡᠢ᠃
  ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠤᠷᠳᠤᠨ᠂ ᠤᠯᠤᠰ ᠲᠦᠷᠦ ᠶᠢᠨ ᠵᠦᠪᠯᠡᠯᠭᠡᠨ ᠤ ᠤᠳᠤᠷᠢᠳᠬᠤ ᠨᠦᠬᠦᠳ᠂ ᠥᠪᠦᠷ ᠮᠤᠩᠭᠤᠯ ᠤᠨ ᠴᠡᠷᠢᠭ ᠤᠨ ᠲᠤᠭᠤᠷᠢᠭ ᠤᠨ ᠺᠤᠮᠠᠨᠳ᠋ᠯᠠᠬᠴᠢ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠦᠨᠳᠦᠷ ᠵᠡᠷᠭᠡ ᠶᠢᠨ ᠰᠢᠬᠦᠬᠦ ᠬᠤᠷᠢᠶᠠᠨ ᠤ ᠳᠠᠷᠤᠭ᠎ᠠ᠂ ᠦᠪᠡᠷᠲᠡᠭᠡᠨ ᠵᠠᠰᠠᠬᠤ ᠤᠷᠤᠨ ᠤ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠤ ᠳᠠᠷᠤᠭ᠎ᠠ᠂ ᠵᠡᠪᠰᠡᠭᠳᠦ ᠴᠠᠭᠳᠠᠭᠠᠨ ᠤ ᠥᠪᠦᠷ ᠮᠤᠩᠭᠤᠯ ᠤᠨ ᠶᠡᠷᠦᠩᠭᠡᠢ ᠠᠩᠬᠢ ᠶᠢᠨ ᠺᠤᠮᠠᠨᠳ᠋ᠯᠠᠬᠴᠢ᠂ ᠺᠤᠮᠢᠰᠰᠠᠷ︔ ᠦᠪᠡᠷᠲᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ ᠠᠵᠢᠯ ᠠᠴᠠ ᠪᠠᠨ ᠳᠠᠷᠬᠠᠯᠠᠬᠳᠠᠵᠦ ᠠᠵᠢᠯ ᠠᠴᠠ ᠪᠠᠨ ᠠᠮᠠᠷᠠᠭᠰᠠᠨ ᠠᠬᠠᠮᠠᠳ ᠨᠦᠬᠦᠳ︔ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ ᠬᠤᠷᠢᠶᠠᠨ ᠤ ᠭᠡᠰᠢᠬᠦᠨ᠂ ᠤᠷᠤᠯᠠᠭᠴᠢ ᠭᠡᠰᠢᠬᠦᠨ᠂ ᠡᠯ᠎ᠠ ᠠᠶᠢᠮᠠᠬ ᠬᠤᠳᠠ᠂ ᠬᠤᠷᠢᠨᠭᠡᠷ ᠰᠢᠨ᠎ᠠ ᠲᠤᠭᠤᠷᠢᠭ᠂ ᠶᠡᠭᠡ ᠬᠢᠩᠭᠠᠨ ᠲᠠᠪᠠᠭᠠᠨ ᠤ ᠭᠤᠤᠯᠳᠠᠯᠭ᠎ᠠ ᠲᠠᠢ ᠤᠯᠤᠰ ᠤᠨ ᠦᠮᠴᠢᠯᠡᠯ ᠤᠨ ᠤᠢ ᠰᠢᠭᠤᠢ ᠶᠢᠨ ᠬᠠᠮᠢᠶᠠᠷᠤᠯᠳᠠ ᠶᠢᠨ ᠲᠤᠪᠴᠢᠶ᠎ᠠ᠂ ᠮᠠᠨᠵᠤᠤᠷ᠂ ᠡᠷᠢᠶᠡᠨ ᠬᠤᠳᠠ ᠶᠢᠨ ᠨᠠᠮ ᠵᠠᠰᠠᠭ ᠤᠨ ᠵᠢᠩᠬᠢᠨᠢ ᠲᠤᠰᠢᠶᠠᠯᠳᠠᠨ᠂ ᠦᠪᠡᠷᠲᠡᠭᠡᠨ ᠵᠠᠰᠠᠬᠤ ᠤᠷᠤᠨ ᠤ ᠡᠯ᠎ᠠ ᠭᠡᠯᠳᠡᠰ᠂ ᠵᠦᠪᠯᠡᠯ᠂ ᠠᠯᠪᠡᠷ ᠭᠡᠷ᠂ ᠲᠢᠩᠬᠢᠮ᠂ ᠲᠤᠪᠴᠢᠶ᠎ᠠ ᠪᠠ ᠡᠯ᠎ᠠ ᠠᠷᠠᠳ ᠤᠨ ᠪᠦᠯᠬᠦᠮ ᠤᠨ ᠭᠤᠤᠯ ᠬᠠᠷᠢᠭᠤᠴᠠᠯᠭᠠᠳᠠᠨ ᠨᠦᠬᠦᠳ᠂ ᠡᠯ᠎ᠠ ᠶᠡᠭᠡ ᠠᠵᠤ ᠠᠬᠤᠢᠢᠯᠠᠯ ᠠᠵᠢᠯ ᠦᠢᠯᠡᠰ ᠤᠨ ᠨᠢᠭᠡᠴᠢ ᠪᠠ ᠶᠡᠭᠡ ᠳᠡᠭᠡᠳᠦ ᠰᠤᠷᠭᠠᠭᠤᠯᠢ ᠶᠢᠨ ᠨᠠᠮ ᠤᠨ ᠬᠤᠷᠢᠶᠠᠨ ᠤ ᠱᠦᠵᠢ᠂ ᠮᠠᠨ ᠤ ᠤᠷᠤᠨ ᠳᠤ ᠰᠠᠭᠤᠭ᠎ᠠ ᠲᠦᠪ ᠤᠨ ᠬᠤᠯᠪᠤᠭᠳᠠᠯ ᠪᠦᠬᠦᠢ ᠨᠢᠭᠡᠴᠢ ᠶᠢᠨ ᠭᠤᠤᠯ ᠬᠠᠷᠢᠭᠤᠴᠠᠯᠭᠠᠳᠠᠨ ᠨᠦᠬᠦᠳ︔ ᠡᠯ᠎ᠠ ᠠᠷᠠᠳᠴᠢᠯᠠᠭᠰᠠᠨ ᠨᠠᠮ ᠪᠦᠯᠦᠭ ᠤᠨ ᠦᠪᠡᠷᠲᠡᠭᠡᠨ ᠵᠠᠰᠠᠬᠤ ᠤᠷᠤᠨ ᠤ ᠬᠤᠷᠢᠶᠠᠨ ᠤ ᠡᠷᠬᠢᠯᠡᠭᠴᠢ ᠭᠡᠰᠢᠬᠦᠨ᠂ ᠦᠢᠯᠡᠳᠪᠤᠷᠢ ᠬᠤᠳᠠᠯᠳᠤᠭᠠᠨ ᠤ ᠬᠤᠯᠪᠤᠭ᠎ᠠ ᠶᠢᠨ ᠭᠤᠤᠯ ᠬᠠᠷᠢᠭᠤᠴᠠᠯᠭᠠᠳᠠᠨ ᠨᠦᠬᠦᠳ ᠬᠤᠷᠠᠯ ᠳᠤ ᠤᠷᠤᠯᠴᠠᠵᠠᠢ᠃ ᠵᠣᠬᠢᠶᠠᠭᠴᠢ᠄  ᠯᠢᠦ ᠰᠢᠶᠤᠤ ᠳ᠋ᠦᠩ



  
     
     