-
2136795
ᠠᠳᠤᠭᠤᠨ ᠰᠣᠶᠣᠯ ᠤᠨ ᠶᠠᠷᠢᠶᠠᠨ ᠤ ᠲᠠᠪᠴᠠᠩ
2019-11-26 11:34
202
0
2019 ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 11 ᠰᠠᠷ᠎ᠠ ᠶᠢᠨ 29 ᠤ ᠡᠳᠦᠷ ᠬᠦᠬᠡᠬᠤᠲᠠ ᠳᠤ ᠶᠠᠪᠤᠭᠳᠠᠨ᠎ᠠ
ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠨᠡᠶᠢᠭᠡᠮᠯᠢᠭ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ᠂ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠮᠲᠤᠷᠠᠨ ᠡᠷᠬᠢᠯᠡᠭᠰᠡᠨ 2019 ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ 11 ᠰᠠᠷ᠎ᠠ ᠶᠢᠨ 29 ᠤ ᠡᠳᠦᠷ ᠠᠴᠠ 12 ᠰᠠᠷ᠎ᠠ ᠶᠢᠨ 1 ᠤ ᠡᠳᠦᠷ ᠪᠣᠯᠲᠠᠯ᠎ᠠ ᠬᠦᠬᠡᠬᠤᠲᠠ ᠳᠤ ᠶᠠᠪᠤᠭᠳᠠᠨ᠎ᠠ᠃
30 ᠭᠠᠷᠤᠶ ᠤᠯᠤᠰ ᠤᠨ ᠠᠳᠤᠭᠤᠨ ᠤ ᠦᠢᠯᠡᠰ ᠤᠨ ᠡᠷᠬᠡ ᠰᠦᠷᠲᠦ ᠪᠠᠶᠢᠭᠤᠯᠤᠮᠵᠢ ᠠᠴᠠ ᠬᠦᠷᠦᠯᠴᠡ ᠢᠷᠡᠬᠦ ᠠᠵᠢᠯ ᠲᠥᠷᠥᠯ ᠤᠨ ᠤᠳᠤᠷᠢᠳᠤᠯᠭ᠎ᠠ ᠵᠢᠴᠢ ᠡᠷᠬᠡ ᠣᠯᠭᠤᠭᠰᠠᠨ ᠲᠥᠯᠥᠭᠡᠯᠡᠭᠴᠢ ᠪᠣᠯᠤᠨ ᠳᠤᠮᠳᠠᠳᠤ ᠤᠯᠤᠰ ᠤᠨ ᠠᠳᠤᠭᠤᠨ ᠤ ᠦᠢᠯᠡᠰ ᠤᠨ ᠡᠷᠳᠡᠮᠲᠡᠨ ᠴᠢᠳᠠᠪᠤᠷᠢᠲᠠᠨ ᠨᠠᠷ ︽ᠳᠤᠮᠳᠠᠳᠤ ᠤᠯᠤᠰ ᠤᠨ ᠠᠳᠤᠭᠤᠨ ᠰᠣᠶᠣᠯ ᠬᠢᠭᠡᠳ ᠳᠡᠯᠡᠬᠡᠶ ᠶᠢᠨ ᠠᠳᠤᠭᠤᠨ ᠰᠣᠶᠣᠯ︾ ᠢᠶᠠᠷ ᠭᠤᠤᠯ ᠰᠡᠳᠦᠪ ᠪᠣᠯᠭᠠᠨ᠂ ᠪᠣᠯᠪᠠᠰᠤᠨ ᠤ ᠲᠤᠬᠠᠶ ᠶᠠᠷᠢᠯᠴᠠᠭ᠎ᠠ᠂ ᠢᠷᠡᠭᠡᠳᠦᠶ ᠶᠢᠨ ᠲᠤᠬᠠᠶ ᠶᠠᠷᠢᠯᠴᠠᠭ᠎ᠠ᠂ ᠳᠡᠯᠡᠬᠡᠶ ᠶᠢᠷᠲᠢᠨᠴᠦ ᠶᠢᠨ ᠲᠤᠬᠠᠶ ᠶᠠᠷᠢᠯᠴᠠᠭ᠎ᠠ ᠦᠷᠨᠢᠭᠦᠯᠬᠦ ᠶᠢᠨ ᠬᠠᠮᠳᠦ ᠠᠳᠤᠭᠤᠨ ᠰᠣᠶᠣᠯ ᠤᠨ ᠣᠯᠠᠨ ᠶᠠᠩᠵᠤᠲᠤ ᠴᠢᠨᠠᠷ᠂ ᠮᠣᠩᠭᠤᠯ ᠮᠣᠷᠢᠨ ᠤ ᠵᠣᠷᠢᠭ ᠰᠠᠨᠠᠭᠠᠨ ᠤ ᠳᠡᠯᠡᠬᠡᠶ ᠶᠢᠨ ᠠᠴᠢ ᠬᠤᠯᠪᠣᠭᠳᠠᠯ᠂ ᠠᠳᠤᠭᠤᠨ ᠰᠣᠶᠣᠯ ᠬᠢᠬᠡᠳ ᠵᠢᠭᠤᠯᠴᠢᠯᠠᠯ ᠤᠨ ᠦᠢᠯᠡᠰ ᠤᠨ ᠠᠭᠤᠰᠤᠯᠴᠠᠯ ᠬᠥᠭᠵᠢᠯᠲᠡ ᠪᠠ ᠣᠳᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ᠂ ᠠᠳᠤᠭᠤᠨ ᠤ ᠠᠵᠤ ᠦᠢᠯᠡᠰ ᠵᠡᠷᠭᠡ ᠶᠢᠨ ᠲᠤᠭᠤᠷᠢᠨ ᠳᠤ ᠴᠢᠯᠦᠭᠡᠲᠠᠢ ᠶᠠᠷᠢᠯᠴᠠᠭ᠎ᠠ ᠦᠷᠨᠢᠬᠦᠯᠬᠦ ᠪᠤᠯᠤᠨ᠎ᠠ᠃
ᠠᠳᠤᠭᠤᠨ ᠰᠣᠶᠣᠯ ᠤᠨ ᠥᠨᠢ ᠤᠳᠠᠭᠠᠨ ᠲᠡᠤᠬᠡ ᠲᠠᠢ᠂ ᠡᠯᠪᠡᠭ ᠪᠠᠶᠠᠯᠢᠭ ᠠᠳᠤᠭᠤᠨ ᠰᠤᠶᠤᠯ ᠤᠨ ᠡᠬᠢ ᠰᠤᠷᠪᠤᠯᠵᠢ ᠲᠠᠢ᠂ ᠠᠳᠤᠭᠤᠨ ᠤ ᠠᠵᠤ ᠦᠶ᠋ᠯᠡᠰ ᠤᠨ ᠬᠦᠭᠵᠢᠯᠲᠡ ᠶᠢᠨ ᠠᠯᠤᠰ ᠢᠷᠡᠭᠡᠳᠦᠢ ᠲᠠᠢ ᠥᠪᠥᠷ ᠮᠣᠩᠭᠤᠯ ᠲᠠᠵᠢᠬᠡᠵᠤ ᠪᠠᠶᠢᠭ᠎ᠠ ᠠᠳᠤᠭᠤᠨ ᠤ ᠲᠤᠭ᠎ᠠ ᠬᠡᠮᠵᠢᠶ᠎ᠡ ᠪᠠᠷ ᠪᠦᠬᠦ ᠤᠯᠤᠰ ᠤᠨ ᠲᠡᠷᠢᠭᠦᠨ ᠳᠤ ᠣᠷᠣᠵᠤ᠂ ᠳᠡᠯᠡᠬᠡᠶ ᠨᠡᠶᠢᠲᠡ ᠳᠤ ᠮᠡᠳᠡᠷᠡᠭᠳᠡᠭᠰᠡᠨ ᠤᠳᠤ ᠦᠶ᠎ᠡ ᠶᠢᠨ ᠠᠳᠤᠭᠤᠨ ᠤ ᠲᠥᠷᠥᠯ ᠵᠦᠶ᠋ᠯ ᠤᠨ ᠡᠭᠦᠰᠦᠯ ᠤᠨ ᠭᠠᠵᠠᠷ ᠪᠣᠯᠬᠤ ᠶᠤᠮ᠃ ᠬᠦᠬᠡᠬᠤᠲᠠ ᠨᠢᠭᠡᠨᠲᠡ ᠠᠽᠢᠶ᠎ᠠ ᠲᠢᠪ ᠤᠨ ᠬᠡᠪᠴᠢᠶ᠎ᠡ ᠪᠠᠷ ᠬᠠᠮᠤᠭ ᠤᠨ ᠶᠡᠭᠡ ᠮᠣᠷᠢᠨ ᠣᠷᠣᠯᠳᠤᠭᠠᠨ ᠤ ᠲᠠᠯᠠᠪᠠᠢ ᠶᠢ ᠪᠦᠳᠦᠬᠡᠨ ᠪᠠᠶᠢᠭᠤᠯᠵᠤ᠂ ᠣᠳᠣᠬᠠᠨ ᠳᠤ ᠥᠪᠥᠷ ᠮᠣᠩᠭᠤᠯ ᠤᠨ ᠠᠳᠤᠭᠤᠨ ᠤ ᠭᠤᠤᠯ ᠰᠡᠳᠦᠪᠲᠦ ᠣᠯᠠᠨ ᠡᠰᠢᠲᠦ ᠰᠣᠶᠣᠯ ᠪᠡᠶ᠎ᠡ ᠶᠢᠨ ᠲᠠᠮᠢᠷ ᠵᠢᠭᠤᠯᠴᠢᠯᠠᠯ ᠰᠡᠯᠡᠭᠦᠴᠡᠯ ᠤᠨ ᠲᠥᠷᠥᠯ ᠵᠦᠢᠯ ᠨᠢᠭᠡᠨᠲᠡ ᠮᠠᠰᠢ ᠬᠥᠭᠵᠢᠶᠡᠨᠲᠡᠶ ᠪᠣᠯᠵᠠᠢ᠃
ᠲᠤᠰ ᠤᠳᠠᠭ᠎ᠠ ᠶᠢᠨ ᠳᠡᠯᠡᠬᠡᠶ ᠶᠢᠨ ᠠᠳᠤᠭᠤᠨ ᠰᠣᠶᠣᠯ ᠤᠨ ᠶᠠᠷᠢᠶᠠᠨ ᠤ ᠲᠠᠪᠴᠠᠩ ᠨᠢ ᠠᠳᠤᠭᠤ ᠶᠢᠨ ᠲᠤᠬᠠᠢ ᠳᠡᠯᠡᠬᠡᠶ ᠶᠢᠨ ᠰᠢᠯᠢᠳᠡᠭ ᠰᠠᠶᠢᠨ ᠪᠣᠯᠪᠠᠰᠤᠨ ᠵᠢᠴᠢ ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠠᠳᠤᠭᠤᠨ ᠰᠣᠶᠣᠯ ᠢ ᠲᠥᠪᠯᠡᠷᠡᠭᠦᠯᠦᠨ ᠲᠠᠶᠢᠯᠪᠤᠷᠢᠯᠠᠵᠤ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠠᠳᠤᠭᠤᠨ ᠰᠣᠶᠣᠯ ᠤᠨ ᠦᠯᠢᠭᠡᠷ ᠵᠢᠴᠢ ᠳᠤᠮᠳᠠᠳᠤ ᠤᠯᠤᠰ ᠤᠨ ᠠᠳᠤᠭᠤᠨ ᠰᠣᠶᠣᠯ ᠤᠨ ᠳᠡᠯᠡᠬᠡᠶ ᠳ᠋ᠠᠬᠢᠨ ᠳᠠᠬᠢ ᠨᠦᠯᠦᠭᠡ ᠲᠤᠰᠬᠠᠯ ᠵᠡᠷᠬᠡ ᠶᠢ ᠭᠤᠤᠯᠴᠢᠯᠠᠨ ᠶᠠᠷᠢᠬᠤ ᠪᠤᠯᠤᠨ᠎ᠠ᠃ ᠣᠬᠢᠶᠠᠭᠴᠢ᠄ ᠨᠠᠷᠠᠨᠳᠤᠩᠭᠠᠯᠠᠭ