  

ᠴᠢᠳᠠᠪᠣᠷᠢᠲᠠᠨ ᠳᠤ ᠬᠠᠮᠤᠭ ᠤᠨ ᠰᠠᠶᠢᠨ ᠴᠠᠭ ᠦᠶ᠎ᠡ ᠶᠢᠨ ᠲᠠᠪᠴᠠᠩ ᠬᠠᠩᠭᠠᠬᠤ ᠬᠡᠷᠡᠭᠲᠡᠢ

2017-05-05 16:04
  223
  0
ᠮᠡᠳᠡᠯᠭᠡ ᠶᠢ ᠲᠡᠭᠡᠳᠦᠯᠡᠨ᠂ ᠰᠡᠭᠡᠭᠡᠳᠡᠨ ᠢ ᠬᠦᠨᠳᠦᠳᠭᠡᠬᠦ ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠵᠦ᠂ ᠠᠭᠤᠤ ᠶᠡᠭᠡ ᠦᠢᠯᠡᠰ ᠢᠶᠠᠷ ᠬᠦᠮᠦᠰ ᠤᠨ ᠰᠡᠳᠬᠢᠯ ᠢ ᠨᠢᠬᠳᠠᠷᠠᠭᠤᠯᠬᠤ ᠨᠢ ᠴᠢᠳᠠᠪᠤᠷᠢᠳᠡᠨ ᠤ ᠦᠰᠦᠨ ᠪᠤᠶᠢᠵᠢᠯᠳᠠ ᠪᠠ ᠨᠡᠶᠢᠭᠡᠮ ᠤᠨ ᠬᠦᠭᠵᠢᠯᠳᠡ ᠳᠤ ᠲᠦᠢᠯ ᠤᠨ ᠴᠢᠬᠤᠯᠠ ᠪᠠᠶᠢᠭ᠎ᠠ ᠶᠤᠮ᠃   ︽ᠴᠢᠳᠠᠪᠤᠷᠢᠳᠡᠨ ᠢ ᠲᠠᠨᠢᠬᠤ ᠬᠢᠷᠠᠬᠠᠢ ᠨᠢᠳᠦ᠂ ᠴᠢᠳᠠᠪᠤᠷᠢᠳᠡᠨ ᠢ ᠨᠠᠨᠳᠢᠩᠨᠠᠬᠤ ᠦᠨᠡᠨ ᠰᠡᠳᠬᠢᠯ᠂ ᠴᠢᠳᠠᠪᠤᠷᠢᠳᠡᠨ ᠢ ᠭᠡᠷᠡᠭᠯᠡᠬᠦ ᠰᠦᠰᠦ ᠵᠤᠷᠢᠬ᠂ ᠴᠢᠳᠠᠪᠤᠷᠢᠳᠡᠨ ᠢ ᠪᠠᠭᠳᠠᠭᠠᠬᠤ ᠠᠶᠤᠤᠯᠢᠬᠠᠢ ᠴᠡᠭᠡᠵᠢ᠂ ᠴᠢᠳᠠᠪᠤᠷᠢᠳᠡᠨ ᠢ ᠨᠢᠭᠳᠠᠷᠠᠭᠤᠯᠬᠤ ᠰᠠᠶᠢᠨ ᠠᠷᠭ᠎ᠠ ᠪᠠᠷ ᠡᠷᠳᠡᠮᠳᠡᠨ ᠴᠢᠳᠠᠪᠤᠷᠢᠳᠡᠨ ᠢ ᠦᠷᠭᠡᠨ ᠢᠶᠠᠷ ᠲᠦᠪᠯᠡᠷᠡᠭᠦᠯᠵᠦ᠂ ᠡᠯ᠎ᠠ ᠲᠠᠯ᠎ᠠ ᠶᠢᠨ ᠰᠡᠭᠡᠭᠡᠳᠡᠨ ᠢ ᠨᠢᠬᠳᠠᠷᠠᠭᠤᠯᠤᠨ ᠭᠡᠷᠡᠭᠯᠡᠬᠦ ᠭᠡᠷᠡᠭᠳᠠᠢ︾᠃ 3 ᠰᠠᠷ᠎ᠠ ᠶᠢᠨ 4᠎ ᠤ ᠡᠳᠦᠷ᠂ ᠶᠡᠷᠦᠩᠭᠡᠢ ᠱᠦᠵᠢ ᠰᠢ ᠶᠢᠨ ᠫᠢᠩ ᠤᠯᠤᠰ ᠲᠦᠷᠦ ᠶᠢᠨ ᠵᠦᠪᠯᠡᠯᠭᠡᠨ ᠤ ᠭᠡᠰᠢᠬᠦᠳ ᠢ ᠡᠷᠬᠢᠨ ᠦᠵᠡᠵᠦ᠂ ᠲᠡᠷᠡᠴᠢᠯᠡᠨ ᠬᠠᠮᠳᠤᠷᠠᠬᠰᠠᠠ ᠲᠤᠭᠤᠢᠢᠯᠠᠩ ᠤᠨ ᠬᠤᠷᠠᠯ ᠳᠤ ᠤᠷᠤᠯᠴᠠᠬᠤ ᠳᠠᠭᠠᠨ᠂ ᠴᠢᠳᠠᠪᠤᠷᠢᠳᠡᠨ ᠢ ᠨᠢᠬᠳᠠᠷᠠᠭᠤᠯᠬᠤ ᠨᠢ ᠨᠠᠮ ᠲᠦᠷᠦ ᠶᠢᠨ ᠦᠢᠯᠡᠰ ᠲᠤ ᠴᠢᠬᠤᠯᠠ ᠶᠡᠭᠡ ᠠᠴᠢ ᠬᠤᠯᠪᠤᠬᠳᠠᠯ ᠲᠠᠢ ᠶᠤᠮ ᠭᠡᠵᠦ ᠲᠠᠬᠢᠨᠳᠠ ᠢᠯᠡᠷᠭᠡᠶᠢᠯᠡᠭᠰᠡᠡ ᠨᠢ ᠨᠡᠶᠢᠭᠡᠮ ᠤᠨ ᠦᠷᠭᠡᠨ ᠲᠡᠯᠭᠡᠷ ᠠᠩᠬᠠᠷᠤᠯ ᠢ ᠲᠠᠳᠠᠵᠠᠢ᠃ ᠮᠡᠷᠭᠡᠳ ᠢ ᠰᠤᠩᠭᠤᠵᠦ ᠴᠢᠳᠠᠪᠤᠷᠢᠳᠡᠨ ᠢ ᠬᠡᠷᠡᠭᠯᠡᠬᠦ ᠪᠤᠯ ᠲᠦᠷᠦ ᠬᠦᠷᠦᠨ ᠤ ᠮᠠᠨᠳᠤᠨ ᠬᠦᠭᠵᠢᠬᠦ ᠶᠢᠨ ᠴᠢᠬᠤᠯᠠ ᠰᠠᠭᠤᠷᠢ ᠮᠦᠨ᠃ ᠬᠦᠮᠦᠨ ᠢ ᠤᠯᠪᠠᠰᠦ ᠮᠠᠨᠳᠤᠵᠦ᠂ ᠬᠦᠮᠦᠨ ᠢ ᠠᠯᠳᠠᠪᠠᠰᠦ ᠲᠤᠷᠦ᠋ᠢᠳᠠᠮᠤᠢ ᠭᠡᠳᠡᠭ ᠪᠤᠯ ᠨᠢᠭᠡᠨ ᠡᠷᠬᠢᠮ ᠨᠠᠨᠳᠢᠨ ᠲᠡᠤᠭᠡ ᠶᠢᠨ ᠲᠤᠷᠰᠢᠯᠭ᠎ᠠ ᠮᠦᠨ᠃ ᠮᠡᠳᠡᠯᠭᠡ ᠶᠢ ᠲᠡᠭᠡᠳᠦᠯᠡᠨ᠂ ᠴᠢᠳᠠᠪᠤᠷᠢᠳᠡᠨ ᠢ ᠬᠦᠨᠳᠦᠳᠭᠡᠵᠦ᠂ ᠬᠦᠮᠦᠨ ᠢ ᠰᠢᠯᠢᠵᠦ ᠬᠦᠮᠦᠨ ᠢ ᠭᠡᠷᠡᠭᠯᠡᠬᠦ ᠶᠢ ᠴᠢᠬᠤᠯᠠ ᠪᠠᠶᠢᠷᠢᠨ ᠳᠤ ᠲᠠᠯᠪᠢᠬᠤ ᠨᠢ ᠨᠢᠭᠡᠨ ᠰᠠᠶᠢᠨ ᠰᠠᠶᠢᠬᠠᠨ ᠲᠦᠷᠦ ᠶᠢ ᠵᠠᠰᠠᠬᠤ ᠤᠢᠢᠯᠠᠭᠠᠬᠳᠠᠬᠤᠨ ᠬᠢᠭᠡᠳ ᠤᠯᠤᠰ ᠲᠦᠷᠦ ᠶᠢᠨ ᠤᠶᠤᠨ ᠤᠬᠠᠭᠠᠨ ᠪᠤᠯᠬᠤ ᠪᠠᠷ ᠪᠠᠷᠠᠬᠤ ᠦᠭᠡᠢ᠂ ᠨᠡᠩ ᠴᠦ ᠦᠢᠯᠡᠰ ᠤᠨ ᠬᠦᠭᠵᠢᠯᠳᠡ ᠶᠢ ᠲᠦᠯᠬᠢᠨ ᠠᠬᠢᠭᠤᠯᠵᠤ᠂ ᠨᠡᠶᠢᠭᠡᠮ ᠤᠨ ᠲᠠᠪᠰᠢᠯᠳᠠ ᠶᠢ ᠠᠬᠢᠭᠤᠯᠬᠤ ᠶᠢᠨ ᠵᠠᠶᠢᠯᠠᠰᠢ ᠦᠭᠡᠢ ᠰᠤᠩᠭᠤᠯᠳᠠ ᠮᠦᠨ᠃   ᠴᠢᠳᠡᠪᠤᠷᠢᠳᠡᠨ ᠪᠤᠯ ᠶᠡᠷᠦ ᠠᠴᠠ ᠪᠠᠨ ᠤᠯᠤᠰ ᠤᠨ ᠬᠦᠭᠵᠢᠯᠳᠡ ᠶᠢᠨ ᠬᠠᠮᠤᠭ ᠤᠨ ᠴᠢᠬᠤᠯᠠ ᠡᠬᠢ ᠪᠠᠶᠠᠯᠢᠬ ᠤᠨ ᠨᠢᠭᠡ ᠮᠦᠨ᠃ ᠰᠢᠨ᠎ᠠ ᠲᠤᠮᠳᠠᠳᠦ ᠤᠯᠤᠰ ᠪᠠᠶᠢᠭᠤᠯᠤᠬᠳᠠᠬᠰᠠᠠ 70 ᠰᠢᠬᠠᠮ ᠵᠢᠯ ᠤᠨ ᠲᠤᠷᠰᠢ᠂ ᠶᠠᠳᠠᠭᠤ ᠬᠤᠭᠤᠰᠤᠨ ᠪᠠᠶᠢᠬᠰᠠᠠ ᠪᠦᠳᠦᠭᠡᠨ ᠪᠠᠶᠢᠭᠤᠯᠤᠯᠳᠠ ᠶᠢᠨ ᠤᠨ ᠵᠢᠯ ᠳᠤ ᠴᠦ ᠭᠡᠰᠡᠡ ᠦᠭᠡᠢ ᠲᠤᠮᠦ ᠤᠯᠤᠰ ᠪᠤᠯᠵᠦ ᠰᠡᠬᠦ᠋ᠢᠨ ᠪᠤᠰᠤᠭᠰᠠᠨ ᠵᠠᠩᠬᠢᠯᠠᠭ᠎ᠠ ᠶᠢᠨ ᠦᠶ᠎ᠠ ᠳᠤ ᠴᠦ ᠭᠡᠰᠡᠡ ᠦᠭᠡᠢ ᠮᠠᠨ ᠤ ᠨᠠᠮ ᠰᠡᠭᠡᠭᠡᠳᠡᠨ ᠤ ᠦᠢᠯᠡᠳᠦᠯ ᠢ ᠮᠠᠰᠢ ᠬᠦᠨᠳᠦᠳᠭᠡᠨ ᠦᠵᠡᠭᠰᠡᠭᠡᠷ ᠢᠷᠡᠪᠡ᠃ 1955 ᠤᠨ ᠳᠤ ︽ᠨᠢᠭᠡᠯᠠ ᠬᠦᠮᠦᠨ ᠲᠠᠪᠤᠨ ᠳ᠋ᠢᠸᠢᠽᠢ ᠴᠡᠷᠢᠭ ᠲᠠᠢ ᠲᠡᠩᠴᠡᠨ᠎ᠠ︾ ᠬᠡᠮᠡᠭᠳᠡᠭᠰᠡᠨ ᠲᠡᠶᠢᠷᠦᠯᠳᠦ ᠰᠤᠮᠦᠨ ᠤ ᠲᠤᠰᠬᠠᠢ ᠮᠡᠷᠭᠡᠵᠢᠯᠳᠡᠨ ᠴᠢᠶᠠᠨ ᠰᠢᠤᠸᠠᠢ ᠰᠧᠨ ᠡᠭᠡ ᠤᠯᠤᠰ ᠲᠠᠭᠠᠨ ᠪᠤᠴᠠᠵᠦ ᠢᠷᠡᠭᠡᠳ ᠲᠤᠬᠠᠢ ᠶᠢᠨ ᠦᠶ᠎ᠠ ᠶᠢᠨ ᠲᠤᠮᠳᠠᠳᠦ ᠤᠯᠤᠰ ᠤᠨ ᠲᠡᠶᠢᠷᠦᠯᠳᠦ ᠰᠤᠮᠦ ᠶᠢ ᠰᠤᠳᠤᠯᠤᠨ ᠦᠢᠯᠡᠳᠬᠦ ᠳᠤ ᠬᠦᠰᠡᠯ ᠡᠷᠡᠮᠡᠯᠵᠡᠯ ᠤᠨ ᠡᠬᠦᠳᠠ ᠶᠢ ᠨᠡᠭᠡᠭᠡᠭᠰᠡᠡ ᠪᠠᠶᠢᠨ᠎ᠠ᠃ ᠦᠨᠦᠳᠦᠷ᠂ ᠪᠦᠬᠦ ᠲᠡᠯᠡᠭᠡᠢ ᠶᠢᠨ ᠰᠢᠨ᠎ᠠ ᠨᠢᠭᠡ ᠡᠭᠡᠯᠵᠢ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠤᠪᠢᠰᠬᠠᠯ ᠪᠤᠯᠤᠨ ᠠᠵᠦ ᠦᠢᠯᠡᠰ ᠤᠨ ᠬᠤᠪᠢᠰᠤᠯᠳᠠ ᠤᠯᠠᠨ ᠡᠬᠢᠯᠡᠯᠳᠡ ᠬᠤᠪᠢᠷᠠᠯᠳᠠ ᠲᠠᠢ ᠪᠤᠯᠵᠦ᠂ ᠰᠡᠷᠬᠦᠨ ᠬᠦᠭᠵᠢᠯᠳᠡ ᠶᠢᠨ ᠵᠠᠮ ᠢᠶᠠᠷ ᠵᠠᠮᠨᠠᠵᠦ ᠪᠦᠬᠦᠢ ᠲᠤᠮᠳᠠᠳᠦ ᠤᠯᠤᠰ ᠨᠢᠭᠡᠨᠳᠡ ᠰᠢᠨ᠎ᠠ ᠶᠢ ᠡᠬᠦᠳᠬᠦ ᠰᠢᠨ᠎ᠠ ᠭᠠᠷᠤᠭ᠎ᠠ ᠲᠡᠭᠡᠷ᠎ᠠ ᠵᠤᠬᠰᠤᠯ᠎ᠠ᠂ ᠪᠢᠳᠡ ᠲᠡᠤᠭᠡ ᠶᠢᠨ ᠶᠠᠮᠠᠷᠪᠠ ᠴᠠᠬ ᠦᠶ᠎ᠠ ᠠᠴᠠ ᠨᠡᠩ ᠢᠯᠡᠬᠦᠦ ᠴᠢᠳᠠᠪᠤᠷᠢᠳᠡᠨ ᠢ ᠭᠡᠷᠡᠭᠰᠡᠬᠦ ᠪᠤᠯᠤᠬᠰᠠᠠ᠂ ᠢᠯᠠᠩᠭᠤᠶ᠎ᠠ ᠲᠡᠳᠡᠭᠡᠷ ᠠᠯᠤᠰ ᠤᠨ ᠬᠠᠷᠠᠯᠳᠠ ᠲᠠᠢ᠂ ᠴᠠᠬ ᠦᠶ᠎ᠠ ᠶᠢᠨ ᠡᠮᠦᠨ᠎ᠠ ᠡᠩᠨᠡᠭᠡᠨ ᠳᠤ ᠭᠠᠪᠰᠢᠭᠠᠢᠢᠯᠠᠬᠤ ᠰᠢᠨ᠎ᠠ ᠶᠢ ᠡᠬᠦᠳᠬᠦ ᠮᠠᠶ᠋ᠢᠬ ᠤᠨ᠂ ᠲᠤᠯᠤᠭᠠᠢᠢᠯᠠᠬᠤ ᠴᠢᠳᠠᠪᠤᠷᠢᠳᠡᠨ ᠴᠢᠬᠤᠯᠠ ᠲᠠᠢ ᠪᠠᠶᠢᠭ᠎ᠠ ᠶᠤᠮ᠃   ᠭᠡᠷᠪᠡ ᠴᠢᠳᠠᠪᠤᠷᠢᠳᠡᠨ ᠢ ᠬᠠᠶᠢᠷᠠᠯᠠᠬᠤ᠂ ᠴᠢᠳᠠᠪᠤᠷᠢᠳᠡᠨ ᠢ ᠴᠢᠬᠤᠯᠠᠴᠢᠯᠠᠬᠤ ᠶᠠᠪᠤᠳᠠᠯ ᠢ ᠨᠢᠭᠡ ᠵᠦᠢᠯ ᠤᠨ ᠦᠷᠳᠡᠭ ᠤᠨ ᠦᠵᠡᠯᠳᠡ ᠲᠡᠭᠡᠷ᠎ᠠ ᠢᠯᠡᠷᠡᠭᠦᠯᠪᠡᠯ ᠭᠡᠷᠬᠢᠨ ᠴᠢᠳᠠᠪᠤᠷᠢᠳᠡᠨ ᠢ ᠲᠦᠪᠯᠡᠷᠡᠭᠦᠯᠤᠨ ᠭᠡᠷᠡᠭᠯᠡᠬᠦ ᠲᠠᠯ᠎ᠠ ᠪᠠᠷ ᠮᠠᠨ ᠤ ᠵᠠᠰᠠᠯᠳᠠ ᠶᠢᠨ ᠴᠢᠳᠠᠪᠤᠷᠢ ᠶᠢ ᠨᠡᠩ ᠢᠯᠡᠬᠦᠦ ᠰᠢᠯᠭᠠᠬᠤ ᠪᠤᠯᠤᠨ᠎ᠠ᠃   ᠯᠧᠨᠢᠨ ᠤ ᠨᠢᠭᠡᠨ ᠮᠡᠷᠭᠡᠨ ᠦᠭᠡᠨ ᠳᠤ᠄ ︽ᠬᠦᠮᠦᠨ ᠢ ᠰᠤᠳᠤᠯᠤᠶ᠎ᠠ ᠭᠡᠪᠡᠯ ᠡᠷᠬᠡᠪᠰᠢ ᠴᠢᠳᠠᠪᠤᠷᠢᠳᠡᠢ ᠺᠠᠳ᠋ᠷ ᠢ ᠡᠷᠢᠬᠦ ᠭᠡᠷᠡᠭᠳᠠᠢ᠃ ᠵᠠᠩᠬᠢᠯᠠᠭ᠎ᠠ ᠨᠢ ᠠᠳᠡ ᠪᠤᠢ᠄ ᠡᠶᠢᠮᠦ ᠪᠠᠶᠢᠬᠤ ᠦᠭᠡᠢ ᠪᠤᠯ ᠠᠯᠢᠪᠠ ᠵᠠᠷᠯᠢᠬ ᠪᠤᠯᠤᠨ ᠰᠢᠢᠳᠪᠦᠷᠢ ᠨᠢ ᠵᠦᠪᠭᠡᠨ ᠨᠢᠭᠡᠨ ᠬᠠᠶᠠᠬᠳᠠᠮᠠᠯ ᠴᠠᠭᠠᠰᠦ ᠲᠡᠳᠦᠢ ᠪᠤᠯᠬᠤ ᠪᠢᠯᠡ︾᠃ ᠰᠦ᠋ ᠢᠤᠢ ᠪᠠᠶᠢᠯᠳᠤᠬᠴᠢ ᠪᠠᠶᠢᠬᠰᠠᠠ ᠠᠴᠠ ᠪᠠᠨ ᠵᠠᠩᠵᠤᠨ ᠪᠤᠯᠵᠦ ᠦᠰᠦᠨ ᠪᠤᠶᠢᠵᠢᠬᠰᠠᠠ ᠶᠠᠪᠤᠴᠠ ᠳᠤ ᠴᠡᠷᠢᠭ ᠤᠨ ᠰᠤᠷᠭᠠᠭᠤᠯᠢ ᠳᠤ ᠤᠷᠤᠬᠰᠠᠠ ᠦᠭᠡᠢ ᠮᠦᠷᠳᠡᠭᠡᠨ ᠪᠠᠰᠠ ᠭᠠᠳᠠᠭᠠᠳᠦ ᠳᠤ ᠭᠠᠷᠴᠦ ᠰᠤᠷᠤᠯᠴᠠᠬᠰᠠᠠ ᠦᠭᠡᠢ᠂ ᠭᠡᠪᠡᠴᠦ ᠲᠠᠶᠢᠨ ᠪᠠᠶᠢᠯᠳᠤᠭᠠᠨ ᠤ ᠦᠢᠯᠡᠳᠦᠯᠭᠡ ᠶᠢᠨ ᠶᠠᠪᠤᠴᠠ ᠳᠤ ᠴᠡᠷᠢᠭ ᠤᠨ ᠶᠠᠪᠤᠳᠠᠯ ᠤᠨ ᠲᠠᠯ᠎ᠠ ᠪᠠᠷ ᠲᠡᠷᠡ ᠶᠡᠷᠦ ᠪᠤᠰᠦ ᠶᠢᠨ ᠴᠢᠳᠠᠪᠤᠷᠢ ᠲᠠᠢ ᠪᠤᠯᠤᠬᠰᠠᠠ︔ ᠴᠢᠯᠦᠭᠡᠯᠡᠬᠦ ᠲᠠᠶᠢᠨ ᠤ ᠶᠠᠪᠤᠴᠠ ᠳᠤ᠂ ᠮᠡᠦ ᠽᠧ ᠳ᠋ᠦᠩ ᠨᠦᠬᠦᠷ ᠤᠨ ᠰᠦ᠋ ᠢᠤᠢ ᠶᠢ ᠵᠤᠷᠢᠬᠳᠠᠢ ᠲᠡᠪᠰᠢᠭᠦᠯᠦᠨ ᠭᠡᠷᠡᠭᠯᠡᠵᠦ ᠭᠦᠢᠴᠡᠳ ᠢᠳᠡᠭᠡᠵᠦ ᠶᠠᠪᠤᠬᠰᠠᠠ ᠢ ᠦᠨᠡᠭᠡᠷ ᠴᠢᠳᠠᠪᠤᠷᠢᠳᠡᠨ ᠢ ᠭᠡᠷᠡᠭᠯᠡᠬᠦ ᠲᠠᠯ᠎ᠠ ᠪᠠᠷ ᠬᠢ ᠨᠡᠶᠢᠳᠡᠯᠢᠭ ᠵᠢᠱᠢᠶ᠎ᠠ ᠭᠡᠮᠡᠨ ᠭᠡᠯᠡᠵᠦ ᠪᠤᠯᠤᠨ᠎ᠠ᠃ ᠡᠨᠡ ᠨᠢ ᠮᠠᠨ ᠤ ᠴᠢᠳᠠᠪᠤᠷᠢᠳᠡᠨ ᠢ ᠭᠡᠷᠡᠭᠯᠡᠬᠦ ᠲᠠᠯ᠎ᠠ ᠪᠠᠷ ᠠᠯᠢ ᠪᠤᠯᠬᠤ ᠶᠢᠨ ᠲᠤᠳᠤᠷ᠎ᠠ ᠡᠷᠳᠡᠮ ᠴᠢᠳᠠᠪᠤᠷᠢᠳᠠᠢ ᠬᠦᠮᠦᠨ ᠢ ᠰᠢᠯᠢᠨ ᠭᠡᠷᠡᠭᠯᠡᠬᠦ ᠶᠢ ᠰᠠᠨᠠᠭᠤᠯᠤᠬᠰᠠᠠ ᠢᠶᠠᠷ ᠪᠠᠷᠠᠬᠤ ᠦᠭᠡᠢ ᠪᠠᠰᠠ ᠴᠢᠯᠦᠭᠡᠳᠠᠢ ᠭᠡᠷᠡᠭᠯᠡᠵᠦ᠂ ᠲᠡᠳᠡᠨ ᠳᠤ ᠡᠷᠳᠡᠮ ᠴᠢᠳᠠᠪᠤᠷᠢ ᠪᠠᠨ ᠭᠠᠶᠢᠬᠠᠭᠤᠯᠬᠤ ᠦᠢᠯᠡᠳᠦᠯ ᠢᠶᠠᠨ ᠪᠠᠳᠠᠷᠠᠭᠤᠯᠵᠦ ᠴᠢᠳᠠᠬᠤ ᠲᠠᠪᠴᠠᠩ ᠬᠠᠩᠭᠠᠵᠦ ᠦᠭᠬᠦ ᠭᠡᠷᠡᠭᠳᠠᠢ ᠭᠡᠵᠦ ᠰᠠᠨᠠᠭᠤᠯᠤᠬᠰᠠᠠ ᠶᠠᠪᠤᠳᠠᠯ ᠪᠤᠯᠬᠤ ᠶᠤᠮ᠃   ᠴᠢᠳᠠᠪᠤᠷᠢᠳᠡᠨ ᠤ ᠲᠠᠪᠠᠭᠤᠯᠢᠬ ᠢ ᠪᠠᠳᠠᠷᠠᠭᠤᠯᠤᠨ᠂ ᠴᠢᠳᠠᠪᠤᠷᠢᠳᠡᠨ ᠤ ᠦᠢᠯᠡᠳᠦᠯ ᠢ ᠪᠠᠳᠠᠷᠠᠭᠤᠯᠬᠤ ᠳᠤ ᠬᠠᠮᠤᠭ ᠤᠨ ᠰᠠᠶᠢᠨ ᠭᠡᠵᠦ ᠪᠠᠶᠢᠬᠤ ᠦᠭᠡᠢ ᠭᠠᠭᠴᠠᠬᠦ ᠨᠡᠩ ᠰᠠᠶᠢᠨ ᠭᠡᠵᠦ ᠪᠠᠶᠢᠭ᠎ᠠ ᠶᠤᠮ᠃ ᠪᠤᠳᠠᠳᠦ ᠠᠮᠢᠳᠤᠷᠠᠯ ᠤᠨ ᠶᠠᠪᠤᠴᠠ ᠳᠤ ᠴᠦᠭᠡᠨ ᠲᠤᠭᠠᠨ ᠤ ᠬᠦᠮᠦᠰ ᠤᠨ ᠴᠢᠳᠠᠪᠤᠷᠢᠳᠡᠨ ᠤ ᠠᠵᠢᠯ ᠤᠨ ᠲᠤᠬᠠᠢ ᠲᠠᠨᠢᠯᠳᠠ ᠬᠦᠷᠦᠯᠴᠡᠬᠦ ᠦᠭᠡᠢ᠂ ᠤᠨᠴᠠ ᠵᠠᠷᠢᠮ ᠭᠠᠵᠠᠷ ᠤᠷᠤᠨ ᠴᠢᠳᠠᠪᠤᠷᠢᠳᠡᠨ ᠢ ᠰᠢᠯᠢᠨ ᠲᠡᠪᠰᠢᠭᠦᠯᠦᠨ ᠭᠡᠷᠡᠭᠯᠡᠬᠦ ᠲᠠᠯ᠎ᠠ ᠪᠠᠷ ᠪᠠᠰᠠ ᠡᠶᠢᠮᠦ ᠲᠡᠶᠢᠮᠦ ︽ᠲᠠᠯᠳᠠ ᠲᠦᠷᠢᠮ︾ ᠤᠷᠤᠰᠢᠵᠦ ᠪᠤᠢ︔ ᠪᠠᠰᠠ ᠨᠢᠭᠡ ᠵᠦᠢᠯ ᠤᠨ ᠲᠠᠯᠳᠠ ᠪᠦᠷᠢᠯᠭᠡᠯᠳᠡ ᠨᠢ ᠵᠦᠪᠭᠡᠨ ᠴᠢᠳᠠᠪᠤᠷᠢᠳᠡᠨ ᠢ ᠤᠷᠤᠭᠤᠯᠤᠨ ᠠᠪᠴᠢᠷᠠᠬᠤ ᠶᠢ ᠴᠢᠬᠤᠯᠠᠴᠢᠯᠠᠬᠤ ᠠᠴᠠ ᠪᠢᠰᠢ ᠴᠢᠳᠠᠪᠤᠷᠢᠳᠡᠨ ᠤ ᠦᠢᠯᠡᠳᠦᠯ ᠢ ᠬᠦᠢᠴᠡᠳ ᠪᠠᠳᠠᠷᠠᠭᠤᠯᠬᠤ ᠶᠢ ᠡᠷᠬᠢᠮᠯᠡᠬᠦ ᠦᠭᠡᠢ᠂ ᠴᠢᠨᠠᠬᠰᠢᠯᠠᠪᠠᠯ ᠶᠡᠭᠡᠭᠡᠨ ᠬᠦᠴᠦ ᠵᠠᠷᠤᠴᠠᠭᠤᠯᠵᠦ ᠤᠷᠤᠭᠤᠯᠤᠨ ᠠᠪᠴᠢᠷᠠᠬᠰᠠᠠ ᠴᠢᠳᠠᠪᠤᠷᠢᠳᠡᠨ ᠢᠶᠠᠨ ᠵᠠᠷᠤᠬᠤ ᠦᠭᠡᠢ ᠮᠠᠯᠠᠭᠠᠢ ᠶᠢᠨ ᠲᠠᠯᠪᠢᠭᠤᠷ ᠪᠤᠯᠭᠠᠳᠠᠬ ᠪᠠᠶᠢᠨ᠎ᠠ᠃ ᠡᠶᠢᠮᠦ ᠠᠴᠠ ᠪᠢᠳᠡ ᠪᠠᠰᠠ ᠴᠢᠳᠠᠪᠤᠷᠢᠳᠡᠨ ᠤ ᠵᠢᠮ᠎ᠠ ᠬᠠᠤᠯᠢ ᠶᠢ ᠡᠷᠢᠯᠬᠢᠯᠡᠬᠦ᠂ ᠲᠠᠰᠤᠷᠠᠯᠳᠠ ᠦᠭᠡᠢ ᠰᠢᠨ᠎ᠠ ᠶᠢ ᠡᠬᠦᠳᠬᠦ ᠬᠦᠮᠦᠨ ᠢ ᠭᠡᠷᠡᠭᠯᠡᠬᠦ ᠲᠤᠬᠳᠠᠴᠠ ᠪᠠᠶᠢᠭᠤᠯᠬᠤ ᠶᠢ ᠤᠯᠠᠮ ᠨᠢᠭᠡ ᠠᠯᠬᠤᠮ ᠴᠢᠬᠤᠯᠠᠴᠢᠯᠠᠵᠦ᠂ ᠢᠵᠢ ᠪᠦᠷᠢᠨ ᠴᠠᠬ ᠦᠶ᠎ᠠ ᠶᠢᠨ ᠱᠠᠭᠠᠷᠳᠠᠯᠭ᠎ᠠ ᠳᠤ ᠨᠡᠶᠢᠴᠡᠭᠰᠡᠡ ᠴᠢᠳᠠᠪᠤᠷᠢᠳᠡᠨ ᠤ ᠲᠦᠷᠢᠮ ᠤᠨ ᠰᠢᠰᠲ᠋ᠧᠮ ᠪᠠᠶᠢᠭᠤᠯᠬᠤ ᠴᠢᠬᠤᠯᠠ ᠲᠠᠢ ᠶᠤᠮ᠃   ᠦᠩᠭᠡᠷᠡᠭᠰᠡᠡ ᠳᠤ ︽ᠲᠠᠶᠢᠷᠦᠯᠳᠦ ᠰᠤᠮᠦ ᠤᠷᠤᠯᠳᠤᠬᠤ ᠠᠴᠠ ᠴᠠᠢ ᠳᠤ ᠴᠢᠨᠠᠭᠰᠠᠨ ᠦᠨᠳᠡᠭᠡ ᠬᠤᠳᠠᠯᠳᠤᠬᠰᠠᠠ ᠨᠢ ᠲᠡᠭᠡᠷ᠎ᠠ︾ ᠭᠡᠮᠡᠨ ᠶᠠᠷᠢᠵᠦ ᠪᠠᠶᠢᠬᠰᠠᠠ ᠪᠢᠯᠡ᠃ ᠡᠳᠦᠭᠡ ᠡᠶᠢᠮᠦᠷᠬᠦ ᠲᠦᠭᠡᠷᠢᠭᠳᠡᠯ ᠪᠤᠴᠠᠯᠳᠠ ᠦᠭᠡᠢ ᠦᠩᠭᠡᠷᠡᠵᠦ ᠤᠳᠤᠬᠰᠠᠠ᠃ ᠬᠦᠭᠵᠢᠬᠦᠯᠬᠦ ᠳᠤ ᠰᠢᠨ᠎ᠠ ᠶᠢ ᠡᠬᠦᠳᠬᠦ ᠶᠢ ᠡᠷᠬᠢᠮᠯᠡᠬᠦ᠂ ᠰᠢᠨ᠎ᠠ ᠶᠢ ᠡᠬᠦᠳᠬᠦ ᠳᠤ ᠴᠢᠳᠠᠪᠤᠷᠢᠳᠡᠨ ᠢᠶᠠᠷ ᠬᠦᠳᠡᠯᠭᠡᠬᠦᠷ ᠪᠤᠯᠭᠠᠵᠦ ᠪᠦᠬᠦᠢ ᠴᠠᠬ ᠦᠶ᠎ᠠ ᠶᠢᠨ ᠠᠬᠤᠢ ᠪᠠᠶᠢᠳᠠᠯ ᠲᠤᠤᠷ᠎ᠠ᠂ ᠨᠡᠶᠢᠭᠡᠮ ᠲᠠᠶᠠᠭᠠᠷ ᠢᠶᠠᠨ ᠮᠡᠳᠡᠯᠭᠡ᠂ ᠡᠬᠦᠳᠦᠨ ᠪᠦᠳᠦᠭᠡᠬᠦ ᠪᠤᠯᠤᠨ ᠴᠢᠳᠠᠪᠤᠷᠢᠳᠡᠨ ᠢ ᠤᠯᠠᠮ ᠢᠶᠠᠷ ᠭᠡᠷᠡᠭᠰᠡᠬᠦ ᠪᠤᠯᠤᠬᠰᠠᠠ ᠪᠠᠶᠢᠨ᠎ᠠ᠃ ᠰᠢᠨ᠎ᠠ ᠵᠠᠭᠤᠨ ᠠᠴᠠ ᠨᠠᠰᠢ ᠢᠯᠠᠩᠭᠤᠶ᠎ᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠤᠯᠤᠰ ᠲᠡᠤᠭᠡ ᠶᠢᠨ ᠡᠨᠡᠬᠦ ᠪᠠᠶᠢᠳᠠᠯ ᠳᠤ ᠨᠡᠶᠢᠴᠡᠭᠦᠯᠦᠨ ᠪᠦᠬᠦ ᠲᠡᠯᠡᠭᠡᠢ ᠳᠤ ᠦᠷᠢᠰᠦᠯᠳᠦᠬᠦ ᠬᠦᠴᠦᠨ ᠲᠠᠢ ᠴᠢᠳᠠᠪᠤᠷᠢᠳᠡᠨ ᠤ ᠲᠦᠷᠢᠮ ᠤᠨ ᠰᠢᠰᠲᠧᠮ ᠢ ᠠᠯᠬᠤᠮ ᠠᠯᠬᠤᠮ ᠢᠶᠠᠷ ᠪᠦᠷᠢᠨᠰᠢᠭᠦᠯᠵᠠᠢ᠃ ᠲᠦᠮᠡᠨ ᠤ ᠠᠩᠬᠠᠷᠤᠯ ᠢ ᠲᠠᠳᠠᠬᠰᠠᠠ ︽ᠲᠦᠮᠡᠨ ᠬᠦᠮᠦᠨ ᠤ ᠲᠦᠯᠦᠪᠯᠡᠭᠡ︾ ᠴᠦ ᠲᠡᠷᠡ ᠲᠦᠯᠬᠢᠯᠡᠨ ᠲᠠᠪᠠᠯᠭᠠᠯᠠᠨ ᠢᠷᠡᠭᠰᠡᠨ ︽ᠭᠠᠳᠠᠭᠠᠳᠤ ᠳᠤ ᠰᠤᠷᠤᠯᠴᠠᠭᠠᠳ ᠪᠤᠴᠠᠵᠦ ᠢᠷᠠᠬᠦ ᠤᠷᠤᠰᠬᠠᠯ︾ ᠴᠦ ᠲᠡᠷᠡ ᠬᠠᠮᠤᠭ ᠤᠨ ᠰᠠᠶᠢᠨ ᠨᠦᠬᠦᠴᠡᠯ ᠪᠦᠷᠢᠯᠳᠦᠭᠦᠯᠵᠦ ᠪᠠᠶᠢᠭᠠᠳ ᠴᠢᠳᠠᠪᠤᠷᠢᠳᠡᠨ ᠢ ᠲᠠᠳᠠᠨ ᠠᠪᠴᠢᠷᠠᠬᠤ ᠨᠢ ᠨᠢᠭᠡᠨᠳᠡ ᠨᠡᠶᠢᠭᠡᠮ ᠤᠨ ᠨᠡᠶᠢᠳᠡᠮ ᠤᠨ ᠲᠠᠨᠢᠯᠳᠠ ᠪᠤᠯᠵᠠᠢ᠃ 10 ᠵᠢᠯ ᠤᠨ ᠡᠮᠦᠨ᠎ᠠ ᠲᠤᠮᠳᠠᠳᠦ ᠤᠯᠤᠰ ᠠᠴᠠ ᠭᠠᠷᠴᠦ ᠭᠠᠳᠠᠭᠠᠳᠦ ᠳᠤ ᠰᠤᠷᠤᠯᠴᠠᠬᠰᠠᠠ 3 ᠰᠤᠷᠤᠬᠴᠢ ᠶᠢᠨ ᠵᠦᠪᠭᠡᠨ ᠨᠢᠭᠡᠯᠭᠡᠨ ᠨᠢ ᠤᠯᠤᠰ ᠲᠠᠭᠠᠨ ᠪᠤᠴᠠᠵᠦ ᠢᠷᠡᠳᠡᠭ ᠪᠠᠶᠢᠵᠠᠢ᠃ ᠡᠳᠦᠭᠡ ᠪᠢᠳᠡ ᠴᠢᠳᠠᠪᠤᠷᠢᠳᠡᠨ ᠢ ᠤᠷᠤᠭᠤᠯᠤᠨ ᠠᠪᠴᠢᠷᠠᠬᠤ ᠲᠠᠯ᠎ᠠ ᠪᠠᠷ ︽ᠡᠷᠬᠢᠵᠦ ᠢᠷᠡᠬᠦ ᠨᠢ ᠭᠠᠳᠠᠭᠰᠢ ᠭᠠᠷᠬᠤ ᠠᠴᠠ ᠪᠠᠨ ᠲᠠᠪᠠᠭᠰᠠᠠ︾ ᠲᠡᠤᠭᠡ ᠶᠢᠨ ᠡᠷᠭᠢᠯᠳᠡ ᠶᠢᠨ ᠪᠠᠶᠢᠳᠠᠯ ᠳᠤ ᠤᠷᠤᠯ᠎ᠠ᠃   ︽ᠠᠭᠤᠤ ᠶᠡᠭᠡ ᠦᠢᠯᠡᠰ ᠨᠢ ᠰᠡᠭᠡᠭᠡᠳᠡᠨ ᠢ ᠤᠯᠠᠮ ᠠᠴᠠ ᠤᠯᠠᠨ ᠭᠡᠷᠡᠭᠰᠡᠵᠦ᠂ ᠤᠯᠤᠰ ᠤᠨ ᠪᠠᠶᠠᠨ ᠬᠦᠴᠦᠷᠭᠡᠭ ᠪᠤᠯᠬᠤ᠂ ᠦᠨᠳᠦᠰᠦᠳᠡᠨ ᠤ ᠬᠦᠭᠵᠢᠨ ᠮᠠᠨᠳᠤᠬᠤ ᠪᠤᠯᠤᠨ ᠠᠷᠠᠳ ᠲᠦᠮᠡᠨ ᠤ ᠵᠤᠯ ᠵᠢᠷᠭᠠᠯ ᠤᠨ ᠲᠦᠯᠦᠭᠡ ᠬᠤᠪᠢ ᠨᠡᠮᠡᠷᠢ ᠦᠵᠡᠭᠦᠯᠬᠦ ᠶᠢ ᠤᠯᠠᠮ ᠢᠶᠠᠷ ᠱᠠᠭᠠᠷᠳᠠᠬᠤ ᠪᠤᠯᠤᠬᠰᠠᠠ ᠶᠠᠪᠤᠳᠠᠯ ᠢ ᠲᠤᠭᠳᠠᠭᠠᠵᠦ ᠪᠠᠶᠢᠨ᠎ᠠ︾᠃ ᠮᠠᠨ ᠤ ᠰᠡᠭᠡᠭᠡᠳᠡᠳ ᠶᠡᠷᠦ ᠠᠴᠠ ᠪᠠᠨ ᠤᠯᠤᠰ ᠤᠷᠤᠨ ᠳᠠᠭᠠᠨ ᠬᠠᠶᠢᠷᠠᠳᠠᠢ᠂ ᠨᠡᠶᠢᠭᠡᠮ ᠳᠡᠭᠡᠨ ᠴᠢᠩᠭ᠎ᠠ ᠬᠠᠷᠢᠭᠤᠴᠠᠯᠭ᠎ᠠ ᠲᠠᠢ᠂ ᠰᠢᠳᠤᠷᠭᠤ ᠶᠤᠰᠦ ᠶᠢ ᠡᠷᠬᠢᠮᠯᠡᠵᠦ᠂ ᠵᠤᠷᠢᠬᠳᠠᠢ ᠬᠠᠷᠢᠭᠤᠴᠠᠯᠭ᠎ᠠ ᠡᠬᠦᠷᠭᠡᠯᠡᠳᠡᠭ᠃ ᠭᠠᠭᠴᠠᠬᠦ ᠴᠢᠳᠠᠪᠤᠷᠢᠳᠡᠨ ᠢ ᠲᠠᠨᠢᠵᠦ᠂ ᠴᠢᠳᠠᠪᠤᠷᠢᠳᠡᠨ ᠢ ᠬᠠᠶᠢᠷᠠᠯᠠᠵᠦ᠂ ᠴᠢᠳᠠᠪᠤᠷᠢᠳᠡᠨ ᠢ ᠭᠡᠷᠡᠭᠯᠡᠵᠦ᠂ ᠴᠢᠳᠠᠪᠤᠷᠢᠳᠡᠨ ᠢ ᠪᠠᠭᠳᠠᠭᠠᠵᠤ᠂ ᠴᠢᠳᠠᠪᠤᠷᠢᠳᠡᠨ ᠢ ᠨᠢᠭᠳᠠᠷᠠᠭᠤᠯᠬᠤ ᠰᠤᠷᠳᠠᠯ ᠢ ᠨᠡᠶᠢᠭᠡᠮ ᠲᠠᠶᠠᠭᠠᠷ ᠲᠤ ᠪᠤᠢ ᠪᠤᠯᠭᠠᠪᠠᠯ ᠪᠢᠳᠡ ᠴᠢᠳᠠᠪᠤᠷᠢᠳᠡᠨ ᠢ ᠤᠷᠤᠭᠤᠯᠤᠨ ᠠᠪᠴᠢᠷᠠᠵᠦ ᠬᠤᠷᠠᠨ ᠴᠤᠬᠯᠠᠷᠠᠭᠤᠯᠵᠦ ᠤᠯᠤᠰ ᠤᠷᠤᠨ ᠳᠠᠭᠠᠨ ᠬᠤᠪᠢ ᠨᠡᠮᠡᠷᠢ ᠪᠠᠨ ᠦᠵᠡᠭᠦᠯᠵᠦ ᠴᠢᠳᠠᠬᠤ ᠨᠢ ᠯᠠᠪᠳᠠᠢ ᠶᠤᠮ᠃
ᠢᠷᠡᠯᠲᠡ᠄ ᠲᠤᠮᠳᠠᠳᠤ ᠤᠯᠤᠰ ᠤᠨ ᠮᠤᠩᠭᠤᠯ ᠬᠡᠯᠡᠡ ᠤ ᠰᠤᠨᠢᠠ ᠮᠠᠳᠡᠭᠡ ᠶᠢᠨ ᠰᠦᠯᠵᠢᠶ᠎ᠠ



  
     
     