 

︽ᠲᠡᠭᠷᠢᠯᠢᠭ ᠬᠦᠪᠡᠭᠦᠨ︾ ᠲᠠᠮᠢᠷ ᠤᠷᠠᠯᠢᠭ ᠤᠨ ᠴᠤᠭᠯᠠᠭᠠᠨ ᠬᠠᠩᠭᠢᠨ ᠬᠤᠰᠢᠭᠤᠨ ᠳᠤ ᠶᠠᠪᠤᠭᠳᠠᠪᠠ

2019-07-14 13:55
  1388
  0
 
   ᠰᠢᠨ᠎ᠡ ᠳᠤᠮᠳᠠᠳᠤ ᠤᠯᠤᠰ ᠪᠠᠶᠢᠭᠤᠯᠤᠭᠲᠠᠭᠰᠠᠨ 70 ᠵᠢᠯ ᠤᠨ ᠤᠢ ᠶᠢ ᠪᠡᠯᠭᠡᠯᠡᠬᠦ ᠪᠠᠶᠠᠷᠲᠤ ᠮᠦᠴᠡ ᠳᠤ᠂ ᠤᠷᠳᠤᠰ ᠬᠤᠲᠠ ᠶᠢᠨ ᠮᠤᠩᠭᠤᠯ ᠪᠠᠭ᠎ᠠ ᠰᠤᠷᠭᠠᠭᠤᠯᠢ ᠨᠤᠭᠤᠳ ᠢᠶᠠᠷ ᠡᠭᠡᠯᠵᠢᠯᠡᠨ ᠶᠠᠪᠤᠭᠳᠠᠳᠠᠭ ︽ᠲᠡᠭᠷᠢᠯᠢᠭ ᠬᠦᠪᠡᠭᠦᠨ︾ ᠬᠤᠨᠲᠠᠭᠠᠲᠤ ᠤᠯᠠᠮᠵᠢᠯᠠᠯᠲᠤ ᠲᠠᠮᠢᠷ ᠤᠷᠠᠯᠢᠭ ᠤᠨ ᠴᠤᠭᠯᠠᠭᠠᠨ ᠵᠢᠴᠢ ᠵᠠᠬᠢᠷᠤᠯ ᠨᠠᠷ ᠤᠨ ᠰᠤᠲᠤᠯᠤᠨ ᠶᠠᠷᠢᠯᠴᠠᠬᠤ ᠬᠤᠷᠠᠯ 7 ᠰᠠᠷ᠎ᠠ ᠶᠢᠨ 8 ᠤ ᠡᠳᠥᠷ ᠶᠢᠰᠥᠳᠡᠬᠢ ᠬᠤᠭᠤᠴᠠᠭ᠎ᠠ ᠪᠠᠨ ᠤᠭᠲᠤᠨ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠦᠯᠵᠡᠢ ᠲᠠᠢ ᠰᠠᠶᠢᠬᠠᠨ ᠶᠠᠪᠤᠭᠲᠠᠯ᠎ᠠ᠃ ᠪᠥᠬᠦ ᠬᠤᠲᠠ ᠶᠢᠨ 18 ᠮᠤᠩᠭᠤᠯ ᠪᠠᠭ᠎ᠠ ᠰᠤᠷᠭᠠᠭᠤᠯᠢ ᠶᠢᠨ 1600 ᠭᠠᠷᠤᠢ ᠪᠠᠭᠰᠢ ᠰᠤᠷᠤᠭᠴᠢ ᠴᠤᠭᠯᠠᠭᠠᠨ ᠤ ᠡᠬᠢᠯᠡᠯᠲᠡ ᠶᠢᠨ ᠶᠤᠰᠤᠯᠠᠯ ᠳᠤ ᠤᠷᠤᠯᠴᠠᠪᠠ᠃ 
   ᠲᠤᠰ ᠬᠤᠭᠤᠴᠠᠭᠠᠨ ᠤ ᠴᠤᠭᠯᠠᠭᠠᠨ ᠢ ᠤᠷᠳᠤᠰ ᠬᠤᠲᠠ ᠶᠢᠨ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ᠂ ᠤᠷᠲᠤᠰ ᠬᠤᠲᠠ ᠶᠢᠨ ᠰᠤᠷᠭᠠᠨ ᠬᠥᠮᠥᠵᠢᠯ ᠤᠨ ᠲᠤᠪᠴᠢᠶ᠎ᠠ᠂ ᠤᠷᠳᠤᠰ ᠬᠤᠲᠠ ᠶᠢᠨ ᠪᠡᠶ᠎ᠡ ᠶᠢᠨ ᠲᠠᠮᠢᠷ ᠤᠨ ᠲᠤᠪᠴᠢᠶ᠎ᠠ ᠭᠤᠤᠯᠯᠠᠨ ᠡᠷᠬᠢᠯᠡᠵᠥ᠂ ᠬᠠᠩᠬᠢᠨ ᠬᠤᠰᠢᠭᠤᠨ ᠤ ᠰᠤᠷᠭᠠᠨ ᠬᠥᠮᠥᠵᠢᠯ ᠪᠡᠶ᠎ᠡ ᠶᠢᠨ ᠲᠠᠮᠢᠷ ᠤᠨ ᠲᠤᠪᠴᠢᠶ᠎ᠠ ᠪᠠ ᠬᠠᠩᠬᠢᠨ ᠬᠤᠰᠢᠭᠤᠨ ᠤ ᠥᠨᠳᠥᠰᠥᠲᠡᠨ ᠤ ᠬᠡᠷᠡᠭ ᠡᠷᠬᠢᠯᠡᠬᠦ ᠵᠥᠪᠯᠡᠯ ᠤᠨ ᠬᠠᠪᠰᠤᠷᠤᠯᠭ᠎ᠠ ᠲᠤᠤᠷ᠎ᠠ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠲᠠᠭᠠᠭᠠᠴᠢᠯᠠᠨ ᠡᠷᠬᠢᠯᠡᠭᠰᠡᠨ ᠪᠠᠶᠢᠨ᠎ᠠ᠃
   ︽ᠲᠡᠭᠷᠢᠯᠢᠭ ᠬᠦᠪᠡᠭᠦᠨ︾ ᠴᠤᠭᠯᠠᠭᠠᠨ ᠨᠢ ︽ᠤᠷᠠᠨ ᠲᠥᠰᠢ ᠶᠢᠨ ᠴᠤᠤᠷᠢᠶ᠎ᠠ︾ ᠨᠠᠷᠠᠮᠵᠢᠲᠦ ᠰᠢᠯᠦᠭ᠂ ᠢᠷᠦᠭᠡᠯ ᠮᠠᠭᠲᠠᠭᠠᠯ᠂ ᠭᠤᠷᠪᠠᠨ ᠬᠡᠯᠡᠨ ᠤ ᠶᠠᠷᠢᠶ᠎ᠠ ᠢᠯᠡᠳᠭᠡᠯ᠂ ᠴᠡᠴᠡ ᠪᠤᠯᠢᠶᠠᠯᠳᠤᠬᠤ ᠮᠦᠷᠦ᠋ᠢᠴᠡᠭᠡᠨ ᠪᠠ ︽ᠠᠵᠢᠨᠠᠢ︾ ᠨᠠᠷᠠᠮᠵᠢᠲᠦ ᠤᠷᠳᠤᠰ ᠪᠦᠬᠡ᠂ ᠮᠤᠩᠭᠤᠯ ᠪᠦᠬᠡ᠂ ᠰᠤᠷ ᠬᠠᠷᠪᠤᠬᠤ᠂ ᠮᠤᠩᠭᠤᠯ ᠰᠢᠲᠠᠷ᠎ᠠ᠂ ᠪᠢᠯᠠᠭᠤ ᠰᠢᠳᠡᠬᠦ᠂ ᠱᠠᠭ᠎ᠠ ᠨᠢᠰᠠᠯᠬᠤ᠂ ᠲᠡᠪᠡᠭ ᠢᠰᠭᠦᠯᠬᠦ ᠵᠡᠷᠭᠡ ᠤᠷᠤᠯᠳᠤᠭᠠᠨ᠂ ︽ᠰᠦᠯᠳᠡ︾ ᠨᠠᠷᠠᠮᠵᠢᠲᠦ ᠦᠨᠳᠦᠰᠦᠲᠡᠨ ᠤ ᠳᠠᠭᠤᠤ ᠪᠦᠵᠢᠭ᠂ ᠬᠦᠭᠵᠢᠮ᠂ ᠤᠷᠠᠨ ᠵᠢᠷᠤᠭ ᠤᠨ ᠮᠦᠷᠦ᠋ᠢᠴᠡᠭᠡᠨ ᠵᠡᠷᠭᠡ ᠭᠤᠷᠪᠠᠨ ᠶᠡᠭᠡ ᠲᠦᠷᠦᠯ᠂ ᠨᠠᠶᠢᠲᠠ 17 ᠪᠠᠭ᠎ᠠ ᠲᠦᠷᠦᠯ ᠤᠨ ᠤᠷᠤᠯᠳᠤᠭᠠᠨ ᠶᠠᠪᠤᠭᠤᠯᠵᠤ᠂ ᠰᠢᠯᠢᠳᠡᠭ ᠬᠤᠪᠢ ᠬᠦᠮᠦᠨ᠂ ᠬᠠᠮᠲᠤ ᠨᠢᠭᠡᠴᠢ ᠶᠢᠨ ᠱᠠᠩᠨᠠᠯ ᠠᠴᠠ ᠭᠠᠳᠠᠨ᠎ᠠ ᠰᠢᠯᠢᠳᠡᠭ ᠵᠢᠯᠤᠭᠤᠳᠤᠭᠴᠢ᠂ ᠵᠤᠬᠢᠶᠠᠨ ᠪᠦᠲᠦᠭᠡᠭᠰᠡᠨ ᠰᠢᠯᠢᠳᠡᠭ ᠱᠠᠩ ᠵᠡᠷᠭᠡ ᠱᠠᠩᠨᠠᠯ ᠬᠦᠬᠢᠭᠦᠯᠦᠯ ᠢ ᠳᠤᠬᠢᠷᠠᠭᠤᠯᠤᠭᠰᠠᠨ ᠪᠠᠶᠢᠨ᠎ᠠ᠃
   ᠲᠤᠰ ᠡᠳᠦᠷ ᠤᠨ ᠤᠷᠤᠢ ᠬᠠᠩᠬᠢᠨ ᠬᠤᠰᠢᠭᠤᠨ ᠤ ᠰᠤᠶᠤᠯ ᠤᠨ ᠤᠷᠲᠤᠨ ᠳᠤ ᠴᠤᠭᠯᠠᠭᠠᠨ ᠤ ᠱᠠᠩᠨᠠᠯ ᠤᠯᠭᠤᠬᠤ ᠥᠲᠡᠰᠢᠯᠡᠭᠡ ᠶᠠᠪᠤᠭᠲᠠᠵᠤ᠂ ᠬᠠᠩᠬᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠥᠩᠬᠡᠢ ᠬᠤᠪᠢ ᠪᠠᠷ ᠨᠢᠬᠡᠳᠥᠬᠡᠷ ᠲᠤ ᠲᠤᠲᠤᠷᠠᠵᠤ᠂ ᠥᠤᠰᠢᠨ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ᠂ ᠤᠲᠤᠭ ᠬᠤᠰᠢᠭᠤᠨ ᠤ ᠮᠤᠩᠭᠤᠯ ᠥᠨᠳᠥᠰᠥᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠵᠡᠷᠥᠩᠬᠡᠢ ᠬᠤᠪᠢ ᠪᠠᠷ ᠬᠤᠶᠠᠲᠤᠭᠠᠷ ᠲᠤ ᠤᠷᠤᠵᠤ᠂ ᠡᠵᠡᠨ ᠬᠤᠷᠤᠭ᠎ᠠ ᠬᠤᠰᠢᠭᠤᠨ ᠤ ᠮᠤᠩᠭᠤᠯ ᠥᠨᠳᠥᠰᠥᠲᠡᠨ ᠤ ᠪᠠᠭ᠎ᠠ ᠰᠤᠷᠭᠠᠭᠤᠯᠢ᠂ ᠤᠲᠤᠭ ᠤᠨ ᠡᠮᠥᠨᠡᠲᠥ ᠬᠤᠰᠢᠭᠤᠨ ᠤ ᠮᠤᠩᠭᠤᠯ ᠥᠨᠳᠥᠰᠥᠲᠡᠨ ᠤ ᠬᠥᠰᠡᠯᠡᠩᠲᠥ ᠲᠤᠷᠰᠢᠯᠲᠠ ᠶᠢᠨ ᠪᠠᠭ᠎ᠠ ᠰᠤᠷᠭᠠᠭᠤᠯᠢ᠂ ᠤᠷᠲᠤᠰ ᠬᠤᠲᠠ ᠶᠢᠨ ᠮᠤᠩᠭᠤᠯ ᠥᠨᠳᠥᠰᠥᠲᠡᠨ ᠤ ᠰᠤᠷᠭᠠᠭᠤᠯᠢ ᠵᠡᠷᠥᠩᠬᠡᠢ ᠬᠤᠪᠢ ᠪᠠᠷ ᠲᠤᠰ ᠲᠤᠰ ᠭᠤᠷᠪᠠᠲᠤᠭᠠᠷ ᠲᠤ ᠤᠷᠤᠵᠤ᠂ ᠪᠤᠰᠤᠳ 12 ᠰᠤᠷᠭᠠᠭᠤᠯᠢ ᠨᠢ ᠰᠢᠯᠢᠲᠡᠭ ᠵᠤᠬᠢᠶᠠᠨ ᠪᠠᠶᠢᠭᠤᠯᠤᠭᠰᠠᠨ ᠨᠢᠬᠡᠴᠢ᠂ ᠶᠤᠰᠤ ᠮᠤᠷᠠᠯ ᠬᠡᠪ ᠰᠤᠷᠲᠠᠯ ᠤᠨ ᠲᠠᠭᠤᠷᠢᠶᠠᠯ ᠰᠤᠷᠭᠠᠭᠤᠯᠢ ᠪᠠᠷ ᠲᠤᠰ ᠲᠤᠰ ᠦᠨᠡᠯᠡᠭᠳᠡᠨ ᠬᠦᠬᠢᠭᠦᠯᠦᠭᠳᠡᠭᠰᠠᠨ ᠪᠠᠶᠢᠨ᠎ᠠ᠃ ᠥᠲᠡᠰᠢᠯᠡᠭᠡ ᠲᠡᠭᠦᠰᠬᠦ ᠦᠶ᠎ᠡ ᠪᠠᠷ᠂ ᠠᠷᠪᠠᠲᠠᠬᠢ ᠬᠤᠭᠤᠴᠠᠭᠠᠨ ᠤ ︽ᠲᠡᠭᠷᠢᠯᠢᠭ ᠬᠦᠪᠡᠭᠦᠨ︾ ᠬᠤᠨᠳᠠᠭᠠᠲᠤ ᠲᠠᠮᠢᠷ ᠤᠷᠠᠯᠢᠭ ᠤᠨ ᠴᠤᠭᠯᠠᠭᠠᠨ ᠵᠢᠴᠢ ᠵᠠᠬᠢᠷᠤᠯ ᠨᠠᠷ ᠤᠨ ᠰᠤᠳᠤᠯᠤᠨ ᠶᠠᠷᠢᠯᠴᠠᠬᠤ ᠬᠤᠷᠠᠯ ᠢ ᠳᠠᠭᠠᠭᠠᠴᠢᠯᠠᠨ ᠡᠷᠬᠢᠯᠡᠬᠦ ᠰᠤᠷᠭᠠᠭᠤᠯᠢ — ᠡᠵᠡᠨ ᠬᠤᠷᠤᠭ᠎ᠠ ᠬᠤᠰᠢᠭᠤᠨ ᠤ ᠮᠤᠩᠭᠤᠯ ᠦᠨᠳᠦᠰᠦᠲᠡᠨ ᠤ ᠳᠤᠷᠰᠢᠯᠲᠠ ᠶᠢᠨ ᠪᠠᠭ᠎ᠠ ᠰᠤᠷᠭᠠᠭᠤᠯᠢ ᠳᠤ ᠴᠤᠭᠯᠠᠭᠠᠨ ᠤ ᠲᠤᠭ ᠢ ᠳᠠᠮᠵᠢᠭᠤᠯᠤᠨ᠂ ᠡᠨᠡ ᠬᠦ ᠴᠤᠭᠯᠠᠭᠠᠨ ᠢ ᠵᠢᠯ ᠠᠴᠠ ᠵᠢᠯ ᠤᠳᠬ᠎ᠠ ᠲᠡᠭᠦᠯᠳᠡᠷ ᠨᠢᠵᠢᠬᠢᠷ ᠰᠠᠶᠢᠬᠠᠨ ᠬᠢᠵᠦ᠂ ᠨᠡᠩ ᠤᠯᠠᠨ ᠬᠡᠦᠬᠡᠳ ᠲᠤ ᠲᠠᠮᠢᠷ ᠤᠷᠠᠯᠢᠭ ᠤᠨ ᠤᠷ᠎ᠠ ᠴᠢᠳᠠᠪᠤᠷᠢ᠂ ᠤᠢ ᠤᠬᠠᠭᠠᠨ ᠢᠶᠠᠨ ᠰᠤᠷᠢᠬᠤ ᠳᠠᠪᠴᠠᠩ ᠬᠠᠩᠭᠠᠬᠤ ᠶᠢ ᠵᠤᠷᠢᠭᠰᠠᠨ ᠪᠠᠶᠢᠨ᠎ᠠ   ᠵᠣᠬᠢᠶᠠᠭᠴᠢ᠄  ᠬᠦᠬᠡᠮᠦ᠋ᠴᠢᠷ ᠰᠡᠷᠭᠦᠯᠡᠩ ᠠᠷᠢᠭᠤᠨ 



  
     
     