-
2072059
2019 ᠲᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠬᠦᠬᠡᠬᠤᠳᠠ ᠳᠤ ᠦᠨᠳᠦᠷᠯᠡᠪᠡ
2019-12-03 14:12
212
0
3 ᠡᠳᠦᠷ ᠶᠠᠪᠤᠭᠳᠠᠭᠰᠠᠨ 2019 ᠲᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ 12 ᠰᠠᠷ᠎ᠠ ᠶᠢᠨ 1 ᠤ ᠡᠳᠦᠷ ᠬᠦᠬᠡᠬᠤᠳᠠ ᠳᠤ ᠦᠨᠳᠦᠷᠯᠡᠪᠡ᠃ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠭᠡᠨ ᠤ ᠬᠦᠮᠦᠨ ᠠᠮᠠ ᠡᠬᠢ ᠪᠠᠶᠠᠯᠢᠭ ᠤᠷᠴᠢᠨ ᠲᠤᠭᠤᠷᠢᠨ ᠤ ᠵᠦᠪᠯᠡᠯ ᠤᠨ ᠲᠡᠳ᠋ ᠡᠷᠬᠢᠯᠡᠭᠴᠢ ᠷᠧᠨ ᠶᠠ ᠫᠢᠩ᠂ 2019 ᠲᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠤᠨ ᠲᠡᠷᠢᠭᠦᠯᠡᠭᠴᠢ᠂ ᠲᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ ᠤᠨ ᠲᠠᠷᠤᠭ᠎ᠠ ᠵᠢᠶᠠ ᠶᠢᠦ ᠯᠢᠩ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠦᠬᠡᠬᠤᠳᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠲᠡᠭᠦᠰᠬᠦ ᠶᠤᠰᠤᠯᠠᠯ ᠳᠤ ᠤᠷᠤᠯᠴᠠᠵᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠲᠠᠷᠤᠭ᠎ᠠ ᠪᠠᠢ ᠢᠤᠢ ᠭᠠᠩ ᠲᠡᠭᠦᠰᠬᠦ ᠶᠤᠰᠤᠯᠠᠯ ᠳᠤ ᠤᠷᠤᠯᠴᠠᠭᠰᠠᠨ ᠪᠦᠬᠡᠳ ᠳ᠋ᠦᠩᠨᠡᠯᠳᠡ ᠶᠢᠨ ᠦᠬᠡ ᠬᠡᠯᠡᠪᠡ᠃
ᠪᠠᠢ ᠢᠤᠢ ᠭᠠᠩ ᠳ᠋ᠦᠩᠨᠡᠯᠳᠡ ᠶᠢᠨ ᠦᠬᠡ ᠳᠡᠭᠡᠨ᠂ ᠲᠤᠰ ᠤᠳᠠᠭ᠎ᠠ ᠶᠢᠨ ᠶᠠᠷᠢᠶᠠᠨ ᠤ ᠲᠠᠪᠴᠠᠩ ᠳᠤ 30 ᠭᠠᠷᠤᠢ ᠤᠯᠤᠰ᠂ 8 ᠤᠯᠠᠨ ᠤᠯᠤᠰ ᠤᠨ ᠵᠤᠬᠢᠶᠠᠨ ᠪᠠᠶᠢᠭᠤᠯᠤᠯᠳᠠ ᠶᠢᠨ 330 ᠭᠠᠷᠤᠢ ᠲᠦᠯᠦᠭᠡᠯᠡᠭᠴᠢ ᠶᠢ ᠤᠷᠢᠨ ᠤᠷᠤᠯᠴᠠᠭᠤᠯᠵᠤ᠂ ᠬᠤᠷᠠᠯ ᠳᠤ ᠤᠷᠤᠯᠴᠠᠭᠰᠠᠨ ᠵᠤᠴᠢᠳ ︽ᠲᠤᠮᠳᠠᠳᠤ ᠤᠯᠤᠰ ᠤᠨ ᠠᠳᠤᠭᠤᠨ ᠰᠤᠶᠤᠯ ᠬᠢᠭᠡᠳ ᠲᠡᠯᠡᠭᠡᠢ ᠶᠢᠨ ᠠᠳᠤᠭᠤᠨ ᠤ ᠪᠤᠯᠪᠠᠰᠤᠨ︾ ᠬᠡᠬᠦ ᠶᠠᠷᠢᠶᠠᠨ ᠤ ᠲᠠᠪᠴᠠᠩ ᠤᠨ ᠭᠤᠤᠯ ᠰᠡᠳᠦᠪ ᠪᠤᠯᠤᠨ 4 ᠬᠤᠪᠢᠶᠠᠷᠢ ᠶᠠᠷᠢᠶᠠᠨ ᠤ ᠲᠠᠪᠴᠠᠩ ᠤᠨ ᠭᠤᠤᠯ ᠰᠡᠳᠦᠪ ᠤᠨ ᠲᠤᠭᠤᠷᠢᠨ ᠳᠤ ᠠᠳᠤᠭᠤᠨ ᠰᠤᠶᠤᠯ᠂ ᠠᠳᠤᠭᠤᠨ ᠤ ᠰᠢᠨᠵᠢᠯᠡᠬᠦ ᠤᠬᠠᠭᠠᠨ᠂ ᠮᠤᠷᠢᠨ ᠤᠷᠤᠯᠳᠤᠭᠠᠨ᠂ ᠠᠳᠤᠭᠤᠨ ᠵᠢᠭᠤᠯᠴᠢᠯᠠᠯ᠂ ᠠᠳᠤᠭᠤᠨ ᠤ ᠠᠵᠤ ᠦᠢᠯᠡᠰ ᠤᠨ ᠴᠢᠨᠠᠷ ᠰᠠᠶᠢᠳᠠᠢ ᠬᠦᠭᠵᠢᠯᠳᠡ ᠳᠤ ᠮᠠᠰᠢ ᠠᠷᠪᠢᠨ ᠵᠢᠩᠭᠢᠨᠢ ᠮᠡᠳᠡᠯᠭᠡ ᠨᠡᠪᠳᠡᠷᠭᠡᠢ ᠦᠵᠡᠯᠳᠡ ᠬᠠᠩᠭᠠᠭᠰᠠᠨ ᠪᠠᠶᠢᠨ᠎ᠠ᠃ 2020 ᠤᠨ ᠳᠤ ᠦᠪᠤᠷ ᠮᠤᠩᠭᠤᠯ ᠠᠴᠠ ᠦᠪᠦᠷ ᠮᠤᠩᠭᠤᠯ ᠤᠨ ᠮᠤᠷᠢᠨ ᠤᠷᠤᠯᠳᠤᠭᠠᠨ ᠪᠤᠯᠤᠨ ᠬᠤᠶᠠᠳᠤᠭᠠᠷ ᠬᠤᠭᠤᠴᠠᠭᠠᠨ ᠤ ᠦᠪᠦᠷ ᠮᠤᠩᠭᠤᠯ ᠤᠨ ᠤᠯᠠᠨ ᠤᠯᠤᠰ ᠤᠨ ᠠᠳᠤᠭᠤᠨ ᠰᠤᠶᠤᠯ ᠤᠨ ᠦᠵᠡᠰᠭᠦᠯᠡᠩ ᠤᠨ ᠴᠤᠭᠯᠠᠭᠠᠨ ᠢ ᠡᠷᠬᠢᠯᠡᠨ ᠶᠠᠪᠤᠭᠳᠠᠭᠤᠯᠬᠤ ᠪᠠᠷ ᠪᠤᠢ᠂ ᠡᠷᠬᠢᠮ ᠵᠤᠴᠢᠳ ᠤᠨ ᠦᠪᠦᠷ ᠮᠤᠩᠭᠤᠯ ᠳᠤ ᠲᠠᠬᠢᠨᠳᠠ ᠮᠤᠷᠢᠯᠠᠨ ᠰᠠᠭᠠᠳᠠᠬᠤ ᠶᠢ ᠴᠢᠩ ᠰᠡᠳᠭᠢᠯ ᠠᠴᠠ ᠪᠠᠨ ᠤᠷᠢᠵᠤ ᠪᠠᠶᠢᠨ᠎ᠠ᠂ ᠲᠡᠯᠡᠭᠡᠢ ᠶᠢᠨ ᠠᠳᠤᠭᠤᠨ ᠰᠤᠶᠤᠯ ᠤᠨ ᠬᠦᠭᠵᠢᠯᠳᠡ ᠶᠢ ᠠᠬᠢᠭᠤᠯᠬᠤ᠂ ᠬᠦᠮᠦᠨ ᠲᠦᠷᠦᠯᠬᠢᠳᠡᠨ ᠤ ᠦᠵᠡᠰᠭᠦᠯᠡᠩᠳᠤ ᠰᠠᠶᠢᠬᠠᠨ ᠭᠡᠷ ᠤᠷᠤᠨ ᠢ ᠪᠦᠳᠦᠭᠡᠨ ᠪᠠᠶᠢᠭᠤᠯᠬᠤ ᠶᠢᠨ ᠲᠦᠯᠦᠭᠡ ᠬᠠᠮᠳᠤ ᠪᠠᠷ ᠴᠢᠷᠮᠠᠶᠢᠶ᠎ᠠ ᠭᠡᠵᠡᠢ᠃
ᠲᠡᠭᠦᠰᠬᠦ ᠶᠤᠰᠤᠯᠠᠯ ᠲᠡᠭᠡᠷ᠎ᠠ ᠶᠠᠷᠢᠶᠠᠨ ᠤ ᠲᠠᠪᠴᠠᠩ ᠤᠨ ᠵᠤᠬᠢᠶᠠᠬᠤ ᠪᠠᠶᠢᠭᠤᠯᠬᠤ ᠺᠤᠮᠢᠰ ᠠᠴᠠ ᠲᠦᠷᠺᠮᠧᠨ᠋ᠰᠲ᠋ᠠᠨ᠂ ᠹᠷᠠᠨᠼᠢ᠂ ᠺᠢᠷᠭᠢᠽᠰᠲ᠋ᠠᠨ ᠪᠤᠯᠤᠨ ᠤᠷᠤᠰ ᠤᠨ ᠲᠦᠯᠦᠭᠡᠯᠡᠭᠴᠢ ᠳᠤ ᠲᠡᠯᠡᠭᠡᠢ ᠶᠢᠨ ᠠᠩᠬᠠᠳᠠᠭᠴᠢ ᠪᠦᠯᠦᠭ ᠤᠨ ︽ᠲᠤᠮᠳᠠᠳᠤ ᠤᠯᠤᠰ · ᠦᠪᠤᠷ ᠮᠤᠩᠭᠤᠯ ᠤᠨ ᠠᠳᠤᠭᠤᠨ ᠰᠤᠶᠤᠯ ᠤᠨ ᠰᠤᠯᠢᠯᠴᠠᠭᠠᠨ ᠤ ᠨᠦᠭᠦᠷᠰᠡᠭ ᠡᠯᠴᠢ︾ ᠶᠢᠨ ᠦᠨᠡᠮᠯᠡᠯ ᠤᠯᠭᠤᠵᠤ᠂ ︽2019 ᠲᠡᠯᠡᠭᠡᠢ ᠶᠢᠨ ᠠᠳᠤᠭᠤᠨ ᠰᠤᠶᠤᠯ ᠤᠨ ᠶᠠᠷᠢᠶᠠᠨ ᠤ ᠲᠠᠪᠴᠠᠩ ᠤᠨ ᠬᠦᠬᠡᠬᠤᠳᠠ ᠶᠢᠨ ᠲᠤᠩᠬᠠᠭ︾ ᠢ ᠨᠡᠶᠢᠳᠡᠯᠡᠵᠦ᠂ ᠪᠠᠰᠠ ᠬᠦᠬᠡᠬᠤᠳᠠ ᠶᠢ ︽ᠲᠡᠯᠡᠭᠡᠢ ᠶᠢᠨ ᠠᠳᠤᠭᠤᠨ ᠰᠤᠶᠤᠯ ᠤᠨ ᠬᠤᠳᠠ︾ ᠪᠠᠷ ᠨᠠᠷᠡᠯᠡᠨ ᠫᠠᠶᠢᠰᠠ ᠢᠯᠡᠷᠭᠡᠶᠢᠯᠡᠯ ᠤᠯᠭᠤᠵᠠᠢ᠃ ᠵᠣᠬᠢᠶᠠᠭᠴᠢ᠄ ᠪᠤᠤ ᠨᠠᠷᠠᠨᠳᠤᠶᠠᠭ᠎ᠠ