 

︽ᠲᠦᠷᠪᠡ ᠶᠢ ᠪᠤᠳᠠᠳᠠᠶᠢᠵᠢᠭᠤᠯᠬᠤ︾ ᠶᠢ ᠭᠤᠤᠯ ᠰᠡᠳᠦᠪᠳᠤ ᠬᠦᠮᠦᠵᠢᠯ ᠤᠨ ᠪᠦᠭᠦ ᠶᠠᠪᠤᠴᠠ ᠳᠤ ᠲᠣᠭᠤᠰᠢᠯᠠᠭᠤᠯᠰᠣᠭᠠᠢ

2019-07-19 10:18
  743
  0
 
  ᠣᠶᠢᠷ᠎ᠠ ᠶᠢᠨ ᠡᠳᠦᠷ᠂ ᠶᠡᠷᠦᠩᠭᠡᠢ ᠱᠦᠵᠢ ᠰᠢ ᠶᠢᠨ ᠫᠢᠩ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠶᠢᠨ ᠬᠠᠮᠳᠤ ︽ᠤᠭ ᠰᠠᠨᠠᠭ᠎ᠠ ᠪᠠᠨ ᠦᠯᠤ ᠮᠠᠷᠳᠡᠵᠤ ᠡᠭᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠭᠦ︾ ᠭᠤᠤᠯ ᠰᠡᠳᠦᠪᠳᠤ ᠬᠦᠮᠦᠵᠢᠯ ᠢ ᠦᠷᠨᠢᠭᠦᠯᠵᠤ ᠪᠠᠶᠢᠬᠤ ᠲᠤᠬᠠᠢ ᠵᠢᠭᠠᠨ ᠵᠢᠯᠤᠭᠤᠳᠬᠤ ᠳᠠᠭᠠᠨ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ︽ᠲᠦᠷᠪᠡ ᠶᠢ ᠪᠤᠳᠠᠳᠠᠶᠢᠵᠢᠭᠤᠯᠬᠤ︾ — ᠦᠵᠡᠯ ᠰᠠᠨᠠᠭ᠎ᠠ ᠲᠠᠨᠢᠯᠳᠠ ᠪᠠᠨ ᠪᠤᠳᠠᠳᠠᠶᠢᠵᠢᠭᠤᠯᠬᠤ᠂ ᠠᠰᠠᠭᠤᠳᠠᠯ ᠢ ᠪᠠᠶᠢᠴᠠᠭᠠᠨ ᠰᠢᠨᠵᠢᠭᠦ ᠶᠢ ᠪᠤᠳᠠᠳᠠᠶᠢᠵᠢᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠪᠤᠳᠠᠳᠠᠶᠢᠵᠢᠭᠤᠯᠬᠤ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠪᠤᠳᠠᠳᠠᠶᠢᠵᠢᠭᠤᠯᠬᠤ ᠶᠢ ᠰᠠᠶᠢᠳᠦᠷ ᠠᠳᠬᠤᠬᠤ ᠬᠡᠷᠡᠭᠳᠡᠢ ᠭᠡᠵᠤ ᠴᠢᠬᠤᠯᠠᠴᠢᠯᠠᠪᠠ᠃ ᠶᠡᠷᠦᠩᠭᠡᠢ ᠱᠦᠵᠢ ᠶᠢᠨ ᠳᠤᠷᠠᠳᠤᠬᠰᠡᠨ ︽ᠳᠦᠷᠪᠡ ᠶᠢ ᠪᠤᠳᠠᠳᠠᠶᠢᠵᠢᠭᠤᠯᠬᠤ︾ ᠲᠤᠳᠤᠷᠬᠠᠢ ᠱᠠᠭᠠᠷᠳᠠᠯᠭ᠎ᠠ ᠨᠢ᠂ ᠭᠤᠤᠯ ᠰᠡᠳᠦᠪᠳᠤ ᠬᠦᠮᠦᠵᠢᠯ ᠢ ᠬᠦᠨᠵᠡᠭᠡᠢ ᠦᠷᠨᠢᠭᠦᠯᠭᠦ᠂ ᠪᠤᠳᠠᠳᠤ ᠦᠷ᠎ᠡ ᠪᠦᠳᠦᠮᠵᠢ ᠭᠠᠷᠭᠠᠬᠤ ᠳᠤ ᠬᠦᠴᠦᠯᠡᠭᠦ ᠴᠡᠭ ᠪᠠ ᠢᠳᠡᠯᠡᠭᠦ ᠭᠠᠵᠠᠷ ᠢ ᠲᠤᠳᠤᠷᠬᠠᠢᠢᠯᠡᠵᠤ ᠦᠭᠪᠡ᠃
  ︽ᠶᠠᠪᠤᠲᠠᠯ ᠤᠴᠢᠷ ᠢ ᠪᠦᠳᠦᠭᠡᠭᠦ ᠳᠤ ᠤᠷᠢᠳ ᠢᠶᠠᠷ ᠵᠤᠷᠢᠭ ᠰᠢᠭᠤᠳᠬᠤ ᠬᠡᠷᠡᠭᠳᠡᠢ︾᠃ ᠭᠤᠤᠯ ᠰᠡᠳᠦᠪᠳᠤ ᠬᠦᠮᠦᠵᠢᠯ ᠢ ᠰᠠᠶᠢᠳᠤᠷ ᠦᠷᠨᠢᠭᠦᠯᠭᠦ ᠳᠤ ᠦᠵᠡᠯ ᠰᠠᠨᠠᠭ᠎ᠠ ᠲᠠᠨᠢᠯᠳᠠ ᠪᠠᠨ ᠪᠤᠳᠠᠳᠠᠶᠢᠵᠢᠭᠤᠯᠬᠤ ᠬᠡᠷᠡᠭᠳᠡᠢ᠃ ᠬᠦᠨᠵᠡᠭᠡᠢ ᠰᠤᠷᠤᠯᠴᠠᠬᠤ ᠪᠠ ᠰᠡᠳᠬᠢᠨ ᠪᠤᠳᠤᠯᠬᠢᠯᠠᠬᠤ ᠪᠠᠷ ᠲᠠᠮᠵᠢᠨ ᠭᠤᠤᠯ ᠰᠡᠳᠦᠪᠳᠤ ᠬᠦᠮᠦᠵᠢᠯ ᠤᠨ ᠴᠢᠬᠤᠯᠠ ᠶᠡᠭᠡ ᠤᠳᠬ᠎ᠠ ᠠᠭᠤᠯᠭ᠎ᠠ ᠶᠢᠨ ᠲᠤᠬᠠᠢ ᠲᠠᠨᠢᠯᠳᠠ ᠪᠠᠨ ᠲᠠᠰᠤᠷᠠᠯᠳᠠ ᠦᠭᠡᠢ ᠬᠦᠨᠵᠡᠭᠡᠶᠢᠷᠡᠭᠦᠯᠵᠤ᠂ ᠨᠠᠮ ᠤᠨ ᠤᠭ ᠰᠠᠨᠠᠭ᠎ᠠ ᠪᠤᠯᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠠᠨᠢᠯᠲᠠ ᠪᠠᠨ ᠬᠦᠨᠵᠡᠭᠡᠶᠢᠷᠡᠭᠦᠯᠵᠤ᠂ ᠨᠠᠮ ᠳᠤ ᠲᠤᠯᠭᠠᠷᠠᠵᠤ ᠪᠠᠶᠢᠭ᠎ᠠ ᠠᠶᠤᠯ ᠲᠦᠭᠰᠢᠭᠦᠷᠢ ᠰᠢᠯᠭᠠᠯᠳᠠ ᠶᠢᠨ ᠲᠤᠬᠠᠢ ᠲᠠᠨᠢᠯᠳᠠ ᠪᠠᠨ ᠬᠦᠨᠵᠡᠭᠡᠶᠢᠷᠡᠭᠦᠯᠪᠡᠯ ᠰᠠᠶ᠋ᠢ ᠬᠦᠰᠡᠯᠡᠩ ᠢᠳᠡᠭᠡᠯ ᠪᠢᠰᠢᠷᠡᠯ ᠢᠶᠠᠨ ᠨᠡᠩ ᠡᠷᠡᠰ ᠪᠠᠳᠤ ᠪᠤᠯᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠳᠤ ᠴᠢᠨᠠᠷ ᠪᠠ ᠰᠠᠨᠠᠭᠠᠴᠢᠯᠠᠭᠠᠳᠤ ᠴᠢᠨᠠᠷ ᠢᠶᠠᠨ ᠴᠢᠩᠭᠠᠷᠠᠭᠤᠯᠵᠤ ᠴᠢᠳᠠᠨ᠎ᠠ᠃ ᠰᠤᠷᠤᠯᠴᠠᠯᠭ᠎ᠠ ᠶᠢᠨ ᠬᠦᠨᠴᠠ ᠪᠠ ᠡᠷᠴᠢᠮ ᠨᠢ ᠲᠠᠨᠢᠯᠳᠠ ᠶᠢᠨ ᠦᠨᠳᠦᠷᠴᠠ ᠶᠢ ᠲᠤᠬᠳᠠᠭᠠᠲᠠᠭ᠃ ᠪᠤᠳᠠᠳᠠᠢ ᠲᠠᠢ ᠤᠶᠠᠯᠳᠤᠭᠤᠯᠤᠨ ᠰᠤᠷᠤᠯᠴᠠᠯᠭ᠎ᠠ ᠪᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯᠤᠨ ᠨᠠᠮ ᠤᠨ ᠲᠦᠪ ᠬᠤᠷᠢᠶᠠᠨ ᠤ ᠦᠨᠳᠦᠰᠦᠨ ᠪᠤᠳᠤᠯᠭ᠎ᠠ ᠴᠢᠭᠯᠡᠯᠳᠠ ᠶᠢᠨ ᠲᠤᠬᠠᠢ ᠤᠢᠢᠯᠠᠭᠠᠯᠳᠠ ᠪᠠᠨ ᠬᠦᠨᠵᠡᠭᠡᠶᠢᠷᠡᠭᠦᠯᠵᠤ᠂ ᠦᠪᠡᠷ ᠤᠨ ᠡᠭᠦᠷᠭᠡ ᠬᠠᠷᠢᠭᠤᠴᠠᠯᠭ᠎ᠠ ᠶᠢᠨ ᠲᠤᠬᠠᠢ ᠲᠠᠨᠢᠯᠲᠠ ᠪᠠᠨ ᠬᠦᠨᠵᠡᠭᠡᠶᠢᠷᠡᠭᠦᠯᠬᠦ ᠬᠡᠷᠡᠭᠲᠡᠢ᠃ ᠤᠲᠠᠭᠠᠨ ᠲᠠᠭᠠᠭᠠᠮᠠᠭᠠᠢ ᠪᠠᠷ ᠰᠤᠷᠤᠯᠴᠠᠬᠤ ᠶᠢ ᠪᠠᠷᠢᠮᠳᠠᠯᠠᠵᠤ᠂ ᠬᠡᠯᠪᠡᠷᠢᠴᠢ ᠦᠵᠡᠯ ᠭᠠᠷᠭᠠᠵᠤ ᠪᠤᠯᠬᠤ ᠦᠭᠡᠢ᠂ ᠠᠪᠤᠨ ᠲᠤᠤᠷ᠎ᠠ ᠪᠠᠨ ᠠᠮᠵᠢᠯᠳᠠ ᠤᠯᠬᠤ ᠪᠠᠷ ᠶᠠᠭᠠᠷᠠᠵᠤ ᠪᠤᠯᠬᠤ ᠦᠭᠡᠢ᠂ ᠤᠳᠠᠭ᠎ᠠ ᠪᠤᠯᠭᠠᠨ ᠤ ᠰᠤᠷᠤᠯᠴᠠᠯᠭ᠎ᠠ ᠳᠠᠭᠠᠨ ᠰᠢᠨ᠎ᠠ ᠲᠠᠪᠰᠢᠯᠲᠠ ᠲᠠᠢ᠂ ᠰᠢᠨ᠎ᠠ ᠤᠢᠢᠯᠠᠭᠠᠯᠳᠠ ᠲᠠᠢ ᠪᠤᠯᠵᠤ᠂ ᠤᠳᠠᠭᠠᠨ ᠡᠳᠦᠷ ᠵᠤᠵᠠᠭᠠᠨ ᠬᠤᠨᠤᠭ ᠢᠶᠠᠷ ᠬᠤᠷᠠᠮᠳᠤᠭᠤᠯᠬᠤ ᠲᠤᠮᠲᠠ ᠤᠯᠠᠮ ᠠᠴᠠ ᠬᠦᠨᠵᠡᠭᠡᠢ ᠰᠤᠷᠤᠯᠴᠡᠨ ᠨᠡᠪᠳᠡᠷᠡᠲᠡᠯ᠎ᠠ ᠤᠢᠢᠯᠠᠭᠠᠬᠤ ᠬᠡᠷᠡᠭᠳᠡᠢ᠃ 
  ᠭᠤᠤᠯ ᠰᠡᠳᠦᠪᠳᠤ ᠬᠦᠮᠦᠵᠢᠯ ᠢ ᠰᠠᠶᠢᠲᠤᠷ ᠦᠷᠨᠢᠭᠦᠯᠬᠦ ᠳᠤ᠂ ᠡᠷᠭᠡᠪᠰᠢ ᠠᠰᠠᠭᠤᠳᠠᠯ ᠢ ᠵᠤᠷᠢᠨ᠂ ᠠᠰᠠᠭᠤᠳᠠᠯ ᠢ ᠪᠠᠶᠢᠴᠠᠭᠠᠨ ᠰᠢᠨᠵᠢᠭᠦ ᠶᠢ ᠪᠤᠳᠠᠳᠠᠶᠢᠵᠢᠭᠤᠯᠬᠤ ᠬᠡᠷᠡᠭᠳᠡᠢ᠃ ᠠᠰᠠᠭᠤᠳᠠᠯ ᠲᠠᠢ ᠪᠠᠶᠢᠭ᠎ᠠ ᠨᠢ ᠠᠶᠤᠮᠰᠢᠬᠳᠠᠢ ᠶᠠᠪᠤᠳᠠᠯ ᠪᠢᠰᠢ᠂ ᠵᠠᠩᠭᠢᠯᠠᠭ᠎ᠠ ᠨᠢ ᠵᠤᠷᠢᠬᠳᠠᠢ ᠪᠠᠷ ᠠᠰᠠᠭᠤᠳᠠᠯ ᠳᠤ ᠬᠠᠨᠲᠤᠨ᠂ ᠠᠰᠠᠭᠤᠳᠠᠯ ᠢ ᠴᠢᠲᠠᠮᠠᠭᠠᠢ ᠰᠢᠢᠳᠪᠤᠷᠢᠯᠡᠵᠤ ᠴᠢᠳᠠᠬᠤ ᠳᠤ ᠪᠤᠢ᠃ ᠬᠢᠳᠤᠭᠠᠨ ᠢᠷ ᠢ ᠲᠤᠳᠤᠬᠰᠢ ᠬᠠᠨᠳᠤᠭᠤᠯᠵᠤ ᠦᠪᠡᠷ ᠤᠨ ᠪᠡᠶ᠎ᠠ ᠳᠡᠭᠡᠨ ᠬᠤᠪᠢᠰᠬᠠᠯ ᠬᠢᠭᠦ ᠵᠤᠷᠢᠭ ᠰᠠᠨᠠᠭ᠎ᠠ ᠪᠠᠷ᠂ ᠰᠢᠬᠦᠮᠵᠢᠯᠡᠯ ᠰᠠᠨᠠᠭᠤᠯᠭ᠎ᠠ ᠶᠢ ᠤᠯᠵᠤ ᠰᠤᠨᠤᠰᠤᠬᠰᠡᠨ ᠳᠠᠭᠠᠨ ᠪᠠᠶᠠᠷᠯᠠᠵᠤ᠂ ᠠᠯᠳᠠᠰᠢ ᠠᠳᠡᠰᠢ ᠪᠠᠨ ᠮᠡᠳᠡᠪᠡᠯ ᠲᠠᠷᠤᠢ ᠵᠠᠯᠠᠷᠠᠭᠤᠯᠬᠤ ᠤᠪᠤᠷ ᠪᠠᠶᠢᠲᠠᠯ ᠢᠶᠠᠷ᠂ ᠬᠦᠨᠵᠡᠭᠡᠢ ᠪᠠᠶᠢᠴᠠᠭᠠᠨ ᠰᠤᠳᠤᠯᠤᠯᠳᠠ ᠬᠢᠵᠤ᠂ ᠡᠯ᠎ᠠ ᠲᠠᠯ᠎ᠠ ᠶᠢᠨ ᠰᠠᠨᠠᠯ ᠰᠠᠨᠠᠭᠤᠯᠭ᠎ᠠ ᠶᠢ ᠦᠷᠭᠡᠨ ᠢᠶᠠᠷ ᠰᠤᠨᠤᠰᠴᠤ᠂ ᠠᠰᠠᠭᠤᠳᠠᠯ ᠢ ᠤᠨᠤᠪᠴᠢᠳᠡᠢ ᠡᠷᠢᠵᠤ ᠤᠯᠵᠤ᠂ ᠦᠨᠳᠦᠰᠤ ᠰᠢᠯᠲᠠᠭᠠᠨ ᠢ ᠨᠢ ᠬᠦᠨᠵᠡᠭᠡᠢ ᠵᠠᠲᠠᠯᠵᠤ᠂ ᠴᠢᠷᠮᠠᠶᠢᠬᠤ ᠴᠢᠭᠯᠡᠯ ᠪᠠ ᠬᠠᠯᠠᠨ ᠰᠠᠶᠢᠵᠢᠷᠠᠭᠤᠯᠬᠤ ᠠᠷᠭ᠎ᠠ ᠠᠪᠴᠠᠯ ᠢᠶᠠᠨ ᠲᠤᠳᠤᠷᠬᠠᠢᠢᠯᠠᠵᠤ᠂ ᠲᠤᠳᠤᠷ᠎ᠠ ᠪᠠᠨ ᠲᠤᠭ᠎ᠠ ᠲᠠᠢ᠂ ᠠᠷᠭ᠎ᠠ ᠲᠠᠢ ᠪᠠᠶᠢᠬᠤ ᠬᠡᠷᠡᠭᠳᠡᠢ᠃ 
  ᠭᠤᠤᠯ ᠰᠡᠳᠦᠪᠳᠦ ᠬᠦᠮᠦᠵᠢᠯ ᠢ ᠰᠠᠶᠢᠳᠤᠷ ᠦᠷᠨᠢᠬᠦᠯᠬᠦ ᠳᠤ᠂ ᠴᠡᠭᠴᠡᠯᠠᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢ ᠪᠤᠲᠠᠲᠠᠶᠢᠵᠢᠭᠤᠯᠬᠤ ᠬᠡᠷᠡᠭᠳᠡᠢ᠃ ᠪᠤᠳᠠᠳᠠᠶᠢᠵᠢᠭᠤᠯᠬᠤ ᠦᠬᠡᠢ ᠪᠤᠯ ᠠᠳᠬᠤᠭᠰᠠᠨ ᠦᠬᠡᠢ ᠲᠠᠢ ᠠᠳᠠᠯᠢ ᠶᠤᠮ᠂ ᠴᠡᠭᠴᠡᠯᠡᠨ ᠰᠠᠶᠢᠵᠢᠷᠠᠭᠤᠯᠬᠤ ᠶᠢ ᠠᠳᠬᠤᠬᠤ ᠳᠠᠭᠠᠨ ᠶᠠᠰᠤᠨ ᠳᠡᠬᠡᠷ᠎ᠠ ᠨᠢ ᠳᠤᠭᠰᠢᠵᠦ ᠬᠠᠳᠠᠭᠤ ᠲᠠᠢ ᠨᠢ ᠬᠠᠯᠳᠠᠬᠤ ᠬᠡᠷᠡᠭᠳᠡᠢ᠃ ᠠᠰᠠᠭᠤᠳᠠᠯ ᠢ ᠢᠯᠡᠷᠡᠬᠦᠯᠦᠮᠡᠭᠴᠡ ᠲᠠᠷᠤᠢ ᠪᠠᠷᠢᠨ ᠴᠡᠭᠴᠡᠯᠡᠨ ᠰᠠᠶᠢᠵᠢᠷᠠᠭᠤᠯᠬᠤ ᠬᠡᠷᠡᠭᠲᠡᠢ᠂ ᠠᠯᠭᠤᠷᠯᠠᠨ ᠬᠤᠶᠢᠰᠢᠯᠠᠭᠤᠯᠵᠦ ᠪᠤᠯᠬᠤ ᠦᠬᠡᠢ᠂ ᠬᠤᠳᠠᠯ ᠬᠠᠭᠤᠷᠮᠠᠭ ᠢᠶᠠᠷ ᠠᠷᠭᠠᠴᠠᠭᠠᠵᠤ ᠪᠤᠯᠬᠤ ᠦᠬᠡᠢ᠃ ᠴᠡᠭᠴᠡᠯᠡᠨ ᠰᠠᠶᠢᠵᠢᠷᠠᠭᠤᠯᠬᠤ ᠶᠢ ᠡᠬᠢᠨ ᠠᠴᠠ ᠡᠴᠦᠰ ᠲᠤᠨᠢ ᠳᠤᠯᠳᠠᠯ᠎ᠠ ᠲᠤᠭᠤᠰᠢᠯᠠᠭᠤᠯᠵᠤ᠂ ᠤᠳᠤ ᠶᠢᠨ ᠡᠪᠡᠳᠴᠢᠨ ᠢ ᠨᠢ ᠵᠠᠰᠠᠬᠤ ᠪᠦᠬᠡᠳ ᠢᠯᠡᠷᠡᠬᠡᠳᠦᠢ ᠡᠪᠡᠳᠴᠢᠨ ᠢ ᠴᠤ ᠵᠠᠰᠠᠬᠤ ᠬᠡᠷᠡᠭᠳᠡᠢ᠂ ᠪᠦᠭᠯᠡᠬᠦ ᠶᠤᠰᠤᠳᠠᠢ ᠴᠤᠭᠤᠷᠬᠠᠢ ᠪᠠᠶᠢᠪᠠᠯ ᠰᠠᠶᠢᠳᠤᠷ ᠪᠦᠭᠯᠡᠬᠦ ᠬᠡᠷᠡᠭᠳᠠᠢ ᠪᠦᠬᠡᠳ ᠳᠡᠬᠦᠯᠳᠡᠷᠵᠢᠬᠦᠯᠬᠦ ᠶᠤᠰᠤᠳᠠᠢ ᠪᠠᠶᠢᠭᠤᠯᠤᠮᠵᠢ ᠳᠤᠭᠳᠠᠴᠠ ᠪᠠᠨ ᠴᠤ ᠳᠡᠬᠦᠯᠳᠡᠷᠵᠢᠬᠦᠯᠵᠦ᠂ ᠰᠢᠬᠦᠮᠵᠢᠯᠡᠬᠦ ᠶᠤᠰᠤᠳᠠᠢ ᠶᠢ ᠨᠢ ᠨᠡᠷᠢᠨ ᠬᠢᠨᠠᠮᠠᠭᠠᠢ ᠪᠠᠷ ᠰᠢᠬᠦᠮᠵᠢᠯᠡᠵᠦ᠂ ᠰᠢᠢᠳᠪᠦᠷᠢᠯᠡᠬᠦ ᠶᠤᠰᠤᠳᠠᠢ ᠶᠢ ᠨᠢ ᠲᠦᠪ ᠴᠢᠩᠭ᠎ᠠ ᠰᠢᠢᠳᠪᠦᠷᠢᠯᠡᠨ᠂ ᠡᠪᠡᠳᠴᠢᠨ ᠳᠤᠨᠢ ᠳᠠᠭᠠᠷᠠᠭᠤᠯᠤᠨ ᠡᠮᠨᠡᠵᠦ᠂ ᠦᠩᠬᠡᠨ ᠳᠠᠯ᠎ᠠ ᠪᠠ ᠦᠨᠳᠦᠰᠦ ᠠᠴᠠ ᠨᠢ ᠵᠡᠷᠬᠡ ᠪᠠᠷ ᠵᠠᠰᠠᠵᠦ᠂ ᠪᠤᠳᠠᠳᠠᠢ ᠠᠰᠠᠭᠤᠳᠠᠯ ᠢ ᠰᠢᠢᠳᠪᠦᠷᠢᠯᠡᠭᠰᠡᠨ ᠦᠷ᠎ᠠ ᠪᠦᠳᠦᠮᠵᠢ ᠪᠠᠷ ᠬᠡᠮᠵᠢᠬᠦᠷ ᠪᠠᠷᠢᠮᠵᠢᠶ᠎ᠠ ᠪᠤᠯᠭᠠᠬᠤ ᠬᠡᠷᠡᠭᠳᠡᠢ᠃ 
  ᠭᠠᠯᠳᠦ ᠳᠡᠷᠭᠡ ᠳᠦᠷᠭᠡᠨ ᠳᠠᠪᠬᠢᠬᠤ ᠨᠢ ᠪᠤᠬ᠎ᠠ ᠳᠡᠷᠬᠡᠨ ᠤ ᠬᠦᠴᠦᠨ ᠳᠤ ᠪᠤᠢ᠃ ᠭᠤᠤᠯ ᠰᠡᠳᠦᠪᠳᠦ ᠬᠦᠮᠦᠵᠢᠯ ᠢ ᠰᠠᠶᠢᠳᠤᠷ ᠦᠷᠨᠢᠬᠦᠯᠬᠦ ᠳᠤ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠪᠤᠲᠠᠲᠠᠶᠢᠵᠢᠭᠤᠯᠬᠤ ᠬᠡᠷᠡᠭᠳᠡᠢ᠃ ᠤᠳᠤᠷᠢᠳᠬᠤ ᠺᠠᠳ᠋ᠷ ᠡᠷᠬᠡᠪᠰᠢ ᠪᠡᠶ᠎ᠠ ᠪᠠᠷ ᠢᠶᠠᠨ ᠲᠦᠷᠦᠭᠦᠯᠡᠨ ᠰᠤᠷᠤᠯᠴᠠᠵᠦ᠂ ᠪᠠᠶᠢᠴᠠᠭᠠᠨ ᠰᠤᠲᠤᠯᠵᠤ᠂ ᠠᠰᠠᠭᠤᠳᠠᠯ ᠢ ᠪᠠᠶᠢᠴᠠᠭᠠᠨ ᠰᠢᠨᠵᠢᠵᠤ᠂ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠤᠨ᠂ ᠬᠡᠪ ᠳᠠᠭᠤᠷᠢᠶᠠᠯ ᠦᠵᠡᠬᠦᠯᠬᠦ ᠦᠢᠯᠡᠳᠦᠯ ᠢᠶᠠᠨ ᠰᠠᠶᠢᠳᠤᠷ ᠪᠠᠳᠠᠷᠠᠭᠤᠯᠬᠤ ᠪᠤᠯ ᠬᠠᠮᠤᠭ ᠤᠨ ᠰᠠᠶᠢᠨ ᠪᠦᠭᠡᠳ ᠬᠠᠮᠤᠭ ᠤᠨ ᠬᠦᠴᠦᠳᠠᠢ ᠳᠠᠶᠢᠴᠢᠯᠠᠯ ᠪᠤᠯᠬᠤ ᠶᠤᠮ᠃ ᠤᠳᠤᠷᠢᠳᠬᠤ ᠪᠠᠶᠢᠭᠤᠯᠭ᠎ᠠ ᠪᠤᠯᠤᠨ ᠤᠳᠤᠷᠢᠳᠬᠤ ᠺᠠᠳ᠋ᠷ ᠲᠦᠷᠦᠭᠦᠯᠡᠨ ᠰᠤᠷᠤᠯᠴᠠᠵᠤ᠂ ᠬᠦᠨᠵᠡᠬᠡᠢ ᠰᠤᠷᠤᠯᠴᠠᠵᠤ᠂ ᠲᠦᠷᠦᠭᠦᠯᠡᠨ ᠴᠡᠭᠴᠡᠯᠡᠨ ᠰᠠᠶᠢᠵᠢᠷᠠᠭᠤᠯᠵᠤ᠂ ᠪᠠᠷᠢᠮᠵᠢᠶ᠎ᠠ ᠶᠢ ᠭᠠᠷᠭᠠᠴᠢᠬᠠᠪᠠᠯ ᠳᠡᠭᠡᠳᠦ ᠱᠠᠲᠦ ᠨᠢ ᠳᠤᠤᠷᠠᠳᠦ ᠱᠠᠲᠦ ᠪᠠᠨ ᠲᠠᠶᠢᠴᠢᠯᠠᠵᠤ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠨ ᠰᠤᠷᠤᠯᠴᠠᠬᠤ ᠤᠷᠮ᠎ᠠ ᠶᠢ ᠬᠦᠭᠵᠢᠬᠡᠵᠦ᠂ ᠴᠡᠭᠴᠡᠯᠡᠨ ᠰᠠᠶᠢᠵᠢᠷᠠᠭᠤᠯᠬᠤ ᠡᠷᠴᠢ ᠵᠤᠷᠢᠭ ᠢ ᠪᠠᠳᠤᠳᠬᠠᠨ᠂ ᠭᠤᠤᠯ ᠰᠡᠳᠦᠪᠳᠦ ᠬᠦᠮᠦᠵᠢᠯ ᠢ ᠬᠦᠨᠵᠡᠬᠡᠶᠢᠷᠡᠬᠦᠯᠦᠨ ᠪᠤᠳᠠᠳᠠᠶᠢᠵᠢᠭᠤᠯᠬᠤ ᠶᠢ ᠠᠬᠢᠭᠤᠯᠬᠤ ᠪᠤᠯᠤᠨ᠎ᠠ᠃ ᠦᠨᠳᠦᠷ ᠪᠠᠷᠢᠮᠵᠢᠶ᠎ᠠ ᠴᠢᠩᠭ᠎ᠠ ᠱᠠᠭᠠᠷᠳᠠᠯᠭ᠎ᠠ ᠲᠠᠢ ᠪᠠᠶᠢᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠪᠠᠷ ᠬᠠᠷᠭᠤᠭᠤᠯᠤᠨ ᠪᠠᠷᠢᠮᠵᠢᠶᠠᠯᠠᠬᠤ ᠶᠢᠨ ᠬᠠᠮᠳᠦ ᠪᠤᠳᠠᠳᠠᠢ ᠲᠠᠢ ᠤᠶᠠᠯᠳᠤᠭᠤᠯᠤᠨ᠂ ᠠᠷᠭ᠎ᠠ ᠬᠡᠮᠵᠢᠶ᠎ᠠ ᠪᠠᠨ ᠪᠠᠶᠠᠯᠢᠭᠵᠢᠭᠤᠯᠵᠤ᠂ ︽ᠨᠢᠭᠡ ᠬᠡᠮᠵᠢᠬᠦᠷ︾ ᠪᠤᠯᠤᠨ ︽ᠤᠯᠠᠨ ᠬᠡᠯᠪᠡᠷᠢ︾ ᠶᠢ ᠨᠢᠬᠡᠳᠭᠡᠬᠦ ᠬᠡᠷᠡᠭᠳᠡᠢ᠃ 
  ᠭᠤᠤᠯ ᠰᠡᠳᠦᠪᠳᠦ ᠬᠦᠮᠦᠵᠢᠯ ᠦᠷᠨᠢᠭᠦᠯᠬᠦ ᠪᠤᠯ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠳᠦᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠪᠠᠶᠢᠷᠢᠯᠠᠭᠤᠯᠤᠯᠳᠠ ᠪᠤᠯᠤᠨ᠎ᠠ᠂ ᠤᠳᠤᠷᠢᠳᠬᠤ ᠺᠠᠳ᠋ᠷ ᠤᠯᠤᠰ ᠳᠦᠷᠦ ᠶᠢᠨ ᠵᠤᠭᠰᠤᠴᠠ ᠪᠠᠨ ᠳᠡᠬᠡᠭᠰᠢᠯᠡᠬᠦᠯᠵᠦ᠂ ᠤᠳᠤᠷᠢᠳᠤᠨ ᠵᠢᠯᠤᠭᠤᠳᠬᠤ ᠬᠠᠷᠢᠭᠤᠴᠠᠯᠭ᠎ᠠ ᠪᠠᠨ ᠰᠠᠶᠢᠳᠤᠷ ᠡᠬᠦᠷᠬᠡᠯᠡᠨ᠂ ᠬᠠᠷᠢᠶᠠᠨ ᠳᠠᠬᠢ ᠪᠠᠶᠢᠭᠤᠯᠭ᠎ᠠ ᠶᠢᠨ ᠢᠶᠠᠨ ᠨᠠᠮ ᠤᠨ ᠵᠤᠬᠢᠶᠠᠨ ᠪᠠᠶᠢᠭᠤᠯᠤᠯᠳᠠ ᠶᠢᠨ ᠭᠤᠤᠯ ᠰᠡᠳᠦᠪᠳᠦ ᠬᠦᠮᠦᠵᠢᠯ ᠢ ᠰᠠᠶᠢᠳᠤᠷ ᠠᠳᠬᠤᠬᠤ ᠬᠡᠷᠡᠭᠳᠡᠢ᠃ ᠨᠠᠵᠠᠭᠠᠢ ᠪᠠᠷ ᠬᠠᠨᠳᠤᠵᠦ᠂ ᠬᠠᠰᠢ ᠶᠠᠰᠢ ᠪᠠᠷ ᠠᠷᠭᠠᠴᠠᠭᠠᠪᠠᠯ ᠲᠦᠪ ᠴᠢᠩᠭ᠎ᠠ ᠪᠠᠷ ᠰᠢᠬᠦᠮᠵᠢᠯᠡᠵᠦ᠂ ᠬᠡᠯᠪᠡᠷᠢ ᠶᠢ ᠨᠢ ᠬᠤᠪᠢᠷᠠᠭᠤᠯᠤᠭᠰᠠᠨ ᠪᠦᠭᠡᠳ ᠠᠰᠠᠭᠤᠳᠠᠯ ᠬᠦᠨᠳᠦ ᠨᠤᠴᠢᠲᠠᠢ ᠪᠠᠶᠢᠪᠠᠯ ᠵᠤᠬᠢᠶᠠᠨ ᠪᠠᠶᠢᠭᠤᠯᠤᠯᠳᠠ ᠠᠴᠠ ᠰᠢᠢᠳᠪᠦᠷᠢᠯᠡᠵᠦ᠂ ᠬᠡᠷᠡᠭᠵᠢᠬᠦᠯᠬᠦ ᠴᠢᠳᠠᠪᠤᠷᠢ ᠠᠨᠠᠢ᠂ ᠬᠡᠷᠡᠭᠵᠢᠬᠦᠯᠬᠦ ᠡᠷᠴᠢ ᠵᠤᠷᠢᠭ ᠰᠤᠯᠠ ᠪᠠᠶᠢᠬᠤ ᠵᠡᠷᠭᠡ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠭᠤᠤᠯ ᠰᠡᠳᠦᠪᠳᠦ ᠬᠦᠮᠦᠵᠢᠯ ᠤᠨ ᠦᠨᠡᠨ ᠪᠤᠳᠠᠳᠠᠢ ᠦᠷ᠎ᠠ ᠪᠦᠳᠦᠮᠵᠢ ᠤᠯᠬᠤ ᠶᠢ ᠪᠠᠳᠤᠯᠠᠬᠤ ᠬᠡᠷᠡᠭᠳᠡᠢ᠃ 
     ︵ᠰᠢᠨᠬᠤᠸᠠ ᠬᠤᠷᠢᠶᠠᠨ ᠤ ᠪᠡᠭᠡᠵᠢᠩ ᠤᠨ 7 ᠰᠠᠷ᠎ᠠ ᠶᠢᠨ 17 ᠤ ᠴᠠᠬᠢᠯᠭᠠᠨ ᠮᠡᠳᠡᠭᠡ︶



  
     
     