 

ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠳᠡᠢ

2019-11-26 11:32
  222
  0
ᠪᠦ᠋ ᠰᠢᠶᠣᠤ ᠯᠢᠨ ᠬᠥᠯᠥᠨ ᠪᠤᠶᠢᠷ ᠬᠤᠲᠠ ᠳᠤ ᠪᠠᠶᠢᠴᠠᠭᠠᠨ ᠰᠤᠳᠤᠯᠤᠯᠳᠠ ᠬᠢᠬᠦ ᠳᠡᠭᠡᠨ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠳᠡᠢ ᠬᠡᠵᠦ ᠴᠢᠬᠤᠯᠠᠴᠢᠯᠠᠪᠠ

  11 ᠰᠠᠷ᠎ᠠ ᠶᠢᠨ 23 ᠠᠴᠠ 25 ᠤ ᠡᠳᠦᠷ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ ᠬᠥᠯᠥᠨ ᠪᠤᠶᠢᠷ ᠬᠤᠲᠠ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠤᠨ᠂ ᠪᠥᠬᠦᠳᠡ ᠬᠤᠷᠠᠯ ᠤᠨ ᠡᠯ᠎ᠡ ᠵᠦᠶ᠋ᠯ ᠤᠨ ᠰᠢᠶ᠋ᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ ᠥᠪᠥᠷ ᠮᠣᠩᠭᠤᠯ ᠳᠤ ᠨᠠᠶᠢᠳᠠᠪᠤᠷᠢᠵᠢᠭᠤᠯᠤᠭᠳᠠᠵᠤ ᠦᠷ᠎ᠡ ᠪᠦᠳᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃
  ᠠᠷᠤ ᠭᠤᠤᠯ ᠪᠠᠯᠭᠠᠰᠤᠨ ᠤ ᠫᠢᠩ ᠠᠨ ᠨᠡᠶᠢᠭᠡᠮ ᠲᠣᠭᠤᠷᠢᠭ ᠲᠤ᠂ ᠪᠦ᠋ ᠰᠢᠶᠣᠤ ᠯᠢᠨ ᠨᠡᠶᠢᠭᠡᠮ ᠲᠣᠭᠤᠷᠢᠭ ᠤᠨ ᠨᠠᠮ ᠤᠨ ᠪᠠᠶᠢᠭᠤᠯᠤᠯᠲᠠ᠂ ᠭᠤᠤᠯ ᠰᠡᠳᠦᠪᠲᠦ ᠬᠥᠮᠦᠵᠢᠯ᠂ ᠨᠢᠭᠡ ᠥᠷᠲᠡᠭᠡᠴᠢᠯᠡᠭᠰᠡᠨ ᠦᠶ᠋ᠯᠡᠴᠢᠯᠡᠭᠡ᠂ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠵᠤ ᠤᠯᠠᠮᠵᠢᠯᠠᠨ ᠵᠠᠯᠭᠠᠮᠵᠢᠯᠠᠬᠤ᠂ ᠣᠯᠠᠨ ᠲᠦᠮᠡᠨ ᠤ ᠰᠣᠶᠣᠯ ᠤᠨ ᠠᠵᠢᠯᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠦᠨᠳᠦᠰᠦᠨ ᠱᠠᠲᠤᠨ ᠤ ᠺᠠᠳ᠋ᠷᠴᠤᠳ ᠢ ︽ᠤᠭ ᠰᠠᠨᠠᠭ᠎ᠠ ᠪᠠᠨ ᠦᠯᠦ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠲᠠᠢ ᠤᠶᠠᠯᠳᠤᠭᠤᠯᠤᠨ᠂ ᠳᠥᠷᠪᠡᠳᠦᠭᠡᠷ ᠪᠥᠬᠦᠳᠡ ᠬᠤᠷᠠᠯ ᠤᠨ ᠴᠢᠬᠤᠯᠠ ᠶᠡᠭᠡ ᠠᠴᠢ ᠬᠤᠯᠪᠣᠭᠳᠠᠯ ᠪᠠ ᠵᠤᠷᠢᠬ ᠰᠠᠨᠠᠭᠠᠨ ᠤ ᠮᠦᠨ ᠴᠢᠨᠡᠷ ᠢ ᠬᠦᠨᠵᠡᠬᠡᠢ ᠦᠢᠯᠠᠭᠠᠨ ᠡᠵᠡᠮᠰᠢᠵᠥ᠂ ᠤᠶᠤᠨ ᠤᠬᠠᠭᠠᠨ ᠪᠠ ᠬᠦᠴᠦᠨ ᠴᠢᠳᠠᠯ ᠢᠶᠠᠨ ᠪᠥᠬᠦᠳᠡ ᠬᠤᠷᠠᠯ ᠠᠴᠠ ᠲᠣᠭᠲᠠᠭᠠᠭᠰᠠᠨ ᠡᠯ᠎ᠡ ᠵᠦᠶ᠋ᠯ ᠤᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠨᠢᠭᠲᠠᠷᠠᠭᠤᠯᠬᠤ ᠪᠤᠯᠳᠤᠭᠠᠢ ᠭᠡᠵᠤ ᠬᠦᠰᠡᠪᠡ᠃
  ᠠᠷᠪᠠᠨ ᠳᠦᠷᠪᠡᠳᠦᠬᠡᠷ ᠬᠤᠭᠤᠴᠠᠭᠠᠨ ᠤ ᠪᠥᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ 2020 ᠣᠨ ᠤ 2 ᠰᠠᠷ᠎ᠠ ᠶᠢᠨ 16 ᠤ ᠡᠳᠦᠷ ᠬᠥᠯᠥᠨ ᠪᠤᠶᠢᠷ ᠬᠤᠲᠠ ᠳᠤ ᠡᠬᠢᠯᠡᠨ᠎ᠡ᠃ ᠪᠦ᠋ ᠰᠢᠶᠣᠤ ᠯᠢᠨ ᠵᠠᠯᠠᠨ ᠠᠶᠢᠯ ᠬᠤᠳᠠ ᠶᠢᠨ ᠶᠢᠨ ᠯᠦᠩ ᠱᠠᠨ ᠤ ᠴᠠᠨᠠᠯᠠᠯᠳᠠ ᠶᠢᠨ ᠲᠠᠯᠠᠪᠠᠢ ᠳᠤ ᠬᠦᠷᠴᠦ᠂ ᠤᠷᠤᠯᠳᠤᠭᠠᠨ ᠤ ᠵᠠᠮ ᠤᠨ ᠪᠦᠲᠦᠭᠡᠨ ᠪᠠᠶᠢᠭᠤᠯᠤᠯᠳᠠ᠂ ᠲᠠᠯᠠᠪᠤᠷ ᠤᠨ ᠲᠥᠬᠦᠭᠡᠷᠦᠮᠵᠢ ᠶᠢᠨ ᠰᠢᠨᠡᠴᠢᠯᠡᠯᠳᠡ᠂ ᠲᠣᠨᠤᠭ ᠲᠥᠬᠦᠭᠡᠷᠦᠮᠵᠢ ᠬᠤᠳᠠᠯᠳᠤᠨ ᠠᠪᠬᠤ᠂ ᠴᠠᠭ ᠠᠭᠤᠷ ᠤᠨ ᠪᠠᠲᠤᠯᠠᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠭᠰᠠᠨ ᠪᠥᠭᠡᠳ ᠠᠳᠡ ᠪᠣᠯᠪᠠᠰᠤᠷᠠᠵᠤ ᠪᠠᠶᠢᠬᠰᠠᠨ ᠴᠠᠨᠠᠯᠠᠯᠳᠠ ᠶᠢᠨ ᠲᠠᠮᠢᠷᠴᠢᠳ ᠲᠠᠢ ᠰᠠᠨᠠᠯ ᠢᠶᠠᠨ ᠰᠣᠯᠢᠯᠴᠠᠪᠠ᠃ ᠲᠡᠷᠡ᠂ ᠪᠡᠯᠡᠳᠬᠡᠯ ᠠᠵᠢᠯ ᠤᠨ ᠡᠴᠦᠰ ᠤᠨ ᠰᠢᠪᠲᠤᠯᠤᠯᠲᠠ ᠶᠢᠨ ᠱᠠᠲᠤᠨ ᠳᠤ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠠᠷᠢᠭᠤᠴᠠᠯᠭᠠᠲᠤ ᠰᠡᠳᠬᠢᠯᠭᠡ ᠡᠬᠦᠷᠬᠡᠳᠤ ᠪᠤᠳᠤᠯ ᠢᠶᠠᠨ ᠦᠨᠡᠨ ᠬᠦ ᠴᠢᠩᠭᠠᠳᠬᠠᠵᠤ᠂ ᠪᠦᠬᠦ ᠬᠦᠴᠦᠨ ᠢᠶᠠᠷ ᠢᠶᠠᠨ ᠴᠢᠷᠮᠠᠶᠢᠨ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠡᠯ᠎ᠡ ᠵᠦᠶ᠋ᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠪᠠᠨ ᠳᠦᠷᠪᠡᠳᠦᠬᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠳᠡᠬᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠶ᠃ ᠪᠠᠶᠠᠯᠢᠭ ᠰᠠᠶᠢᠬᠠᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠵᠦ᠂ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢ ᠰᠠᠶᠢᠲᠤᠷ ᠡᠷᠬᠢᠯᠡᠬᠦ ᠳᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ᠃ ᠶᠡᠷᠦᠩᠬᠡᠶ ᠱᠦᠵᠢ ᠰᠢ ᠶᠢᠨ ᠫᠢᠩ ᠤᠨ ︽ᠭᠤᠷᠪᠠᠨ ᠳ᠋ᠦᠩᠰᠢᠭᠤᠷ ᠬᠥᠮᠦᠨ ᠢ ᠳᠠᠶᠢᠴᠢᠯᠠᠨ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠣᠷᠣᠯᠴᠠᠭᠤᠯᠬᠤ︾ ᠤᠷᠢᠶᠠᠯᠠᠭ᠎ᠠ ᠶᠢ ᠭᠦᠨᠵᠡᠭᠡᠶ ᠲᠤᠭᠤᠰᠢᠯᠠᠭᠤᠯᠵᠤ᠂ ᠣᠯᠠᠨ ᠲᠦᠮᠡᠨᠴᠢ ᠴᠢᠨᠠᠷᠲᠠᠶ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠢ ᠶᠡᠭᠡ ᠪᠠᠷ ᠲᠦᠭᠡᠮᠡᠯᠵᠢᠭᠦᠯᠤᠨ᠂ ᠥᠷᠭᠡᠨ ᠣᠯᠠᠨ ᠲᠦᠮᠡᠨ ᠤ ᠮᠥᠰᠥ ᠴᠠᠰᠤᠨ ᠤ ᠲᠠᠮᠢᠷ ᠤᠨ ᠬᠥᠳᠡᠯᠭᠡᠭᠡᠨ ᠳᠤ ᠠᠩᠬᠠᠷᠤᠯ ᠢᠶᠠᠨ ᠲᠠᠯᠪᠢᠬᠤ᠂ ᠳᠤᠷ᠎ᠠ ᠪᠠᠭ᠋ᠠᠲᠠᠶ ᠪᠤᠯᠬᠤ᠂ ᠪᠠᠶᠡᠴᠢᠯᠡᠨ ᠣᠷᠣᠯᠴᠠᠬᠤ ᠶᠢ ᠬᠥᠳᠤᠯᠦᠨ ᠵᠢᠯᠣᠭᠤᠳᠬᠤ ᠬᠡᠷᠡᠭᠲᠡᠶ ᠬᠡᠵᠥ ᠴᠢᠬᠤᠯᠠᠴᠢᠯᠠᠪᠠ᠃
  ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠳᠠ ᠨᠢᠭᠡᠨᠲᠡ ᠰᠢᠶ᠋ᠳᠪᠦᠷᠢᠲᠦ ᠳᠠᠶᠢᠯᠠᠯᠳᠤᠭᠠᠨ ᠤ ᠢᠯᠠᠯᠲᠠ ᠶᠢ ᠣᠯᠬᠤ ᠵᠠᠩᠭᠢᠯᠠᠭ᠎ᠠ ᠶᠢᠨ ᠱᠠᠲᠤᠨ ᠳᠤ ᠣᠷᠣᠪᠠ᠃ ᠤᠯᠤᠰ ᠤᠨ ᠲᠡᠰ ᠤᠨ ᠶᠠᠳᠠᠭᠤ ᠬᠦᠴᠢᠷᠳᠡᠯᠲᠡᠶ ᠬᠤᠰᠢᠭᠤ ᠪᠤᠯᠬᠤ ᠮᠤᠷᠢᠨᠳᠠᠪᠠᠭ᠎ᠠ ᠶᠢᠨ ᠳᠠᠭᠤᠷ ᠦᠨᠳᠦᠰᠦᠲᠡᠨ ᠤ ᠦᠪᠡᠷᠳᠡᠬᠡᠨ ᠵᠠᠰᠠᠬᠤ ᠬᠤᠰᠢᠭᠤ ᠪᠣᠯᠤᠨ ᠣᠷᠴᠣᠨ ᠤ ᠦᠪᠡᠷᠳᠡᠬᠡᠨ ᠵᠠᠰᠠᠬᠤ ᠬᠤᠰᠢᠭᠤᠨ ᠳᠤ᠂ ᠪᠦ᠋ ᠰᠢᠶᠣᠤ ᠯᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠵᠢᠯ ᠤᠨ ᠠᠬᠢᠴᠠ ᠶᠢᠨ ᠪᠠᠶᠢᠳᠠᠯ ᠢ ᠣᠶᠢᠯᠠᠭᠠᠵᠤ᠂ ᠭᠡᠷᠡᠯᠴᠢ ᠴᠡᠨᠡᠭ ᠢᠶᠠᠷ ᠴᠠᠬᠢᠯᠭᠠᠨ ᠭᠠᠷᠭᠠᠬᠤ ᠥᠷᠲᠡᠭᠡᠨ ᠤ ᠶᠠᠳᠠᠭᠤ ᠶᠢ ᠲᠡᠳᠬᠦᠬᠦ ᠲᠥᠷᠥᠯ ᠵᠦᠶ᠋ᠯ ᠪᠣᠯᠤᠨ ᠪᠡᠭᠡᠵᠢᠩ ᠥᠪᠥᠷ ᠮᠣᠩᠭᠤᠯ ᠤᠨ ᠠᠵᠢᠯ ᠲᠦᠷᠦᠯ ᠢᠶᠠᠷ ᠬᠠᠪᠰᠤᠷᠤᠨ ᠲᠡᠳᠬᠦᠬᠦ ᠲᠥᠷᠥᠯ ᠵᠦᠶ᠋ᠯ ᠤᠨ ᠡᠵᠡᠩᠨᠡᠯᠲᠡ ᠵᠡᠷᠭᠡ ᠪᠠᠶᠢᠳᠠᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠪᠥᠭᠡᠳ ᠶᠠᠳᠠᠭᠤ ᠠᠴᠠ ᠠᠩᠭᠢᠵᠢᠷᠠᠭᠰᠠᠨ ᠡᠷᠦᠬᠡ ᠰᠦᠸᠧ ᠯᠧ ᠰᠢᠩ ᠤᠨ ᠳᠤ ᠬᠦᠷᠴᠦ ᠡᠷᠬᠢᠨ ᠦᠵᠡᠪᠡ᠃ ᠲᠡᠷᠡ᠂ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠪᠤᠯᠤᠨ ᠣᠨᠴᠠᠭᠠᠢ ᠶᠠᠳᠠᠭᠤ ᠬᠦᠴᠢᠷᠳᠡᠯᠲᠡᠶ ᠣᠯᠠᠨ ᠲᠦᠮᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠤᠨᠢᠨ ᠳᠡᠭᠡᠷ᠎ᠡ ᠨᠢ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠶ᠋ᠯ ᠤᠨ ᠡᠭᠦᠷᠭᠡ ᠶᠢ ᠰᠠᠶᠢᠲᠤᠷ ᠪᠡᠶᠡᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠬᠰᠠᠨ ᠦᠷ᠎ᠡ ᠪᠦᠲᠦᠭᠡᠯ ᠢ ᠪᠠᠬᠢᠵᠢᠭᠦᠯᠤᠨ᠂ ᠲᠣᠭᠲᠠᠭᠰᠠᠨ ᠬᠤᠭᠤᠴᠠᠭᠠᠨ ᠳᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠣᠯᠬᠤ ᠶᠢ ᠪᠠᠲᠤᠯᠠᠬᠤ ᠬᠡᠷᠡᠭᠲᠡᠶ ᠭᠡᠵᠦ ᠵᠢᠭᠠᠵᠤ ᠭᠠᠷᠭᠠᠪᠠ᠃
  ᠬᠥᠯᠥᠨ ᠪᠦᠢᠷ ᠲᠤ ᠪᠠᠶᠢᠬᠤ ᠬᠤᠭᠤᠴᠠᠭᠠᠨ ᠳᠤ᠂ ᠪᠦ᠋ ᠰᠢᠶᠣᠤ ᠯᠢᠨ ᠪᠠᠰᠠ ᠬᠥᠯᠥᠨ ᠪᠤᠶᠢᠷ ᠤᠨ ᠢᠯᠢ ᠪᠣᠬᠢᠷᠲᠤᠯ ᠥᠬᠡᠶ ᠣᠶᠤᠨᠴᠢ ᠵᠢᠱᠢᠶ᠎ᠡ ᠦᠵᠡᠭᠦᠯᠬᠦ ᠬᠡᠷᠡᠭᠯᠡᠭᠡᠨ ᠤ ᠲᠥᠷᠥᠯ ᠵᠦᠶ᠋ᠯ ᠤᠨ ᠭᠡᠷ᠎ᠡ ᠲᠣᠭᠲᠠᠬᠤ ᠶᠣᠰᠣᠯᠠᠯ ᠳᠤ ᠣᠷᠣᠯᠴᠠᠵᠤ᠂ ᠲᠦᠸᠧ ᠪᠠ ᠰᠢᠶᠡᠨᠪᠢ ᠶᠢᠨ ᠲᠡᠤᠬᠡ ᠶᠢᠨ ᠮᠦᠽᠧᠶ ᠶᠢᠨ ᠦᠵᠡᠬᠦᠯᠬᠡ ᠶᠢᠨ ᠪᠠᠶᠢᠳᠠᠯ ᠪᠣᠯᠤᠨ ᠪᠤᠶᠢᠺᠤ ᠪᠥᠮᠪᠦᠭᠡ ᠶᠢᠨ ᠪᠣᠯᠪᠠᠰᠤᠷᠠᠯ ᠤᠨ ᠣᠷᠳᠣᠨ ᠤ ᠬᠡᠷᠡᠭᠯᠡᠯᠲᠡ ᠶᠢᠨ ᠪᠠᠶᠢᠳᠠᠯ ᠢ ᠣᠶᠢᠯᠠᠭᠠᠪᠠ᠃
  ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠢ᠃ ᠵᠣᠬᠢᠶᠠᠭᠴᠢ᠄  ᠳ᠋ᠠᠶ ᠬᠤᠩ



  
     
     