

ᠬᠠᠨᠭ᠍ᠭᠢᠨ ᠬᠤᠰᠢᠭᠤᠨ ᠤ ᠨᠤᠲᠤᠭ ᠤᠨ ᠡᠷᠳᠡᠨᠢ — ︽ᠬᠦᠨᠳᠡᠢ ᠶᠢᠨ ᠬᠠᠰ︾

2018-06-30 16:02
  67
  0

     ᠦᠢᠯᠡᠳᠪᠦᠷᠢ ᠶᠢᠨ ᠭᠡᠷ ᠤᠨ ᠢᠶᠠᠨ ᠡᠭᠦᠳᠡᠨ ᠳᠤ ᠴᠦᠮ ᠮᠤᠩᠭᠤᠯ ᠬᠤᠤᠰ ᠤᠶᠠᠩᠭ᠎ᠠ ᠨᠠᠭᠠᠵᠤ᠂ ᠮᠤᠩᠭᠤᠯ ᠦᠨᠳᠦᠰᠦᠲᠡᠨ ᠤ ᠤᠯᠠᠮᠵᠢᠯᠠᠯᠲᠤ ᠠᠮᠢᠳᠤᠷᠠᠯ ᠢ ᠬᠠᠷᠠᠭᠤᠯᠤᠭᠰᠠᠨ ᠬᠠᠨ᠎ᠠ ᠶᠢᠨ ᠵᠢᠷᠤᠭ ᠵᠢᠷᠤᠵᠦ ᠴᠢᠮᠡᠭᠯᠡᠭᠰᠡᠨ ︽ᠬᠠᠩᠭᠢᠨ ᠬᠤᠰᠢᠭᠤᠨ ᠤ ᠮᠤᠩᠭᠤᠯ ᠦᠨᠳᠦᠰᠦᠲᠡᠨ ᠤ ᠭᠠᠷ ᠤᠷᠠᠯᠠᠯ ᠤᠨ ᠰᠤᠶᠤᠯ ᠢ ᠤᠯᠠᠮᠵᠢᠯᠠᠬᠤ ᠰᠠᠭᠤᠷᠢᠨ︾᠎ ᠳᠤ ᠬᠦᠷᠭᠦᠶ᠎ᠡ ᠬᠠᠯᠠᠭᠤᠨ ᠳᠤᠲᠤᠨᠤ᠂ ᠰᠤᠶᠤᠯ ᠤᠨ ᠠᠭᠤᠷ ᠠᠮᠢᠰᠬᠤᠯ ᠲᠠᠢ ᠰᠠᠨᠠᠭᠳᠠᠵᠤ ᠪᠠᠶᠢᠯ᠎ᠠ᠃ ᠦᠵᠡᠭᠦᠯᠦᠯᠭᠡ ᠶᠢᠨ ᠭᠡᠷ ᠲᠤᠨᠢ ︽ ᠬᠦᠨᠳᠡᠢ ᠶᠢᠨ ᠬᠠᠰ︾᠎ ᠢᠶᠠᠷ ᠬᠢᠭᠰᠡᠨ ᠪᠠᠭᠤᠤ᠂ ᠮᠤᠩᠭᠤᠯ ᠰᠢᠲᠠᠷ᠎ᠠ᠂ ᠬᠦᠬᠦᠷ᠂ ᠲᠠᠪᠤᠨ ᠬᠤᠰᠢᠭᠤ ᠮᠠᠯ ᠵᠡᠷᠭᠡ ᠮᠤᠩᠭᠤᠯ ᠦᠨᠳᠦᠰᠦᠲᠡᠨ ᠤ ᠤᠯᠠᠮᠵᠢᠯᠠᠯᠲᠤ ᠰᠤᠶᠤᠯ ᠢᠶᠠᠷ ᠰᠡᠳᠦᠪᠯᠡᠭᠰᠡᠨ᠂ ᠤᠯᠠᠮᠵᠢᠯᠠᠯᠲᠤ ᠭᠠᠷ ᠤᠷᠠᠯᠠᠯ ᠤᠨ ᠮᠡᠷᠭᠡᠵᠢᠯ ᠢᠶᠠᠷ ᠤᠷᠠᠯᠠᠵᠤ ᠭᠠᠷᠭᠠᠭᠰᠠᠨ ᠪᠦᠲᠦᠭᠡᠭᠳᠡᠭᠦᠨ ᠨᠦᠭᠦᠳ ᠳᠡᠯᠭᠡᠭᠡᠰᠦᠲᠡᠢ᠃ ᠦᠢᠯᠡᠳᠪᠦᠷᠢ ᠶᠢᠨ ᠭᠡᠷ ᠤᠨ ᠬᠢᠨᠢ ᠵᠡᠭᠡᠯᠢ ᠲᠠᠢ ᠨᠢᠭᠤᠷᠯᠠᠭᠰᠠᠨ ᠭᠡᠰᠡᠭ ᠲᠤ 9 ᠭᠠᠷ ᠤᠷᠠᠯᠠᠯ ᠤᠨ ᠪᠦᠲᠦᠭᠡᠭᠳᠡᠭᠦᠨ ᠤ ᠳᠡᠯᠭᠡᠭᠦᠷ ᠡᠩᠨᠠᠷᠠᠨ ᠬᠠᠷᠠᠭᠳᠠᠨ᠎ᠠ᠃ ᠬᠠᠩᠬᠢᠨ ᠬᠤᠰᠢᠭᠤᠨ ᠤ ᠲᠤᠭᠤᠢᠢᠲᠠᠯ᠎ᠠ ᠪᠠᠯᠭᠠᠰᠤ ᠶᠢᠨ ᠤᠢᠢᠷ᠎ᠠ ᠵᠠᠭᠤᠷᠠᠬᠢ ᠭᠤᠤᠯ ᠭᠤᠷᠤᠬ᠎ᠠ᠂ ᠬᠠᠪᠴᠢᠯ ᠬᠦᠨᠳᠡᠢ ᠪᠠᠷ ᠦᠷᠭᠦᠯᠵᠢ ᠤᠯᠠᠨ ᠦᠡᠭᠭᠡ ᠶᠢᠨ᠂ ᠶᠠᠩᠵᠤ ᠪᠦᠷᠢ ᠶᠢᠨ ᠬᠡᠯᠪᠡᠷᠢ ᠲᠠᠢ ᠬᠠᠳᠠ ᠴᠢᠯᠠᠭᠤ ᠬᠠᠷᠠᠭᠳᠠᠵᠤ᠂ ᠮᠠᠯᠴᠢᠳ ᠡᠳᠡᠭᠡᠷ ᠬᠠᠳᠠ ᠴᠢᠯᠠᠭᠤ ᠪᠠᠷ ᠬᠠᠰᠢᠶ᠎ᠠ ᠬᠤᠷᠤᠭ᠎ᠠ ᠪᠠᠷᠢᠬᠤ᠂ ᠭᠠᠵᠠᠷ ᠳᠡᠪᠢᠰᠬᠦ ᠵᠡᠷᠭᠡ ᠪᠠᠷ ᠠᠰᠢᠬᠯᠠᠳᠠᠭ ᠪᠠᠶᠢᠪᠠ᠃ ᠭᠡᠪᠡᠴᠤ ᠡᠩ ᠤᠨ ᠨᠢᠭᠡᠨ ᠨᠤᠲᠤᠭ ᠤᠨ ᠪᠤᠷᠤ ᠴᠢᠯᠠᠭᠤ ᠲᠤᠲᠤᠷ᠎ᠠ ᠦᠨ᠎ᠡ ᠴᠡᠨ᠎ᠡ ᠲᠠᠢ ᠬᠠᠰ ᠴᠢᠯᠠᠭᠤ ᠶᠢᠨ ᠠᠭᠤᠯᠤᠭᠳᠠᠴᠠ ᠠᠷᠪᠢᠨ ᠪᠠᠶᠢᠨ᠎ᠠ ᠭᠡᠳᠡᠭ ᠢ ᠬᠠᠷᠢᠨ ᠮᠠᠨᠳᠤᠬᠤ ᠯᠠ ᠰᠠᠨᠠᠭᠠᠨ ᠳᠤ ᠦᠭᠡᠢ ᠤᠯᠵᠤ ᠮᠡᠳᠡᠭᠰᠡᠨ ᠲᠡᠳᠦᠢ ᠦᠭᠡᠢ᠂ ᠨᠤᠲᠤᠭ ᠤᠨ ᠴᠢᠯᠠᠭᠤ ᠪᠠᠨ ︽ᠡᠷᠳᠡᠨᠢ︾ ᠪᠤᠯᠭᠠᠭᠰᠠᠨ ᠪᠠᠶᠢᠯ᠎ᠠ᠃
      ᠮᠠᠨᠳᠤᠬᠤ ᠤᠳᠠᠭᠠᠨ ᠵᠢᠯ ᠠᠷᠠᠯᠵᠢᠶ᠎ᠠ ᠬᠢᠵᠤ ᠶᠠᠪᠤᠬᠤ ᠳᠠᠭᠠᠨ ᠦᠷᠭᠦᠯᠵᠢ ᠬᠠᠳᠠ ᠴᠢᠯᠠᠭᠤᠨ ᠤᠷᠠᠯᠠᠯ ᠤᠨ ᠪᠦᠲᠦᠭᠡᠭᠳᠡᠭᠦᠨ ᠢ ᠴᠤᠭᠯᠠᠭᠤᠯᠵᠤ ᠬᠠᠳᠠᠭᠠᠯᠠᠨ᠂ ᠬᠠᠶᠠ ᠪᠠᠰᠠ ᠠᠷᠠᠯᠵᠢᠶᠠᠯᠠᠳᠠᠭ ᠪᠠᠶᠢᠵᠠᠢ᠃ ᠨᠢᠭᠡᠨ ᠤᠳᠠᠭ᠎ᠠ ᠶᠢᠨ ᠭᠡᠨᠡᠳᠲᠡ ᠶᠢᠨ ᠲᠤᠬᠢᠶᠠᠯ ᠢᠶᠠᠷ ᠮᠠᠨᠳᠤᠬᠤ ᠭᠤᠸᠠᠢ ᠡᠨᠡᠬᠦ ᠨᠤᠲᠤᠭ ᠤᠨ ᠴᠢᠯᠠᠭᠤᠨ ᠤ ᠭᠠᠶᠢᠬᠠᠮᠰᠢᠭ ᠢ ᠤᠯᠵᠤ ᠮᠡᠳᠡᠪᠠ᠃ ︽ ᠲᠠᠪᠤ ᠵᠢᠷᠭᠤᠭᠠᠨ ᠵᠢᠯ ᠤᠨ ᠡᠮᠦᠨ᠎ᠡ ᠪᠢ ᠬᠦᠨᠳᠡᠢ ᠶᠢᠨ ᠭᠤᠤᠯ ᠳᠤ ᠪᠠᠷᠢᠯᠭ᠎ᠠ ᠶᠢᠨ ᠴᠢᠯᠠᠭᠤ ᠡᠷᠢᠵᠦ ᠶᠠᠪᠤᠵᠤ ᠪᠠᠶᠢᠭ᠎ᠠ ᠲᠠᠰᠢᠷᠠᠮ ᠳᠠᠭᠠᠨ ᠡᠯᠳᠡᠪ ᠵᠦᠢᠯ ᠤᠨ ᠦᠡᠭᠭᠡ ᠲᠠᠢ ᠴᠢᠯᠠᠭᠤ ᠪᠠᠶᠢᠬᠤ ᠶᠢ ᠤᠯᠵᠤ ᠦᠵᠡᠪᠡ᠂ ᠭᠠᠷ ᠳ᠋ᠸᠡᠭ ᠲᠤᠰᠬᠠᠵᠤ ᠦᠵᠡᠭᠰᠡᠨ ᠳᠤ ᠬᠡᠷᠡᠯ ᠨᠢ ᠳᠤᠲᠤᠭᠰᠢ ᠨᠡᠪᠲᠡᠷᠡᠨ ᠤᠷᠤᠵᠤ ᠲᠤᠩᠭᠠᠯᠠᠭ ᠰᠠᠶᠢᠬᠠᠨ ᠦᠵᠡᠭᠳᠡᠭᠰᠡᠨ ᠲᠤᠯᠠ ᠮᠢᠨᠦ ᠰᠤᠨᠢᠷᠬᠠᠯ ᠢ ᠶᠡᠬᠡᠲᠡ ᠲᠠᠲᠠᠪᠠ︾ ᠭᠡᠵᠦ ᠮᠠᠨᠳᠤᠬᠤ ᠳᠤᠬᠠᠢ ᠶᠢᠨ ᠵᠢᠯ ᠤᠨ ᠪᠠᠶᠢᠳᠠᠯ ᠢᠶᠠᠨ ᠡᠷᠭᠢᠴᠡᠭᠦᠯᠵᠦ ᠪᠠᠶᠢᠯ᠎ᠠ᠃ ᠢᠡᠭᠭᠢᠭᠡᠳ ᠲᠡᠷᠡ ᠡᠳᠡᠭᠡᠷ ᠴᠢᠯᠠᠭᠤ ᠶᠢ ᠤᠷᠤᠨ ᠤ ᠲᠦᠪ ᠬᠦᠭᠡᠬᠤᠲᠠ ᠳᠠᠬᠢ ᠰᠢᠯᠭᠠᠨ ᠲᠤᠳᠤᠯᠠᠬᠤ ᠲᠤᠰᠬᠠᠢ ᠭᠠᠵᠠᠷ ᠲᠤ ᠠᠪᠠᠴᠢᠵᠤ ᠬᠢᠨᠠᠨ ᠰᠢᠯᠭᠠᠭᠤᠯᠤᠭᠰᠠᠨ ᠳᠤ ᠦᠭᠡᠭᠦᠨ ᠴᠢᠯᠠᠭᠤᠨ ᠬᠠᠰ ᠪᠠᠶᠢᠨ᠎ᠠ ᠭᠡᠵᠤ ᠲᠤᠳᠤᠯᠠᠭᠰᠠᠨ ᠪᠠᠶᠢᠵᠠᠢ᠃ ᠬᠢᠨᠠᠨ ᠲᠤᠭᠲᠠᠭᠠᠭᠰᠠᠨ ᠦᠭᠡᠬᠦᠨ ᠴᠢᠯᠠᠭᠤᠨ ᠬᠠᠰ ᠨᠢ ᠴᠢᠨᠠᠷ ᠰᠠᠶᠢᠨ ᠮᠦᠷᠲᠡᠭᠡᠨ ᠦᠡᠭᠭᠡ ᠨᠢ ᠰᠠᠶᠢᠬᠠᠨ᠂ ᠨᠢᠭᠲᠠᠴᠠ ᠨᠢ ᠦᠨᠳᠦᠷ ᠵᠡᠷᠭᠡ ᠤᠯᠠᠨ ᠳᠠᠪᠠᠭᠤᠯᠢᠭ ᠲᠠᠯ᠎ᠠ ᠲᠠᠢ᠂ ᠨᠢᠭᠡ ᠵᠦᠢᠯ ᠤᠨ ᠲᠤᠮᠳᠠ ᠠᠴᠠ ᠳᠡᠭᠡᠭᠦᠷ ᠵᠡᠷᠭᠡ ᠶᠢᠨ ᠬᠠᠰ ᠴᠢᠯᠠᠭᠤ ᠭᠡᠨ᠎ᠡ᠃ ᠤᠳᠠᠭᠠᠨ ᠵᠢᠯ ᠤᠨ ᠠᠷᠠᠯᠵᠢᠶᠠᠨ ᠤ ᠲᠤᠷᠰᠢᠯᠭ᠎ᠠ ᠲᠠᠢ ᠮᠠᠨᠳᠤᠬᠤ ᠡᠨᠡᠬᠦ ᠨᠤᠲᠤᠭ ᠤᠨ ᠴᠢᠯᠠᠭᠤᠨ ᠤ ᠦᠨ᠎ᠡ ᠦᠷᠲᠡᠭ ᠪᠠ ᠠᠷᠠᠯᠵᠢᠶᠠᠨ ᠤ ᠲᠤᠬᠢᠶᠠᠯ ᠢ ᠰᠡᠷᠭᠡᠭ ᠢᠶᠠᠷ ᠲᠠᠨᠢᠵᠤ᠂ ᠡᠳᠡᠭᠡᠷ ᠴᠢᠯᠠᠭᠤᠨ ᠤ ᠬᠠᠮᠤᠭ ᠤᠨ ᠶᠡᠭᠡ ᠦᠨ᠎ᠡ ᠦᠷᠲᠡᠭ ᠢ ᠢᠯᠡᠷᠡᠭᠦᠯᠦᠶ᠎ᠡ ᠭᠡᠪᠡᠯ ᠵᠠᠪᠠᠯ ᠨᠠᠷᠢᠯᠢᠭ ᠡᠳ᠋ᠰᠢᠭᠦᠯᠵᠦ ᠤᠷᠠᠯᠢᠭ ᠤᠨ ᠪᠦᠲᠦᠭᠡᠭᠲᠡᠭᠦᠨ ᠪᠤᠯᠭᠠᠬᠤ ᠬᠡᠷᠡᠭᠲᠡᠢ ᠭᠡᠳᠡᠭ ᠢ ᠳᠤᠲᠤᠷᠬᠠᠢ ᠰᠠᠷᠠᠵᠦ ᠮᠡᠳᠡᠭᠰᠡᠨ  ᠪᠠᠶᠢᠯ᠎ᠠ᠃
     ᠢᠡᠭᠭᠢᠭᠡᠳ ᠲᠡᠷᠡ 2017 ᠤᠨ ᠤ 10 ᠰᠠᠷ᠎ᠠ ᠠᠴᠠ ︽ᠮᠤᠩᠭᠤᠯ ᠦᠨᠳᠦᠰᠦᠲᠡᠨ ᠤ ᠤᠯᠠᠮᠵᠢᠯᠠᠯᠲᠤ ᠭᠠᠷ ᠤᠷᠠᠯᠠᠯ ᠤᠨ ᠰᠤᠶᠤᠯ ᠢ ᠤᠯᠠᠮᠵᠢᠯᠠᠬᠤ ᠰᠠᠭᠤᠷᠢᠨ︾ ᠪᠠᠶᠢᠭᠤᠯᠬᠤ ᠪᠡᠯᠡᠳᠭᠡᠯ ᠢᠶᠠᠨ ᠡᠬᠢᠯᠡᠵᠦ ᠬᠢᠪᠡ᠃ ᠬᠠᠨᠭ᠍ᠭᠢᠨ ᠬᠤᠰᠢᠭᠤᠨ ᠤ ᠰᠤᠶᠤᠯ ᠤᠨ ᠲᠤᠪᠴᠢᠶ᠎ᠠ᠂ ᠬᠠᠨᠭ᠍ᠭᠢᠨ ᠬᠤᠰᠢᠭᠤᠨ ᠤ ᠦᠨᠳᠦᠰᠦᠲᠡᠨ ᠤ ᠬᠡᠷᠡᠭ ᠡᠷᠬᠢᠯᠡᠬᠦ ᠵᠦᠪᠯᠡᠯ ᠠᠴᠠ ᠡᠨᠡᠭᠦ ᠫᠠᠶᠢᠰᠠ ᠶᠢ ᠤᠯᠭᠤᠵᠠᠢ᠃ ᠡᠭᠦᠨ ᠢᠶᠠᠷ ᠪᠠᠷᠠᠬᠤ ᠦᠭᠡᠢ᠂ ᠮᠠᠨᠳᠤᠬᠤ ᠬᠠᠨᠭ᠍ᠭᠢᠨ ᠬᠤᠰᠢᠭᠤᠨ ᠤ ᠶᠧ ᠡᠾᠧ ᠦᠨᠳᠦᠰᠦᠲᠡᠨ ᠤ ᠰᠤᠶᠤᠯ ᠤᠨ ᠤᠯᠠᠮᠵᠢᠯᠠᠯ ᠤᠨ ᠬᠢᠵᠠᠭᠠᠷᠲᠤ ᠺᠤᠮᠫᠠᠨᠢ ᠪᠠᠨ ᠪᠠᠶᠢᠭᠤᠯᠵᠤ᠂ 9 ᠳᠡᠯᠭᠡᠭᠦᠷ ᠨᠡᠭᠡᠭᠡᠵᠤ᠂ ᠬᠠᠨᠭ᠍ᠭᠢᠨ ᠨᠤᠲᠤᠭ ᠤᠨ ᠭᠠᠷ ᠤᠷᠠᠴᠤᠳ ᠢᠶᠠᠨ ᠴᠤᠭᠯᠠᠭᠤᠯᠵᠤ ᠮᠤᠩᠭᠤᠯ ᠰᠢᠲᠠᠷ᠎ᠠ᠂ ᠬᠦᠬᠦᠷ᠂ ᠪᠠᠭᠤᠤ᠂ ᠲᠤᠯᠤᠭᠠᠢ ᠶᠢᠨ ᠵᠠᠰᠠᠯ᠂ ᠮᠤᠩᠭᠤᠯ ᠬᠤᠪᠴᠠᠰᠤ ᠵᠠᠰᠠᠯ ᠵᠡᠷᠭᠡ ᠪᠦᠲᠦᠭᠡᠭᠳᠡᠭᠦᠨ ᠢ ᠡᠳ᠋ᠰᠢᠭᠦᠯᠦᠨ ᠪᠤᠷᠤᠯᠠᠭᠤᠯᠵᠤ ᠂ ᠬᠠᠨᠭ᠍ᠬᠢᠨ ᠨᠤᠲᠤᠭ ᠤᠨ ᠬᠦᠨᠳᠡᠢ  ᠶᠢᠨ ᠭᠤᠤᠯ ᠤᠨ ᠴᠢᠯᠠᠭᠤ ᠠᠴᠠ ᠢᠷᠡᠯ ᠲᠠᠢ ︽ᠬᠦᠨᠳᠡᠢ ᠶᠢᠨ ᠬᠠᠰ︾ ᠲᠠᠸᠠᠷ ᠤᠨ ᠲᠡᠮᠳᠡᠭ ᠢ ᠳᠠᠩᠰᠠᠯᠠᠭᠤᠯᠵᠤ᠂ ᠨᠤᠲᠤᠭ ᠤᠰᠤ᠂ ᠦᠨᠳᠦᠰᠦᠲᠡᠨ ᠤᠭᠰᠠᠭᠠᠲᠠᠨ ᠤ ᠪᠠᠨ ᠤᠯᠠᠮᠵᠢᠯᠠᠯᠲᠤ ᠰᠤᠶᠤᠯ ᠢ ᠠᠭᠤᠰᠬᠠᠭᠰᠠᠨ ᠤᠷᠠᠯᠢᠭ ᠤᠨ ᠪᠦᠲᠦᠭᠡᠯ ᠪᠤᠯᠭᠠᠨ ᠤᠷᠠᠯᠠᠨ ᠪᠦᠲᠦᠭᠡᠵᠤ᠂ ᠨᠤᠲᠤᠭ ᠤᠨ ᠪᠤᠷᠤ ᠴᠢᠯᠠᠭᠤ ᠶᠢ ᠦᠨᠡᠲᠤ ᠬᠤᠪᠤᠷ ᠡᠷᠳᠡᠨᠢ ᠪᠤᠯᠭᠠᠨ ᠤᠯᠠᠨ ᠳᠤ ᠲᠠᠨᠢᠭᠤᠯᠵᠤ ᠪᠠᠶᠢᠨ᠎ᠠ᠃ ᠬᠤᠶᠢᠰᠢᠲᠠ ᠤᠷᠳᠤᠰ ᠨᠤᠲᠤᠭ ᠤᠨ ᠭᠠᠷ ᠤᠷᠠᠯᠠᠯ᠂ ᠨᠤᠲᠤᠭ ᠤᠨ ᠭᠠᠷᠤᠯᠲᠠ ᠶᠢ ᠨᠡᠩ ᠤᠯᠠᠨ ᠬᠦᠮᠦᠨ ᠳᠤ ᠲᠠᠨᠢᠭᠤᠯᠵᠤ᠂ ᠨᠡᠩ ᠤᠯᠠᠨ ᠨᠤᠲᠤᠭ ᠤᠨ ᠤᠷᠠᠴᠤᠳ ᠢ ᠬᠦᠮᠦᠵᠢᠭᠦᠯᠦᠨ᠂ ᠪᠦᠲᠦᠭᠡᠭᠳᠡᠭᠦᠨ ᠢᠶᠠᠨ ᠰᠢᠯᠢᠳᠡᠭᠵᠢᠭᠦᠯᠵᠤ᠂ ᠨᠡᠩ ᠦᠷᠭᠡᠨ ᠵᠠᠬ᠎ᠠ ᠳᠡᠯᠭᠡᠭᠦᠷ ᠢ ᠨᠡᠭᠡᠭᠡᠭᠦ ᠪᠠᠷ ᠴᠢᠷᠮᠠᠶᠢᠨ᠎ᠠ ᠭᠡᠵᠤ ᠮᠠᠨᠳᠤᠬᠤ ᠪᠢᠳᠡᠨ ᠳᠤ ᠶᠠᠷᠢᠵᠤ ᠪᠠᠶᠢᠯ᠎ᠠ᠃  ᠨᠠᠷᠠᠨᠴᠢᠮᠡᠭ ᠦᠨᠢᠷ ᠪᠠᠶᠠᠷᠴᠡᠩᠭᠡᠯ ᠴᠤᠪᠤᠭᠤ  



  
     
     