-
2076355
ᠦᠪᠤᠷ ᠮᠤᠩᠭᠤᠯ ᠤᠨ ᠡᠳᠤᠷ ᠤᠨ ᠰᠤᠨᠢᠨ ᠤ ᠰᠢᠭᠦᠮᠵᠢᠯᠡᠭᠴᠢ
2019-11-17 17:40
228
0
︽ᠳᠤᠮᠳᠠᠳᠤ ᠤᠯᠤᠰ ᠤᠨ ᠵᠠᠰᠠᠯᠳᠠ︾ ᠳᠤ ᠦᠪᠦᠷ ᠮᠤᠩᠭᠤᠯ ᠤᠨ ᠬᠦᠴᠦᠨ ᠢᠶᠠᠨ ᠨᠡᠮᠡᠷᠢᠯᠡᠰᠦᠭᠡᠢ — ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ
ᠦᠪᠤᠷ ᠮᠤᠩᠭᠤᠯ ᠤᠨ ᠡᠳᠤᠷ ᠤᠨ ᠰᠤᠨᠢᠨ ᠤ ᠰᠢᠭᠦᠮᠵᠢᠯᠡᠭᠴᠢ
ᠪᠠᠶᠢᠭᠤᠯᠤᠯ ᠤᠨ ᠠᠮᠢ ᠨᠠᠰᠤ ᠬᠡᠷᠡᠭᠵᠢᠭᠦᠯᠦᠭᠳᠡᠬᠦ ᠪᠠᠷ ᠳᠠᠮᠵᠢᠨ ᠮᠦᠩᠬᠡᠷᠡᠨᠠ᠂ ᠪᠠᠶᠢᠭᠤᠯᠤᠯ ᠤᠨ ᠬᠦᠴᠦᠨ ᠴᠢᠳᠠᠯ ᠨᠠᠶᠢᠳᠠᠪᠤᠷᠢᠵᠢᠭᠳᠠᠬᠤ ᠪᠠᠷ ᠳᠠᠮᠵᠢᠨ ᠡᠷᠴᠢᠮᠵᠢᠨᠠ᠃
ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠳᠦᠷᠪᠡᠳᠦᠭᠡᠷ ᠪᠦᠭᠦᠳᠡ ᠬᠤᠷᠠᠯ ᠠᠴᠠ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠲᠤᠬᠠᠢ ᠪᠦᠬᠦ ᠲᠠᠯ᠎ᠠ ᠪᠠᠷ ᠪᠠᠶᠢᠷᠢᠯᠠᠭᠤᠯᠤᠯᠳᠠ ᠬᠢᠵᠠᠢ᠃ ᠪᠢᠳᠡ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠪᠦᠭᠦᠳᠡ ᠬᠤᠷᠠᠯ ᠤᠨ ᠵᠤᠷᠢᠭ ᠰᠠᠨᠠᠭ᠎ᠠ ᠲᠠᠢ ᠨᠢᠭᠡᠳᠭᠡᠵᠤ᠂ ᠰᠠᠨᠠᠭᠠᠴᠢᠯᠠᠭ᠎ᠠ ᠠᠴᠠ ᠪᠠᠨ ᠠᠵᠢᠯᠯᠠᠵᠤ᠂ ᠭᠠᠪᠰᠢᠭᠠᠢᠢᠯᠠᠨ ᠤᠷᠤᠭᠰᠢᠯᠠᠵᠤ᠂ ᠡᠯ᠎ᠠ ᠲᠠᠯ᠎ᠠ ᠶᠢᠨ ᠪᠠᠶᠢᠭᠤᠯᠤᠯ ᠤᠨ ᠳᠠᠪᠠᠭᠤᠯᠢᠭ ᠢ ᠵᠠᠰᠠᠯᠳᠠ ᠶᠢᠨ ᠦᠷ᠎ᠠ ᠪᠦᠲᠦᠮᠵᠢ ᠪᠤᠯᠭᠠᠨ ᠬᠤᠪᠢᠷᠠᠭᠤᠯᠵᠤ᠂ ︽ᠳᠤᠮᠳᠠᠳᠤ ᠤᠯᠤᠰ ᠤᠨ ᠵᠠᠰᠠᠯᠳᠠ︾ ᠳᠤ ᠦᠪᠦᠷ ᠮᠤᠩᠭᠤᠯ ᠤᠨ ᠬᠦᠴᠦᠨ ᠢᠶᠠᠨ ᠨᠡᠮᠡᠷᠢᠯᠡᠬᠦ ᠬᠡᠷᠡᠭᠳᠠᠢ᠃
ᠨᠠᠮ ᠤᠨ ᠤᠳᠤᠷᠢᠳᠤᠯᠭ᠎ᠠ ᠪᠤᠯ ᠨᠠᠮ ᠪᠤᠯᠤᠨ ᠤᠯᠤᠰ ᠤᠨ ᠦᠢᠯᠡᠰ ᠤᠨ ᠬᠦᠭᠵᠢᠯᠳᠡ ᠶᠢᠨ ︽ᠲᠤᠭᠳᠠᠪᠤᠷᠢᠵᠢᠭᠤᠯᠤᠭᠴᠢ ᠬᠦᠴᠦᠨ︾ ᠮᠦᠨ᠃ 70 ᠵᠢᠯ ᠤᠨ ᠲᠤᠷᠰᠢ᠂ ᠨᠠᠮ ᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠢᠮᠠᠭᠳᠠ ᠪᠠᠷᠢᠮᠳᠠᠯᠠᠭᠰᠠᠨ ᠠᠴᠠ ᠰᠠᠶ᠋ᠢ ᠰᠢᠨ᠎ᠠ ᠳᠤᠮᠳᠠᠳᠤ ᠤᠯᠤᠰ ᠤᠨ ᠡᠯ᠎ᠠ ᠵᠦᠢᠯ ᠤᠨ ᠦᠢᠯᠡᠰ ᠦᠷᠨᠢᠭᠦᠨ ᠬᠦᠭᠵᠢᠵᠤ᠂ ᠨᠡᠶᠢᠭᠡᠮ ᠵᠢᠷᠤᠮ ᠤᠨ ᠪᠠᠶᠢᠭᠤᠯᠤᠯ ᠳᠤᠷᠤᠨᠠᠳᠠᠬᠢᠨ ᠤ ᠡᠷᠳᠡᠨ ᠤ ᠲᠤᠮᠤ ᠤᠯᠤᠰ ᠲᠤ ᠦᠨᠳᠦᠰᠦᠯᠡᠨ ᠤᠷᠭᠤᠭᠰᠠᠨ ᠪᠦᠭᠡᠳ ᠲᠠᠰᠤᠷᠠᠯᠳᠠ ᠦᠭᠡᠢ ᠬᠦᠴᠦᠷᠬᠡᠭ ᠶᠡᠭᠡ ᠠᠮᠢᠵᠢᠷᠠᠯ ᠤᠨ ᠬᠦᠴᠦᠨ ᠢᠶᠠᠨ ᠢᠯᠡᠷᠡᠭᠦᠯᠪᠡ᠃ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠤᠯ ᠨᠠᠮ ᠪᠤᠯᠤᠨ ᠤᠯᠤᠰ ᠤᠨ ᠦᠨᠳᠦᠰᠦ ᠰᠠᠭᠤᠷᠢ᠂ ᠠᠮᠢᠨ ᠰᠤᠳᠠᠰᠤ ᠮᠦᠨ᠂ ᠮᠦᠨ ᠴᠤ ᠦᠨᠳᠦᠰᠦᠳᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ᠂ ᠵᠤᠯ ᠵᠢᠷᠭᠠᠯ ᠲᠠᠢ ᠬᠤᠯᠪᠤᠭᠳᠠᠨ᠎ᠠ ᠭᠡᠳᠡᠭ ᠢ ᠲᠡᠤᠬᠡ ᠨᠢᠭᠡᠨᠳᠡ ᠭᠡᠷᠡᠴᠢᠯᠡᠭᠰᠡᠨ ᠪᠦᠭᠡᠳ ᠦᠷᠭᠦᠯᠵᠢᠯᠡᠨ ᠭᠡᠷᠡᠴᠢᠯᠡᠬᠦ ᠪᠤᠯᠤᠨ᠎ᠠ᠃ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ᠂ ᠨᠠᠮ ᠤᠨ ᠤᠳᠤᠷᠢᠳᠤᠯᠭ᠎ᠠ ᠶᠢᠨ ᠳᠦᠷᠢᠮ ᠤᠨ ᠰᠢᠰᠲ᠋ᠧᠮ ᠢ ᠦᠴᠦᠬᠡᠨ ᠴᠤ ᠭᠤᠶᠢᠪᠢᠰᠢ ᠦᠬᠡᠢ ᠪᠠᠷᠢᠮᠳᠠᠯᠠᠨ ᠳᠡᠬᠦᠯᠳᠡᠷᠵᠢᠬᠦᠯᠵᠦ᠂ ︽ᠳᠦᠷᠪᠡᠨ ᠤᠬᠠᠮᠰᠠᠷ︾ ᠢ ᠪᠠᠳᠤ ᠪᠤᠢ ᠪᠤᠯᠭᠠᠬᠤ᠂ ︽ᠳᠦᠷᠪᠡᠨ ᠢᠳᠡᠬᠡᠯ︾ ᠢᠶᠠᠨ ᠪᠠᠳᠤᠳᠬᠠᠬᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠬᠦᠯᠬᠦ ᠤᠯᠤᠰ ᠳᠦᠷᠦ ᠶᠢᠨ ᠤᠬᠠᠮᠰᠠᠷ᠂ ᠦᠵᠡᠯ ᠰᠠᠨᠠᠭᠠᠨ ᠤ ᠤᠬᠠᠮᠰᠠᠷ᠂ ᠦᠢᠯᠡ ᠠᠵᠢᠯᠯᠠᠭᠠᠨ ᠤ ᠤᠬᠠᠮᠰᠠᠷ ᠢᠶᠠᠨ ᠳᠠᠰᠤᠷᠠᠯᠳᠠ ᠦᠬᠡᠢ ᠴᠢᠩᠭᠠᠳᠬᠠᠵᠦ᠂ ᠨᠠᠮ ᠤᠨ ᠪᠦᠬᠦ ᠳᠠᠯ᠎ᠠ ᠶᠢᠨ ᠤᠳᠤᠷᠢᠳᠤᠯᠭ᠎ᠠ ᠶᠢ ᠦᠪᠦᠷ ᠮᠤᠩᠭᠤᠯ ᠤᠨ ᠦᠬᠡᠷᠡᠴᠢᠯᠡᠯᠳᠡ ᠬᠦᠭᠵᠢᠯᠳᠡ ᠶᠢᠨ ᠦᠢᠯᠡᠰ ᠤᠨ ᠪᠦᠬᠦ ᠶᠠᠪᠤᠴᠠ᠂ ᠡᠯ᠎ᠡ ᠳᠠᠯ᠎ᠠ ᠳᠤ ᠨᠠᠶᠢᠳᠠᠪᠤᠷᠢᠵᠢᠭᠤᠯᠬᠤ ᠶᠢ ᠪᠠᠷᠢᠮᠳᠠᠯᠠᠨ ᠴᠢᠩᠭᠠᠳᠬᠠᠬᠤ ᠬᠡᠷᠡᠭᠳᠡᠢ᠃
ᠮᠡᠷᠬᠡᠳ ᠴᠠᠭ ᠦᠶ᠎ᠠ ᠳᠤᠷ ᠵᠤᠬᠢᠴᠠᠭᠤᠯᠤᠨ ᠪᠤᠳᠤᠯᠭ᠎ᠠ ᠶᠤᠭᠠᠨ ᠬᠤᠪᠢᠷᠠᠭᠤᠯᠤᠮᠤᠢ᠂ ᠤᠢ ᠪᠢᠯᠢᠭᠳᠡᠨ ᠭᠡᠷᠡᠭ ᠤᠴᠢᠷ ᠲᠤ ᠴᠢᠭᠯᠡᠬᠦᠯᠦᠨ ᠲᠦᠷᠢᠮ ᠶᠦᠭᠡᠨ ᠲᠤᠭᠳᠠᠭᠠᠮᠤᠢ᠃ ᠰᠢᠨ᠎ᠠ ᠴᠠᠬ ᠦᠶ᠎ᠠ ᠪᠤᠯ ᠳᠠᠰᠤᠷᠠᠯᠳᠠ ᠦᠬᠡᠢ ᠰᠢᠨ᠎ᠠ ᠬᠡᠷᠡᠯ ᠰᠠᠴᠤᠷᠠᠩᠭᠤᠢ ᠠᠮᠵᠢᠯᠲᠠ ᠶᠢ ᠡᠬᠦᠳᠬᠦ ᠴᠠᠬ ᠦᠶ᠎ᠠ ᠪᠤᠯᠬᠤ ᠪᠦᠬᠡᠳ ᠮᠦᠨ ᠴᠤ ᠠᠶᠤᠯ ᠳᠦᠭᠰᠢᠬᠦᠷᠢ ᠶᠢᠨ ᠦᠷᠢᠰᠦᠯᠳᠦᠬᠡᠨ ᠢ ᠳᠠᠰᠤᠷᠠᠯᠳᠠ ᠦᠬᠡᠢ ᠠᠷᠭᠠᠴᠠᠭᠠᠬᠤ ᠴᠠᠬ ᠦᠶ᠎ᠠ ᠪᠤᠯᠤᠨ᠎ᠠ᠃ ᠰᠢᠨ᠎ᠠ ᠠᠶᠠᠨ ᠳᠠᠶᠢᠨ ᠳᠤ ᠡᠷᠡᠮᠡᠬᠡᠶᠢᠯᠡᠨ ᠤᠷᠤᠬᠰᠢᠯᠠᠬᠤ ᠳᠤ᠂ ᠭᠠᠭᠴᠠ ᠬᠦ ᠦᠵᠦ ᠳᠦᠯᠦᠪᠯᠡᠭᠡ ᠶᠢ ᠳᠠᠰᠤᠷᠠᠯᠳᠠ ᠦᠬᠡᠢ ᠴᠢᠩᠭᠠᠳᠬᠠᠵᠦ᠂ ᠳᠦᠷᠢᠮ ᠤᠨ ᠪᠠᠶᠢᠭᠤᠯᠤᠯᠳᠠ ᠶᠢ ᠰᠢᠰᠲ᠋ᠧᠮ ᠲᠠᠢ ᠠᠬᠢᠭᠤᠯᠪᠠᠯ ᠰᠠᠶ᠋ᠢ ᠡᠯ᠎ᠠ ᠵᠦᠢᠯ ᠤᠨ ᠠᠶᠤᠯ ᠳᠦᠭᠰᠢᠬᠦᠷᠢ ᠶᠢᠨ ᠦᠷᠢᠰᠦᠯᠳᠦᠬᠡᠨ ᠢ ᠠᠷᠭᠠᠴᠠᠭᠠᠵᠦ ᠴᠢᠳᠠᠬᠤ ᠶᠤᠮ᠃ ᠪᠢᠳᠡ ᠪᠦᠬᠦᠳᠡ ᠬᠤᠷᠠᠯ ᠤᠨ ᠵᠤᠷᠢᠬ ᠰᠠᠨᠠᠭ᠎ᠠ ᠶᠢ ᠰᠤᠷᠤᠯᠴᠠᠨ ᠳᠤᠭᠤᠰᠢᠯᠠᠭᠤᠯᠬᠤ ᠪᠠᠷ ᠬᠦᠳᠡᠯᠬᠡᠬᠦ ᠬᠦᠴᠦᠨ ᠪᠤᠯᠭᠠᠵᠦ᠂ ᠵᠠᠰᠠᠯᠳᠠ ᠶᠢᠨ ᠠᠷᠭ᠎ᠠ ᠬᠡᠯᠪᠡᠷᠢ ᠳᠤ ᠳᠠᠰᠤᠷᠠᠯᠳᠠ ᠦᠬᠡᠢ ᠰᠢᠨ᠎ᠠ ᠶᠢ ᠡᠬᠦᠳᠴᠤ᠂ ᠠᠵᠦ ᠠᠬᠤᠢ ᠶᠢᠨ ᠠᠵᠢᠯᠯᠠᠭ᠎ᠠ ᠶᠢ ᠵᠤᠬᠢᠰᠳᠠᠢ ᠬᠡᠪᠴᠢᠶᠠᠨ ᠳᠤ ᠪᠠᠶᠢᠯᠭᠠᠬᠤ ᠶᠢ ᠴᠢᠷᠮᠠᠶᠢᠨ ᠪᠠᠳᠤᠯᠠᠵᠦ᠂ ᠭᠤᠷᠪᠠᠨ ᠶᠡᠭᠡ ᠪᠤᠭᠤᠮᠳᠠ ᠰᠢᠪᠳᠤᠯᠬᠤ ᠳᠠᠶᠢᠯᠠᠯᠳᠤᠭᠠᠨ ᠢ ᠰᠠᠶᠢᠳᠤᠷ ᠬᠢᠬᠦ ᠳᠤ ᠠᠩᠬᠠᠷᠤᠯ ᠢᠶᠠᠨ ᠳᠦᠪᠯᠡᠷᠡᠬᠦᠯᠵᠦ᠂ ᠠᠷᠠᠳ ᠤᠨ ᠠᠮᠢᠳᠤᠷᠠᠯ ᠢ ᠯᠠᠪᠳᠠᠭᠤᠨ ᠪᠠᠳᠤᠳᠠᠢ ᠪᠠᠳᠤᠯᠠᠨ ᠰᠠᠶᠢᠵᠢᠷᠠᠭᠤᠯᠵᠦ᠂ ᠳᠠᠷᠠᠭ᠎ᠠ ᠵᠢᠯ ᠤᠨ ᠠᠵᠦ ᠠᠬᠤᠢ ᠨᠡᠶᠢᠬᠡᠮ ᠤᠨ ᠬᠦᠭᠵᠢᠯᠳᠡ ᠶᠢ ᠨᠢᠮᠪᠠᠢ ᠳᠦᠰᠦᠪᠯᠡᠵᠦ᠂ ᠨᠠᠮ ᠤᠨ ᠪᠠᠶᠢᠭᠤᠯᠤᠯᠳᠠ ᠶᠢᠨ ᠡᠯ᠎ᠠ ᠳᠦᠷᠤᠯ ᠤᠨ ᠡᠬᠦᠷᠬᠡ ᠶᠢ ᠬᠦᠨᠵᠡᠬᠡᠢ ᠨᠠᠶᠢᠳᠠᠪᠤᠷᠢᠵᠢᠭᠤᠯᠬᠤ ᠬᠡᠷᠡᠭᠳᠡᠢ︔ ᠬᠦᠭᠵᠢᠬᠦᠯᠦᠯᠳᠡ ᠬᠡᠬᠦ ᠡᠨᠡ ᠬᠦ ᠭᠤᠤᠯᠳᠠᠯᠭ᠎ᠠ ᠲᠠᠢ ᠡᠬᠦᠷᠬᠡ ᠶᠢ ᠭᠠᠷ ᠲᠠᠭᠠᠨ ᠠᠳᠬᠤᠵᠦ᠂ ᠮᠦᠷᠦᠨ ᠳᠡᠭᠡᠨ ᠡᠬᠦᠷᠬᠡᠯᠡᠵᠦ᠂ ᠨᠡᠮᠡᠭᠳᠡᠯ ᠢ ᠳᠤᠬᠳᠠᠪᠤᠷᠢᠵᠢᠭᠤᠯᠬᠤ᠂ ᠦᠬᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠳᠤᠬᠢᠷᠠᠭᠤᠯᠬᠤ᠂ ᠠᠷᠠᠳ ᠤᠨ ᠠᠮᠢᠳᠤᠷᠠᠯ ᠢ ᠬᠠᠷᠠᠭᠠᠯᠵᠠᠬᠤ᠂ ᠠᠶᠤᠯ ᠳᠦᠭᠰᠢᠬᠦᠷᠢ ᠶᠢ ᠰᠡᠷᠬᠡᠶᠢᠯᠡᠬᠦ᠂ ᠳᠤᠬᠳᠠᠭᠤᠨ ᠢ ᠪᠠᠳᠤᠯᠠᠬᠤ ᠡᠯ᠎ᠠ ᠳᠦᠷᠦᠯ ᠤᠨ ᠠᠵᠢᠯ ᠢ ᠨᠢᠬᠡᠳᠦᠯᠳᠡᠢ ᠳᠦᠯᠦᠪᠵᠢᠬᠦᠯᠤᠨ ᠰᠠᠶᠢᠳᠤᠷ ᠬᠢᠵᠦ᠂ ᠦᠨᠳᠦᠰᠦᠳᠡᠨ ᠨᠦᠭᠦᠳ ᠤᠨ ᠠᠷᠠᠳ ᠳᠦᠮᠡᠨ ᠤ ᠬᠦᠷᠳᠡᠮᠵᠢ ᠶᠢᠨ ᠳᠦᠷᠦᠭᠳᠡᠯ ᠵᠢᠷᠭᠠᠯᠳᠤ ᠳᠦᠷᠦᠭᠳᠡᠯ ᠠᠮᠤᠷ ᠳᠦᠪᠰᠢᠨ ᠤ ᠳᠦᠷᠦᠭᠳᠡᠯ ᠢ ᠳᠠᠰᠤᠷᠠᠯᠳᠠ ᠦᠬᠡᠢ ᠨᠡᠮᠡᠭᠳᠡᠬᠦᠯᠬᠦ ᠬᠡᠷᠡᠭᠳᠡᠢ᠃
︽ᠳᠡᠯᠡᠬᠡᠢ ᠶᠢᠨ ᠲᠦᠮᠡᠨ ᠬᠡᠷᠡᠭ ᠶᠠᠪᠤᠳᠠᠯ ᠳᠤ ᠬᠠᠤᠯᠢ ᠲᠤᠬᠲᠠᠭᠠᠬᠤ ᠳᠤ ᠬᠢᠯᠪᠠᠷ᠂ ᠬᠡᠪᠡᠴᠦ ᠬᠠᠤᠯᠢ ᠶᠢ ᠲᠤᠭᠤᠰᠢᠳᠠᠢ ᠬᠡᠷᠡᠭᠵᠢᠭᠦᠯᠬᠦ ᠳᠤ ᠬᠦᠴᠢᠷ ᠪᠤᠯᠠᠢ︾᠃ ᠬᠦᠴᠦᠷᠬᠡᠭ ᠶᠡᠭᠡ ᠬᠡᠷᠡᠭᠵᠢᠭᠦᠯᠬᠦ ᠬᠦᠴᠦᠨ ᠦᠭᠡᠢ ᠪᠤᠯ᠂ ᠬᠡᠳᠦᠢ ᠰᠠᠶᠢᠨ ᠳᠦᠷᠢᠮ ᠴᠦ ᠦᠢᠯᠡᠳᠦᠯ ᠢᠶᠠᠨ ᠪᠠᠳᠠᠷᠠᠭᠤᠯᠵᠤ ᠳᠡᠶᠢᠯᠬᠦ ᠦᠭᠡᠢ ᠶᠤᠮ᠃ ᠡᠯ᠎ᠠ ᠱᠠᠲᠤᠨ ᠤ ᠤᠳᠤᠷᠢᠳᠬᠤ ᠺᠠᠳ᠋ᠷ ᠲᠦᠷᠦᠭᠦᠯᠡᠨ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠤᠬᠠᠮᠰᠠᠷ ᠠᠴᠠ ᠪᠠᠨ ᠳᠦᠷᠢᠮ ᠢ ᠲᠡᠭᠡᠳᠦᠯᠡᠵᠦ᠂ ᠳᠦᠷᠢᠮ ᠢ ᠴᠢᠩᠭ᠎ᠠ ᠬᠡᠷᠡᠭᠵᠢᠭᠦᠯᠵᠦ᠂ ᠳᠦᠷᠢᠮ ᠢ ᠡᠷᠡᠰ ᠬᠠᠮᠠᠭᠠᠯᠠᠬᠤ ᠬᠡᠷᠡᠭᠲᠡᠢ᠃ ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠴᠠᠭ ᠢᠮᠠᠬᠲᠠ ᠭᠠᠵᠠᠷ ᠪᠤᠯᠭᠠᠨ ᠳᠤ ᠳᠦᠷᠢᠮ ᠢᠶᠠᠷ ᠪᠠᠷᠢᠮᠵᠢᠶᠠᠯᠠᠵᠦ᠂ ᠳᠦᠷᠢᠮ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠵᠦ᠂ ᠡᠷᠬᠡ ᠪᠠᠨ ᠬᠡᠷᠡᠭᠵᠢᠭᠦᠯᠵᠦ᠂ ᠠᠵᠢᠯ ᠢᠶᠠᠨ ᠦᠷᠨᠢᠭᠦᠯᠬᠦ ᠬᠡᠷᠡᠭᠲᠡᠢ᠃ ᠬᠠᠷᠢᠭᠤᠴᠠᠯᠭ᠎ᠠ ᠡᠬᠦᠷᠭᠡᠯᠡᠬᠦ ᠪᠠᠷ ᠪᠤᠳᠠᠲᠠᠢ ᠠᠵᠢᠯᠯᠠᠬᠤ ᠶᠢ ᠠᠬᠢᠭᠤᠯᠵᠤ᠂ ᠳᠦᠷᠢᠮ ᠢ ᠪᠤᠳᠠᠲᠠᠢ ᠳᠤ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢ ᠡᠴᠦᠰ ᠲᠤᠨᠢ ᠲᠤᠯᠲᠠᠯ ᠠ ᠲᠤᠭᠤᠰᠢᠯᠠᠭᠤᠯᠵᠤ᠂ ᠳᠦᠷᠢᠮ ᠢ ᠠᠰᠢᠬᠯᠠᠨ ᠠᠵᠢᠯ ᠶᠠᠪᠤᠳᠠᠯ ᠪᠦᠲᠦᠭᠡᠨ ᠦᠢᠯᠡᠰ ᠪᠤᠰᠬᠠᠬᠤ ᠴᠢᠳᠠᠪᠤᠷᠢ ᠪᠤᠯᠤᠨ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠳᠦᠷᠢᠮ ᠤᠨ ᠦᠷ᠎ᠠ ᠠᠰᠢᠭ ᠢ ᠬᠠᠮᠤᠭ ᠤᠨ ᠶᠡᠭᠡ ᠬᠡᠮᠵᠢᠶ᠎ᠠ ᠪᠠᠷ ᠪᠠᠳᠠᠷᠠᠭᠤᠯᠵᠤ᠂ ᠮᠠᠨ ᠤ ᠤᠷᠤᠨ ᠤ ᠡᠯ᠎ᠠ ᠲᠦᠷᠦᠯ ᠤᠨ ᠠᠵᠢᠯ ᠦᠢᠯᠡᠰ ᠤᠨ ᠬᠦᠭᠵᠢᠯᠲᠡ ᠶᠢ ᠳᠠᠬᠢᠨ ᠰᠢᠨ᠎ᠠ ᠲᠡᠭᠳᠡᠷ ᠲᠤ ᠭᠠᠷᠬᠤ ᠶᠢ ᠠᠬᠢᠭᠤᠯᠬᠤ ᠬᠡᠷᠡᠭᠲᠡᠢ᠃
ᠠᠯᠤᠰ ᠤᠨ ᠲᠦᠰᠦᠪ ᠢ ᠨᠢᠭᠡᠨᠲᠡ ᠵᠢᠷᠤᠬᠯᠠᠪᠠᠢ᠂ ᠤᠳᠤ ᠡᠷᠡᠮᠡᠭᠡᠶᠢᠯᠡᠨ ᠲᠠᠪᠰᠢᠬᠤ ᠯᠡ ᠴᠢᠬᠤᠯᠠᠳᠠᠢ ᠪᠠᠶᠢᠨ᠎ᠠ᠃ ᠪᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠡᠩ ᠨᠢᠬᠲᠠᠷᠠᠨ ᠪᠦᠯᠬᠦᠮᠳᠡᠵᠦ᠂ ᠨᠡᠩ ᠤᠮᠤᠭ ᠲᠡᠭᠦᠯᠳᠡᠷ ᠲᠡᠮᠡᠴᠡᠯ ᠤᠨ ᠵᠤᠷᠢᠭ᠂ ᠨᠡᠩ ᠯᠠᠪᠲᠠᠭᠤᠨ ᠪᠠᠲᠤᠲᠠᠢ ᠠᠷᠭ᠎ᠠ ᠬᠡᠮᠵᠢᠶ᠎ᠠ᠂ ᠨᠡᠩ ᠬᠠᠲᠠᠭᠤ ᠴᠢᠩᠭ᠎ᠠ ᠰᠤᠷᠲᠠᠯ᠂ ᠨᠡᠩ ᠴᠢᠨᠠᠷ ᠰᠠᠶᠢᠲᠠᠢ ᠠᠵᠢᠯᠯᠠᠬᠤ ᠪᠠᠷ ᠳᠠᠮᠵᠢᠨ᠂ ᠪᠦᠬᠦᠲᠠ ᠬᠤᠷᠠᠯ ᠤᠨ ᠡᠯ᠎ᠠ ᠲᠦᠷᠦᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢᠨ ᠪᠤᠳᠠᠲᠠᠢ ᠳᠤ ᠨᠠᠶᠢᠳᠠᠪᠤᠷᠢᠵᠢᠨ ᠦᠷ᠎ᠠ ᠪᠦᠲᠦᠮᠵᠢ ᠤᠯᠬᠤ ᠶᠢ ᠠᠬᠢᠭᠤᠯᠵᠤ᠂ ᠳᠤᠮᠳᠠᠳᠤ ᠤᠯᠥᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ ᠪᠤᠯᠤᠨ ᠤᠯᠤᠰ ᠤᠨ ᠵᠠᠰᠠᠯᠲᠠ ᠶᠢᠨ ᠴᠢᠳᠠᠪᠤᠷᠢ ᠶᠢᠨ ᠤᠳᠤᠬᠢᠴᠢᠯᠠᠯᠲᠠ ᠶᠢ ᠠᠬᠢᠭᠤᠯᠬᠤ ᠳᠤ ᠭᠠᠷᠭᠠᠪᠠᠰᠤ ᠵᠤᠬᠢᠬᠤ ᠬᠤᠪᠢ ᠨᠡᠮᠡᠷᠢ ᠪᠠᠨ ᠡᠷᠭᠦᠰᠦᠭᠡᠢ᠃