-
6435038
ᠺᠢᠨᠣ᠋ ︽ᠡᠵᠢ ᠶᠢᠨ ᠬᠦᠷᠦᠭ︾ ᠲᠡᠯᠡᠬᠡᠢ ᠶᠢᠨ ᠦᠨᠳᠦᠰᠦᠳᠡᠨ ᠤ ᠺᠢᠨᠣ᠋ ᠶᠢᠨ ᠨᠠᠶᠢᠷ ᠲᠤ ᠲᠡᠪᠰᠢᠬᠦᠯᠦᠭᠳᠡᠯᠠ
2019-03-06 11:23
489
0
ᠦᠪᠤᠷ ᠮᠤᠩᠭᠤᠯ ᠤᠨ ᠤᠷᠳᠤᠰ ᠨᠤᠳᠤᠭ ᠤᠨ ᠦᠩᠬᠡ ᠦᠵᠡᠮᠵᠢ ᠪᠠᠷ ᠠᠷᠤ ᠦᠵᠡᠭᠳᠡᠯ ᠪᠤᠯᠭᠠᠭᠰᠠᠨ ᠡᠵᠢ ᠶᠢᠨ ᠬᠦᠷᠦᠭ ᠬᠡᠬᠦ ᠺᠢᠨᠣ᠋ ᠲᠦᠷᠦᠬᠦᠬᠡᠨ ᠳᠤ 2019 ᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠲᠡᠯᠡᠬᠡᠢ ᠶᠢᠨ ᠦᠨᠳᠦᠰᠦᠳᠡᠨ ᠤ ᠺᠢᠨᠣ᠋ ᠶᠢᠨ ᠨᠠᠶᠢᠷ ᠲᠤ ᠲᠡᠪᠰᠢᠬᠦᠯᠦᠭᠳᠡᠯᠠ᠃ ᠡᠵᠢ ᠶᠢᠨ ᠬᠦᠷᠦᠭ ᠬᠡᠬᠦ ᠺᠢᠨᠣ᠋ ᠶᠢ ᠦᠪᠤᠷ ᠮᠤᠩᠭᠤᠯ ᠤᠨ ᠺᠢᠨᠣ᠋ ᠦᠢᠯᠡᠳᠪᠤᠷᠢ ᠶᠢᠨ ᠬᠠᠷᠢᠭᠤᠴᠠᠯᠭᠠᠳᠤ ᠺᠤᠮᠫᠠᠨᠢ᠂ ᠤᠷᠳᠤᠰ ᠬᠤᠳᠠ ᠶᠢᠨ ᠰᠤᠶᠤᠯ ᠷᠠᠳᠢᠣ᠋ ᠲᠧᠯᠸᠢᠰ ᠲᠤᠪᠴᠢᠶ᠎ᠠ᠂ ᠵᠡᠬᠦᠨᠭᠠᠷ ᠬᠤᠰᠢᠭᠤᠨ ᠤ ᠵᠠᠰᠠᠭ ᠤᠨ ᠤᠷᠳᠤᠨ ᠠᠴᠠ ᠬᠠᠮᠳᠤᠷᠠᠨ ᠦᠢᠯᠡᠳᠴᠤ᠂ ᠨᠡᠷᠡᠳᠤ ᠤᠳᠤᠷᠢᠳᠤᠭᠠᠴᠢ ᠵᠤᠤ ᠬᠦᠸᠧ ᠬᠤᠸᠠ ᠤᠳᠤᠷᠢᠳᠤᠨ᠂ ᠠᠯᠢᠶ᠎ᠠ᠂ ᠰᠤᠶᠤᠯᠳᠠᠯᠠᠢ᠂ ᠡᠦ ᠬᠠᠢ ᠲᠠᠩ ᠵᠡᠷᠬᠡ ᠮᠤᠩᠭᠤᠯ ᠲᠤᠭᠯᠠᠭᠴᠢᠳ ᠤᠷᠤᠯᠴᠠᠭᠰᠠᠨ ᠬᠡᠷ ᠪᠦᠯᠢ ᠶᠢᠨ ᠶᠤᠰᠤ ᠰᠤᠷᠳᠠᠬᠤᠨ ᠤ ᠰᠡᠳᠤᠪᠳᠤ ᠺᠢᠨᠣ᠋ ᠪᠤᠯᠤᠨ᠎ᠠ᠃ ᠺᠢᠨᠣ᠋ ᠳᠤ ᠡᠬᠡ ᠶᠢᠨ ᠬᠠᠶᠢᠷ᠎ᠠ ᠪᠠᠷ ᠭᠤᠤᠯ ᠲᠦᠪ ᠪᠤᠯᠭᠠᠵᠦ᠂ ᠡᠬᠡ ᠶᠢᠨ ᠬᠠᠶᠢᠷ᠎ᠠ ᠶᠢ ᠠᠯᠳᠠᠭᠰᠠᠨ᠂ ᠡᠬᠡ ᠶᠢᠨ ᠬᠠᠶᠢᠷ᠎ᠠ ᠲᠠᠢ ᠤᠴᠠᠷᠠᠭᠰᠠᠨ᠂ ᠡᠬᠡ ᠶᠢᠨ ᠬᠠᠶᠢᠷ᠎ᠠ ᠶᠢ ᠨᠠᠨᠳᠢᠩᠨᠠᠭᠰᠠᠨ ᠭᠤᠷᠪᠠᠨ ᠱᠠᠳᠤᠨ ᠤ ᠬᠠᠶᠢᠷ᠎ᠠ ᠰᠡᠳᠬᠢᠯᠬᠡ ᠶᠢᠨ ᠬᠤᠪᠢᠰᠤᠯᠳᠠ ᠪᠠᠷ ᠨᠢᠬᠡᠨ ᠠᠭᠤᠤ ᠶᠡᠭᠡ ᠡᠬᠡ ᠶᠢᠨ ᠬᠠᠶᠢᠷ᠎ᠠ ᠶᠢ ᠮᠠᠭᠳᠠᠨ ᠲᠠᠭᠤᠯᠠᠬᠤ ᠪᠠᠷ ᠲᠠᠮᠵᠢᠨ ᠦᠵᠡᠭᠴᠢᠳ ᠲᠤ ᠡᠬᠡ ᠶᠢᠨ ᠬᠠᠶᠢᠷ᠎ᠠ ᠶᠢ ᠨᠠᠨᠳᠢᠩᠨᠡᠨ᠂ ᠠᠵᠠ ᠵᠢᠷᠭᠠᠯ ᠲᠠᠢ ᠰᠠᠶᠢᠨ ᠰᠠᠶᠢᠬᠠᠨ ᠠᠮᠢᠳᠤᠷᠠᠯ ᠢ ᠴᠤᠭᠴᠠᠯᠠᠨ ᠪᠠᠶᠢᠭᠤᠯᠬᠤ ᠶᠢ ᠵᠤᠷᠢᠭᠰᠠᠨ ᠪᠠᠶᠢᠨ᠎ᠠ᠃ ᠡᠵᠢ ᠶᠢᠨ ᠬᠦᠷᠦᠭ ᠬᠡᠬᠦ ᠺᠢᠨᠣ᠋ ᠨᠢ ᠦᠪᠤᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠪᠠᠶᠢᠭᠤᠯᠤᠭᠳᠠᠭᠰᠠᠨ 70 ᠵᠢᠯ ᠤᠨ ᠤᠢ ᠳᠤ ᠪᠡᠯᠡᠭ ᠪᠠᠷᠢᠭᠰᠠᠠ ᠺᠢᠨᠣ᠋ ᠪᠤᠯᠬᠤ ᠪᠦᠬᠡᠳ ᠤᠷᠳᠤᠰ ᠬᠤᠳᠠ ᠶᠢᠨ ᠠᠷᠪᠠᠨ ᠨᠢᠬᠡ ᠰᠤᠶᠤᠯ ᠤᠨ ᠢᠨᠵᠧᠨᠧᠷᠢᠩ ᠤᠨ ᠭᠤᠤᠯᠳᠠᠯᠭ᠎ᠠ ᠲᠠᠢ ᠲᠦᠷᠦᠯ ᠵᠦᠢᠯ ᠪᠤᠯᠬᠤ ᠶᠤᠮ᠃ 2016 ᠤᠨ ᠤ 10 ᠰᠠᠷ᠎ᠠ ᠳᠤ ᠤᠷᠳᠤᠰ ᠬᠤᠳᠠ ᠶᠢᠨ ᠵᠡᠬᠦᠨᠭᠠᠷ ᠬᠤᠰᠢᠭᠤᠨ ᠳᠤ ᠺᠢᠨᠣ᠋ ᠶᠢ ᠡᠬᠢᠯᠡᠵᠦ ᠰᠡᠬᠦᠳᠡᠷᠯᠡᠬᠦ ᠶᠤᠰᠤᠯᠠᠯ ᠶᠠᠪᠤᠭᠤᠯᠵᠦ᠂ 2017 ᠤᠨ ᠤ 10 ᠰᠠᠷ ᠠ ᠶᠢᠨ 4 ᠤ ᠡᠳᠤᠷ ᠪᠦᠬᠦ ᠤᠯᠤᠰ ᠤᠨ ᠵᠦᠴᠦᠬᠡ ᠶᠢᠨ ᠲᠢᠶᠠᠲᠷ ᠲᠤ ᠨᠡᠪᠳᠡᠷᠡᠬᠦᠯᠦᠭᠰᠡᠨ ᠠᠴᠠ ᠨᠠᠭᠠᠰᠢ ᠦᠵᠡᠭᠴᠢ ᠲᠦᠮᠡᠨ ᠤ ᠰᠡᠳᠬᠢᠯ ᠢ ᠬᠦᠳᠡᠯᠬᠡᠵᠦ᠂ ᠲᠤᠰᠬᠠᠢ ᠮᠡᠷᠬᠡᠵᠢᠯᠳᠡᠳ ᠪᠤᠯᠤᠨ ᠦᠵᠡᠭᠴᠢᠳ ᠤᠨ ᠦᠨᠳᠦᠷ ᠦᠨᠡᠯᠡᠯᠳᠡ ᠶᠢ ᠤᠯᠤᠭᠰᠠᠨ ᠪᠠᠶᠢᠨ᠎ᠠ᠃