 

ᠤᠯᠤᠰ ᠤᠨ ᠵᠠᠰᠠᠯᠳᠠ ᠶᠢᠨ ᠵᠠᠩᠬᠢᠯᠠᠭ᠎ᠠ ᠪᠤᠯᠤᠨ ᠦᠨᠳᠦᠰᠦ ᠶᠢ ᠤᠨᠤᠪᠴᠢᠳᠠᠢ ᠡᠵᠡᠮᠰᠢᠰᠦᠬᠡᠢ

2019-11-10 12:13
  181
  0
ᠤᠯᠤᠰ ᠤᠨ ᠵᠠᠰᠠᠯᠳᠠ ᠶᠢᠨ ᠵᠠᠩᠬᠢᠯᠠᠭ᠎ᠠ ᠪᠤᠯᠤᠨ ᠦᠨᠳᠦᠰᠦ ᠶᠢ ᠤᠨᠤᠪᠴᠢᠳᠠᠢ ᠡᠵᠡᠮᠰᠢᠰᠦᠬᠡᠢ
 
       — ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠤᠭᠡᠷ ᠪᠦᠬᠦᠳᠡ

        ᠬᠤᠷᠡᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠨ ᠲᠤᠭᠤᠰᠢᠯᠠᠭᠤᠯᠬᠤ ᠲᠤᠬᠠᠢ ᠦᠬᠦᠯᠡᠬᠦ ᠨᠢ

                        ᠠᠷᠠᠳ ᠤᠨ ᠡᠳᠤᠷ ᠤᠨ ᠰᠤᠨᠢᠨ ᠤ ᠰᠢᠬᠦᠮᠵᠢᠯᠡᠭᠴᠢ



  ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠤᠨᠴᠠᠯᠢᠭ ᠪᠤᠯᠤᠨ᠎ᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠲᠠᠪᠠᠭᠤᠯᠢᠭ ᠪᠤᠯᠤᠨ᠎ᠠ᠃

  ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠡᠨ ᠤ ᠲᠦᠷᠪᠡᠳᠤᠭᠡᠷ ᠪᠦᠬᠦᠳᠡ ᠬᠤᠷᠡᠯ ᠠᠴᠠ ᠪᠠᠳᠤᠯᠠᠬᠰᠠᠠ ︽ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠡᠨ ᠤ ᠲᠤᠭᠳᠠᠭᠠᠯ︾ ᠨᠢ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠴᠢᠳᠠᠪᠤᠷᠢ ᠶᠢᠨ ᠤᠯᠠᠷᠢᠨ ᠬᠤᠪᠢᠰᠬᠤ ᠴᠢᠭᠯᠡᠯ ᠪᠤᠯᠤᠨ ᠵᠢᠮ᠎ᠡ ᠶᠤᠰᠤ ᠶᠢ ᠤᠨᠤᠪᠴᠢᠳᠠᠢ ᠡᠵᠡᠮᠳᠡᠵᠦ᠂ ᠨᠠᠮ ᠤᠨ ᠤᠳᠤᠷᠢᠳᠬᠤ ᠲᠦᠷᠢᠮ ᠢ ᠪᠠᠷᠢᠮᠳᠠᠯᠠᠨ ᠲᠡᠭᠦᠯᠳᠡᠷᠵᠢᠭᠦᠯᠬᠦ ᠶᠢ ᠲᠤᠪᠤᠶᠢᠯᠭᠠᠵᠥ᠂ ᠤᠯᠤᠰ ᠤᠨ ᠵᠠᠰᠠᠯᠳᠠ ᠶᠢᠨ ᠵᠠᠩᠬᠢᠯᠠᠭ᠎ᠠ ᠪᠤᠯᠤᠨ ᠦᠨᠳᠦᠰᠦ ᠶᠢ ᠠᠳᠬᠤᠵᠥ᠂ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠢᠯᠡᠳᠳᠡ ᠲᠠᠪᠠᠭᠤᠯᠢᠭ ᠢ ᠨᠡᠩ ᠰᠠᠶᠢᠨ ᠪᠠᠳᠠᠷᠠᠭᠤᠯᠬᠤ᠂ ᠨᠠᠮ ᠤᠨ ᠢᠮᠠᠬᠳᠠ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠦᠢᠯᠡᠰ ᠤᠨ ᠪᠡᠳᠤ ᠴᠢᠩᠭ᠎ᠠ ᠤᠳᠤᠷᠢᠳᠬᠤ ᠭᠤᠤᠯᠯᠠᠬᠴᠢ ᠪᠤᠯᠬᠤ ᠶᠢ ᠦᠨᠡᠨ ᠬᠦ ᠪᠠᠳᠤᠯᠠᠬᠤ ᠳᠤ ᠴᠢᠬᠤᠯᠠ ᠶᠡᠭᠡ ᠪᠦᠬᠡᠳ ᠠᠯᠤᠰ ᠬᠡᠳᠤ ᠶᠢᠨ ᠠᠴᠢ ᠬᠤᠯᠪᠤᠭᠳᠠᠯ ᠲᠠᠢ ᠶᠤᠮ᠃

  ᠲᠤᠮᠳᠠᠳᠤ ᠤᠯᠤᠰ ᠤᠨ ᠡᠪ ᠬᠠᠮᠳᠤ ᠨᠠᠮ ᠪᠤᠯ ᠤᠯᠤᠰ ᠤᠨ ᠬᠠᠮᠤᠭ ᠤᠨ ᠲᠡᠬᠡᠳᠤ ᠤᠯᠤᠰ ᠲᠦᠷᠦ ᠶᠢᠨ ᠤᠳᠤᠷᠢᠳᠬᠤ ᠬᠦᠴᠦᠨ ᠮᠥᠨ᠂ ᠲᠤᠮᠳᠠᠳᠤ ᠤᠯᠤᠰ ᠤᠨ ᠶᠠᠪᠤᠳᠠᠯ ᠢ ᠰᠠᠶᠢᠳᠤᠷ ᠬᠢᠬᠦ ᠳᠤ ᠵᠠᠩᠬᠢᠯᠠᠭ᠎ᠠ ᠨᠢ ᠨᠠᠮ ᠳᠤ ᠪᠠᠶᠢᠨ᠎ᠠ᠃ ᠬᠡᠷᠪᠡ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠠᠶᠢᠬᠤ ᠦᠭᠡᠢ ᠪᠤᠯ ᠮᠠᠨ ᠤ ᠤᠯᠤᠰ᠂ ᠮᠠᠨ ᠤ ᠦᠨᠳᠦᠰᠦᠲᠡᠨ ᠦᠨᠦᠳᠦᠷ ᠤᠨ ᠬᠢ ᠰᠢᠭ ᠡᠶᠢᠮᠦᠷᠬᠦᠤ ᠠᠮᠵᠢᠯᠲᠠ ᠪᠦᠲᠦᠮᠵᠢ ᠤᠯᠬᠤ ᠪᠤᠯᠤᠯᠴᠠᠭ᠎ᠠ ᠦᠭᠡᠢ᠂ ᠮᠦᠨ ᠴᠦ ᠦᠨᠦᠳᠦᠷ ᠤᠨ ᠬᠢ ᠰᠢᠭ ᠡᠶᠢᠮᠦᠷᠬᠦᠤ ᠤᠯᠠᠨ ᠤᠯᠤᠰ ᠤᠨ ᠪᠠᠶᠢᠷᠢ ᠰᠠᠭᠤᠷᠢ ᠲᠠᠢ ᠪᠤᠯᠬᠤ ᠪᠤᠯᠤᠯᠴᠠᠭ᠎ᠠ ᠦᠭᠡᠢ ᠶᠤᠮ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠢᠮᠠᠭᠲᠠ ᠨᠠᠮ ᠤᠨ ᠤᠳᠤᠷᠢᠳᠤᠯᠭ᠎ᠠ ᠳᠤᠤᠷ᠎ᠠ ᠬᠦᠴᠦᠨ ᠢᠶᠠᠨ ᠲᠦᠪᠯᠡᠷᠡᠭᠦᠯᠦᠨ ᠶᠡᠭᠡ ᠶᠠᠪᠤᠳᠠᠯ ᠢ ᠪᠦᠲᠦᠭᠡᠵᠦ᠂ ᠤᠯᠤᠰ ᠠᠴᠠ ᠡᠯ᠎ᠡ ᠵᠦᠢᠯ ᠤᠨ ᠠᠵᠢᠯ ᠦᠢᠯᠡᠰ ᠢ ᠨᠢᠭᠡᠳᠦᠯᠲᠡᠢ ᠪᠦᠲᠦᠮᠵᠢᠲᠡᠢ ᠵᠤᠬᠢᠶᠠᠨ ᠪᠠᠶᠢᠭᠤᠯᠤᠨ᠂ ᠡᠯ᠎ᠡ ᠵᠦᠢᠯ ᠤᠨ ᠠᠵᠢᠯ ᠢ ᠦᠷᠨᠢᠭᠦᠯᠦᠭᠰᠡᠨ ᠠᠴᠠ ᠰᠠᠶᠢ ᠠᠯᠢ ᠤᠯᠠᠨ ᠬᠦᠨᠳᠤ ᠶᠡᠭᠡ ᠠᠶᠤᠯ ᠲᠦᠭᠰᠢᠭᠦᠷᠢ ᠦᠷᠢᠰᠦᠯᠳᠦᠭᠡᠨ ᠢ ᠠᠮᠵᠢᠯᠲᠠ ᠲᠠᠢ ᠠᠷᠭᠠᠴᠠᠭᠠᠵᠤ᠂ ᠲᠤᠭ᠎ᠠ ᠲᠤᠮᠰᠢ ᠦᠭᠡᠢ ᠤᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠳᠡᠯᠡᠬᠡᠢ ᠳᠤ ᠬᠤᠪᠤᠷ ᠠᠵᠤ ᠠᠬᠤᠢ ᠶᠢᠨ ᠲᠦᠷᠭᠡᠨ ᠬᠦᠭᠵᠢᠯᠲᠡ ᠶᠢᠨ ᠭᠠᠶᠢᠬᠠᠮᠰᠢᠭ ᠪᠠ ᠨᠡᠶᠢᠭᠡᠮ ᠤᠨ ᠤᠷᠲᠤ ᠤᠳᠠᠭᠠᠨ ᠠᠮᠤᠷ ᠲᠤᠭᠲᠠᠭᠤᠨ ᠤ ᠭᠠᠶᠢᠬᠠᠮᠰᠢᠭ ᠢ ᠡᠭᠦᠳᠴᠦ ᠴᠢᠳᠠᠭᠰᠠᠨ ᠪᠠᠶᠢᠨ᠎ᠠ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ ᠲᠡᠭᠦᠯᠳᠡᠷᠵᠢᠭᠦᠯᠬᠦ ᠪᠤᠯ ᠨᠠᠮ ᠪᠤᠯᠤᠨ ᠤᠯᠤᠰ ᠤᠨ ᠦᠨᠳᠦᠰᠤ ᠪᠠ ᠠᠮᠢᠨ ᠰᠤᠳᠠᠰᠤ ᠮᠥᠨ᠂ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠤ ᠠᠰᠢᠭ ᠲᠤᠰᠠ ᠪᠠ ᠠᠵᠠ ᠵᠢᠷᠭᠠᠯ ᠤᠨ ᠦᠨᠳᠦᠰᠦ ᠪᠤᠯᠬᠤ ᠶᠢ ᠦᠢᠯᠡᠳᠦᠯᠭᠡ ᠭᠦᠢᠴᠡᠳ ᠭᠡᠷᠡᠴᠢᠯᠡᠪᠡ᠃ ᠪᠢᠳᠡ ᠡᠯ᠎ᠠ ᠲᠠᠯ᠎ᠠ ᠶᠢᠨ ᠳᠦᠷᠢᠮ ᠤᠨ ᠪᠠᠶᠢᠭᠤᠯᠤᠯᠲᠠ ᠶᠢ ᠠᠬᠢᠭᠤᠯᠵᠤ᠂ ᠡᠯ᠎ᠡ ᠲᠦᠷᠦᠯ ᠤᠨ ᠠᠵᠢᠯ ᠦᠢᠯᠡᠰ ᠤᠨ ᠬᠦᠭᠵᠢᠯᠲᠡ ᠶᠢ ᠠᠬᠢᠭᠤᠯᠵᠤ᠂ ᠡᠯ᠎ᠡ ᠲᠠᠯ᠎ᠠ ᠶᠢᠨ ᠠᠵᠢᠯ ᠢᠶᠠᠨ ᠴᠢᠩᠭᠠᠳᠬᠠᠨ ᠰᠠᠶᠢᠵᠢᠷᠠᠭᠤᠯᠬᠤ ᠳᠤ᠂ ᠴᠦᠮ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠠᠴᠠ ᠪᠦᠬᠦ ᠲᠠᠯ᠎ᠠ ᠶᠢ ᠶᠡᠷᠦᠩᠬᠡᠶᠢᠯᠡᠨ ᠵᠠᠬᠢᠷᠬᠤ᠂ ᠡᠯ᠎ᠡ ᠲᠠᠯ᠎ᠠ ᠶᠢ ᠵᠤᠬᠢᠴᠠᠭᠤᠯᠬᠤ ᠦᠨᠳᠦᠰᠦᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠬᠤ ᠬᠡᠷᠡᠭᠲᠡᠢ᠃

  ᠨᠠᠮ ᠤᠨ ᠤᠳᠤᠷᠢᠳᠬᠤ ᠳᠦᠷᠢᠮ ᠪᠤᠯ ᠮᠠᠨ ᠤ ᠤᠯᠤᠰ ᠤᠨ ᠦᠨᠳᠦᠰᠦᠨ ᠤᠳᠤᠷᠢᠳᠬᠤ ᠳᠦᠷᠢᠮ ᠮᠦᠨ᠃ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠤᠯ ᠨᠠᠷᠢᠨ ᠨᠢᠭᠲᠠ ᠪᠦᠷᠢᠨ ᠪᠦᠲᠦᠨ ᠰᠢᠨᠵᠢᠯᠡᠬᠦ ᠤᠬᠠᠭᠠᠨᠴᠢ ᠳᠦᠷᠢᠮ ᠤᠨ ᠰᠢᠰ᠊ᠲ᠊ᠸᠮ ᠪᠠᠶᠢᠵᠤ᠂ ᠨᠢᠷᠤᠭᠤ ᠲᠤᠯᠭᠠᠭᠤᠷᠢ ᠶᠢᠨ ᠦᠢᠯᠡᠳᠦᠯ ᠪᠠᠳᠠᠷᠠᠭᠤᠯᠳᠠᠭ ᠦᠨᠳᠦᠰᠦᠨ ᠲᠦᠷᠢᠮ᠂ ᠰᠠᠭᠤᠷᠢ ᠲᠦᠷᠢᠮ᠂ ᠴᠢᠬᠤᠯᠠ ᠲᠦᠷᠢᠮ ᠪᠤᠯᠤᠨ᠎ᠠ᠂ ᠡᠭᠦᠨ ᠳᠤ ᠨᠠᠮ ᠤᠨ ᠤᠳᠤᠷᠢᠳᠬᠤ ᠳᠦᠷᠢᠮ ᠪᠤᠯ ᠶᠡᠷᠦᠩᠬᠡᠶᠢᠯᠡᠨ ᠵᠠᠬᠢᠷᠬᠤ ᠪᠠᠶᠢᠷᠢ ᠰᠠᠭᠤᠷᠢ ᠲᠠᠢ ᠶᠤᠮ᠃ ᠪᠦᠬᠦᠳᠡ ᠬᠤᠷᠠᠯ ᠠᠴᠠ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠬᠦ ᠶᠢ ᠲᠡᠷᠢᠭᠦᠨ ᠪᠠᠶᠢᠷᠢᠨ ᠳᠤ ᠲᠠᠯᠪᠢᠬᠤ ᠶᠢᠨ ᠬᠠᠮᠲᠤ ᠨᠠᠮ ᠤᠨ ᠤᠳᠤᠷᠢᠳᠤᠯᠭ᠎ᠠ ᠶᠢ ᠪᠠᠷᠢᠮᠲᠠᠯᠠᠨ ᠴᠢᠩᠭᠠᠳᠬᠠᠬᠤ ᠱᠠᠭᠠᠷᠳᠠᠯᠭ᠎ᠠ ᠶᠢ ᠡᠯ᠎ᠡ ᠲᠠᠯ᠎ᠠ ᠶᠢᠨ ᠳᠦᠷᠢᠮ ᠤᠨ ᠲᠤᠬᠢᠷᠠᠭᠤᠯᠤᠯᠲᠠ ᠳᠤ ᠪᠦᠬᠦ ᠲᠠᠯ᠎ᠠ ᠪᠠᠷ ᠢᠯᠡᠷᠡᠭᠦᠯᠵᠥ᠂ ᠲᠤᠪᠤᠶᠢᠯᠭᠠᠵᠤ ᠪᠠᠶᠢᠭ᠎ᠠ ᠨᠢ ᠨᠠᠮ ᠤᠨ ᠤᠳᠤᠷᠢᠳᠬᠤ ᠲᠦᠷᠢᠮ ᠤᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠲᠤᠮᠳᠠᠬᠢ ᠶᠡᠷᠦᠩᠬᠡᠶᠢᠯᠡᠨ ᠵᠠᠬᠢᠷᠬᠤ ᠪᠠᠶᠢᠷᠢ ᠰᠠᠭᠤᠷᠢ ᠪᠠᠶᠢᠵᠤ᠂ ᠮᠠᠨ ᠤ ᠨᠠᠮ ᠤᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠪᠠᠳᠤ ᠴᠢᠩᠭ᠎ᠠ ᠤᠳᠤᠷᠢᠳᠤᠯᠭ᠎ᠠ ᠪᠠᠷ ᠮᠢᠩᠭᠠᠨ ᠤᠨ ᠤ ᠠᠭᠤᠤ ᠦᠢᠯᠡᠰ ᠢ ᠪᠦᠳᠦᠭᠡᠬᠦ ᠬᠠᠷᠢᠭᠤᠴᠠᠯᠭ᠎ᠠ ᠡᠬᠦᠷᠭᠡᠯᠡᠯ ᠢ ᠢᠯᠡᠷᠡᠬᠦᠯᠪᠠ᠃

  ᠤᠯᠤᠰ ᠤᠨ ᠵᠠᠰᠠᠯᠳᠠ ᠶᠢᠨ ᠵᠠᠩᠭᠢᠯᠠᠭ᠎ᠠ ᠪᠤᠯᠤᠨ ᠦᠨᠳᠦᠰᠤ ᠶᠢ ᠤᠨᠤᠪᠴᠢᠳᠠᠢ ᠡᠵᠡᠮᠰᠢᠬᠦ ᠳᠤ ᠨᠠᠮ ᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠢᠮᠠᠬᠳᠠ ᠪᠠᠷᠢᠮᠳᠠᠯᠠᠬᠤ ᠭᠡᠷᠡᠭᠳᠠᠢ᠃ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠯᠠᠨ ᠲᠠᠯ᠎ᠡ ᠶᠢᠨ ᠢᠯᠡᠷᠭᠡᠢ ᠲᠠᠪᠠᠭᠤᠯᠢᠭ ᠲᠠᠢ ᠶᠤᠮ᠂ ᠬᠠᠮᠤᠭ ᠤᠨ ᠴᠢᠬᠤᠯᠠ ᠨᠢ ᠨᠠᠮ ᠤᠨ ᠲᠦᠪᠯᠡᠷᠡᠩᠭᠦᠢ ᠨᠢᠭᠡᠳᠦᠯᠳᠠᠢ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠰᠢᠨᠵᠢᠯᠡᠬᠦ ᠤᠬᠠᠭᠠᠨᠴᠢ ᠤᠨᠤᠯ ᠢ ᠪᠠᠷᠢᠮᠳᠠᠯᠠᠵᠤ᠂ ᠤᠯᠤᠰ ᠲᠦᠷᠦ ᠶᠢᠨ ᠲᠤᠬᠳᠠᠭᠤᠨ ᠢ ᠪᠠᠳᠤᠯᠠᠵᠤ᠂ ᠤᠯᠤᠰ ᠤᠨ ᠢᠮᠠᠬᠳᠠ ᠨᠡᠶᠢᠭᠡᠮ ᠵᠢᠷᠤᠮ ᠤᠨ ᠴᠢᠭᠯᠡᠯ ᠢᠶᠠᠷ ᠤᠷᠤᠬᠰᠢᠯᠠᠬᠤ ᠶᠢ ᠦᠨᠡᠨ ᠬᠦ ᠪᠠᠳᠤᠯᠠᠬᠤ ᠶᠠᠪᠤᠳᠠᠯ ᠪᠤᠯᠤᠨ᠎ᠡ᠃ ᠮᠠᠨ ᠤ ᠤᠯᠤᠰ ᠤᠨ ᠨᠡᠶᠢᠭᠡᠮ ᠵᠢᠷᠤᠮ ᠤᠨ ᠤᠯᠤᠰ ᠲᠦᠷᠦ ᠶᠢᠨ ᠪᠠᠶᠢᠭᠤᠯᠤᠯ ᠤᠨ ᠲᠠᠪᠠᠭᠤᠯᠢᠭ ᠴᠢᠨᠠᠷ ᠤᠨ ᠨᠢᠭᠡ ᠲᠤᠪᠤᠶᠢᠮ᠎ᠡ ᠤᠨᠴᠠᠯᠢᠭ ᠨᠢ ᠨᠠᠮ ᠤᠨ ᠪᠦᠬᠦ ᠲᠠᠯ᠎ᠡ ᠶᠢ ᠶᠡᠷᠦᠩᠬᠡᠶᠢᠯᠡᠨ ᠵᠠᠬᠢᠷᠬᠤ᠂ ᠡᠯ᠎ᠡ ᠲᠠᠯ᠎ᠡ ᠶᠢ ᠵᠤᠬᠢᠴᠠᠭᠤᠯᠬᠤ ᠤᠳᠤᠷᠢᠳᠬᠤ ᠭᠤᠤᠯᠯᠠᠬᠴᠢ ᠶᠢᠨ ᠦᠢᠯᠡᠳᠦᠯ ᠪᠤᠯᠤᠨ᠎ᠠ᠂ ᠲᠦᠷᠰᠦᠯᠢᠭ ᠢᠶᠠᠷ ᠬᠡᠯᠡᠪᠡᠯ ︽ᠲᠦᠮᠡᠨ ᠤᠳᠤᠨ ᠲᠡᠷᠭᠡᠯ ᠰᠠᠷᠠ ᠶᠢᠨ ᠲᠤᠭᠤᠷᠢᠨ ᠳᠤ ᠭᠡᠷᠡᠯᠳᠦᠬᠦ︾ ᠪᠤᠯᠤᠨ᠎ᠡ᠂ ᠡᠨᠡ ᠬᠦ ︽ᠰᠠᠷᠡ︾ ᠪᠤᠯ ᠲᠠᠷᠤᠢ ᠲᠤᠮᠳᠠᠳᠤ ᠤᠯᠤᠰ ᠤᠨ ᠡᠪ ᠬᠠᠮᠳᠤ ᠨᠠᠮ ᠮᠦᠨ᠃ ᠤᠯᠤᠰ ᠤᠨ ᠵᠠᠰᠠᠯᠳᠠ ᠶᠢᠨ ᠰᠢᠰᠲ᠋ᠧᠮ ᠤᠨ ᠶᠡᠭᠡ ᠬᠦᠯᠭᠡ ᠰᠢᠳᠠᠷ᠎ᠡ ᠶᠢᠨ ᠲᠤᠮᠳᠠ᠂ ᠨᠠᠮ ᠤᠨ ᠲᠦᠪ ᠬᠤᠷᠢᠶ᠎ᠡ ᠪᠤᠯ ᠲᠦᠪ ᠬᠤᠸᠠᠷᠠᠨ ᠢ ᠰᠠᠬᠢᠨ ᠰᠠᠭᠤᠭ᠎ᠠ ︽ᠦᠷᠯᠦᠭ ᠵᠠᠩᠵᠤᠨ︾ ᠪᠠᠶᠢᠵᠤ᠂ ᠴᠡᠷᠢᠭ ᠮᠤᠷᠢ ᠫᠤᠤ ᠶᠢᠨ ᠲᠠᠪᠠᠭᠤᠯᠢᠭ ᠢᠶᠠᠨ ᠲᠤᠰ ᠲᠤᠰ ᠲᠤᠨᠢ ᠪᠠᠳᠠᠷᠠᠭᠤᠯᠵᠤ᠂ ᠨᠢᠭᠡ ᠬᠦᠯᠭᠡ ᠰᠢᠳᠠᠷ᠎ᠡ ᠶᠢᠨ ᠶᠡᠭᠡ ᠪᠠᠶᠢᠳᠠᠯ ᠢ ᠲᠤᠳᠤᠷᠬᠠᠢ ᠡᠵᠡᠮᠳᠡᠳᠡᠭ᠃ ᠰᠢᠨ᠎ᠡ ᠴᠠᠭ ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠵᠤ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠳᠤ᠂ ᠡᠩ ᠲᠡᠷᠢᠬᠦᠨ ᠳᠤ ᠠᠯᠢᠪᠠ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠵᠠᠰᠠᠭ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢᠮᠡᠨ ᠵᠤᠪᠬᠢᠰ ᠲᠤ ᠨᠠᠮ ᠪᠤᠯ ᠠᠯᠢᠪᠠ ᠶᠢ ᠤᠳᠤᠷᠢᠳᠬᠤ ᠶᠢ ᠪᠠᠷᠢᠮᠳᠠᠯᠠᠵᠤ᠂ ᠨᠠᠮ ᠤᠨ ᠲᠦᠪ ᠬᠤᠷᠢᠶᠠᠨ ᠤ ᠡᠷᠭᠡ ᠰᠦᠷ ᠢ ᠡᠷᠡᠰ ᠬᠠᠮᠠᠭᠠᠯᠠᠬᠤ ᠭᠡᠷᠡᠭᠳᠠᠢ᠃

  ᠤᠯᠤᠰ ᠤᠨ ᠵᠠᠰᠠᠯᠳᠠ ᠶᠢᠨ ᠵᠠᠩᠭᠢᠯᠠᠭ᠎ᠠ ᠪᠤᠯᠤᠨ ᠦᠨᠳᠦᠰᠤ ᠶᠢ ᠤᠨᠤᠪᠴᠢᠳᠠᠢ ᠡᠵᠡᠮᠰᠢᠬᠦ ᠳᠤ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠᠶᠢᠭᠤᠯᠤᠮᠵᠢ ᠲᠤᠬᠳᠠᠴᠠ ᠶᠢ ᠲᠡᠬᠦᠯᠳᠡᠷᠵᠢᠬᠦᠯᠬᠦ ᠭᠡᠷᠡᠭᠳᠠᠢ᠃ ᠶᠠᠷᠤᠩᠬᠡᠢ ᠱᠦᠵᠢ ᠰᠢ ᠶᠢᠨ ᠫᠢᠩ᠂ ︽ᠰᠢᠨ᠎ᠠ ᠴᠠᠬ ᠦᠶ᠎ᠠ ᠶᠢᠨ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠡᠯ᠎ᠠ ᠵᠦᠢᠯ ᠤᠨ ᠤᠢᠢᠯᠡᠰ ᠢ ᠤᠷᠤᠬᠰᠢᠳᠠᠢ ᠠᠬᠢᠭᠤᠯᠬᠤ ᠳᠤ᠂ ᠡᠷᠬᠡᠪᠰᠢ ᠨᠠᠮ ᠤᠨ ᠤᠳᠤᠷᠢᠳᠤᠯᠭ᠎ᠠ ᠶᠢ ᠪᠠᠷᠢᠮᠳᠠᠯᠠᠬᠤ ᠪᠠᠶᠢᠭᠤᠯᠤᠮᠵᠢ ᠲᠤᠭᠳᠠᠴᠠ ᠶᠢ ᠲᠡᠬᠦᠯᠳᠡᠷᠵᠢᠬᠦᠯᠵᠤ᠂ ᠨᠠᠮ ᠤᠨ ᠤᠳᠤᠷᠢᠳᠤᠯᠭ᠎ᠠ ᠶᠢᠨ ᠡᠨᠡ ᠬᠦ ᠬᠠᠮᠤᠬ ᠤᠨ ᠶᠡᠭᠡ ᠲᠠᠪᠠᠭᠤᠯᠢᠬ ᠢ ᠨᠡᠩ ᠰᠠᠶᠢᠨ ᠪᠠᠳᠠᠷᠠᠭᠤᠯᠵᠤ᠂ ᠠᠭᠤᠤ ᠶᠡᠭᠡ ᠲᠡᠮᠡᠴᠡᠯ ᠬᠢᠬᠦ᠂ ᠠᠭᠤᠤ ᠶᠡᠭᠡ ᠢᠨᠵᠧᠨᠧᠷᠢᠩ ᠢ ᠪᠠᠶᠢᠭᠤᠯᠬᠤ᠂ ᠠᠭᠤᠤ ᠶᠡᠭᠡ ᠤᠢᠢᠯᠡᠰ ᠢ ᠠᠬᠢᠭᠤᠯᠬᠤ᠂ ᠠᠭᠤᠤ ᠶᠡᠭᠡ ᠬᠦᠰᠡᠯ ᠵᠡᠬᠦᠳᠤ ᠶᠢ ᠪᠡᠶᠡᠯᠡᠭᠦᠯᠬᠦ ᠴᠢᠬᠤᠯᠠ ᠶᠡᠭᠡ ᠡᠬᠦᠷᠬᠡ ᠬᠠᠷᠢᠭᠤᠴᠠᠯᠭ᠎ᠠ ᠶᠢ ᠰᠠᠶᠢᠳᠤᠷ ᠡᠬᠦᠷᠬᠡᠯᠡᠬᠦ ᠭᠡᠷᠡᠭᠳᠠᠢ︾ ᠬᠡᠵᠤ ᠴᠢᠬᠤᠯᠠᠴᠢᠯᠠᠪᠠ᠃ ᠪᠢᠳᠡ ︽ᠲᠤᠭᠳᠠᠭᠠᠯ︾ ᠤᠨ ᠪᠠᠶᠢᠷᠢᠯᠠᠭᠤᠯᠤᠯᠳᠠ ᠱᠠᠭᠠᠷᠳᠠᠯᠭ᠎ᠠ ᠶᠤᠰᠤᠭᠠᠷ᠂ ᠪᠦᠬᠦ ᠲᠠᠯ᠎ᠠ ᠶᠢ ᠶᠡᠷᠦᠩᠬᠡᠶᠢᠯᠡᠨ ᠵᠠᠬᠢᠷᠬᠤ᠂ ᠡᠯ᠎ᠠ ᠲᠠᠯ᠎ᠠ ᠶᠢ ᠵᠤᠬᠢᠴᠠᠭᠤᠯᠬᠤ ᠨᠠᠮ ᠤᠨ ᠤᠳᠤᠷᠢᠳᠬᠤ ᠲᠦᠷᠢᠮ ᠤᠨ ᠰᠢᠰᠲ᠋ᠧᠮ ᠢ ᠲᠡᠬᠦᠯᠳᠡᠷᠵᠢᠬᠦᠯᠵᠤ᠂ ᠤᠬ ᠰᠠᠨᠠᠭ᠎ᠠ ᠪᠠᠨ ᠦᠯᠤ ᠮᠠᠷᠳᠠᠬᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ ᠲᠦᠷᠢᠮ ᠢ ᠪᠠᠶᠢᠭᠤᠯᠵᠤ᠂ ᠨᠠᠮ ᠤᠨ ᠲᠦᠪ ᠬᠤᠷᠢᠶᠠᠨ ᠤ ᠡᠷᠬᠡ ᠰᠦᠷ ᠪᠤᠯᠤᠨ ᠲᠦᠪᠯᠡᠷᠡᠩᠬᠦᠢ ᠨᠢᠬᠡᠳᠤᠯᠳᠠᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠡᠯ᠎ᠠ ᠵᠦᠢᠯ ᠤᠨ ᠲᠦᠷᠢᠮ ᠢ ᠲᠡᠬᠦᠯᠳᠡᠷᠵᠢᠬᠦᠯᠵᠤ᠂ ᠨᠠᠮ ᠤᠨ ᠪᠦᠬᠦ ᠲᠠᠯ᠎ᠠ ᠪᠠᠷ ᠤᠳᠤᠷᠢᠳᠬᠤ ᠲᠦᠷᠢᠮ ᠢ ᠲᠡᠬᠦᠯᠳᠡᠷᠵᠢᠬᠦᠯᠵᠤ᠂ ᠠᠷᠠᠳ ᠲᠦᠮᠡᠨ ᠤ ᠲᠦᠯᠤᠬᠡ ᠲᠦᠷᠤ ᠪᠠᠷᠢᠬᠤ᠂ ᠠᠷᠠᠳ ᠲᠦᠮᠡᠨ ᠳᠤ ᠲᠦᠰᠢᠭᠯᠡᠵᠤ ᠲᠦᠷᠤ ᠪᠠᠷᠢᠬᠤ ᠡᠯ᠎ᠠ ᠵᠦᠢᠯ ᠤᠨ ᠲᠦᠷᠢᠮ ᠢ ᠲᠡᠬᠦᠯᠳᠡᠷᠵᠢᠬᠦᠯᠵᠤ᠂ ᠨᠠᠮ ᠤᠨ ᠲᠦᠷᠤ ᠪᠠᠷᠢᠬᠤ ᠴᠢᠳᠠᠪᠤᠷᠢ ᠪᠤᠯᠤᠨ ᠤᠳᠤᠷᠢᠳᠬᠤ ᠲᠦᠪᠰᠢᠨ ᠢ ᠲᠡᠭᠡᠭᠰᠢᠯᠡᠬᠦᠯᠬᠦ ᠲᠦᠷᠢᠮ ᠢ ᠲᠡᠬᠦᠯᠳᠡᠷᠵᠢᠬᠦᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠦᠷᠢᠮ ᠢ ᠲᠡᠬᠦᠯᠳᠡᠷᠵᠢᠬᠦᠯᠵᠤ᠂ ᠨᠠᠮ ᠤᠨ ᠤᠳᠤᠷᠢᠳᠤᠯᠭ᠎ᠠ ᠶᠢ ᠤᠯᠤᠰ ᠤᠨ ᠵᠠᠰᠠᠯᠳᠠ ᠶᠢᠨ ᠡᠯ᠎ᠠ ᠬᠦᠷᠢᠶ᠎ᠠ ᠡᠯ᠎ᠠ ᠲᠠᠯ᠎ᠠ ᠡᠯ᠎ᠠ ᠭᠤᠬᠴᠤᠭ᠎ᠠ ᠳᠤ ᠨᠡᠶᠢᠳᠠᠪᠤᠷᠢᠵᠢᠭᠤᠯᠬᠤ ᠭᠡᠷᠡᠭᠳᠠᠢ᠃

  ᠨᠠᠮ ᠤᠨ ᠤᠳᠤᠷᠢᠳᠤᠯᠭ᠎ᠠ ᠪᠤᠯ ᠨᠠᠮ ᠪᠤᠯᠤᠨ ᠤᠯᠤᠰ ᠤᠨ ᠠᠵᠢᠯ ᠤᠢᠢᠯᠡᠰ ᠤᠨ ᠬᠦᠭᠵᠢᠯᠳᠠ ᠶᠢᠨ ︽ᠴᠢᠭᠯᠡᠯ ᠢ ᠲᠤᠭᠳᠠᠭᠠᠬᠤ ᠵᠠᠯᠠᠭᠤᠷ︾ ᠮᠦᠨ᠃ ᠤᠳᠤ ᠶᠢᠨ ᠲᠡᠯᠡᠬᠡᠢ ᠳ᠋ᠠᠬᠢᠨ ᠤ ᠵᠠᠭᠤᠨ ᠵᠢᠯ ᠳᠤ ᠲᠤᠬᠢᠶᠠᠯᠳᠤᠭ᠎ᠠ ᠦᠬᠡᠢ ᠶᠡᠭᠡ ᠬᠤᠪᠢᠷᠠᠯᠳᠠ ᠶᠢᠨ ᠡᠮᠤᠨ᠎ᠡ᠂ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠵᠠᠩᠬᠢᠯᠠᠭ᠎ᠠ ᠶᠢᠨ ᠴᠠᠬ ᠦᠶ᠎ᠠ ᠳᠤ᠂ ᠨᠠᠮ ᠤᠨ ᠤᠳᠤᠷᠢᠤᠨᠬᠤ ᠲᠦᠷᠢᠮ ᠤᠨ ᠰᠢᠰᠲ᠋ᠧᠮ ᠢ ᠪᠠᠷᠢᠮᠳᠠᠯᠠᠨ ᠲᠡᠬᠦᠯᠳᠡᠷᠵᠢᠬᠦᠯᠵᠤ᠂ ᠨᠠᠮ ᠤᠨ ᠤᠳᠤᠷᠢᠳᠤᠯᠭ᠎ᠠ ᠶᠢᠨ ᠡᠨᠡ ᠬᠦ ᠬᠠᠮᠤᠬ ᠤᠨ ᠶᠡᠭᠡ ᠲᠠᠪᠠᠭᠤᠯᠢᠬ ᠢ ᠨᠡᠩ ᠬᠦᠢᠴᠡᠳ ᠰᠠᠶᠢᠨ ᠪᠠᠳᠠᠷᠠᠭᠤᠯᠪᠠᠯ᠂ ᠪᠢᠳᠠ ᠳᠠᠷᠤᠢ ᠳᠤᠮᠳᠠᠳᠤ ᠶᠢᠨ ᠦᠨᠳᠤᠰᠤᠳᠠᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠤ ᠬᠦᠯᠬᠡ ᠤᠩᠭᠤᠴᠠ ᠶᠢ ᠢᠮᠠᠭᠳᠠ ᠵᠦᠪ ᠠᠶᠠᠯᠠᠯ ᠤᠨ ᠴᠢᠭᠯᠡᠯ ᠢᠶᠠᠷ ᠲᠠᠪᠠᠯᠭᠠᠨ ᠢ ᠰᠦᠷᠤᠨ ᠤᠷᠤᠭᠰᠢᠯᠠᠭᠤᠯᠵᠤ᠂ ᠭᠡᠷᠡᠯ ᠰᠠᠴᠤᠷᠠᠩᠭᠤᠢ ᠲᠡᠷᠳᠡᠭᠡ ᠡᠷᠬᠢ ᠲᠡᠶᠢᠰᠢ ᠢᠯᠠᠯᠳᠠ ᠲᠠᠢ ᠪᠠᠷ ᠤᠷᠤᠬᠰᠢᠯᠠᠬᠤ ᠶᠢ ᠠᠬᠢᠭᠤᠯᠵᠤ ᠴᠢᠳᠠᠨ᠎ᠠ᠃

               ︵ᠰᠢᠨᠬᠤᠸᠠ ᠬᠤᠷᠢᠶᠠᠨ ᠤ ᠪᠡᠬᠡᠵᠢᠩ ᠤᠨ 11 ᠰᠠᠷ᠎ᠠ ᠶᠢᠨ 3 ᠤ ᠴᠠᠬᠢᠯᠭᠠᠨ ᠮᠡᠳᠡᠭᠡ︶



  
     
     