-
2085198
︽ᠦᠪᠤᠷ ᠮᠤᠩᠭᠤᠯ ᠤᠨ ᠦᠨᠤᠷ ᠠᠮᠳᠠ︾ ᠶᠢ ᠭᠠᠶᠢᠬᠠᠭᠤᠯᠤᠭᠰᠠᠨ ᠵᠢᠵᠢᠭᠬᠡᠨ ᠭᠠᠴᠠᠭ᠎ᠠ
2019-11-20 20:49
270
0
ᠰᠧᠯᠢᠩ ᠤᠨ ᠲᠤᠪᠤ ᠭᠡᠭᠴᠢ ᠬᠤᠷᠴᠢᠨ ᠵᠡᠭᠦᠨ ᠭᠠᠷᠤᠨ ᠲᠤᠮᠳᠠᠳᠤ ᠬᠤᠰᠢᠭᠤᠨ ᠤ ᠵᠠᠮᠳᠤ ᠪᠠᠯᠭᠠᠰᠤ ᠶᠢᠨ ᠨᠢᠬᠡᠨ ᠵᠢᠵᠢᠭᠭᠡᠨ ᠭᠠᠴᠠᠭ᠎ᠠ ᠶᠤᠮᠰᠠᠨ᠃ 2019 ᠦᠪᠦᠷ ᠮᠤᠩᠭᠤᠯ ᠤᠨ ᠦᠨᠦᠷ ᠠᠮᠳᠠ — ᠦᠪᠦᠷ ᠮᠤᠩᠭᠤᠯ ᠤᠨ ᠪᠤᠬᠢᠷᠳᠤᠯ ᠦᠭᠡᠢ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠤ ᠭᠤᠸᠠᠩᠵᠸᠦ ᠳᠠᠬᠢ ᠦᠵᠡᠭᠦᠯᠭᠡ ᠰᠤᠯᠢᠯᠴᠠᠭᠠᠨ ᠤ ᠬᠤᠷᠠᠯ ᠤᠨ ᠬᠤᠭᠤᠴᠠᠭᠠᠨ ᠳᠤ᠂ ᠲᠤᠰ ᠭᠠᠴᠠᠭᠠᠨ ᠤ ᠶᠢᠨ ᠤᠪᠤᠭᠳᠤ ᠶᠢᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠠᠪᠴᠢᠷᠠᠭᠰᠠᠨ ᠰᠠᠭᠠᠭ ᠤᠨ ᠭᠤᠯᠢᠷ᠂ ᠪᠤᠭᠤᠳᠠᠢ ᠶᠢᠨ ᠭᠤᠯᠢᠷ᠂ ᠨᠠᠷᠢᠮᠤ ᠪᠠ ᠪᠤᠷᠴᠠᠭ ᠵᠡᠷᠭᠡ ᠪᠤᠬᠢᠷᠳᠤᠯ ᠦᠭᠡᠢ ᠲᠠᠷᠢᠶᠠᠯᠠᠩ ᠤᠨ ᠪᠦᠳᠦᠬᠡᠭᠳᠡᠬᠦᠨ ᠨᠢ ᠭᠤᠸᠠᠩᠵᠸᠦ ᠬᠤᠳᠠ ᠶᠢᠨ ᠬᠡᠷᠡᠭᠯᠡᠭᠴᠢᠳ ᠲᠤ ᠳᠠᠭᠠᠰᠢᠶᠠᠭᠳᠠᠵᠦ᠂ ᠬᠤᠶᠠᠷᠬᠠᠨ ᠡᠳᠤᠷ ᠲᠤ ᠠᠪᠴᠢᠷᠠᠭᠰᠠᠨ ᠭᠤᠯᠢᠷ ᠢᠶᠠᠨ ᠪᠦᠬᠦᠨ ᠢ ᠪᠤᠷᠤᠯᠠᠭᠤᠯᠵᠤ ᠲᠠᠭᠤᠰᠬᠠᠯ᠎ᠠ᠃
2 ᠺᠢᠯᠤᠭ᠍ᠷᠠᠮ ᠤᠨ ᠪᠤᠭᠤᠳᠠᠯ ᠲᠠᠢ ᠨᠢ 58 ᠲᠦᠭᠦᠷᠢᠭ᠂ 5 ᠺᠢᠯᠤᠭ᠍ᠷᠠᠮ ᠤᠨ ᠪᠤᠭᠤᠳᠠᠯ ᠲᠠᠢ ᠨᠢ 130 ᠲᠦᠭᠦᠷᠢᠭ ᠁ ᠵᠢᠵᠢᠭ ᠵᠢᠵᠢᠭ ᠪᠤᠭᠤᠳᠠᠯ ᠲᠠᠢ ᠭᠤᠯᠢᠷ ᠨᠢ ᠪᠤᠬᠢᠷᠳᠤᠯ ᠦᠭᠡᠢ᠂ ᠠᠮᠳᠠ ᠰᠢᠮ᠎ᠠ ᠰᠠᠶᠢᠳᠠᠢ ᠪᠠᠷ ᠢᠶᠠᠨ ᠤᠨᠴᠠᠯᠢᠭᠳᠠᠵᠤ᠂ ᠬᠦᠭᠵᠢᠭᠰᠡᠨ ᠬᠤᠳᠠ ᠶᠢᠨ ᠬᠡᠷᠡᠭᠯᠡᠭᠴᠢᠳ ᠤᠨ ᠬᠡᠷᠡᠭᠴᠡᠭᠡ ᠱᠠᠭᠠᠷᠳᠠᠯᠭ᠎ᠠ ᠳᠤ ᠮᠠᠰᠢ ᠰᠠᠶᠢᠬᠠᠨ ᠲᠤᠬᠢᠷᠠᠵᠠᠢ᠃ ᠶᠢᠨ ᠤᠪᠤᠭᠳᠤ ᠶᠢᠨ ᠲᠠᠷᠢᠮᠠᠯ ᠤᠨ ᠲᠤᠰᠬᠠᠢ ᠬᠤᠷᠰᠢᠶ᠎ᠠ ᠨᠢᠳᠤᠨᠤᠨ ᠠᠩᠬ᠎ᠠ ᠤᠳᠠᠭ᠎ᠠ ᠦᠪᠡᠷ ᠤᠨ ᠲᠠᠷᠢᠭᠰᠠᠨ ᠪᠤᠳᠠᠭ᠎ᠠ ᠭᠤᠯᠢᠷ ᠵᠡᠷᠭᠡ ᠪᠤᠬᠢᠷᠳᠤᠯ ᠦᠭᠡᠢ ᠲᠠᠷᠢᠶᠠᠯᠠᠩ ᠤᠨ ᠪᠦᠳᠦᠭᠡᠭᠳᠡᠭᠦᠨ ᠢᠶᠠᠨ ᠭᠤᠸᠠᠩᠵᠸᠦ ᠳᠤ ᠲᠡᠯᠭᠡᠨ ᠪᠤᠷᠤᠯᠠᠭᠤᠯᠤᠭᠰᠠᠨ ᠶᠤᠮ᠃ ᠲᠡᠷᠡ ᠤᠳᠠᠭ᠎ᠠ ᠳᠤ ᠨᠢᠭᠡᠨ ᠬᠤᠪᠢ ᠶᠢᠨ ᠺᠤᠮᠫᠠᠨᠢ ᠪᠤᠭᠤᠳᠠᠢ ᠶᠢᠨ ᠭᠤᠯᠢᠷ ᠢ ᠨᠢ ᠲᠤᠭᠤᠵᠤ᠂ ᠰᠡᠭᠦᠯᠡᠷ ᠨᠢ ᠲᠤᠰᠬᠠᠶᠢᠯᠠᠨ ᠲᠠᠷᠢᠶᠠᠨ ᠦᠵᠦᠭᠦᠷ ᠲᠤᠨᠢ ᠬᠦᠷᠴᠦ ᠪᠠᠶᠢᠴᠠᠭᠠᠨ ᠰᠤᠳᠤᠯᠬᠤ ᠪᠠᠷ ᠲᠠᠮᠵᠢᠨ ᠠᠩᠬ᠎ᠠ ᠠᠯᠬᠤᠮ 30 ᠲᠦᠮᠡᠨ ᠲᠦᠭᠦᠷᠢᠭ ᠤᠨ ᠪᠤᠭᠤᠳᠠᠢ ᠶᠢᠨ ᠭᠤᠯᠢᠷ ᠤᠨ ᠵᠠᠬᠢᠶᠠᠯᠠᠭ᠎ᠠ ᠶᠢᠨ ᠭᠡᠷ᠎ᠠ ᠲᠤᠭᠳᠠᠭᠰᠠᠨ ᠠᠵᠢ᠃ ᠡᠨᠡ ᠵᠢᠯ ᠤᠨ 9 ᠰᠠᠷ᠎ᠠ ᠶᠢᠨ ᠱᠠᠩᠬᠠᠢ ᠳᠤ ᠶᠠᠪᠤᠭᠳᠠᠭᠰᠠᠨ ᠦᠵᠡᠭᠦᠯᠭᠡ ᠰᠤᠯᠢᠯᠴᠠᠭᠠᠨ ᠤ ᠬᠤᠷᠠᠯ ᠤᠨ ᠬᠤᠭᠤᠴᠠᠭᠠᠨ ᠳᠤ᠂ ᠠᠨᠾᠦ᠋ᠢ ᠠᠴᠠ ᠢᠷᠡᠭᠰᠡᠨ ᠨᠢᠭᠡᠨ ᠬᠡᠷᠡᠭᠯᠡᠭᠴᠢ ᠨᠠᠰᠤᠳᠠᠶᠢᠴᠤᠳ ᠤᠨ ᠡᠷᠡᠭᠦᠯ ᠮᠡᠨᠳᠦ ᠢᠳᠡᠭᠡᠨ ᠤ ᠬᠡᠷᠡᠭᠴᠡᠭᠡ ᠱᠠᠭᠠᠷᠳᠠᠯᠭ᠎ᠠ ᠳᠤ ᠵᠤᠬᠢᠴᠠᠭᠤᠯᠤᠨ 8 ᠺᠢᠯᠤᠭ᠍ᠷᠠᠮ ᠤᠨ 8000 ᠬᠠᠶᠢᠷᠴᠠᠭ ᠰᠠᠭᠠᠭ ᠤᠨ ᠭᠤᠯᠢᠷ ᠢ ᠨᠢ ᠵᠠᠬᠢᠶᠠᠯᠠᠵᠤ᠂ ᠦᠷᠳᠡᠭ ᠨᠢ 40 ᠲᠦᠮᠡᠨ ᠲᠦᠭᠦᠷᠢᠭ ᠢ ᠲᠠᠪᠠᠪᠠ᠃ ᠲᠤᠰ ᠤᠳᠠᠭ᠎ᠠ ᠶᠢᠨ ᠦᠵᠡᠭᠦᠯᠭᠡ ᠰᠤᠯᠢᠯᠴᠠᠭᠠᠨ ᠤ ᠬᠤᠷᠠᠯ ᠤᠨ ᠬᠤᠭᠤᠴᠠᠭᠠᠨ ᠳᠤ ᠪᠠᠰᠠ ᠨᠢᠭᠡᠨ ᠡᠯᠧᠺᠲᠷᠣᠨ ᠬᠤᠳᠠᠯᠳᠤᠭᠠᠨ ᠤ ᠲᠠᠪᠴᠠᠩ ᠲᠠᠢ ᠬᠠᠮᠳᠤᠷᠠᠨ ᠠᠵᠢᠯᠯᠠᠬᠤ ᠬᠡᠯᠡᠯᠴᠡᠭᠡᠷ ᠲᠤᠭᠳᠠᠭᠠᠳ ᠪᠤᠢ ᠁ ︽ᠤᠳᠠᠭ᠎ᠠ ᠪᠤᠯᠭᠠᠨ ᠤ ᠦᠵᠡᠭᠦᠯᠭᠡ ᠰᠤᠯᠢᠯᠴᠠᠭᠠᠨ ᠤ ᠬᠤᠷᠠᠯ ᠠᠴᠠ ᠭᠠᠨᠵᠤᠭ᠎ᠠ ᠲᠦᠭᠦᠷᠡᠩ ᠪᠤᠴᠠᠳᠠᠬ ᠪᠤᠯᠤᠯ᠎ᠠ᠂ ᠬᠦᠳᠡᠭᠡ ᠲᠤᠰᠬᠤᠨ ᠳᠤ ᠪᠠᠶᠢᠭ᠎ᠠ ᠪᠢᠳᠡᠨ ᠢ ᠬᠦᠭᠵᠢᠭᠰᠡᠨ ᠬᠤᠳᠠ ᠶᠢᠨ ᠬᠡᠷᠡᠭᠯᠡᠭᠴᠢᠳ ᠲᠠᠢ ᠵᠤᠯᠭᠠᠭᠤᠯᠤᠭᠰᠠᠨ ᠡᠶᠢᠮᠦ ᠲᠠᠪᠴᠠᠩ ᠨᠡᠩ ᠤᠯᠠᠨ ᠪᠠᠶᠢᠭᠠᠰᠠᠢ︾ ᠭᠡᠵᠦ ᠠᠬᠤᠢ ᠲᠠᠯᠠᠪᠠᠢ ᠳᠤ ᠪᠤᠷᠤᠯᠠᠭᠤᠯᠭ᠎ᠠ ᠬᠢᠵᠦ ᠪᠠᠶᠢᠭᠰᠠᠨ ᠶᠢᠨ ᠤᠪᠤᠭᠳᠤ ᠶᠢᠨ ᠲᠠᠷᠢᠮᠠᠯ ᠤᠨ ᠲᠤᠰᠬᠠᠢ ᠬᠤᠷᠰᠢᠶ᠎ᠠ ᠶᠢᠨ ᠬᠠᠷᠢᠭᠤᠴᠠᠯᠭᠠᠳᠠᠨ ᠶᠢᠨ ᠯᠢᠶᠠᠨ ᠠᠬᠢᠨ ᠲᠠᠬᠢᠨ ᠶᠠᠷᠢᠵᠤ ᠪᠠᠶᠢᠯ᠎ᠠ᠃
2016 ᠤᠨ ᠤ 4 ᠰᠠᠷ᠎ᠠ ᠳᠤ ᠪᠠᠶᠢᠭᠤᠯᠤᠭᠳᠠᠭᠰᠠᠨ ᠶᠢᠨ ᠤᠪᠤᠭᠳᠤ ᠶᠢᠨ ᠲᠠᠷᠢᠮᠠᠯ ᠤᠨ ᠲᠤᠰᠬᠠᠢ ᠬᠤᠷᠰᠢᠶ᠎ᠠ ᠨᠢ ᠤᠷᠤᠨ ᠨᠤᠳᠤᠭ ᠤᠨ ᠲᠠᠪᠠᠭᠤᠯᠢᠭ ᠲᠠᠭᠠᠨ ᠲᠦᠰᠢᠭᠯᠡᠨ ︽ᠬᠤᠷᠰᠢᠶ᠎ᠠ + ᠰᠠᠭᠤᠷᠢᠨ + ᠲᠠᠷᠢᠶᠠᠯᠠᠬᠤ ᠡᠷᠦᠭᠡ︾ ᠶᠢᠨ ᠠᠷᠭ᠎ᠠ ᠬᠡᠯᠪᠡᠷᠢ ᠪᠠᠷ ᠲᠠᠷᠠᠬᠠᠢ ᠪᠤᠳᠠᠷᠬᠠᠢ ᠲᠠᠷᠢᠶᠠᠯᠠᠬᠤ ᠡᠷᠦᠭᠡ ᠶᠢ ᠵᠤᠬᠢᠶᠠᠨ ᠪᠠᠶᠢᠭᠤᠯᠵᠤ᠂ ᠲᠠᠷᠢᠵᠤ ᠠᠷᠠᠴᠢᠯᠠᠬᠤ ᠠᠴᠠ ᠡᠬᠢᠯᠡᠨ ᠮᠡᠷᠭᠡᠵᠢᠯ ᠤᠨ ᠵᠢᠯᠤᠭᠤᠳᠤᠯᠭ᠎ᠠ ᠬᠠᠩᠭᠠᠬᠤ᠂ ᠬᠤᠷᠢᠶᠠᠬᠤ ᠡᠳ᠋ᠰᠢᠬᠦᠯᠬᠦ ᠬᠦᠷᠳᠡᠯ᠎ᠠ ᠪᠦᠬᠦ ᠶᠠᠪᠤᠴᠠ ᠶᠢ ᠨᠢᠬᠡᠳᠦᠯᠳᠡᠢ ᠪᠤᠯᠭᠠᠭᠰᠠᠨ ᠪᠦᠬᠡᠳ ︽ᠰᠧᠯᠢᠩ ᠤᠨ ᠲᠤᠪᠤ︾ ᠲᠡᠮᠳᠡᠭᠳᠦ ᠪᠤᠭᠤᠳᠠᠢ ᠶᠢᠨ ᠭᠤᠯᠢᠷ ᠨᠢ 2017 ᠤᠨ ᠳᠤ ᠪᠤᠬᠢᠷᠳᠤᠯ ᠦᠭᠡᠢ ᠢᠳᠡᠭᠡᠨ ᠤ ᠭᠡᠷᠡᠴᠢᠯᠡᠯ ᠢ ᠤᠯᠤᠭᠰᠠᠨ ᠪᠠᠶᠢᠨ᠎ᠠ᠃ 2018 ᠤᠨ ᠳᠤ ᠲᠤᠰ ᠬᠤᠷᠰᠢᠶ᠎ᠠ ᠶᠢᠨ ᠪᠦᠳᠦᠭᠡᠭᠳᠡᠭᠦᠨ ᠤ ᠪᠤᠷᠤᠯᠠᠭᠤᠯᠭ᠎ᠠ 230 ᠲᠦᠮᠡᠨ ᠲᠦᠭᠦᠷᠢᠭ ᠢ ᠲᠠᠪᠠᠵᠤ᠂ ᠡᠨᠡ ᠵᠢᠯ 1500 ᠮᠦ ᠪᠤᠬᠢᠷᠳᠤᠯ ᠦᠭᠡᠢ ᠪᠤᠭᠤᠳᠠᠢ ᠲᠠᠷᠢᠵᠤ ᠡᠯᠪᠡᠭ ᠬᠤᠷᠢᠶᠠᠯᠳᠠ ᠤᠯᠤᠭᠰᠠᠨ ᠪᠦᠬᠡᠳ ᠬᠦᠷᠰᠢ ᠵᠡᠷᠭᠡᠯᠡᠳᠡᠭᠡ 5 ᠲᠤᠰᠬᠤᠨ ᠢ ᠲᠠᠶᠢᠴᠢᠯᠠᠨ 8000 ᠭᠠᠷᠤᠢ ᠮᠦ ᠲᠠᠷᠢᠶᠠᠨ ᠭᠠᠵᠠᠷ ᠲᠤ ᠲᠠᠷᠢᠮᠠᠯ ᠤᠨ ᠪᠦᠳᠦᠴᠡ ᠶᠢᠨ ᠲᠤᠬᠢᠷᠠᠭᠤᠯᠤᠯᠳᠠ ᠬᠢᠯᠬᠡᠵᠠᠢ᠃ ᠶᠢᠨ ᠤᠪᠤᠭᠳᠤ ᠶᠢᠨ ᠲᠠᠷᠢᠮᠠᠯ ᠤᠨ ᠲᠤᠰᠬᠠᠢ ᠬᠤᠷᠰᠢᠶ᠎ᠠ ᠪᠠᠶᠢᠭᠤᠯᠤᠭᠳᠠᠭᠰᠠᠨ ᠲᠠᠪᠤᠨ ᠵᠢᠯ ᠤᠨ ᠲᠤᠷᠰᠢ᠂ ᠬᠠᠵᠠᠭᠤ ᠬᠠᠪᠢ ᠶᠢᠨ 450 ᠭᠠᠷᠤᠢ ᠲᠠᠷᠢᠶᠠᠯᠠᠬᠤ ᠡᠷᠦᠭᠡ ᠶᠢ ᠲᠠᠶᠢᠴᠢᠯᠠᠭᠰᠠᠨ ᠢᠶᠠᠷ ᠪᠠᠷᠠᠬᠤ ᠦᠭᠡᠢ 90 ᠭᠠᠷᠤᠢ ᠶᠠᠳᠠᠭᠤ ᠬᠦᠴᠢᠷᠳᠡᠯᠳᠡᠢ ᠡᠷᠦᠭᠡ ᠶᠢ ᠲᠠᠶᠢᠴᠢᠯᠠᠨ ᠶᠠᠳᠠᠭᠤ ᠠᠴᠠ ᠨᠢ ᠠᠩᠬᠢᠵᠢᠷᠠᠭᠤᠯᠤᠭᠰᠠᠨ ᠪᠠᠶᠢᠨ᠎ᠠ᠃ ᠵᠣᠬᠢᠶᠠᠭᠴᠢ᠄ ᠪᠣᠣ ᠨᠠᠷᠠᠨᠲᠣᠶᠠᠭᠠ