

ᠰᠢᠨ᠎ᠡ ᠶᠢ ᠡᠬᠦᠳᠦᠨ ᠬᠦᠭᠵᠢᠬᠦ ᠶᠢ ᠲᠦᠷᠬᠡᠳᠬᠡᠨ ᠠᠬᠢᠭᠤᠯᠬᠤ ᠬᠡᠷᠡᠭᠲᠡᠢ

2019-10-26 12:21
  55
  0
ᠰᠢ ᠶᠢᠨ ᠫᠢᠩ᠄ ᠬᠡᠰᠡᠭ ᠪᠦᠯᠥᠭ ᠤᠨ ᠬᠡᠯᠬᠢᠶ᠎ᠡ ᠶᠢ ᠭᠤᠤᠯᠯᠠᠬᠤ ᠮᠡᠷᠬᠡᠵᠢᠯ ᠤᠨ ᠪᠡᠶ᠎ᠡ ᠪᠠᠨ ᠲᠠᠭᠠᠭᠠᠵᠥ ᠰᠢᠨ᠎ᠡ ᠶᠢ ᠡᠬᠦᠳᠬᠦ ᠴᠢᠬᠤᠯᠠ ᠰᠢᠪᠳᠤᠯᠤᠯᠳᠡ ᠪᠤᠯᠭᠠᠵᠥ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠪᠤᠯᠤᠨ ᠠᠵᠥ ᠦᠢᠯᠡᠰ ᠤᠨ ᠰᠢᠨ᠎ᠡ ᠶᠢ ᠡᠬᠦᠳᠦᠨ ᠬᠦᠭᠵᠢᠬᠦ ᠶᠢ ᠲᠦᠷᠬᠡᠳᠬᠡᠨ ᠠᠬᠢᠭᠤᠯᠬᠤ ᠬᠡᠷᠡᠭᠲᠡᠢ

   ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶ᠎ᠠ 10 ᠰᠠᠷ᠎ᠠ ᠶᠢᠨ 24 ᠤ ᠦᠳᠡ ᠶᠢᠨ ᠬᠤᠶᠢᠨ᠎ᠡ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠤᠨ ᠬᠦᠭᠵᠢᠯᠳᠡ ᠶᠢᠨ ᠤᠳᠤᠬᠢ ᠪᠠᠶᠢᠳᠠᠯ ᠪᠤᠯᠤᠨ ᠬᠠᠨᠳᠤᠰᠢ ᠶᠢᠨ ᠲᠤᠬᠠᠢ ᠠᠷᠪᠠᠨ ᠨᠠᠢᠮᠠᠳᠤᠭᠠᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠬᠢᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ ᠡᠷᠬᠢᠯᠡᠬᠦ ᠳᠡᠭᠡᠨ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠢ ᠬᠤᠷᠠᠮᠠᠯ ᠪᠤᠯᠭᠠᠵᠤ ᠬᠡᠷᠡᠭᠯᠡᠬᠦ ᠨᠢ ᠰᠢᠨ᠎ᠡ ᠮᠡᠷᠬᠡᠵᠢᠯ ᠤᠨ ᠰᠢᠨᠡᠴᠢᠯᠡᠯᠳᠡ ᠪᠤᠯᠤᠨ ᠠᠵᠥ ᠦᠢᠯᠡᠰ ᠤᠨ ᠬᠤᠪᠢᠰᠤᠯᠳᠠ ᠳᠤ ᠴᠢᠬᠤᠯᠠ ᠦᠢᠯᠡᠳᠦᠯ ᠦᠵᠡᠬᠦᠯᠵᠥ ᠪᠠᠶᠢᠨ᠎ᠠ᠃ ᠪᠢᠳᠡ ᠬᠡᠰᠡᠭ ᠪᠦᠯᠥᠭ ᠤᠨ ᠬᠡᠯᠬᠢᠶ᠎ᠡ ᠶᠢ ᠭᠤᠤᠯᠯᠠᠬᠤ ᠮᠡᠷᠬᠡᠵᠢᠯ ᠤᠨ ᠪᠡᠶ᠎ᠡ ᠪᠠᠨ ᠲᠠᠭᠠᠭᠠᠵᠥ ᠰᠢᠨ᠎ᠡ ᠶᠢ ᠡᠬᠦᠳᠬᠦ ᠴᠢᠬᠤᠯᠠ ᠰᠢᠪᠳᠤᠯᠤᠯᠳᠡ ᠪᠤᠯᠭᠠᠵᠥ᠂ ᠭᠤᠤᠯ ᠰᠢᠪᠳᠤᠯᠬᠤ ᠴᠢᠭᠯᠡᠯ ᠢᠶᠠᠨ ᠲᠤᠳᠤᠷᠬᠠᠢᠢᠯᠠᠵᠥ᠂ ᠤᠷᠤᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠥ᠂ ᠨᠢᠬᠡ ᠪᠦᠯᠥᠭ ᠭᠤᠤᠯᠯᠠᠬᠤ ᠵᠠᠩᠬᠢᠯᠠᠭ᠎ᠠ ᠶᠢᠨ ᠮᠡᠷᠬᠡᠵᠢᠯ ᠢ ᠬᠦᠴᠦᠯᠡᠨ ᠰᠢᠪᠳᠤᠯᠵᠥ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠪᠤᠯᠤᠨ ᠠᠵᠥ ᠦᠢᠯᠡᠰ ᠤᠨ ᠰᠢᠨ᠎ᠡ ᠶᠢ ᠡᠬᠦᠳᠦᠨ ᠬᠦᠭᠵᠢᠬᠦ ᠶᠢ ᠲᠦᠷᠬᠡᠳᠬᠡᠨ ᠠᠬᠢᠭᠤᠯᠬᠤ ᠬᠡᠷᠡᠭᠳᠡᠢ ᠬᠡᠵᠥ   ᠴᠢᠬᠤᠯᠠᠴᠢᠯᠠᠪᠠ᠃
  ᠵᠧᠵᠢᠶᠠᠩ ᠶᠡᠭᠡ ᠰᠤᠷᠭᠠᠭᠤᠯᠢ ᠶᠢᠨ ᠫᠷᠦᠹᠧᠰᠰᠤᠷ᠂ ᠲᠤᠮᠳᠠᠳᠤ ᠤᠯᠤᠰ ᠤᠨ ᠢᠨᠵᠧᠨᠧᠷᠢᠩ ᠤᠨ ᠬᠦᠷᠢᠶᠡᠯᠡᠩ ᠤᠨ ᠠᠺᠠᠳᠧᠮᠢᠴᠢ ᠴᠧᠨ ᠴᠦᠨ ᠡᠨᠡ ᠬᠦ ᠠᠰᠠᠭᠤᠳᠠᠯ ᠤᠨ ᠲᠤᠬᠠᠢ ᠲᠠᠶᠢᠯᠤᠮᠵᠢ ᠬᠢᠭᠰᠡᠡ ᠪᠦᠬᠡᠳ ᠰᠠᠨᠠᠯ ᠪᠤᠯᠤᠨ ᠰᠠᠨᠠᠭᠤᠯᠭ᠎ᠠ ᠪᠠᠨ ᠶᠠᠷᠢᠪᠠ᠃
  ᠨᠠᠮ ᠤᠨ ᠲᠦᠪ ᠬᠤᠷᠢᠶᠡᠨ ᠤ ᠤᠯᠤᠰ ᠲᠦᠷᠦ ᠶᠢᠨ ᠲᠤᠪᠴᠢᠶᠠᠨ ᠤ ᠨᠦᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠤᠨᠤᠰᠤᠭᠰᠠᠠ ᠪᠦᠬᠡᠳ ᠶᠠᠷᠢᠯᠴᠠᠵᠠᠢ᠃
  ᠰᠢ ᠶᠢᠨ ᠫᠢᠩ ᠰᠤᠷᠤᠯᠴᠯᠭ᠎ᠠ ᠶᠢ ᠡᠷᠬᠢᠯᠡᠬᠦ ᠳᠡᠭᠡᠨ ᠶᠠᠷᠢᠶ᠎ᠠ ᠲᠠᠯᠪᠢᠪᠠ᠃ ᠲᠡᠷᠡ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠤᠨ ᠬᠡᠷᠡᠭᠯᠡᠬᠡᠨ ᠨᠢᠬᠡᠨᠳᠡ ᠲᠤᠭᠠᠴᠢᠯᠠᠭᠰᠠᠠ ᠮᠥᠩᠬᠦᠨ ᠬᠦᠢᠯᠬᠡᠬᠡᠨ᠂ ᠪᠠᠷᠠᠭᠠᠨ ᠤ ᠰᠦᠯᠵᠢᠶ᠎ᠡ᠂ ᠤᠶᠤᠳᠤ ᠦᠢᠯᠡᠳᠬᠦᠢ᠂ ᠬᠠᠩᠭᠠᠯᠭ᠎ᠠ ᠶᠢᠨ ᠬᠡᠯᠬᠢᠶ᠎ᠡ ᠶᠢᠨ ᠬᠠᠮᠢᠶᠠᠷᠤᠯᠳᠠ᠂ ᠲᠤᠭᠠᠴᠢᠯᠠᠭᠰᠠᠠ ᠡᠳ᠋ ᠬᠦᠷᠦᠩᠬᠡ ᠶᠢᠨ ᠠᠷᠠᠯᠵᠢᠶ᠎ᠠ ᠵᠡᠷᠬᠡ ᠤᠯᠠᠨ ᠬᠦᠷᠢᠶᠡᠨ ᠳᠤ ᠬᠡᠷᠡᠭᠯᠡᠭᠳᠡᠬᠦ ᠪᠤᠯᠪᠠ᠃ ᠤᠳᠤᠬᠠᠨ ᠳᠤ᠂ ᠪᠦᠬᠦ ᠪᠦᠮᠪᠦᠷᠴᠡᠭ ᠤᠨ ᠭᠤᠤᠯ ᠪᠤᠯᠬᠤ ᠤᠯᠤᠰ ᠤᠳ ᠪᠦᠷ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠤᠨ ᠬᠦᠭᠵᠢᠯᠳᠡ ᠶᠢ ᠲᠦᠷᠬᠡᠨ ᠪᠠᠶᠢᠷᠢᠰᠢᠭᠤᠯᠵᠥ ᠪᠠᠶᠢᠨ᠎ᠠ᠃ ᠮᠠᠨ ᠤ ᠤᠯᠤᠰ ᠬᠡᠰᠡᠭ ᠪᠦᠯᠥᠭ ᠤᠨ ᠬᠡᠯᠬᠢᠶ᠎ᠡ ᠶᠢᠨ ᠬᠦᠷᠢᠶᠡᠨ ᠳᠤ ᠮᠠᠰᠢ ᠰᠠᠶᠢᠨ ᠰᠠᠭᠤᠷᠢ ᠲᠠᠢ ᠶᠤᠮ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠪᠤᠯᠤᠨ ᠠᠵᠥ ᠦᠢᠯᠡᠰ ᠤᠨ ᠰᠢᠨ᠎ᠡ ᠶᠢ ᠡᠬᠦᠳᠦᠨ ᠬᠦᠭᠵᠢᠬᠦ ᠶᠢ ᠲᠦᠷᠬᠡᠳᠬᠡᠨ ᠠᠬᠢᠭᠤᠯᠵᠥ᠂ ᠬᠡᠰᠡᠭ ᠪᠦᠯᠥᠭ ᠤᠨ ᠬᠡᠯᠬᠢᠶ᠎ᠡ ᠪᠤᠯᠤᠨ ᠠᠵᠥ ᠠᠬᠤᠢ ᠨᠡᠶᠢᠬᠡᠮ ᠤᠨ ᠠᠭᠤᠰᠤᠯᠴᠠᠨ ᠬᠦᠭᠵᠢᠬᠦ ᠶᠢ ᠢᠳᠡᠪᠬᠢᠳᠡᠢ ᠠᠬᠢᠭᠤᠯᠬᠤ ᠬᠡᠷᠡᠭᠳᠡᠢ ᠬᠡᠵᠥ ᠵᠢᠭᠠᠵᠥ ᠭᠠᠷᠭᠠᠪᠠ᠃
  ᠰᠢ ᠶᠢᠨ ᠫᠢᠩ᠂ ᠰᠠᠭᠤᠷᠢ ᠰᠤᠳᠤᠯᠭᠠᠨ ᠢ ᠴᠢᠩᠭᠠᠳᠬᠠᠵᠥ᠂ ᠤᠤᠭᠠᠯ ᠰᠢᠨ᠎ᠡ ᠶᠢ ᠡᠬᠦᠳᠬᠦ ᠴᠢᠳᠠᠪᠤᠷᠢ ᠶᠢ ᠲᠡᠭᠡᠭᠰᠢᠯᠡᠬᠦᠯᠵᠥ᠂ ᠮᠠᠨ ᠤ ᠤᠯᠤᠰ ᠢᠶᠠᠨ ᠬᠡᠰᠡᠭ ᠪᠦᠯᠥᠭ ᠤᠨ ᠬᠡᠯᠬᠢᠶ᠎ᠡ ᠬᠡᠬᠦ ᠡᠨᠡ ᠬᠦ ᠰᠢᠨ᠎ᠡ ᠪᠠᠷ ᠮᠠᠨᠳᠤᠭᠰᠠᠠ ᠬᠦᠷᠢᠶᠡᠨ ᠤ ᠤᠨᠤᠯ ᠤᠨ ᠬᠠᠮᠤᠭ ᠤᠨ ᠡᠮᠤᠨ᠎ᠡ ᠡᠩᠨᠡᠬᠡᠨ ᠳᠤ ᠤᠷᠤᠭᠤᠯᠵᠥ᠂ ᠰᠢᠨ᠎ᠡ ᠶᠢ ᠡᠬᠦᠳᠬᠦ ᠦᠨᠳᠦᠷᠯᠢᠭ ᠭᠠᠵᠠᠷ ᠢ ᠡᠵᠡᠯᠡᠬᠦᠯᠵᠥ᠂ ᠠᠵᠥ ᠦᠢᠯᠡᠰ ᠤᠨ ᠰᠢᠨ᠎ᠡ ᠲᠠᠪᠠᠭᠤᠯᠢᠭ ᠲᠠᠢ ᠪᠤᠯᠭᠠᠬᠤ ᠪᠠᠷ ᠴᠢᠷᠮᠡᠶᠢᠬᠤ ᠬᠡᠷᠡᠭᠳᠡᠢ᠃ ᠬᠠᠮᠵᠢᠯᠴᠠᠨ ᠪᠤᠭᠤᠮᠳᠠ ᠰᠢᠪᠳᠤᠯᠬᠤ ᠶᠢ ᠠᠬᠢᠭᠤᠯᠵᠥ᠂ ᠭᠤᠤᠯᠯᠠᠬᠤ ᠮᠡᠷᠬᠡᠵᠢᠯ ᠤᠨ ᠰᠢᠪᠳᠤᠯᠤᠯᠳᠡ ᠶᠢ ᠲᠦᠷᠬᠡᠳᠬᠡᠨ ᠠᠬᠢᠭᠤᠯᠵᠥ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠤᠨ ᠬᠡᠷᠡᠭᠯᠡᠬᠡᠨ ᠤ ᠬᠦᠭᠵᠢᠯᠳᠡ ᠳᠤ ᠠᠮᠤᠷ ᠲᠦᠪᠰᠢᠨ ᠪᠦᠭᠡᠳ ᠡᠵᠡᠮᠳᠡᠵᠥ ᠪᠤᠯᠬᠤ ᠮᠡᠷᠬᠡᠵᠢᠯ ᠤᠨ ᠲᠤᠯᠭᠠᠭᠤᠷᠢᠯᠠᠯ ᠬᠠᠩᠭᠠᠬᠤ ᠬᠡᠷᠡᠭᠳᠡᠢ᠃ ᠬᠡᠰᠡᠭ ᠪᠦᠯᠥᠭ ᠤᠨ ᠬᠡᠯᠬᠢᠶ᠎ᠡ ᠶᠢᠨ ᠪᠠᠷᠢᠮᠵᠢᠶᠠᠵᠢᠭᠤᠯᠤᠯᠳᠠ ᠶᠢᠨ ᠰᠤᠳᠤᠯᠭᠠᠨ ᠢ ᠴᠢᠩᠭᠠᠳᠬᠠᠵᠥ᠂ ᠤᠯᠠᠨ ᠤᠯᠤᠰ ᠲᠠᠬᠢ ᠦᠬᠡ ᠬᠡᠯᠡᠬᠦ ᠡᠷᠬᠡ ᠪᠤᠯᠤᠨ ᠲᠦᠷᠢᠮ ᠲᠤᠭᠳᠠᠭᠠᠯ ᠲᠤᠭᠳᠠᠭᠠᠬᠤ ᠡᠷᠬᠡ ᠶᠢ ᠲᠡᠭᠡᠭᠰᠢᠯᠡᠬᠦᠯᠬᠦ ᠬᠡᠷᠡᠭᠳᠡᠢ᠃ ᠠᠵᠥ ᠦᠢᠯᠡᠰ ᠤᠨ ᠬᠦᠭᠵᠢᠯᠳᠡ ᠶᠢ ᠲᠦᠷᠬᠡᠳᠬᠡᠵᠥ᠂ ᠵᠠᠬ᠎ᠠ ᠲᠡᠯᠬᠡᠬᠦᠷ ᠤᠨ ᠲᠠᠪᠠᠭᠤᠯᠢᠭ ᠢ ᠰᠠᠶᠢᠳᠤᠷ ᠪᠠᠳᠠᠷᠠᠭᠤᠯᠵᠥ᠂ ᠰᠢᠨ᠎ᠡ ᠶᠢ ᠡᠬᠦᠳᠬᠦ ᠬᠡᠯᠬᠢᠶ᠎ᠡ᠂ ᠬᠡᠷᠡᠭᠯᠡᠬᠡᠨ ᠤ ᠬᠡᠯᠬᠢᠶ᠎ᠡ᠂ ᠦᠷᠳᠡᠭ ᠤᠨ ᠬᠡᠯᠬᠢᠶ᠎ᠡ ᠶᠢ ᠤᠯᠠᠮ ᠴᠢᠨᠠᠬᠰᠢᠳᠠ ᠨᠡᠪᠳᠡᠷᠡᠬᠦᠯᠬᠦ ᠬᠡᠷᠡᠭᠳᠡᠢ᠃ ᠬᠡᠰᠡᠭ ᠪᠦᠯᠥᠭ ᠤᠨ ᠬᠡᠯᠬᠢᠶ᠎ᠡ ᠶᠢᠨ ᠠᠵᠥ ᠦᠢᠯᠡᠰ ᠤᠨ ᠠᠮᠢ ᠠᠬᠤᠢ ᠶᠢ ᠴᠤᠭᠴᠠᠯᠠᠨ ᠪᠠᠶᠢᠭᠤᠯᠵᠥ᠂ ᠬᠡᠰᠡᠭ ᠪᠦᠯᠥᠭ ᠤᠨ ᠬᠡᠯᠬᠢᠶ᠎ᠡ ᠪᠤᠯᠤᠨ ᠵᠤᠬᠢᠶᠠᠮᠠᠯ ᠤᠶᠤᠨ᠂ ᠲᠤᠮᠤ ᠳ᠋ᠠᠶᠢᠲ᠋ᠠ᠂ ᠪᠠᠷᠠᠭᠠᠨ ᠤ ᠰᠦᠯᠵᠢᠶ᠎ᠡ ᠵᠡᠷᠬᠡ ᠲᠦᠷᠦᠭᠦᠴᠢ ᠮᠡᠳᠡᠭᠡ ᠵᠠᠩᠬᠢ ᠶᠢᠨ ᠮᠡᠷᠬᠡᠵᠢᠯ ᠤᠨ ᠬᠦᠨᠵᠡᠬᠡᠢ ᠠᠭᠤᠰᠤᠯᠴᠠᠯ ᠢ ᠲᠦᠷᠬᠡᠳᠬᠡᠵᠥ᠂ ᠲᠦᠪᠯᠡᠷᠡᠬᠦᠯᠥᠨ ᠰᠢᠨ᠎ᠡ ᠶᠢ ᠡᠬᠦᠳᠬᠦ ᠪᠤᠯᠤᠨ ᠠᠭᠤᠰᠤᠯᠴᠠᠭᠤᠯᠤᠨ ᠬᠡᠷᠡᠭᠯᠡᠬᠦ ᠶᠢ ᠠᠬᠢᠭᠤᠯᠬᠤ ᠬᠡᠷᠡᠭᠳᠡᠢ᠃ ᠴᠢᠳᠠᠪᠤᠷᠢᠳᠡᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠥ᠂ ᠴᠢᠳᠠᠪᠤᠷᠢᠳᠡᠨ ᠬᠦᠮᠥᠵᠢᠬᠦᠯᠬᠦ ᠰᠢᠰᠲ᠋ᠧᠮ ᠢ ᠪᠠᠶᠢᠭᠤᠯᠤᠨ ᠪᠦᠷᠢᠨᠰᠢᠬᠦᠯᠵᠥ᠂ ᠤᠯᠠᠨ ᠬᠡᠯᠪᠡᠷᠢ ᠶᠢᠨ ᠲᠡᠬᠡᠳᠤ ᠲᠠᠰ ᠲᠠᠪᠬᠤᠷᠭ᠎ᠠ ᠶᠢᠨ ᠴᠢᠳᠠᠪᠤᠷᠢᠳᠡᠨ ᠬᠦᠮᠥᠵᠢᠬᠦᠯᠬᠦ ᠲᠠᠪᠴᠠᠩ ᠢ ᠪᠠᠶᠢᠭᠤᠯᠵᠥ᠂ ᠨᠢᠬᠡ ᠪᠦᠯᠥᠭ ᠲᠠᠭᠠᠭᠤᠯᠤᠬᠴᠢ ᠬᠦᠮᠥᠰ ᠪᠤᠯᠤᠨ ᠦᠨᠳᠤᠷ ᠲᠦᠪᠰᠢᠨ ᠪᠦᠬᠦᠢ ᠰᠢᠨ᠎ᠡ ᠶᠢ ᠡᠬᠦᠳᠬᠦ ᠪᠦᠯᠬᠦᠮ ᠢ ᠬᠦᠮᠥᠵᠢᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃
  ᠰᠢ ᠶᠢᠨ ᠫᠢᠩ᠂ ᠬᠡᠰᠡᠭ ᠪᠦᠯᠥᠭ ᠤᠨ ᠬᠡᠯᠬᠢᠶ᠎ᠡ ᠶᠢᠨ ᠮᠡᠷᠬᠡᠵᠢᠯ ᠤᠨ ᠠᠭᠤᠰᠤᠯᠴᠠᠯ᠂ ᠴᠢᠳᠡᠪᠬᠢ ᠶᠢᠨ ᠦᠷᠬᠡᠵᠢᠯ᠂ ᠠᠵᠥ ᠦᠢᠯᠡᠰ ᠤᠨ ᠨᠠᠷᠢᠯᠢᠭ ᠬᠤᠪᠢᠶᠡᠷᠢᠯᠡᠯᠳᠡ ᠶᠢᠨ ᠠᠵᠠ ᠲᠤᠬᠢᠶᠠᠯ ᠢ ᠠᠮᠵᠢᠵᠥ᠂ ᠬᠡᠰᠡᠭ ᠪᠦᠯᠥᠭ ᠤᠨ ᠬᠡᠯᠬᠢᠶ᠎ᠡ ᠶᠢᠨ ᠲᠤᠭ᠎ᠠ ᠪᠠᠷᠢᠮᠳᠡ ᠶᠢ ᠬᠠᠮᠳᠤ ᠪᠠᠷ ᠡᠳ᠋ᠯᠡᠬᠦ ᠶᠢ ᠠᠬᠢᠭᠤᠯᠬᠤ᠂ ᠲᠤᠬᠠᠢᠢᠯᠠᠬᠰᠠᠠ ᠠᠵᠢᠯ ᠤᠨ ᠶᠠᠪᠤᠴᠠ ᠶᠢ ᠰᠢᠯᠢᠳᠡᠭᠵᠢᠬᠦᠯᠬᠦ᠂ ᠡᠵᠡᠩᠨᠡᠯᠳᠡ ᠶᠢᠨ ᠦᠪᠡᠷ ᠤᠨ ᠦᠷᠳᠡᠭ ᠢ ᠪᠠᠭᠤᠷᠠᠭᠤᠯᠬᠤ᠂ ᠬᠠᠮᠵᠢᠯᠴᠠᠬᠤ ᠦᠷ᠎ᠡ ᠪᠦᠳᠦᠮᠵᠢ ᠶᠢ ᠲᠡᠭᠡᠭᠰᠢᠯᠡᠬᠦᠯᠬᠦ᠂ ᠢᠳᠡᠬᠡᠮᠵᠢᠳᠡᠢ ᠰᠢᠰᠲ᠋ᠧᠮ ᠢ ᠪᠠᠶᠢᠭᠤᠯᠬᠤ ᠵᠡᠷᠬᠡ ᠲᠠᠯ᠎ᠠ ᠶᠢᠨ ᠦᠢᠯᠡᠳᠦᠯ ᠢ ᠪᠠᠳᠠᠷᠠᠭᠤᠯᠬᠤ ᠬᠡᠷᠡᠭᠳᠡᠢ᠃ ᠬᠡᠰᠡᠭ ᠪᠦᠯᠥᠭ ᠤᠨ ᠬᠡᠯᠬᠢᠶ᠎ᠡ ᠪᠤᠯᠤᠨ ᠪᠤᠳᠠᠳᠤ ᠴᠤᠭᠴᠠ ᠶᠢᠨ ᠠᠵᠥ ᠠᠬᠤᠢ ᠶᠢᠨ ᠬᠦᠨᠵᠡᠬᠡᠢ ᠠᠭᠤᠰᠤᠯᠴᠠᠯ ᠢ ᠠᠬᠢᠭᠤᠯᠵᠥ᠂ ᠲᠤᠮᠳᠠ ᠪᠠᠭ᠎ᠠ ᠠᠵᠥ ᠠᠬᠤᠢᠢᠯᠠᠯ ᠤᠨ ᠵᠢᠬᠡᠯᠡᠯᠬᠡ ᠠᠪᠬᠤ ᠪᠡᠯᠡ ᠴᠤᠭᠯᠠᠭᠤᠯᠬᠤ ᠳᠤ ᠬᠦᠴᠢᠷ ᠪᠠᠶᠢᠬᠤ᠂ ᠪᠠᠩᠬᠢ ᠶᠢᠨ ᠠᠶᠤᠯ ᠲᠦᠭᠰᠢᠬᠦᠷᠢ ᠢ ᠡᠵᠡᠮᠳᠡᠬᠦ ᠳᠤ ᠬᠦᠴᠢᠷ ᠪᠠᠶᠢᠬᠤ᠂ ᠰᠠᠯᠠᠭ᠎ᠠ ᠮᠦᠴᠢᠷ ᠬᠢᠨᠠᠯᠳᠠ ᠬᠠᠮᠢᠶᠠᠷᠤᠯᠳᠡ ᠬᠢᠬᠦ ᠳᠤ ᠬᠦᠴᠢᠷ ᠪᠠᠶᠢᠬᠤ ᠵᠡᠷᠬᠡ ᠠᠰᠠᠭᠤᠳᠠᠯ ᠢ ᠰᠢᠢᠳᠪᠤᠷᠢᠯᠡᠬᠦ ᠬᠡᠷᠡᠭᠳᠡᠢ᠃ ᠭᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠢ ᠭᠡᠷᠡᠭᠯᠡᠵᠤ ᠲᠤᠭᠠᠴᠢᠯᠠᠬᠰᠡᠨ ᠠᠵᠤ ᠠᠬᠤᠢ ᠶᠢᠨ ᠬᠡᠪ ᠵᠠᠬᠪᠤᠷ ᠤᠨ ᠰᠢᠨ᠎ᠡ ᠶᠢ ᠡᠬᠦᠳᠬᠦ ᠶᠢ ᠬᠠᠶᠢᠨ ᠰᠦᠪᠡᠭᠴᠢᠯᠡᠵᠤ᠂ ᠨᠡᠩ ᠲᠦᠬᠦᠮ ᠲᠦᠲᠡ ᠪᠦᠭᠡᠳ ᠦᠨᠳᠦᠷ ᠪᠦᠳᠦᠮᠵᠢᠳᠠᠢ᠂ ᠡᠷᠬᠡ ᠲᠡᠭᠰᠢ ᠪᠠᠷ ᠦᠷᠢᠰᠦᠯᠳᠦᠬᠦ᠂ ᠲᠤᠬᠳᠠᠭᠤᠨ ᠪᠦᠭᠡᠳ ᠢᠯᠡ ᠲᠤᠳᠤᠷᠬᠠᠢ ᠬᠤᠳᠠᠯᠳᠤᠭ᠎ᠠ ᠡᠷᠬᠢᠯᠡᠬᠦ ᠤᠷᠴᠢᠨ ᠨᠦᠬᠦᠴᠡᠯ ᠢ ᠡᠬᠦᠳᠬᠦ ᠬᠦᠳᠡᠯᠭᠡᠬᠦ ᠬᠦᠴᠦᠨ ᠬᠠᠨᠭ᠍ᠭᠠᠵᠤ᠂ ᠬᠠᠨᠭ᠍ᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠠ ᠶᠢ ᠠᠬᠢᠭᠤᠯᠵᠤ᠂ ᠡᠯ᠎ᠡ ᠠᠵᠢᠯ ᠲᠦᠷᠦᠯ ᠤᠨ ᠬᠠᠨᠭ᠍ᠭᠠᠯᠭ᠎ᠠ ᠭᠡᠷᠡᠭᠴᠡᠭᠡ ᠶᠢᠨ ᠪᠦᠳᠦᠮᠵᠢᠳᠠᠢ ᠵᠤᠯᠭᠠᠯᠴᠠᠭ᠎ᠠ ᠶᠢ ᠪᠠᠶᠠᠯᠡᠬᠦᠯᠬᠦ ᠳᠤ ᠦᠢᠯᠡᠴᠢᠯᠡᠭᠡ ᠬᠠᠨᠭ᠍ᠭᠠᠵᠤ᠂ ᠰᠢᠨ᠎ᠡ ᠬᠠᠭᠤᠴᠢᠨ ᠬᠦᠳᠡᠯᠭᠡᠬᠦ ᠡᠨᠧᠷᠬᠢ ᠶᠢᠨ ᠦᠷᠬᠦᠯᠵᠢᠯᠡᠨ ᠰᠤᠯᠢᠬᠳᠠᠬᠤ ᠶᠢ ᠲᠦᠷᠭᠡᠳᠭᠡᠵᠤ᠂ ᠠᠵᠤ ᠠᠬᠤᠢ ᠶᠢᠨ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠳᠤ ᠲᠤᠯᠭᠠᠭᠤᠷᠢᠯᠡᠯ ᠬᠠᠨᠭ᠍ᠭᠠᠬᠤ ᠭᠡᠷᠡᠭᠳᠠᠢ᠃ ︽ᠭᠡᠰᠡᠭ ᠪᠦᠯᠦᠭ ᠤᠨ ᠬᠡᠯᠬᠢᠶ᠎ᠡ +︾ ᠶᠢᠨ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠭᠡᠷᠡᠭᠯᠡᠯᠳᠠ ᠶᠢ ᠬᠠᠶᠢᠨ ᠰᠦᠪᠡᠭᠴᠢᠯᠡᠵᠤ᠂ ᠭᠡᠰᠡᠭ ᠪᠦᠯᠦᠭ ᠤᠨ ᠭᠡᠯᠬᠢᠶ᠎ᠡ ᠶᠢᠨ ᠮᠡᠷᠭᠡᠵᠢᠯ ᠤᠨ ᠰᠤᠷᠭᠠᠨ ᠬᠦᠮᠦᠵᠢᠯ᠂ ᠠᠵᠢᠯ ᠤᠯᠭᠤᠯᠳᠠ᠂ ᠨᠠᠰᠤᠵᠢᠯ ᠤᠨ ᠠᠰᠠᠷᠠᠮᠵᠢ᠂ ᠤᠨᠢᠨ ᠲᠡᠭᠡᠷ᠎ᠡ ᠨᠢ ᠶᠠᠳᠠᠭᠤ ᠶᠢ ᠲᠡᠳᠬᠦᠬᠦ᠂ ᠡᠮ ᠡᠮᠨᠡᠯᠭᠡ ᠡᠷᠡᠬᠦᠯ ᠮᠠᠨᠳᠤ᠂ ᠲᠠᠸᠠᠷ ᠤᠨ ᠬᠠᠭᠤᠷᠮᠠᠭ ᠢ ᠰᠡᠷᠭᠡᠶᠢᠯᠡᠬᠦ᠂ ᠢᠳᠡᠭᠡᠨ ᠤ ᠠᠮᠤᠷ ᠲᠦᠪᠰᠢᠨ᠂ ᠨᠡᠶᠢᠳᠠ ᠶᠢᠨ ᠠᠰᠠᠷᠠᠮᠵᠢ᠂ ᠨᠡᠶᠢᠭᠡᠮ ᠤᠨ ᠲᠤᠰᠠᠯᠠᠮᠵᠢ ᠵᠡᠷᠭᠡ ᠬᠦᠷᠢᠶᠠᠨ ᠳᠠᠬᠢ ᠭᠡᠷᠡᠭᠯᠡᠯᠳᠠ ᠶᠢ ᠢᠳᠡᠪᠬᠢᠳᠠᠢ ᠠᠬᠢᠭᠤᠯᠵᠤ᠂ ᠠᠷᠠᠳ ᠤᠯᠠᠨ ᠳᠤ ᠨᠡᠩ ᠤᠶᠤᠨᠴᠢ᠂ ᠨᠡᠩ ᠲᠦᠬᠦᠮ ᠲᠦᠳᠠ᠂ ᠨᠡᠩ ᠴᠢᠨᠠᠷ ᠰᠠᠶᠢᠳᠠᠢ ᠤᠯᠠᠨ ᠨᠠᠶᠢᠳᠠ ᠶᠢᠨ ᠦᠢᠯᠡᠴᠢᠯᠡᠭᠡ ᠬᠠᠨᠭ᠍ᠭᠠᠬᠤ ᠭᠡᠷᠡᠭᠳᠠᠢ᠃ ᠭᠡᠰᠡᠭ ᠪᠦᠯᠦᠭ ᠤᠨ ᠬᠡᠯᠬᠢᠶ᠎ᠡ ᠶᠢᠨ ᠢᠵᠠᠭᠤᠷ ᠮᠡᠷᠭᠡᠵᠢᠯ ᠤᠨ ᠦᠢᠯᠡᠴᠢᠯᠡᠭᠡ ᠶᠢ ᠠᠬᠢᠭᠤᠯᠬᠤ ᠪᠠ ᠰᠢᠨ᠎ᠡ ᠮᠠᠶᠢᠭ ᠤᠨ ᠤᠶᠤᠨᠳᠤ ᠬᠤᠳᠠ ᠶᠢᠨ ᠪᠦᠳᠦᠭᠡᠨ ᠪᠠᠶᠢᠭᠤᠯᠤᠯᠳᠠ ᠶᠢ ᠤᠶᠠᠯᠳᠤᠭᠤᠯᠵᠤ᠂ ᠮᠡᠳᠡᠭᠡ ᠵᠠᠩᠭᠢ ᠶᠢᠨ ᠰᠠᠭᠤᠷᠢ ᠲᠦᠬᠦᠭᠡᠷᠤᠮᠵᠢ᠂ ᠤᠶᠤᠨᠳᠤ ᠵᠠᠮ ᠬᠠᠷᠢᠯᠴᠠᠭ᠎ᠠ᠂ ᠡᠨᠧᠷᠬᠢ ᠴᠠᠬᠢᠯᠭᠠᠨ ᠬᠦᠴᠦᠨ ᠵᠡᠷᠭᠡ ᠬᠦᠷᠢᠶᠠᠨ ᠳᠠᠬᠢ ᠲᠦᠭᠡᠮᠡᠯᠵᠢᠬᠦᠯᠦᠯᠳᠠ ᠭᠡᠷᠡᠭᠯᠡᠯᠳᠠ ᠶᠢ ᠬᠠᠶᠢᠨ ᠰᠦᠪᠡᠭᠴᠢᠯᠡᠵᠤ᠂ ᠬᠤᠳᠠ ᠶᠢᠨ ᠬᠠᠮᠢᠶᠠᠷᠤᠯᠳᠠ ᠶᠢᠨ ᠤᠶᠤᠨᠴᠢᠯᠠᠯᠳᠠ᠂ ᠤᠨᠤᠪᠴᠢᠵᠢᠯᠳᠠ ᠶᠢᠨ ᠲᠦᠪᠰᠢᠨ ᠢ ᠲᠡᠭᠡᠭᠰᠢᠯᠡᠬᠦᠯᠬᠦ ᠭᠡᠷᠡᠭᠳᠠᠢ᠃ ᠭᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠢ ᠠᠰᠢᠬᠯᠠᠵᠤ ᠬᠤᠳᠠ ᠶᠢᠨ ᠬᠤᠭᠤᠷᠤᠨᠳᠤᠬᠢ ᠮᠡᠳᠡᠭᠡ ᠵᠠᠩᠭᠢ᠂ ᠪᠡᠯᠡ ᠮᠦᠡᠭᠭᠦ᠂ ᠴᠢᠳᠠᠪᠤᠷᠢᠳᠠᠨ᠂ ᠢᠳᠡᠬᠡᠮᠵᠢ ᠶᠢᠨ ᠮᠡᠳᠡᠭᠡ ᠵᠠᠩᠭᠢ ᠵᠡᠷᠭᠡ ᠲᠠᠯ᠎ᠡ ᠪᠠᠷ ᠨᠡᠩ ᠶᠡᠭᠡ ᠬᠤᠯᠪᠤᠯᠳᠤᠨ ᠨᠡᠪᠳᠡᠷᠡᠯᠴᠡᠬᠦ ᠶᠢ ᠠᠬᠢᠭᠤᠯᠵᠤ᠂ ᠦᠢᠯᠡᠳᠪᠤᠷᠢᠯᠡᠯ ᠤᠨ ᠡᠯᠧᠮᠧᠨ᠋ᠲ ᠤᠨ ᠤᠷᠤᠨ ᠪᠦᠰᠡ ᠶᠢᠨ ᠲᠤᠳᠤᠭᠠᠳᠤᠬᠢ ᠡᠮᠬᠢ ᠵᠢᠷᠤᠮ ᠲᠠᠢ ᠪᠦᠳᠦᠮᠵᠢᠳᠠᠢ ᠰᠢᠯᠵᠢᠯᠳᠠ ᠶᠢ ᠪᠠᠳᠤᠯᠬᠠᠤ ᠭᠡᠷᠡᠭᠳᠠᠢ᠃ ᠭᠡᠰᠡᠭ ᠪᠦᠯᠦᠭ ᠤᠨ ᠬᠡᠯᠬᠢᠶ᠎ᠡ ᠶᠢᠨ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ ᠬᠡᠪ ᠵᠠᠬᠪᠤᠷ ᠢ ᠬᠠᠶᠢᠨ ᠰᠦᠪᠡᠭᠴᠢᠯᠡᠨ ᠠᠰᠢᠬᠯᠡᠵᠤ᠂ ᠵᠠᠰᠠᠭ ᠤᠨ ᠶᠠᠪᠤᠳᠠᠯ ᠤᠨ ᠲᠤᠭ᠎ᠠ ᠪᠠᠷᠢᠮᠳᠠ ᠶᠢ ᠰᠠᠯᠠᠭ᠎ᠠ ᠮᠦᠴᠢᠷ ᠠᠯᠤᠰᠯᠠᠨ᠂ ᠤᠷᠤᠨ ᠪᠦᠰᠡ ᠠᠯᠤᠰᠯᠠᠨ ᠬᠠᠮᠳᠤ ᠪᠠᠷ ᠬᠠᠮᠠᠭᠠᠯᠠᠬᠤ ᠪᠠ ᠠᠰᠢᠬᠯᠠᠬᠤ ᠶᠢ ᠪᠠᠶᠠᠯᠡᠬᠦᠯᠵᠤ᠂ ᠲᠤᠬᠠᠢᠢᠯᠠᠬᠰᠡᠨ ᠠᠵᠢᠯ ᠢ ᠬᠠᠮᠵᠢᠯᠴᠠᠨ ᠬᠦᠢᠴᠡᠳᠭᠡᠬᠦ ᠶᠢ ᠠᠬᠢᠭᠤᠯᠵᠤ᠂ ︽ᠭᠡᠳᠦᠷᠡᠬᠦ ᠳᠡᠭᠡᠨ ᠨᠢᠭᠡ ᠤᠳᠠᠭ᠎ᠠ ᠬᠦᠶᠦᠯᠭᠡᠬᠦ︾ ᠦᠭᠡᠷᠡᠴᠢᠯᠡᠯᠳᠠ ᠶᠢ ᠬᠦᠨᠵᠡᠭᠡᠶᠢᠷᠠᠬᠦᠯᠵᠤ᠂ ᠠᠷᠠᠳ ᠤᠯᠠᠨ ᠳᠤ ᠨᠡᠩ ᠰᠠᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠨᠭ᠍ᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
  ᠰᠢ ᠶᠢᠨ ᠫᠢᠩ᠂ ᠭᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠢ ᠬᠦᠳᠦᠯᠤᠨ ᠲᠠᠭᠠᠭᠤᠯᠬᠤ ᠪᠠ ᠵᠢᠷᠤᠮᠵᠢᠭᠤᠯᠬᠤ ᠶᠢ ᠴᠢᠩᠭᠠᠳᠬᠠᠵᠤ᠂ ᠭᠡᠰᠡᠭ ᠪᠦᠯᠦᠭ ᠤᠨ ᠬᠡᠯᠬᠢᠶ᠎ᠡ ᠶᠢᠨ ᠠᠮᠤᠷ ᠲᠦᠪᠰᠢᠨ ᠤ ᠠᠶᠤᠯ ᠲᠦᠭᠰᠢᠬᠦᠷᠢ ᠶᠢᠨ ᠲᠤᠬᠠᠢ ᠰᠤᠳᠤᠯᠭᠠᠨ ᠪᠠ ᠵᠠᠳᠠᠯᠤᠯᠳᠠ ᠶᠢ ᠴᠢᠩᠭᠠᠳᠬᠠᠵᠤ᠂ ᠬᠦᠭᠵᠢᠯᠳᠠ ᠶᠢᠨ ᠪᠠᠶᠢᠳᠠᠯ ᠢ ᠨᠠᠷᠢᠨ ᠮᠦᠷᠳᠡᠵᠤ᠂ ᠬᠦᠭᠵᠢᠯᠳᠠ ᠶᠢᠨ ᠵᠢᠮ᠎ᠡ ᠶᠤᠰᠤ ᠶᠢ ᠨᠢ ᠢᠳᠡᠪᠬᠢᠳᠠᠢ ᠬᠠᠶᠢᠨ ᠰᠦᠪᠡᠭᠴᠢᠯᠡᠬᠦ ᠭᠡᠷᠡᠭᠳᠠᠢ᠃ ᠭᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠤᠨ ᠲᠤᠬᠳᠠᠴᠠ ᠳᠤ ᠲᠤᠬᠢᠷᠠᠬᠤ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮ ᠢ ᠬᠠᠶᠢᠨ ᠰᠦᠪᠡᠭᠴᠢᠯᠡᠨ ᠪᠦᠳᠦᠭᠡᠨ ᠪᠠᠶᠢᠭᠤᠯᠵᠤ᠂ ᠭᠡᠰᠡᠭ ᠪᠦᠯᠦᠭ ᠤᠨ ᠬᠡᠯᠬᠢᠶ᠎ᠡ ᠶᠢᠨ ᠨᠡᠭᠡᠭᠡᠭᠴᠢ᠂ ᠲᠠᠪᠴᠠᠩ ᠤᠨ ᠡᠵᠡᠩᠨᠡᠭᠴᠢ ᠶᠢᠨ ᠲᠤᠬᠠᠢᠢᠯᠠᠬᠰᠡᠨ ᠠᠵᠢᠯ ᠤᠨ ᠲᠠᠯ᠎ᠠ ᠪᠠᠷ ᠦᠪᠡᠷ ᠢ ᠪᠠᠨ ᠱᠠᠭᠠᠷᠳᠠᠬᠤ ᠶᠢ ᠴᠢᠩᠭᠠᠳᠬᠠᠬᠤ᠂ ᠠᠮᠤᠷ ᠲᠦᠪᠰᠢᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠨᠢ ᠬᠦᠳᠦᠯᠤᠨ ᠲᠠᠭᠠᠭᠤᠯᠵᠤ ᠠᠬᠢᠭᠤᠯᠬᠤ ᠭᠡᠷᠡᠭᠳᠠᠢ᠃ ᠬᠠᠤᠯᠢ ᠪᠠᠷ ᠰᠦᠯᠵᠢᠶ᠎ᠡ ᠶᠢ ᠵᠠᠰᠠᠬᠤ ᠶᠢ ᠭᠡᠰᠡᠭ ᠪᠦᠯᠦᠭ ᠤᠨ ᠬᠡᠯᠬᠢᠶ᠎ᠡ ᠶᠢᠨ ᠬᠠᠮᠢᠶᠠᠷᠤᠯᠳᠠ ᠲᠤᠮᠳᠠ ᠨᠠᠶᠢᠳᠠᠪᠤᠷᠢᠵᠢᠭᠤᠯᠵᠤ᠂ ᠭᠡᠰᠡᠭ ᠪᠦᠯᠦᠭ ᠤᠨ ᠬᠡᠯᠬᠢᠶ᠎ᠡ ᠶᠢᠨ ᠠᠮᠤᠷ ᠲᠦᠪᠰᠢᠨ ᠡᠮᠬᠢ ᠵᠢᠷᠤᠮ ᠲᠠᠢ ᠬᠦᠭᠵᠢᠬᠦ ᠶᠢ ᠠᠬᠢᠭᠤᠯᠬᠤ ᠭᠡᠷᠡᠭᠳᠠᠢ ᠭᠡᠵᠤ ᠴᠢᠬᠤᠯᠠᠴᠢᠯᠠᠪᠠ᠃
  ᠰᠢ ᠶᠢᠨ ᠫᠢᠩ᠂ ᠬᠤᠯᠪᠤᠬᠳᠠᠯ ᠪᠦᠬᠦᠢ ᠰᠠᠯᠠᠭ᠎ᠠ ᠮᠦᠴᠢᠷ ᠵᠢᠴᠢ ᠲᠡᠭᠦᠨ ᠤ ᠬᠠᠷᠢᠭᠤᠴᠠᠵᠤ ᠪᠠᠶᠢᠭ᠎ᠠ ᠤᠳᠤᠷᠢᠳᠬᠤ ᠨᠦᠬᠦᠳ ᠭᠡᠰᠡᠭ ᠪᠦᠯᠦᠭ ᠤᠨ ᠬᠡᠯᠬᠢᠶ᠎ᠡ ᠶᠢᠨ ᠮᠡᠷᠭᠡᠵᠢᠯ ᠤᠨ ᠬᠦᠭᠵᠢᠯᠳᠠ ᠶᠢᠨ ᠤᠳᠤᠬᠢ ᠪᠠᠶᠢᠳᠠᠯ ᠪᠤᠯᠤᠨ ᠬᠠᠨᠳᠤᠰᠢ ᠶᠢ ᠠᠩᠬᠠᠷᠴᠤ᠂ ᠬᠡᠰᠡᠭ ᠪᠦᠯᠦᠭ ᠤᠨ ᠭᠡᠯᠬᠢᠶ᠎ᠡ ᠶᠢᠨ ᠮᠡᠷᠭᠡᠵᠢᠯ ᠢ ᠭᠡᠷᠡᠭᠯᠡᠬᠦ ᠪᠡ ᠬᠠᠮᠢᠶᠠᠷᠬᠤ ᠴᠢᠳᠠᠪᠤᠷᠢ ᠪᠠᠨ ᠲᠡᠭᠡᠭᠰᠢᠯᠡᠬᠦᠯᠵᠤ᠂ ᠭᠡᠰᠡᠭ ᠪᠦᠯᠦᠭ ᠤᠨ ᠭᠡᠯᠬᠢᠶ᠎ᠡ ᠶᠢᠨ ᠮᠡᠷᠭᠡᠵᠢᠯ ᠢ ᠰᠦᠯᠵᠢᠶᠠᠨ ᠤ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ᠂ ᠲᠤᠭᠠᠴᠢᠯᠠᠬᠰᠡᠨ ᠠᠵᠤ ᠠᠬᠤᠢ ᠶᠢ ᠬᠦᠭᠵᠢᠬᠦᠯᠬᠦ᠂ ᠠᠵᠤ ᠠᠬᠤᠢ ᠨᠡᠶᠢᠭᠡᠮ ᠤᠨ ᠬᠦᠭᠵᠢᠯᠳᠠ ᠳᠤ ᠬᠦᠴᠤ ᠨᠠᠮᠠᠷᠢᠯᠡᠬᠦ ᠵᠡᠷᠭᠡ ᠲᠠᠯ᠎ᠡ ᠪᠠᠷ ᠨᠡᠩ ᠶᠡᠭᠡ ᠦᠢᠯᠡᠳᠦᠯ ᠪᠠᠳᠠᠷᠠᠭᠤᠯᠬᠤ ᠪᠤᠯᠭᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃



  
     
     