 

ᠦᠩᠭᠡᠷᠡᠭᠰᠡᠨ ᠤ ︽ᠬᠠᠶᠠᠭᠳᠠᠮᠠᠯ ᠡᠳ᠋︾ ᠦᠨᠦᠳᠦᠷ ᠤᠨ ︽ᠬᠤᠪᠤᠷ ᠡᠷᠳᠡᠨᠢ︾

2018-05-27 14:45
  214
  0

      ᠬᠢᠨᠭ᠍ᠭᠠᠨ ᠠᠶᠢᠮᠠᠭ ᠲᠤ ᠲᠠᠷᠢᠶᠠᠯᠠᠩ ᠤᠨ ᠡᠰᠢ ᠰᠦᠷᠡᠯ ᠠᠷᠪᠢᠨ ᠪᠠᠶᠢᠨ᠎ᠠ᠃ ᠪᠦᠬᠦ ᠠᠶᠢᠮᠠᠭ ᠲᠤ 1500 ᠲᠦᠮᠡᠨ ᠲᠤᠨ ᠪᠠᠶᠢᠵᠦ᠂ ᠵᠦᠪᠬᠡᠨ ᠡᠷᠳᠡᠨᠢ ᠰᠢᠰᠢ ᠶᠢᠨ ᠡᠰᠢ ᠰᠦᠷᠡᠯ 1200 ᠲᠦᠮᠡᠨ ᠲᠤᠨ ᠪᠠᠶᠢᠳᠠᠭ᠃ ᠰᠤᠨᠤᠰᠬᠤ ᠳᠤ ᠦᠡᠭᠬᠡᠷᠡᠭᠰᠡᠨ ᠳᠤ ᠨᠠᠮᠤᠷ ᠤᠨ ᠬᠤᠷᠢᠶᠠᠯᠳᠠ ᠪᠤᠯᠤᠮᠠᠭᠴᠠ ᠠᠳᠡ ᠬᠡᠰᠡᠭ ᠬᠡᠰᠡᠭ ᠡᠷᠳᠡᠨᠢ ᠰᠢᠰᠢ᠂ ᠲᠤᠳᠤᠷᠭ᠎ᠠ᠂ ᠪᠤᠭᠤᠳᠠᠢ ᠶᠢᠨ ᠡᠰᠢ ᠰᠦᠷᠡᠯ ᠭᠠᠵᠠᠷ ᠰᠠᠢ ᠦᠬᠡᠢ ᠬᠠᠶᠠᠬᠳᠠᠵᠦ᠂ ᠲᠠᠷᠢᠶᠠᠴᠢᠨ ᠠᠬ᠎ᠠ ᠲᠡᠬᠦᠤᠨᠠᠷ ᠠᠷᠭ᠎ᠠ ᠪᠠᠨ ᠪᠠᠷᠠᠬᠤ ᠳᠠᠭᠠᠨ ᠲᠠᠷᠢᠶᠠᠨ ᠭᠠᠵᠠᠷ ᠲᠠᠭᠠᠨ ᠰᠢᠳᠠᠭᠠᠨ ᠬᠠᠶᠠᠵᠦ᠂ ᠬᠦᠳᠡᠭᠡ ᠲᠠᠯ᠎ᠠ ᠳᠤ ᠭᠠᠵᠠᠷ ᠰᠠᠢ ᠦᠬᠡᠢ ᠮᠠᠩᠭᠤᠰ ᠤᠨ ᠤᠳᠤᠭ᠎ᠠ ᠲᠤᠨᠤᠷᠠᠵᠦ᠂ ᠪᠤᠬᠢᠷ ᠮᠠᠨᠠᠨ ᠡᠬᠡ ᠭᠠᠵᠠᠷ ᠢ ᠪᠦᠷᠬᠦᠵᠦ ᠤᠷᠴᠢᠨ ᠲᠤᠭᠤᠷᠢᠨ ᠤ ᠪᠤᠬᠢᠷᠳᠤᠯ ᠢ ᠪᠤᠢ ᠪᠤᠯᠭᠠᠵᠦ ᠬᠦᠮᠦᠨ ᠪᠠᠶᠢᠭᠠᠯᠢ ᠶᠢᠨ ᠬᠦᠨᠦᠬᠡᠯ ᠪᠤᠯᠵᠦ ᠪᠠᠶᠢᠬᠰᠠᠨ ᠠᠵᠢ᠃
     ᠬᠢᠨᠭ᠍ᠭᠠᠨᠴᠤᠳ ᠡᠰᠢ ᠰᠦᠷᠡᠯ ᠢ ᠰᠢᠳᠠᠭᠠᠵᠦ ᠬᠠᠶᠠᠬᠤ ᠶᠢᠨ ᠬᠦᠨᠦᠬᠡᠯ ᠢ ᠲᠠᠨᠢᠵᠦ ᠤᠯᠤᠮᠠᠬᠴᠡ᠂ ᠡᠯ᠎ᠠ ᠱᠠᠳᠤᠨ ᠤ ᠵᠠᠰᠠᠭ ᠤᠨ ᠤᠷᠳᠤᠨ ᠬᠠᠮᠤᠭ ᠴᠢᠩᠭ᠎ᠠ ︽ᠰᠢᠳᠠᠭᠠᠬᠤ ᠶᠢ ᠴᠠᠭᠠᠵᠠᠯᠠᠬᠤ ᠵᠠᠷᠯᠢᠭ︾ ᠪᠠᠭᠤᠯᠭᠠᠭᠰᠠᠨ ᠪᠤᠯᠪᠠᠴᠦ᠂ ︽ᠵᠢᠯ ᠵᠢᠯ ᠴᠠᠭᠠᠵᠠᠯᠠᠪᠠᠴᠦ ᠵᠢᠯ ᠵᠢᠯ ᠰᠢᠳᠠᠭᠠᠵᠦ︾ ᠠᠭᠠᠷ ᠮᠠᠨᠳᠠᠯ ᠤᠨ ᠪᠤᠬᠢᠷᠳᠤᠯ ᠤᠯᠠᠮ ᠬᠦᠨᠳᠤᠷᠠᠵᠦ᠂ ᠡᠨᠡᠬᠦ ᠠᠰᠠᠭᠤᠳᠠᠯ ᠨᠢ ᠨᠠᠮᠤᠷ ᠤᠨ ᠬᠤᠷᠢᠶᠠᠯᠳᠠ ᠶᠢᠨ ᠦᠶ᠎ᠠ ᠪᠤᠯᠤᠮᠠᠭᠴᠠ ᠬᠦᠮᠦᠰ ᠤᠨ ᠲᠤᠯᠤᠭᠠᠢ ᠶᠢ ᠡᠪᠡᠳᠬᠡᠬᠦ ᠲᠦᠪᠡᠭ ᠠᠰᠠᠭᠤᠳᠠᠯ ᠪᠤᠯᠵᠠᠢ᠃
ᠵᠤᠯ ᠢᠶᠠᠷ᠂ ᠤᠢᠢᠷ᠎ᠠ ᠶᠢᠨ ᠵᠢᠯ ᠤᠨ ᠲᠤᠷᠰᠢ ᠪᠢᠳᠡ ᠪᠤᠯ ᠲᠠᠷᠢᠶᠠᠯᠠᠩ ᠦᠢᠯᠡᠳᠪᠦᠷᠢᠯᠡᠯ ᠤᠨ ᠬᠠᠶᠠᠬᠳᠠᠮᠠᠯ ᠡᠳ᠋ ᠪᠢᠰᠢ ᠬᠠᠷᠢᠨ ᠰᠠᠷᠠᠭᠤᠯ ᠠᠭᠤᠳᠠᠮ ᠠᠯᠤᠰ ᠢᠷᠡᠬᠡᠳᠦᠢ ᠲᠠᠢ ᠰᠡᠷᠬᠦᠬᠡᠭᠳᠡᠵᠦ ᠪᠤᠯᠬᠤ ᠡᠬᠢ ᠪᠠᠶᠠᠯᠢᠭ ᠬᠡᠮᠡᠨ ᠮᠡᠳᠡᠷᠡᠭᠳᠡᠵᠦ᠂ ᠬᠦᠮᠦᠰ ᠪᠠᠰᠠ ᠪᠢᠳᠡᠨ ᠢ ᠶᠡᠷᠤᠩᠬᠡᠶᠢᠯᠡᠨ ᠠᠰᠢᠬᠯᠠᠪᠠᠯ ᠬᠦᠮᠦᠨ ᠲᠦᠷᠤᠯᠬᠢᠳᠡᠨ ᠳᠤ ᠬᠢᠵᠠᠭᠠᠯᠠᠰᠢ ᠦᠬᠡᠢ ᠬᠤᠳᠠᠯᠳᠤᠭᠠᠨ ᠤ ᠠᠵᠠ ᠲᠤᠬᠢᠶᠠᠯ ᠤᠯᠭᠤᠨ᠎ᠠ ᠬᠡᠰᠡᠨ ᠢ ᠤᠯᠵᠦ ᠲᠠᠨᠢᠵᠤ᠂ ᠡᠰᠢ ᠰᠦᠷᠡᠯ ᠢ ᠤᠨᠳᠤᠤᠰᠢᠭᠤᠯᠬᠤ ᠡᠶᠢᠮᠦ ᠨᠢᠬᠡᠨ ᠠᠵᠦ ᠠᠬᠤᠢ ᠶᠢᠨ ᠲᠠᠩᠰᠠ ᠪᠤᠳᠤᠪᠠ᠄ ᠬᠡᠷᠪᠡ ᠵᠢᠯ ᠪᠦᠷᠢ ᠬᠢᠨᠭ᠍ᠭᠠᠨ ᠠᠶᠢᠮᠠᠭ ᠤᠨ 1000 ᠭᠠᠷᠤᠢ ᠲᠦᠮᠡᠨ ᠮᠦ ᠡᠰᠢ ᠰᠦᠷᠡᠯ ᠢ ᠪᠦᠬᠦᠨ ᠢ ᠤᠨᠳᠤᠤᠰᠢᠭᠤᠯᠪᠠᠯ᠂ ᠮᠦ ᠨᠢᠬᠡᠴᠢ ᠠᠴᠠ 100 ᠲᠦᠭᠦᠷᠢᠭ ᠤᠨ ᠠᠰᠢᠭ ᠤᠯᠬᠤ ᠪᠠᠷ ᠪᠤᠳᠤᠪᠠᠯ ᠲᠠᠷᠤᠢ 10 ᠳ᠋ᠦᠩᠰᠢᠭᠤᠷ ᠲᠦᠭᠦᠷᠢᠭ ᠤᠨ ᠦᠢᠯᠡᠳᠬᠦᠨ ᠤ ᠦᠷᠳᠡᠭ ᠢ ᠪᠡᠶᠡᠯᠡᠬᠦᠯᠬᠦ ᠪᠤᠯᠤᠨ᠎ᠠ᠃
     ᠨᠢᠳᠤᠨᠤᠨ ᠨᠠᠮᠤᠷ ᠤᠨ ᠬᠤᠷᠢᠶᠠᠯᠳᠠ ᠶᠢᠨ ᠲᠠᠷᠠᠭ᠎ᠠ᠂ ᠲᠠᠷᠢᠶᠠᠨ ᠭᠠᠵᠠᠷ ᠠᠴᠠ ᠰᠠᠯᠤᠭᠰᠠᠨ ᠪᠢᠳᠡᠨᠡᠷ ᠤᠯᠠᠭᠠᠨᠬᠤᠳᠠ ᠶᠢᠨ ᠵᠧᠨ ᠨᠦᠩ ᠠᠮᠢᠳᠤ ᠪᠤᠳᠠᠰ ᠤᠨ ᠰᠢᠨᠵᠢᠯᠡᠬᠦ ᠤᠬᠠᠭᠠᠨ ᠮᠡᠷᠬᠡᠵᠢᠯ ᠤᠨ ᠬᠢᠵᠠᠭᠠᠷᠳᠤ ᠺᠤᠮᠫᠠᠨᠢ ᠳᠤ ᠬᠦᠷᠬᠡᠭᠳᠡᠵᠦ᠂ ᠨᠢᠴᠠᠯᠬᠤ᠂ ᠬᠠᠭᠰᠠᠭᠠᠬᠤ᠂ ᠠᠮᠢᠳᠤ ᠪᠤᠳᠠᠰ ᠤᠨ ᠡᠳ᠋ ᠢᠶᠠᠷ ᠰᠢᠢᠳᠪᠦᠷᠢᠯᠡᠬᠦ ᠵᠡᠷᠬᠡ ᠠᠷᠭ᠎ᠠ ᠪᠠᠷ ᠮᠦᠬᠦᠯᠢᠭ ᠪᠤᠯᠵᠦ ᠬᠤᠪᠢᠷᠠᠵᠠᠢ᠃ ᠡᠨᠡ ᠦᠶ᠎ᠠ ᠳᠤ ᠪᠢᠳᠡᠨ ᠤ ᠦᠨ᠎ᠠ ᠦᠷᠳᠡᠭ ᠨᠡᠮᠡᠭᠳᠠᠵᠤ᠂ ᠲᠤᠨ ᠪᠦᠷᠢ 550 ᠲᠦᠭᠦᠷᠢᠭ ᠠᠴᠠ 650 ᠲᠦᠭᠦᠷᠢᠭ ᠲᠤ ᠬᠦᠷᠴᠦ᠂ ᠲᠠᠷᠢᠶᠠᠴᠢᠨ ᠨᠠᠶᠢᠵᠠ ᠨᠠᠷ ᠪᠢᠳᠡᠨ ᠢ ᠲᠠᠬᠢᠵᠦ ︽ᠡᠷᠳᠡᠨᠢ︾ ᠪᠤᠯᠭᠠᠨ ᠨᠠᠨᠳᠢᠩᠨᠠᠵᠦ ᠬᠦᠳᠡᠭᠡ ᠬᠡᠬᠡᠷ᠎ᠠ ᠰᠢᠳᠠᠭᠠᠵᠦ ᠬᠠᠶᠠᠬᠤ ᠲᠠᠳᠬᠠᠯ ᠨᠢ ᠲᠡᠤᠬᠡ ᠪᠤᠯᠵᠦ ᠬᠤᠴᠤᠷᠤᠭᠰᠠᠨ ᠪᠠᠶᠢᠨ᠎ᠠ᠃ ᠡᠶᠢᠨᠬᠦ ᠵᠠᠬ᠎ᠠ ᠲᠡᠯᠬᠡᠬᠦᠷ ᠤᠨ ᠦᠷᠢᠰᠦᠯᠳᠦᠬᠡᠨ ᠳᠤ ᠪᠢᠳᠡ ᠲᠠᠬᠢᠭᠠᠳ ︽ᠬᠤᠪᠤᠷ ᠡᠷᠳᠡᠨᠢ︾ ᠪᠤᠯᠤᠭᠰᠠᠨ ᠶᠤᠮ᠃ ᠡᠨᠡ ᠬᠠᠪᠤᠷ ᠤᠨ ᠲᠠᠷᠢᠶᠠᠯᠠᠭ᠎ᠠ ᠶᠢᠨ ᠬᠤᠭᠤᠴᠠᠭᠠᠨ ᠳᠤ ᠬᠢᠨᠭ᠍ᠭᠠᠨ ᠨᠤᠳᠤᠭ ᠲᠤ ᠰᠢᠨ᠎ᠠ ᠪᠠᠷ ᠪᠦᠲᠦᠭᠡᠭᠳᠡᠭᠰᠡᠨ ᠪᠤᠷᠳᠤᠭᠤᠷ ᠪᠤᠯᠤᠬᠰᠠᠨ ᠤ ᠬᠤᠪᠢ ᠳᠤ ᠬᠡᠨ ᠨᠠᠮᠠᠢᠢ ᠪᠤᠷᠳᠤᠭᠤᠷ ᠤᠨ ᠵᠠᠬ᠎ᠠ ᠲᠡᠯᠬᠡᠬᠦᠷ ᠤᠨ ︽ᠬᠤᠪᠤᠷ ᠡᠷᠳᠡᠨᠢ︾ ᠪᠤᠯᠭᠠᠭᠰᠠᠨ ᠢ ᠡᠬᠦᠷᠢᠳᠡ ᠮᠡᠷᠳᠡᠬᠤ ᠦᠬᠡᠢ︕ 2016 ᠤᠨ ᠤ 10 ᠰᠠᠷ᠎ᠠ ᠳᠤ ᠲᠤᠮᠳᠠᠳᠤ ᠤᠯᠤᠰ ᠤᠨ ᠨᠡᠬᠦᠷᠡᠰᠦᠳᠦ᠋ᠷᠦᠭᠵᠢᠬᠦᠯᠬᠦ ᠮᠡᠷᠬᠡᠵᠢᠯ ᠤᠨ ᠲᠠᠭᠠᠭᠤᠯᠤᠬᠴᠢ ᠠᠵᠦ ᠠᠬᠤᠢᠢᠯᠠᠯ ᠪᠤᠯᠬᠤ ︽ᠰᠠᠨ ᠵᠢᠤᠢ ᠤᠷᠴᠢᠨ ᠲᠤᠭᠤᠷᠢᠨ ᠤ ᠬᠠᠮᠠᠭᠠᠯᠠᠯᠳᠠ︾᠂ ᠬᠤᠷᠴᠢᠨ ᠪᠠᠷᠠᠭᠤᠨ ᠭᠠᠷᠤᠨ ᠡᠮᠦᠨᠡᠳᠤ ᠬᠤᠰᠢᠭᠤᠨ ᠳᠤ ᠠᠢ ᠹᠠᠩ ᠮᠦ ᠠᠮᠢᠳᠤ ᠪᠤᠳᠠᠰ ᠤᠨ ᠰᠢᠨ᠎ᠠ ᠮᠠᠲ᠋ᠧᠷᠢᠶᠠᠯ ᠤᠨ ᠬᠢᠵᠠᠭᠠᠷᠳᠤ ᠺᠤᠮᠫᠠᠨᠢ ᠪᠠᠶᠢᠭᠤᠯᠤᠬᠳᠠᠵᠠᠢ᠃ ᠦᠪᠡᠷᠳᠡᠬᠡᠨ ᠵᠠᠰᠠᠬᠤ ᠤᠷᠤᠨ ᠤ ᠠᠩᠬᠠᠳᠠᠭᠴᠢ ᠨᠢᠬᠡ ᠲᠦᠮᠡᠨ ᠲᠤᠨ ᠤ ᠲᠡᠰ ᠤᠨ ᠡᠰᠢ ᠰᠦᠷᠡᠯ ᠤᠨ ᠠᠮᠢᠳᠤ ᠪᠤᠳᠠᠰ ᠤᠨ ᠡᠳ᠋ ᠢ ᠶᠡᠷᠤᠩᠬᠡᠶᠢᠯᠡᠨ ᠡᠷᠬᠢᠯᠳᠦᠭᠦᠯᠦᠨ ᠠᠰᠢᠬᠯᠠᠬᠤ ᠲᠦᠷᠦᠯ ᠵᠦᠢᠯ ᠪᠤᠯᠤᠬᠰᠠᠨ ᠤ ᠬᠤᠪᠢ ᠳᠤ ᠲᠤᠰ ᠲᠦᠷᠦᠯ ᠵᠦᠢᠯ ᠤᠨ ᠶᠡᠷᠤᠩᠬᠡᠢ ᠪᠡᠯᠡ ᠤᠷᠤᠭᠤᠯᠤᠯᠳᠠ 1.7 ᠳ᠋ᠦᠩᠰᠢᠭᠤᠷ ᠲᠦᠭᠦᠷᠢᠭ ᠲᠤ ᠬᠦᠷᠴᠦ᠂ ᠵᠢᠯ ᠤᠨ ᠨᠡᠬᠦᠷᠡᠰᠦᠳᠦ᠋ᠷᠦᠭᠵᠢᠬᠦᠯᠬᠦ ᠪᠤᠷᠳᠤᠭᠤᠷ ᠢ 9 ᠲᠦᠮᠡᠨ ᠲᠤᠨ ᠦᠢᠯᠡᠳᠪᠦᠷᠢᠯᠡᠵᠦ᠂ ᠵᠢᠯ ᠳᠤ ᠪᠤᠷᠤᠯᠠᠭᠤᠯᠭ᠎ᠠ ᠶᠢᠨ ᠤᠷᠤᠯᠭ᠎ᠠ 2 ᠳ᠋ᠦᠩᠰᠢᠭᠤᠷ ᠲᠦᠭᠦᠷᠢᠭ ᠢ ᠳᠠᠪᠠᠵᠤ᠂ ᠠᠰᠢᠭ ᠭᠠᠶᠢᠯᠢ ᠶᠢᠨ ᠤᠯᠵᠠᠪᠦᠷᠢ 5000 ᠲᠦᠮᠡᠨ ᠲᠦᠭᠦᠷᠢᠭ ᠲᠤ ᠬᠦᠷᠴᠦ᠂ 160 ᠠᠵᠢᠯ ᠤᠨ ᠪᠠᠶᠢᠷᠢ ᠬᠠᠨᠭ᠍ᠭᠠᠵᠠᠢ᠃
     ᠬᠡᠳᠦᠨ ᠵᠢᠯ ᠤᠨ ᠦᠢᠯᠡᠳᠦᠯᠬᠡ ᠪᠠᠷ ᠲᠠᠮᠵᠢᠵᠦ᠂ ᠤᠳᠤ ᠬᠢᠨᠭ᠍ᠭᠠᠨ ᠠᠶᠢᠮᠠᠭ ᠤᠨ ᠡᠰᠢ ᠰᠦᠷᠡᠯ ᠢ ᠶᠡᠷᠤᠩᠬᠡᠶᠢᠯᠡᠨ ᠠᠰᠢᠬᠯᠠᠬᠰᠠᠨ ᠬᠡᠮᠵᠢᠶ᠎ᠠ 360 ᠲᠦᠮᠡᠨ ᠲᠤᠨ ᠳᠤ ᠬᠦᠷᠴᠦ᠂ ᠡᠷᠳᠡᠨᠢ ᠰᠢᠰᠢ ᠶᠢᠨ ᠡᠰᠢ ᠰᠦᠷᠡᠯ ᠢ ᠬᠡᠷᠡᠭᠯᠡᠭᠰᠡᠨ ᠬᠡᠮᠵᠢᠶ᠎ᠠ 540 ᠲᠦᠮᠡᠨ ᠲᠤᠨ ᠳᠤ ᠬᠦᠷᠪᠡ᠂ ᠡᠬᠦᠨ ᠳᠤ ᠨᠠᠷᠢᠯᠢᠬᠵᠢᠭᠤᠯᠤᠨ ᠠᠰᠢᠬᠯᠠᠬᠰᠠᠨ ᠨᠤᠷᠮ᠎ᠠ 60%᠎ ᠲᠤ ᠬᠦᠷᠴᠠᠢ᠃  ᠬᠡᠰᠢᠭᠪᠦᠶᠠᠨ ᠪᠤᠤ ᠨᠠᠷᠠᠨᠲᠤᠶᠠᠭ᠎ᠠ  



  
     
     