-
2142342
ᠮᠠᠨ ᠤ ᠣᠷᠣᠨ ᠭᠡᠷᠡᠯ ᠴᠠᠬᠢᠯᠭᠠᠨ ᠤ ᠲᠤᠭᠠᠴᠢᠯᠠᠭᠰᠠᠨ ᠬᠡᠮᠵᠢᠭᠦᠷ ᠢᠶᠠᠷ ᠨᠠᠷᠠᠨ ᠤ ᠲᠤᠰᠤᠯᠳᠡ ᠶᠢ ᠬᠡᠮᠵᠢᠬᠦ ᠪᠤᠯᠤᠯ᠎ᠠ
2019-07-11 20:31
467
0
ᠮᠠᠨ ᠤ ᠣᠷᠣᠨ ᠤ 119 ᠴᠠᠭ ᠠᠭᠤᠷ ᠤᠨ ᠥᠷᠲᠡᠭᠡ ᠤᠤᠯ ᠤᠨ ᠴᠢᠶᠣᠤ ᠳᠠᠩ ᠨᠡᠷᠡᠨ ᠤ ᠲᠤᠰᠤᠯᠲᠠ ᠶᠢᠨ ᠬᠡᠮᠵᠢᠭᠦᠷ ᠢ ᠬᠡᠷᠡᠭᠯᠡᠬᠦ ᠪᠠᠨ ᠪᠣᠯᠢᠵᠤ᠂ 7 ᠰᠠᠷ᠎ᠠ ᠶᠢᠨ 1 ᠤ ᠡᠳᠦᠷ ᠠᠴᠠ DFC2 ᠭᠡᠷᠡᠯ ᠴᠠᠬᠢᠯᠭᠠᠨ ᠤ ᠲᠤᠭᠠᠴᠢᠯᠠᠭᠰᠠᠨ ᠨᠡᠷᠡᠨ ᠤ ᠲᠤᠰᠤᠯᠲᠠ ᠶᠢᠨ ᠬᠡᠮᠵᠢᠭᠦᠷ ᠢ ᠨᠢᠬᠡᠳᠤᠯᠳᠠᠢ ᠬᠡᠷᠡᠭᠯᠡᠵᠤ ᠡᠬᠢᠯᠡᠪᠡ᠃ ᠡᠨᠡ ᠨᠢ ᠮᠠᠨ ᠤ ᠣᠷᠣᠨ ᠤ ᠴᠠᠭ ᠠᠭᠤᠷ ᠤᠨ ᠥᠷᠲᠡᠭᠡ ᠶᠢᠨ ᠬᠥᠮᠦᠨ ᠤ ᠬᠦᠴᠦ ᠪᠠᠷ ᠨᠡᠷᠡᠨ ᠤ ᠲᠤᠰᠤᠯᠲᠠ ᠶᠢ ᠠᠵᠢᠬᠯᠠᠠ ᠬᠡᠮᠵᠢᠵᠦ ᠪᠠᠶᠢᠬᠰᠠᠨ ᠶᠠᠪᠤᠳᠠᠯ ᠲᠡᠤᠬᠡ ᠪᠤᠯᠤᠨ ᠡᠴᠤᠰᠯᠡᠭᠰᠡᠨ ᠢ ᠬᠠᠷᠠᠭᠤᠯᠵᠤ ᠪᠤᠢ᠃
ᠨᠡᠷᠡᠨ ᠤ ᠲᠤᠰᠤᠯᠲᠠ ᠶᠢᠨ ᠠᠦ᠋ᠲ᠋ᠤᠴᠢᠯᠠᠭᠰᠠᠨ ᠬᠢᠨᠡᠨ ᠬᠡᠮᠵᠢᠯᠳᠡ ᠨᠢ ᠠᠭᠤᠷ ᠠᠮᠢᠰᠬᠤᠯ ᠤᠨ ᠪᠠᠶᠢᠳᠠᠯ ᠢ ᠨᠡᠩ ᠨᠠᠷᠢᠯᠢᠭ ᠮᠦᠷᠳᠡᠬᠡᠨ ᠤᠨᠤᠪᠴᠢᠳᠠᠢ ᠡᠵᠡᠮᠳᠡᠵᠤ᠂ ᠲᠠᠷᠢᠶᠠᠯᠠᠩ ᠤᠶᠢᠯᠡᠳᠪᠤᠷᠢᠯᠡᠯ ᠪᠠ ᠠᠭᠤᠷ ᠠᠮᠢᠰᠬᠤᠯ ᠤᠨ ᠡᠬᠢ ᠪᠠᠶᠠᠯᠢᠭ ᠢ ᠨᠡᠭᠡᠭᠡᠨ ᠬᠦᠭᠵᠢᠬᠦᠯᠬᠦ ᠳᠤ ᠴᠢᠬᠤᠯᠠ ᠠᠴᠢ ᠬᠤᠯᠪᠣᠭᠳᠠᠯ ᠲᠠᠢ᠃ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠲᠣᠪᠴᠢᠶ᠎ᠠ ᠶᠢᠨ ᠠᠵᠢᠬᠯᠠᠯᠳᠠ ᠪᠠ ᠰᠦᠯᠵᠢᠶᠡᠨ ᠤ ᠭᠠᠵᠠᠷ ᠤᠨ ᠳᠡᠳ᠋ ᠳᠠᠷᠤᠭ᠎ᠠ ᠺᠠᠩ ᠯᠢ ᠶᠢᠨ ᠲᠠᠨᠢᠯᠴᠠᠭᠤᠯᠤᠭᠰᠠᠨ ᠢᠶᠠᠷ᠂ DFC2 ᠭᠡᠷᠡᠯ ᠴᠠᠬᠢᠯᠭᠠᠨ ᠤ ᠲᠤᠭᠠᠴᠢᠯᠠᠭᠰᠠᠨ ᠨᠡᠷᠡᠨ ᠤ ᠲᠤᠰᠤᠯᠲᠠ ᠶᠢᠨ ᠬᠡᠮᠵᠢᠭᠦᠷ ᠨᠢ ᠣᠨᠣᠪᠴᠢ ᠶᠢᠨ ᠬᠡᠮᠵᠢᠶ᠎ᠠ ᠪᠠᠷ ᠦᠨᠳᠤᠷ᠂ ᠬᠤᠷᠣᠭᠳᠠᠭᠤᠯᠤᠯ ᠢᠶᠠᠷ ᠪᠠᠭ᠎ᠠ ᠵᠡᠷᠭᠡ ᠣᠨᠴᠠᠯᠢᠭ ᠲᠠᠢ ᠪᠠᠶᠢᠵᠤ᠂ ᠶᠡᠷᠦᠩᠬᠡᠶ ᠰᠠᠴᠤᠷᠠᠭ ᠢ ᠬᠡᠮᠵᠢᠬᠦ ᠪᠠ ᠰᠠᠳᠠᠷᠠᠯᠲᠠ ᠶᠢᠨ ᠰᠠᠴᠤᠷᠠᠭ ᠤᠨ ᠵᠥᠷᠢᠶᠡᠲᠦ ᠬᠡᠮᠵᠢᠭᠳᠡᠯ ᠤᠨ ᠤᠭ ᠶᠣᠰᠣ ᠪᠠᠷ ᠳᠠᠮᠵᠢᠨ ᠨᠡᠷᠡᠨ ᠤ ᠲᠤᠰᠤᠯᠲᠠ ᠶᠢᠨ ᠴᠠᠭ ᠢ ᠨᠡᠩ ᠣᠨᠣᠪᠴᠢᠲᠠᠶ ᠬᠡᠮᠵᠢᠵᠦ᠂ ᠲᠤᠭ᠎ᠠ ᠪᠠᠷᠢᠮᠲᠠ ᠴᠤᠭᠯᠠᠭᠤᠯᠬᠤ᠂ ᠲᠤᠭ᠎ᠠ ᠪᠠᠷᠢᠮᠲᠠ ᠶᠢ ᠰᠢᠢᠳᠪᠤᠷᠢᠯᠡᠬᠦ ᠪᠠ ᠨᠡᠷᠡᠨ ᠤ ᠲᠤᠰᠤᠯᠲᠠ ᠶᠢᠨ ᠬᠦᠴᠦᠳᠡᠯ ᠢ ᠦᠷᠭᠦᠯᠵᠢᠯᠡᠨ ᠠᠵᠢᠬᠯᠠᠨ ᠬᠡᠮᠵᠢᠬᠦ ᠴᠢᠳᠠᠪᠤᠷᠢ ᠶᠢ ᠪᠦᠬᠦ ᠲᠠᠯ᠎ᠠ ᠪᠠᠷ ᠪᠠᠳᠠᠷᠠᠭᠤᠯᠵᠤ᠂ ᠬᠥᠮᠦᠨ ᠤ ᠬᠦᠴᠦ ᠪᠠᠷ ᠠᠵᠢᠬᠯᠠᠨ ᠬᠡᠮᠵᠢᠬᠦ ᠪᠤᠳᠤᠯᠢᠶᠠᠨᠲᠠᠶ ᠶᠠᠪᠤᠴᠠ ᠪᠠ ᠠᠯᠳᠠᠪᠤᠷᠢ ᠠᠴᠠ ᠵᠠᠶᠢᠯᠠᠰᠬᠢᠵᠤ ᠴᠢᠳᠠᠵᠠᠢ᠃ ᠵᠣᠬᠢᠶᠠᠭᠴᠢ᠄ ᠰᠠᠷᠭᠠᠢ