 

2019 ᠤᠨ ᠤ ᠠᠵᠢᠯ ᠢ ᠠᠬᠢᠭᠤᠯᠬᠤ ᠬᠤᠷᠠᠯ

2019-11-15 22:40
  228
  0
ᠬᠦᠬᠡᠬᠤᠳᠠ ᠪᠤᠭᠤᠳᠤ ᠤᠷᠳᠤᠰ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠢ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ 2019 ᠤᠨ ᠤ ᠠᠵᠢᠯ ᠢ ᠠᠬᠢᠭᠤᠯᠬᠤ ᠬᠤᠷᠠᠯ ᠬᠤᠷᠠᠯᠳᠤᠪᠠ

  11 ᠰᠠᠷ᠎ᠠ ᠶᠢᠨ 13 ᠤ ᠡᠳᠦᠷ᠂ ᠬᠦᠬᠡᠬᠤᠳᠠ ᠪᠤᠭᠤᠳᠤ ᠤᠷᠳᠤᠰ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠢ ᠬᠠᠮᠳᠤᠷᠠᠨ ᠰᠡᠷᠭᠡᠶᠢᠯᠡᠵᠦ ᠬᠠᠮᠳᠤᠷᠠᠨ ᠡᠵᠡᠮᠳᠡᠬᠦ 2019 ᠤᠨ ᠤ ᠠᠵᠢᠯ ᠢ ᠠᠬᠢᠭᠤᠯᠬᠤ ᠬᠤᠷᠠᠯ ᠬᠦᠬᠡᠬᠤᠳᠠ ᠳᠤ ᠬᠤᠷᠠᠯᠳᠤᠵᠠᠢ᠃ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠳᠡᠳ᠋ ᠱᠦᠵᠢ᠂ ᠦᠪᠡᠷᠲᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠦ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠪᠤᠤ ᠭᠠᠩ ᠠᠵᠢᠯ ᠤᠨ ᠪᠠᠶᠢᠷᠢᠯᠠᠭᠤᠯᠤᠯᠳᠠ ᠬᠢᠪᠠ᠃ ᠬᠤᠷᠠᠯ ᠠᠴᠠ 1 — 10 ᠰᠠᠷ᠎ᠠ ᠶᠢᠨ ᠬᠤᠭᠤᠷᠤᠨᠳᠤᠬᠢ ᠪᠦᠬᠦ ᠤᠷᠤᠨ ᠤ ᠠᠭᠠᠷ ᠤᠨ ᠴᠢᠨᠠᠷ ᠴᠢᠨᠰᠠᠭ᠎ᠠ ᠶᠢᠨ ᠪᠠᠶᠢᠳᠠᠯ ᠢ ᠵᠠᠷᠯᠠᠨ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ᠃
  ᠪᠦ᠋ ᠰᠢᠶᠤᠤ ᠯᠢᠨ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠳᠤᠯᠬᠤ ᠲᠠᠶᠢᠯᠠᠯᠳᠤᠭᠠᠨ ᠤ ᠢᠯᠠᠯᠳᠠ ᠶᠢ ᠤᠯᠬᠤ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠦ ᠢᠯᠠᠯᠳᠠ ᠶᠢ ᠤᠯᠬᠤ ᠳᠤ ᠵᠠᠪᠠᠯ ᠲᠠᠪᠠᠭ᠋ᠤ ᠴᠢᠬᠤᠯᠠᠳᠠᠢ ᠴᠢᠬᠤᠯᠠ ᠶᠡᠭᠡ ᠪᠤᠭᠤᠮᠳᠠ ᠮᠦᠨ᠂ ᠬᠦᠬᠡ ᠤᠬᠳᠠᠷᠭᠤᠢ ᠶᠢ ᠬᠠᠮᠠᠭᠠᠯᠠᠬᠤ ᠲᠠᠶᠢᠯᠠᠯᠳᠤᠭᠠᠨ ᠪᠤᠯ ᠡᠬᠦᠨ ᠤ ᠳᠤᠳᠤᠷᠠᠬᠢ ᠭᠤᠤᠯᠳᠠᠯᠭ᠎ᠠ ᠶᠢᠨ ᠭᠤᠤᠯᠳᠠᠯᠭ᠎ᠠ ᠪᠤᠯᠤᠨ᠎ᠠ᠃ ᠡᠯ᠎ᠠ ᠭᠠᠵᠠᠷ ᠤᠷᠤᠨ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠤᠯᠤᠰ ᠲᠦᠷᠦ ᠶᠢᠨ ᠵᠤᠬᠰᠤᠴᠠ ᠪᠠᠨ ᠦᠨᠡᠨ ᠬᠦ ᠳᠡᠭᠡᠭᠰᠢᠯᠡᠬᠦᠯᠵᠦ᠂ ︽ᠲᠦᠷᠪᠡᠨ ᠤᠬᠠᠮᠰᠠᠷ︾ ᠢᠶᠠᠨ ᠴᠢᠩᠭᠠᠳᠬᠠᠨ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠬᠦᠯᠵᠦ᠂ ᠪᠤᠬᠢᠷᠳᠤᠯ ᠢ ᠰᠡᠷᠭᠡᠶᠢᠯᠡᠨ ᠵᠠᠰᠠᠬᠤ ᠠᠵᠢᠯ ᠢ ᠪᠦᠬᠦ ᠬᠦᠴᠦᠨ ᠢᠶᠠᠷ ᠠᠬᠢᠭᠤᠯᠬᠤ ᠭᠡᠷᠡᠭᠲᠡᠢ᠃ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠶᠢᠨ ᠭᠤᠤᠯᠳᠠᠯᠭ᠎ᠠ ᠲᠠᠢ ᠡᠬᠦᠷᠭᠡ ᠪᠠ ᠭᠤᠤᠯ ᠪᠤᠯᠬᠤ ᠠᠷᠭ᠎ᠠ ᠭᠡᠮᠵᠢᠶ᠎ᠠ ᠨᠢᠭᠡᠨᠳᠠ ᠮᠠᠰᠢ ᠳᠤᠳᠤᠷᠬᠠᠢ ᠪᠤᠯᠵᠠᠢ᠂ ᠵᠠᠩᠬᠢᠯᠠᠭ᠎ᠠ ᠨᠢ ᠨᠠᠶᠢᠳᠠᠪᠤᠷᠢᠵᠢᠭᠤᠯᠤᠯᠳᠠ ᠶᠢ ᠰᠠᠶᠢᠳᠤᠷ ᠠᠳᠬᠤᠨ᠂ ᠰᠡᠳᠬᠢᠯ ᠰᠢᠭᠤᠳᠤᠨ ᠲᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠤᠷᠢᠯᠡᠵᠦ᠂ ᠲᠤᠭᠳᠠᠭᠰᠠᠨ ᠠᠵᠢᠯ ᠢᠶᠠᠨ ᠰᠤᠯᠠᠷᠠᠭᠤᠯᠤᠯ ᠦᠭᠡᠢ ᠴᠢᠩᠭ᠎ᠠ ᠠᠳᠬᠤᠵᠤ᠂ ᠪᠤᠳᠠᠳᠠᠢ ᠦᠷ᠎ᠠ ᠪᠦᠳᠦᠮᠵᠢ ᠭᠠᠷᠭᠠᠬᠤ ᠳᠤ ᠪᠤᠢ᠃ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠱᠠᠯᠠᠪᠳᠠᠭᠤᠯᠤᠨ ᠪᠠᠶᠢᠴᠠᠭᠠᠬᠤ ᠵᠢᠴᠢ ︽ᠡᠷᠬᠢᠨ ᠬᠠᠷᠠᠬᠤ︾ ᠠᠵᠢᠯᠯᠠᠭ᠎ᠠ ᠶᠢᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠦᠷᠬᠦᠯᠵᠢᠯᠡᠨ ᠠᠬᠢᠭᠤᠯᠵᠦ᠂ ᠡᠯ᠎ᠠ ᠵᠦᠢᠯ ᠤᠨ ᠠᠵᠢᠯ ᠢᠶᠠᠨ ᠲᠤᠭᠳᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ ᠲᠤᠭᠤᠰᠢᠳᠠᠢ ᠨᠠᠶᠢᠳᠠᠪᠤᠷᠢᠵᠢᠭᠤᠯᠬᠤ ᠶᠢ ᠪᠠᠳᠤᠯᠠᠬᠤ ᠭᠡᠷᠡᠭᠳᠡᠢ ᠭᠡᠵᠦ ᠵᠢᠭᠠᠵᠦ ᠭᠠᠷᠭᠠᠪᠠ᠃
  ᠪᠦ᠋ ᠰᠢᠶᠤᠤ ᠯᠢᠨ᠂ ᠬᠦᠬᠡᠬᠤᠳᠠ ᠪᠤᠭᠤᠳᠤ ᠤᠷᠳᠤᠰ ᠦᠬᠠᠢ ᠵᠢᠴᠢ ᠡᠷᠬᠢᠨ ᠲᠤᠭᠤᠷᠢᠨ ᠤ ᠭᠠᠵᠠᠷ ᠤᠷᠤᠨ ᠵᠡᠷᠭᠡ ᠭᠤᠤᠯᠳᠠᠯᠭ᠎ᠠ ᠲᠠᠢ ᠤᠷᠤᠨ ᠪᠦᠰᠡ ᠶᠢᠨ ᠠᠭᠠᠷ ᠮᠠᠨᠳᠠᠯ ᠤᠨ ᠪᠤᠬᠢᠷᠳᠤᠯ ᠤᠨ ᠠᠰᠠᠭᠤᠳᠠᠯ ᠢ ᠦᠨᠳᠦᠰᠦᠨ ᠠᠴᠠ ᠨᠢ ᠠᠪᠴᠦ ᠭᠡᠯᠡᠪᠡᠯ ᠬᠦᠭᠵᠢᠯᠳᠠ ᠶᠢᠨ ᠠᠷᠭ᠎ᠠ ᠭᠡᠯᠪᠡᠷᠢ ᠶᠢᠨ ᠠᠰᠠᠭᠤᠳᠠᠯ ᠮᠦᠨ᠂ ᠶᠡᠷᠦᠩᠭᠡᠢ ᠱᠦᠵᠢ ᠰᠢ ᠶᠢᠨ ᠫᠢᠩ ᠤᠨ ᠱᠠᠭᠠᠷᠳᠠᠯᠭ᠎ᠠ ᠶᠤᠰᠤᠭᠠᠷ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ᠂ ᠪᠤᠬᠢᠷᠳᠤᠯ ᠦᠭᠡᠢ ᠬᠦᠭᠵᠢᠬᠦᠯᠬᠦ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠠ ᠵᠠᠮ ᠢ ᠲᠦᠷᠭᠡᠨ ᠪᠦᠷᠢᠯᠳᠦᠬᠦᠯᠵᠦ᠂ ᠬᠦᠭᠵᠢᠯᠳᠠ ᠶᠢᠨ ᠤᠢᠢᠯᠠᠭᠠᠭᠳᠠᠬᠤᠨ᠂ ᠬᠦᠭᠵᠢᠯᠳᠠ ᠶᠢᠨ ᠠᠷᠭ᠎ᠠ ᠵᠠᠮ᠂ ᠬᠦᠭᠵᠢᠯᠳᠠ ᠶᠢᠨ ᠠᠷᠭ᠎ᠠ ᠭᠡᠯᠪᠡᠷᠢ᠂ ᠬᠦᠭᠵᠢᠯᠳᠠ ᠶᠢᠨ ᠬᠠᠷᠠᠯᠳᠠ ᠪᠠᠨ ᠪᠦᠬᠦ ᠲᠠᠯ᠎ᠠ ᠪᠠᠷ ᠬᠢᠨᠡᠨ ᠦᠵᠡᠵᠦ᠂ ᠠᠮᠢ ᠠᠬᠤᠢ ᠤᠷᠴᠢᠨ ᠲᠤᠭᠤᠷᠢᠨ ᠢ ᠬᠤᠬᠢᠷᠠᠭᠤᠯᠬᠤ ᠴᠢᠨᠠᠬᠰᠢᠯᠠᠨ ᠡᠪᠳᠡᠨ ᠰᠦᠢᠳᠭᠡᠬᠦ ᠬᠦᠭᠵᠢᠯᠳᠠ ᠶᠢᠨ ᠵᠠᠬᠪᠤᠷ ᠢ ᠡᠷᠡᠰ ᠳᠠᠶᠠᠭᠳᠠᠵᠦ᠂ ᠰᠡᠳᠬᠢᠯ ᠰᠢᠭᠤᠳᠤᠨ ᠪᠦᠳᠦᠴᠡ ᠪᠠᠨ ᠲᠤᠬᠢᠷᠠᠭᠤᠯᠤᠨ᠂ ᠬᠦᠳᠡᠯᠭᠡᠬᠦ ᠡᠨᠧᠷᠬᠢ ᠪᠠᠨ ᠬᠤᠪᠢᠷᠠᠭᠤᠯᠵᠦ᠂ ᠴᠢᠨᠠᠷ ᠴᠢᠨᠰᠠᠭ᠎ᠠ ᠶᠢ ᠳᠡᠭᠡᠭᠰᠢᠯᠡᠬᠦᠯᠦᠨ᠂ ᠪᠦᠬᠦ ᠤᠷᠤᠨ ᠳᠤ ᠵᠢᠱᠢᠶ᠎ᠠ ᠦᠵᠡᠬᠦᠯᠬᠦ ᠭᠡᠷᠡᠭᠲᠡᠢ᠃ ᠡᠯ᠎ᠠ ᠭᠠᠵᠠᠷ ᠤᠷᠤᠨ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ ᠤᠨ ᠬᠢᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠪᠤᠳᠠᠳᠠᠶᠢᠵᠢᠭᠤᠯᠵᠦ᠂ ᠭᠤᠤᠯ ᠬᠠᠷᠢᠭᠤᠴᠠᠯᠭᠠᠳᠠᠨ ᠨᠦᠬᠦᠳ ᠨᠢᠭᠡᠳᠦᠭᠡᠷ ᠬᠠᠷᠢᠭᠤᠴᠠᠯᠭᠠᠳᠠᠨ ᠤ ᠬᠠᠷᠢᠭᠤᠴᠠᠯᠭ᠎ᠠ ᠪᠠᠨ ᠦᠨᠡᠨ ᠬᠦ ᠡᠬᠦᠷᠭᠡᠯᠡᠵᠦ᠂ ᠪᠡᠶ᠎ᠠ ᠪᠠᠷ ᠤᠷᠤᠯᠴᠠᠵᠦ ᠪᠠᠶᠢᠭᠠᠳ ᠠᠵᠢᠯ ᠢᠶᠠᠨ ᠠᠬᠢᠭᠤᠯᠤᠨ᠂ ᠵᠤᠬᠢᠴᠠᠭᠤᠯᠤᠨ ᠬᠠᠮᠵᠢᠯᠴᠠᠬᠤ ᠪᠠᠨ ᠤᠨᠴᠠᠭᠠᠢᠢᠯᠠᠨ ᠴᠢᠩᠭᠠᠳᠬᠠᠬᠤ ᠭᠡᠷᠡᠭᠲᠡᠢ᠃ ᠲᠦᠷᠦ ᠶᠢᠨ ᠪᠤᠳᠤᠯᠭ᠎ᠠ ᠠᠷᠭ᠎ᠠ ᠭᠡᠮᠵᠢᠶ᠎ᠠ ᠶᠢ ᠲᠤᠭᠳᠠᠭᠠᠨ ᠭᠡᠷᠡᠭᠵᠢᠬᠦᠯᠬᠦ᠂ ᠤᠷᠴᠢᠨ ᠲᠤᠭᠤᠷᠢᠨ ᠤ ᠬᠠᠤᠯᠢ ᠬᠡᠷᠡᠭᠵᠢᠭᠦᠯᠦᠯᠳᠡ ᠶᠢ ᠬᠢᠨᠡᠨ ᠬᠠᠮᠢᠶᠠᠷᠬᠤ ᠳᠤ᠂ ᠭᠠᠵᠠᠷ ᠤᠷᠤᠨ ᠤ ᠬᠤᠭᠤᠷᠤᠨᠳᠤ᠂ ᠰᠠᠯᠠᠭ᠎ᠠ ᠮᠦᠴᠢᠷ ᠤᠨ ᠬᠤᠭᠤᠷᠤᠨᠳᠤ᠂ ᠳᠡᠭᠡᠳᠦ ᠳᠤᠤᠷᠠᠳᠦ ᠱᠠᠳᠤᠨ ᠤ ᠬᠤᠭᠤᠷᠤᠨᠳᠤ ᠴᠦᠮ ᠤᠷᠭᠠᠨᠢᠬ ᠢᠶᠠᠷ ᠵᠤᠯᠭᠠᠯᠴᠠᠨ᠂ ᠨᠢᠬᠳᠠ ᠬᠠᠮᠵᠢᠯᠴᠠᠬᠤ ᠶᠢ ᠪᠡᠶᠡᠯᠡᠬᠦᠯᠵᠦ᠂ ᠦᠨᠡᠨ ᠬᠦ ᠬᠠᠮᠳᠤᠷᠠᠯ ᠬᠦᠴᠦᠨ ᠢ ᠪᠦᠷᠢᠯᠳᠦᠬᠦᠯᠦᠨ᠂ ᠵᠠᠰᠠᠯᠳᠠ ᠶᠢᠨ ᠬᠠᠷᠠᠯᠳᠠ ᠪᠠᠨ ᠰᠠᠶᠢᠳᠤᠷ ᠪᠡᠶᠡᠯᠡᠬᠦᠯᠬᠦ ᠶᠢ ᠪᠠᠳᠤᠯᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ᠂ ᠦᠵᠡᠰᠬᠦᠯᠡᠩᠳᠦ ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠬᠤ᠂ ᠦᠵᠡᠰᠬᠦᠯᠡᠩᠳᠦ ᠰᠠᠶᠢᠬᠠᠨ ᠥᠪᠦᠷ ᠮᠤᠩᠭᠤᠯ ᠢ ᠪᠦᠳᠦᠭᠡᠨ ᠪᠠᠶᠢᠭᠤᠯᠬᠤ ᠳᠤ ᠦᠵᠡᠬᠦᠯᠪᠡᠰᠦ ᠵᠤᠬᠢᠬᠤ ᠬᠤᠪᠢ ᠨᠡᠮᠡᠷᠢ ᠪᠠᠨ ᠦᠵᠡᠬᠦᠯᠬᠦ ᠭᠡᠷᠡᠭᠲᠡᠢ ᠭᠡᠵᠦ ᠴᠢᠬᠤᠯᠠᠴᠢᠯᠠᠵᠠᠢ᠃
  ᠬᠤᠯᠪᠤᠭᠳᠠᠯ ᠪᠦᠬᠦᠢ ᠠᠶᠢᠮᠠᠭ ᠬᠤᠳᠠ ᠵᠢᠴᠢ ᠲᠢᠩᠬᠢᠮ ᠲᠤᠪᠴᠢᠶᠠᠨ ᠤ ᠬᠠᠷᠢᠭᠤᠴᠠᠯᠭᠠᠳᠠᠨ ᠬᠤᠷᠠᠯ ᠳᠤ ᠤᠷᠤᠯᠴᠠᠪᠠ᠃ ᠵᠣᠬᠢᠶᠠᠭᠴᠢ᠄  ᠪᠠᠢ ᠳ᠋ᠠᠨ 



  
     
     