 

ᠠᠵᠢᠯ ᠠᠴᠠ ᠪᠠᠨ ᠠᠮᠠᠷᠠᠭᠰᠠᠳ ᠳᠠᠬᠢᠨ ᠤᠷᠢᠭᠳᠠᠵᠤ ᠬᠡᠷᠡᠭᠯᠡᠭᠳᠡᠭᠰᠡᠨ ᠬᠤᠭᠤᠴᠠᠭᠠᠨ ᠳᠤ ᠰᠢᠷᠬᠠᠲᠤᠵᠤ ᠡᠨᠲᠡᠭᠰᠠᠨ ᠪᠣᠯ ᠠᠯᠪᠠᠨ ᠰᠢᠷᠬᠠ

2016-01-07 19:10
  514
  0
ᠠᠵᠢᠯ ᠠᠴᠠ ᠪᠠᠨ ᠠᠮᠠᠷᠠᠭᠰᠠᠳ᠂ ᠥᠪᠡᠷ ᠦᠨ ᠤᠤᠯ ᠤᠨ ᠪᠠᠶᠢᠭᠤᠯᠭ᠎ᠠ ᠪᠤᠶᠤ ᠪᠤᠰᠤᠳ ᠪᠠᠶᠢᠭᠤᠯᠭ᠎ᠠ᠂ ᠠᠵᠤ ᠠᠬᠤᠶᠢᠯᠠᠯ᠂ ᠠᠵᠢᠯ ᠦᠢᠯᠡᠰ ᠦᠨ ᠨᠢᠭᠡᠴᠡ ᠲᠡᠢ ᠳᠠᠬᠢᠨ ᠭᠡᠷ᠎ᠡ ᠲᠣᠭᠲᠠᠬᠤ ᠪᠤᠶᠤ ᠭᠡᠷ᠎ᠡ ᠲᠣᠭᠲᠠᠬᠤ ᠦᠭᠡᠢ ᠪᠡᠷ ᠲᠠᠬᠢᠨ ᠤᠷᠢᠭᠳᠠᠨ ᠬᠡᠷᠡᠭᠯᠡᠭᠳᠡᠵᠦ ᠪᠠᠶᠢᠭ᠎ᠠ ᠦᠵᠡᠭᠳᠡᠯ ᠡᠳᠦᠷ ᠶᠠᠪᠤᠬᠤ ᠳᠣᠳᠣᠮ ᠣᠯᠠᠰᠢᠷᠠᠵᠤ ᠪᠠᠶᠢᠨ᠎ᠠ᠃ ᠡᠳᠡᠭᠡᠷ ᠬᠦᠮᠦᠰ ᠪᠣᠯ ᠴᠥᠮ ᠲᠤᠬᠠᠶᠢᠯᠠᠭᠰᠠᠨ ᠠᠵᠢᠯ ᠤᠨ ᠤᠷ᠎ᠠ ᠮᠡᠷᠭᠡᠵᠢᠯ᠂ ᠨᠡᠶᠢᠭᠡᠮ ᠨᠡᠶᠢᠲᠡ ᠶᠢᠨ ᠬᠠᠷᠢᠴᠠᠭ᠎ᠠ᠂ ᠠᠵᠢᠯ ᠤᠨ ᠰᠤᠷᠲᠠᠯ ᠮᠣᠷᠠᠯ ᠵᠡᠷᠭᠡ ᠲᠠᠯ᠎ᠠ ᠪᠠᠷ ᠳᠠᠪᠠᠭᠤᠯᠢᠭ ᠪᠠᠶᠢᠳᠠᠭ ᠬᠠᠰᠢᠷ ᠲᠤᠷᠰᠢᠯᠭ᠎ᠠ ᠲᠠᠢ ᠬᠦᠮᠦᠰ ᠪᠠᠶᠢᠵᠤ᠂ ᠠᠵᠢᠯ ᠤᠨ ᠪᠠᠶᠢᠷᠢ ᠳᠡᠭᠡᠷ᠎ᠡ ᠰᠢᠨ᠎ᠡ ᠭᠠᠷᠤᠭᠰᠠᠨ ᠬᠦᠮᠦᠰ ᠢ ᠳᠠᠪᠲᠠᠨ ᠪᠣᠯᠪᠠᠰᠤᠷᠠᠭᠤᠯᠵᠤ ᠬᠡᠷᠡᠭᠯᠡᠬᠦ ᠡᠴᠡ ᠳᠥᠬᠥᠮ ᠪᠤᠯᠬᠤᠷ ᠬᠦᠮᠦᠨ ᠬᠡᠷᠡᠭᠯᠡᠬᠦ ᠨᠢᠭᠡᠴᠡ ᠪᠣᠯᠭᠠᠨ ᠴᠥᠮ ᠡᠳᠡᠭᠡᠷ ᠬᠦᠮᠦᠰ ᠢ ᠬᠡᠷᠡᠭᠯᠡᠬᠦ ᠳᠤᠷᠠᠲᠠᠢ ᠪᠠᠶᠢᠳᠠᠭ᠃ ᠲᠡᠭᠡᠪᠡᠯ ᠡᠳᠡᠭᠡᠷ ᠬᠦᠮᠦᠰ ᠢ ᠠᠵᠢᠯ ᠤᠨ ᠠᠮᠠᠷᠠᠯᠲᠠ ᠠᠪᠤᠭᠰᠠᠨ ᠤ ᠳᠠᠷᠠᠭ᠎ᠠ᠂ ᠲᠠᠬᠢᠨ ᠤᠷᠢᠵᠤ ᠬᠡᠷᠡᠭᠯᠡᠵᠦ ᠪᠠᠶᠢᠭ᠎ᠠ ᠦᠶᠡᠰ᠂ ᠶᠠᠮᠠᠷ ᠨᠢᠭᠡᠨ ᠰᠢᠯᠲᠠᠭᠠᠨ ᠠᠴᠠ ᠪᠣᠯᠵᠤ ᠭᠡᠨᠡᠳᠡᠵᠦ ᠰᠢᠷᠬᠠᠲᠤᠪᠠᠯ ᠠᠵᠢᠯ ᠤᠨ ᠭᠡᠮᠲᠦᠯ ᠢᠶᠡᠷ ᠰᠢᠢᠳᠪᠦᠷᠢᠯᠡᠬᠦ ᠤᠤ᠂ ᠡᠰᠡᠬᠦᠯ᠎ᠡ ᠡᠩ ᠦᠨ ᠬᠥᠳᠡᠯᠮᠦᠷᠢ ᠦᠢᠯᠡᠴᠢᠯᠡᠭᠡᠨ ᠦ ᠬᠠᠷᠢᠴᠠᠭᠠᠨ ᠤ ᠵᠢᠭᠤᠷᠭᠠᠨ ᠢᠶᠡᠷ ᠰᠢᠢᠳᠪᠦᠷᠢᠯᠡᠬᠦ ᠤᠤ? ᠪᠢᠳᠡ ᠳᠣᠣᠷ᠎ᠠ ᠭᠡᠷᠡᠭ ᠦᠨ ᠵᠢᠱᠢᠶ᠎ᠡ ᠪᠡᠷ ᠳᠠᠮᠵᠢᠵᠤ᠂ ᠡᠭᠦᠨ ᠦ ᠲᠤᠬᠠᠢ ᠵᠠᠳᠠᠯᠤᠶ᠎ᠠ᠃

  ᠭᠡᠷᠡᠭ ᠦᠨ ᠵᠢᠱᠢᠶ᠎ᠡ᠄ ᠥᠭᠡᠳᠡᠯᠡᠬᠦ ᠭᠤᠸᠠᠢ ᠪᠣᠯ ᠮᠣᠳᠣᠨ ᠮᠠᠲ᠋ᠧᠷᠢᠶᠠᠯ ᠤᠨ ᠦᠢᠯᠡᠳᠪᠦᠷᠢ ᠶᠢᠨ ᠠᠵᠢᠯᠲᠠᠨ ᠪᠠᠶᠢᠪᠠ᠃ ᠳᠡᠷᠡ 2013 ᠣᠨ ᠳᠤ ᠪᠦᠬᠦᠯᠢ 60 ᠨᠠᠰᠤ ᠬᠦᠷᠴᠦ ᠠᠵᠢᠯ ᠠᠴᠠ ᠪᠠᠨ ᠠᠮᠠᠷᠠᠵᠤ᠂ ᠨᠠᠰᠤᠵᠢᠯ ᠦᠨ ᠳᠠᠭᠠᠳᠬᠠᠯ ᠤᠨ ᠮᠥᠩᠭᠥ ᠪᠠ ᠠᠵᠢᠯ ᠠᠴᠠ ᠪᠠᠨ ᠠᠮᠠᠷᠠᠭᠰᠠᠨ ᠬᠠᠷᠠᠮᠵᠢ ᠮᠥᠩᠭᠥ ᠵᠡᠷᠭᠡ ᠨᠥᠬᠥᠪᠥᠷᠢ ᠤᠳ ᠢ ᠭᠥᠷᠳᠡᠵᠡᠢ᠃ ᠥᠭᠡᠳᠡᠯᠡᠬᠦ ᠶᠢ ᠠᠵᠢᠯ ᠠᠴᠠ ᠠᠮᠠᠷᠠᠭᠰᠠᠨ ᠤ ᠳᠠᠷᠠᠭ᠎ᠠ᠂ ᠣᠯᠬᠤ ᠴᠠᠯᠢᠩ ᠮᠥᠩᠭᠥ ᠨᠢ ᠤᠤᠯ ᠤᠨ ᠠᠵᠢᠯᠯᠠᠵᠤ ᠪᠠᠶᠢᠭᠰᠠᠨ ᠦᠶ᠎ᠡ ᠶᠢᠨ ᠬᠢ ᠪᠡᠨ ᠪᠣᠳᠣᠪᠠᠯ ᠮᠡᠳᠡᠭᠳᠡᠮ᠎ᠡ ᠪᠠᠭᠠᠰᠴᠤ᠂ ᠡᠳᠦᠷ ᠳᠣᠳᠣᠮ ᠤᠨ ᠠᠮᠢᠳᠤᠷᠠᠯ ᠤᠨ ᠵᠠᠷᠤᠳᠠᠯ ᠨᠢ ᠬᠦᠷᠦᠯᠴᠡᠬᠦ ᠦᠭᠡᠢ ᠰᠢᠭ᠌ ᠪᠣᠯᠪᠠ᠃ ᠢᠩᠭᠢᠭᠡᠳ ᠥᠭᠡᠳᠡᠯᠡᠬᠦ ᠭᠤᠸᠠᠢ ᠤᠤᠯ ᠤᠨ ᠠᠵᠢᠯᠯᠠᠵᠤ ᠪᠠᠶᠢᠭᠰᠠᠨ ᠮᠣᠳᠣᠨ ᠮᠠᠲ᠋ᠧᠷᠢᠶᠠᠯ ᠤᠨ ᠦᠢᠯᠡᠳᠪᠦᠷᠢ ᠶᠢᠨ ᠳᠠᠷᠤᠭ᠎ᠠ ᠪᠠᠨ ᠡᠷᠢᠵᠦ ᠪᠠᠶᠢᠳᠠᠯ ᠢᠶᠠᠨ ᠲᠣᠰᠬᠠᠵᠤ᠂ ᠤᠤᠯ ᠦᠢᠯᠡᠳᠪᠦᠷᠢ ᠳᠤ ᠪᠡᠨ ᠲᠠᠬᠢᠨ ᠠᠵᠢᠯᠯᠠᠬᠤ ᠶᠢ ᠭᠤᠶᠤᠴᠢᠯᠠᠭᠰᠠᠨ ᠳᠤ᠂ ᠦᠢᠯᠡᠳᠪᠦᠷᠢ ᠶᠢᠨ ᠳᠠᠷᠤᠭ᠎ᠠ ᠨᠢ ᠲᠡᠭᠦᠨ ᠦ ᠠᠵᠢᠯ ᠳᠤ ᠪᠠᠨ ᠰᠢᠭᠤᠷᠬᠠᠢ᠂ ᠦᠨᠡᠨᠴᠢ ᠰᠢᠳᠤᠷᠭᠤ ᠪᠠᠶᠢᠳᠠᠭ ᠢ ᠮᠡᠳᠡᠬᠦ ᠪᠣᠯᠬᠣᠷ ᠲᠡᠭᠦᠨ ᠲᠡᠢ 《ᠬᠥᠳᠡᠯᠮᠦᠷᠢ ᠶᠢᠨ ᠭᠡᠷ᠎ᠡ》ᠲᠣᠭᠲᠠᠵᠤ᠂ ᠦᠢᠯᠡᠳᠪᠦᠷᠢ ᠳᠤ ᠪᠡᠨ ᠪᠤᠴᠠᠨ ᠢᠷᠡᠵᠦ ᠠᠵᠢᠯᠯᠠᠬᠤ ᠶᠢ ᠵᠥᠪᠰᠢᠶᠡᠷᠡᠵᠡᠢ᠃ ᠥᠭᠡᠳᠡᠯᠡᠬᠦ ᠭᠤᠸᠠᠢ ᠭᠡᠷ᠎ᠡ ᠲᠣᠭᠲᠠᠭᠰᠠᠨ ᠤ ᠳᠠᠷᠠᠭ᠎ᠠ ᠦᠢᠯᠡᠳᠪᠦᠷᠢ ᠳᠤ ᠢᠷᠡᠵᠤ ᠤᠤᠯ ᠤᠨ ᠬᠢᠵᠦ ᠪᠠᠶᠢᠭᠰᠠᠨ ᠮᠣᠳᠣ ᠵᠦᠰᠦᠬᠦ ᠠᠵᠢᠯ ᠢᠶᠠᠨ ᠭᠠᠷᠳᠠᠨ ᠬᠢᠪᠡ᠃ 《ᠭᠡᠷᠡᠭ ᠭᠡᠳᠡᠭ ᠬᠡᠩᠭᠡᠷᠭᠡ ᠴᠠᠩ ᠲᠠᠢ ᠢᠷᠡᠬᠦ ᠦᠭᠡᠢ》ᠭᠡᠳᠡᠭ ᠢᠶᠡᠷ᠂ ᠥᠭᠡᠳᠡᠯᠡᠬᠦ ᠨᠢᠭᠡᠨ ᠡᠳᠦᠷ ᠵᠤᠷᠰᠢᠯ ᠶᠣᠰᠣᠭᠠᠷ ᠮᠣᠳᠣ ᠪᠠᠨ ᠬᠢᠷᠦᠭᠡᠳᠡᠵᠦ ᠪᠠᠶᠢᠭᠠᠳ ᠬᠢᠴᠢᠶᠡᠮᠵᠢ ᠦᠬᠡᠢ ᠪᠡᠷ ᠪᠠᠷᠠᠭᠤᠨ ᠭᠠᠷ ᠤᠨ ᠢᠶᠠᠨ ᠡᠷᠡᠬᠡᠢ ᠬᠤᠷᠤᠭᠤ᠂ ᠳᠣᠯᠣᠪᠣᠷ ᠬᠤᠷᠤᠭᠤ᠂ ᠳᠤᠮᠳᠠ ᠬᠤᠷᠤᠭᠤ ᠶᠢ ᠬᠢᠷᠦᠬᠡᠨ ᠳᠤ ᠣᠭᠲᠣᠯᠵᠤ ᠲᠠᠰᠤᠯᠪᠠ᠃ ᠳᠡᠷᠡ ᠳᠠᠷᠤᠢ ᠲᠦᠷᠭᠡᠨ ᠡᠮᠨᠡᠯᠭᠡ ᠳᠤ ᠬᠦᠷᠭᠡᠭ᠍ᠳᠡᠵᠦ ᠡᠮᠨᠡᠭᠦᠯᠦᠨ ᠵᠠᠰᠠᠭᠤᠯᠵᠤ᠂ ᠨᠢᠭᠡ ᠲᠦᠮᠡ ᠭᠤᠷᠪᠠᠨ ᠮᠢᠩᠭ᠋ᠠᠨ ᠲᠥᠭᠥᠷᠢᠭ᠌ ᠵᠠᠷᠤᠴᠠᠭᠤᠯᠵᠠᠢ᠃ ᠥᠭᠡᠳᠡᠯᠡᠬᠦ ᠡᠮᠨᠡᠯᠭᠡ ᠡᠴᠡ ᠭᠠᠷᠤᠭᠰᠠᠨ ᠤ ᠳᠠᠷᠠᠭ᠎ᠠ᠂ ᠬᠥᠳᠡᠯᠮᠦᠷᠢ ᠶᠢᠨ ᠮᠠᠷᠭᠤᠯᠳᠤᠭᠠᠨ ᠢ ᠬᠥᠨᠳᠡᠯᠡᠨ ᠡᠴᠡ ᠲᠠᠰᠤᠯᠬᠤ ᠲᠤᠬᠠᠢ ᠶᠢᠨ ᠭᠠᠵᠠᠷ ᠤᠨ ᠺᠣᠮᠢᠰ ᠢ ᠡᠷᠢᠵᠦ᠂ ᠥᠪᠡᠷ ᠦᠨ ᠰᠢᠷᠬ᠎ᠠ ᠪᠠᠨ《ᠠᠵᠢᠯ ᠤᠨ ᠭᠡᠮᠲᠦᠯ》 ᠢᠶᠡᠷ ᠲᠣᠳᠣᠯᠠᠭᠤᠯᠬᠤ ᠪᠠᠷ ᠭᠤᠶᠤᠴᠢᠯᠠᠵᠠᠢ᠃ ᠲᠤᠰ ᠺᠣᠮᠢᠰ ᠨᠢ 《ᠲᠣᠰ ᠵᠢᠭᠤᠷᠭᠠᠨ ᠪᠣᠯ ᠬᠥᠳᠡᠯᠮᠦᠷᠢ ᠶᠢᠨ ᠵᠢᠭᠤᠷᠭᠠᠨ ᠪᠢᠰᠢ᠂ ᠬᠠᠷᠢᠨ ᠬᠥᠳᠡᠯᠮᠦᠷᠢ ᠦᠢᠯᠡᠴᠢᠯᠡᠭᠡᠨ ᠦ ᠵᠢᠭᠤᠷᠭᠠᠨ ᠮᠥᠨ》 ᠭᠡᠵᠦ ᠦᠵᠡᠨ᠂ ᠥᠭᠡᠳᠡᠯᠡᠬᠦ ᠭᠤᠸᠠᠢ ᠶᠢᠨ ᠭᠤᠶᠤᠴᠢᠯᠠᠯ ᠢ ᠬᠦᠯᠢᠶᠠᠨ ᠠᠪᠤᠭᠰᠠᠨ ᠦᠭᠡᠢ᠃ ᠥᠭᠡᠳᠡᠯᠡᠬᠦ ᠠᠷᠠᠳ ᠤᠨ ᠰᠢᠭᠦᠬᠦ ᠬᠣᠷᠢᠶᠠᠨ ᠳᠤ ᠵᠠᠭᠠᠯᠳᠤᠭᠰᠠᠨ ᠳᠤ᠂ ᠠᠷᠠᠳ ᠤᠨ ᠰᠢᠭᠦᠬᠦ ᠬᠣᠷᠢᠶ᠎ᠠ ᠠᠴᠠ ᠲᠡᠭᠦᠨ ᠳᠤ ᠡᠨᠡ ᠪᠣᠯ ᠬᠥᠳᠡᠯᠮᠦᠷᠢ ᠶᠢᠨ ᠮᠠᠷᠭᠤᠯᠳᠤᠭᠠᠨ ᠪᠢᠰᠢ᠂ ᠬᠥᠳᠡᠯᠮᠦᠷᠢ ᠦᠢᠯᠡᠴᠢᠯᠡᠭᠡᠨ ᠦ ᠬᠠᠷᠢᠴᠠᠭ᠎ᠠ ᠶᠢᠨ ᠵᠢᠭᠤᠷᠭᠠᠨ ᠪᠣᠯᠤᠨ᠎ᠠ ᠭᠡᠵᠦ ᠲᠠᠶᠢᠯᠪᠤᠷᠢ ᠬᠢᠵᠦ ᠥᠭ᠍ᠭᠦᠭᠡᠳ᠂ ᠬᠥᠳᠡᠯᠮᠦᠷᠢ ᠦᠢᠯᠡᠴᠢᠯᠡᠭᠡᠨ ᠦ ᠬᠠᠷᠢᠴᠠᠭ᠎ᠠ ᠪᠠᠷ ᠵᠠᠭᠠᠯᠳᠤᠭᠤᠯᠵᠤ᠂ ᠡᠩ ᠦᠨ ᠰᠢᠷᠬ᠎ᠠ ᠪᠠᠷ ᠰᠢᠢᠳᠪᠦᠷᠢᠯᠡᠵᠦ ᠥᠭᠴᠠᠢ᠃

ᠭᠡᠷᠡᠭ ᠦᠨ ᠵᠠᠳᠠᠯᠤᠯᠲᠠ᠄ ᠲᠣᠰ ᠭᠡᠷᠡᠭ ᠪᠣᠯ ᠨᠢᠭᠡᠨ ᠠᠵᠢᠯ ᠠᠴᠠ ᠪᠠᠨ ᠠᠮᠠᠷᠠᠭᠰᠠᠨ ᠠᠵᠢᠯᠲᠠᠨ ᠳᠠᠬᠢᠨ ᠤᠤᠯ ᠤᠨ ᠠᠵᠤ ᠠᠬᠤᠶᠢᠯᠡᠯ ᠳᠤ ᠪᠠᠨ ᠠᠵᠢᠯᠯᠠᠵᠤ ᠪᠠᠶᠢᠬᠤ ᠬᠤᠭᠤᠴᠠᠭᠠᠨ ᠳᠤ ᠪᠠᠨ ᠰᠢᠷᠬᠠᠲᠤᠭᠰᠠᠨ ᠵᠢᠭᠤᠷᠭᠠᠨ ᠪᠣᠯᠤᠨ᠎ᠠ᠃ ᠲᠡᠭᠡᠪᠡᠯ ᠡᠨᠡ ᠨᠢ ᠠᠵᠢᠯ ᠤᠨ ᠭᠡᠮᠲᠦᠯ ᠡᠴᠡ ᠪᠣᠯᠤᠭᠰᠠᠨ ᠬᠥᠳᠡᠯᠮᠦᠷᠢ ᠶᠢᠨ ᠵᠢᠭᠤᠷᠭᠠᠨ ᠶᠤᠮ ᠤᠤ᠂ ᠡᠰᠡᠬᠦᠯ᠎ᠡ ᠡᠩ ᠦᠨ ᠬᠥᠯᠥᠰᠥᠯᠡᠵᠦ ᠬᠥᠯᠦᠰᠦᠯᠡᠭᠳᠡᠬᠦ ᠬᠠᠷᠢᠴᠠᠭ᠎ᠠ ᠠᠴᠠ ᠪᠣᠯᠤᠭᠰᠠᠨ ᠭᠦᠳᠡᠯᠮᠦᠷᠢ ᠦᠢᠯᠡᠴᠢᠯᠡᠭᠡᠨ ᠦ ᠵᠢᠭᠤᠷᠭᠠᠨ ᠤᠤ?《ᠳᠥᠷᠥ ᠶᠢᠨ ᠶᠠᠪᠤᠳᠠᠯ ᠤᠨ ᠬᠣᠷᠢᠶ᠎ᠠ ᠶᠢᠨ ᠠᠵᠢᠯ ᠠᠴᠠ ᠪᠠᠨ ᠠᠮᠠᠷᠠᠬᠤ᠂ ᠠᠵᠢᠯ ᠠᠴᠠ ᠪᠠᠨ ᠵᠣᠭᠰᠣᠬᠤ ᠲᠤᠬᠠᠢ  ᠬᠡᠷᠡᠭᠵᠢᠭᠦᠯᠬᠦ ᠠᠷᠭ᠎ᠠ》 ( ᠳᠥᠷᠥ• ᠲᠠᠷᠬᠠᠭᠠᠬᠤ〔1978〕104 ᠳ᠋ᠤᠭᠡᠷ ᠲᠣᠭᠠᠲᠤ ) ᠍ ᠳᠤ 《ᠡᠷᠡᠭᠲᠡᠢ 60 ᠪᠦᠬᠦᠯᠢ ᠨᠠᠰᠤᠲᠠᠢ᠂ ᠡᠮᠡᠭᠲᠡᠢ 50 ᠪᠦᠬᠦᠯᠢ ᠨᠠᠰᠤ ᠲᠠᠢ᠂ ᠦᠷᠭᠦᠯᠵᠢᠯᠡᠨ ᠠᠵᠢᠯᠯᠠᠭᠰᠠᠨ ᠵᠢᠯ ᠨᠢ 10 ᠪᠦᠬᠦᠯᠢ ᠵᠢᠯ ᠪᠣᠯᠤᠭᠰᠠᠨ ᠪᠣᠯ ᠠᠵᠢᠯ ᠡᠴᠡ ᠪᠡᠨ ᠠᠮᠠᠷᠠᠬᠤ ᠬᠡᠷᠡᠭᠲᠡᠢ》 ᠭᠡᠵᠦ ᠲᠣᠭᠲᠠᠭᠠᠵᠠᠢ᠃ ᠨᠢᠭᠡᠨᠲᠡ ᠬᠠᠤᠯᠢ ᠴᠠᠭᠠᠵᠠ ᠶᠢᠨ ᠲᠣᠭᠲᠠᠭᠠᠯ ᠢᠶᠡᠷ ᠠᠵᠢᠯ ᠠᠴᠠ ᠪᠠᠨ ᠠᠮᠠᠷᠠᠬᠤ ᠨᠠᠰᠤᠨ ᠳᠤ ᠭᠥᠷᠦᠭᠰᠡᠳ᠂ ᠬᠠᠤᠯᠢ ᠶᠣᠰᠣᠭᠠᠷ ᠠᠵᠢᠯ ᠣᠯᠭᠣᠬᠤ ᠬᠥᠳᠡᠯᠮᠦᠷᠢᠯᠡᠬᠦ ᠴᠢᠳᠠᠪᠤᠷᠢ ᠲᠠᠢ ᠬᠦᠮᠦᠨ ᠦ ᠨᠥᠬᠥᠴᠡᠯ ᠢ ᠪᠦᠷᠢᠯᠳᠦᠭᠦᠯᠵᠦ ᠴᠢᠳᠠᠬᠤ ᠦᠭᠡᠢ ᠪᠣᠯᠬᠣᠷ᠂ ᠠᠵᠤ ᠠᠬᠤᠶᠢᠯᠠᠯ ᠲᠠᠢ ᠬᠥᠳᠡᠯᠮᠦᠷᠢ ᠶᠢᠨ ᠬᠠᠷᠢᠴᠠᠭ᠎ᠠ ᠲᠠᠢ ᠪᠣᠯᠵᠤ ᠴᠢᠳᠠᠬᠤ ᠦᠭᠡᠢ᠃ ᠠᠵᠢᠯ ᠠᠴᠠ ᠪᠠᠨ ᠠᠮᠠᠷᠠᠬᠤ ᠭᠠᠷ ᠭᠦᠢᠴᠡᠳᠬᠡᠯ ᠢ ᠨᠢᠭᠡᠨᠲᠡ ᠬᠢᠭ᠍ᠰᠡᠨ ᠤ ᠳᠠᠷᠠᠭ᠎ᠠ᠂ ᠠᠵᠤ ᠠᠬᠤᠶᠢᠯᠡᠯ ᠳᠤ ᠪᠠᠨ ᠲᠠᠬᠢᠨ ᠤᠷᠢᠭᠳᠠᠨ ᠬᠡᠷᠡᠭᠯᠡᠭᠳᠡᠭᠰᠡᠨ ᠠᠵᠢᠯ ᠤᠨ ᠳᠤᠮᠳᠠ ᠪᠠᠨ ᠰᠢᠷᠬᠠᠲᠤᠭᠰᠠᠨ ᠢ ᠠᠵᠢᠯ ᠤᠨ ᠭᠡᠮᠲᠦᠯ ᠢᠶᠡᠷ ᠬᠦᠯᠢᠶᠠᠨ ᠠᠪᠴᠤ ᠰᠢᠢᠳᠪᠦᠷᠢᠯᠡᠵᠦ ᠪᠣᠯᠬᠤ ᠦᠭᠡᠢ᠃ ᠨᠠᠮ ᠤᠨ ᠳᠥᠪ ᠬᠣᠷᠢᠶᠠᠨ ᠤ ᠠᠯᠪᠠᠨ ᠲᠢᠩᠬᠢᠮ᠂ ᠳᠥᠷᠥ ᠶᠢᠨ ᠶᠠᠪᠤᠳᠠᠯ ᠤᠨ ᠬᠣᠷᠢᠶ᠎ᠠ ᠶᠢᠨ ᠠᠯᠪᠠᠨ ᠲᠢᠩᠬᠢᠮ ᠡᠴᠡ ᠳᠠᠮᠵᠢᠭᠤᠯᠤᠨ ᠲᠠᠷᠬᠠᠭᠠᠭᠰᠠᠨ ᠳᠥᠪ ᠬᠣᠷᠢᠶᠠᠨ ᠤ ᠵᠤᠬᠢᠶᠠᠨ ᠪᠠᠶᠢᠭᠤᠯᠬᠤ ᠬᠡᠯᠲᠡᠰ᠂ ᠳᠥᠪ ᠬᠣᠷᠢᠶᠠᠨ ᠤ ᠤᠬᠠᠭᠤᠯᠬᠤ ᠬᠡᠯᠲᠡᠰ᠂ ᠳᠥᠪ ᠬᠣᠷᠢᠶᠠᠨ ᠤ ᠨᠢᠭᠡᠳᠦᠮᠡᠯ ᠹᠠᠷᠠᠨᠲ ᠤᠨ ᠬᠡᠯᠲᠡᠰ᠂ ᠠᠵᠢᠯᠲᠠᠨ ᠤ ᠬᠡᠯᠲᠡᠰ᠂ ᠰᠢᠨᠵᠢᠯᠡᠬᠦ ᠤᠬᠠᠭᠠᠨ ᠮᠡᠷᠭᠡᠵᠢᠯ ᠦᠨ ᠬᠡᠯᠲᠡᠰ᠂ ᠬᠥᠳᠡᠯᠮᠦᠷᠢ ᠶᠢᠨ ᠪᠠᠲᠤᠯᠠᠭ᠎ᠠ ᠶᠢᠨ ᠬᠡᠯᠲᠡᠰ᠂ ᠴᠢᠯᠦᠭᠡᠯᠡᠬᠦ ᠴᠠᠷᠢᠭ᠌ ᠤᠨ ᠶᠡᠷᠦᠩᠬᠡᠢ ᠤᠯᠤᠰ ᠳᠥᠷᠥ ᠶᠢᠨ ᠬᠡᠯᠲᠡᠰ᠂ ᠳᠤᠮᠳᠠᠳᠤ ᠤᠯᠤᠰ ᠤᠨ ᠰᠢᠨᠵᠢᠯᠡᠬᠦ ᠵᠥᠪᠯᠡᠯ ᠵᠡᠷᠭᠡ ᠨᠠᠶ᠋ᠮᠠᠨ ᠬᠡᠯᠲᠡᠰ ᠵᠥᠪᠯᠡᠯ ᠠᠯᠪᠠᠨ ᠭᠡᠷ ᠦᠨ《ᠠᠵᠢᠯ ᠠᠴᠠ ᠪᠠᠨ ᠠᠮᠠᠷᠠᠵᠤ᠂ ᠠᠵᠢᠯ ᠢᠶᠠᠨ ᠵᠣᠭᠰᠣᠭᠰᠠᠨ ᠲᠤᠬᠠᠶᠢᠯᠠᠭᠰᠠᠨ ᠠᠵᠢᠯ ᠤᠨ ᠮᠡᠷᠭᠡᠵᠢᠯ ᠲᠡᠢ ᠬᠦᠮᠦᠰ ᠦᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠲᠤᠬᠠᠢ ᠰᠠᠨᠠᠯ》 (ᠳᠥᠪ ᠠᠯᠪᠠᠨ ᠲᠠᠷᠬᠠᠭᠠᠭᠰᠠᠨ 〔2005〕9 ᠳ᠋ᠤᠭᠡᠷ ᠲᠣᠭᠠᠲᠤ ) ᠍ ᠲᠤ 《ᠠᠵᠢᠯ ᠠᠴᠠ ᠪᠠᠨ ᠠᠮᠠᠷᠠᠵᠤ᠂ ᠠᠵᠢᠯ ᠢᠶᠠᠨ ᠵᠣᠭᠰᠣᠭᠰᠠᠨ ᠲᠤᠬᠠᠶᠢᠯᠠᠭᠰᠠᠨ ᠠᠵᠢᠯ ᠤᠨ ᠮᠡᠷᠭᠡᠵᠢᠯ ᠲᠡᠢ ᠬᠦᠮᠦᠰ ᠤᠷᠢᠭᠳᠠᠨ ᠬᠡᠷᠡᠭᠯᠡᠭᠳᠡᠵᠦ ᠪᠠᠶᠢᠭ᠎ᠠ ᠠᠵᠢᠯ ᠤᠨ ᠳᠤᠮᠳᠠ ᠪᠠᠨ ᠰᠢᠷᠬᠠᠲᠤᠨ ᠭᠡᠮᠲᠤᠭᠰᠠᠳ ᠤᠨ ᠨᠥᠬᠥᠪᠥᠷᠢ ᠢ ᠤᠷᠢᠵᠤ ᠬᠡᠷᠡᠭᠯᠡᠭᠰᠡᠨ ᠨᠢᠭᠡᠴᠡ ᠠᠵᠢᠯ ᠤᠨ ᠭᠡᠮᠲᠦᠯ ᠦᠨ ᠳᠠᠭᠠᠳᠬᠠᠯ ᠤᠨ ᠬᠠᠮᠢᠶ᠎ᠠ ᠪᠥᠬᠥᠢ ᠣᠯᠭᠣᠮᠵᠢ ᠶᠢᠨ ᠪᠠᠷᠢᠮᠵᠢᠶ᠎ᠠ ᠪᠠᠷ ᠵᠣᠬᠢᠰᠲᠠᠢ ᠰᠢᠢᠳᠪᠦᠷᠢᠯᠡᠬᠦ ᠬᠡᠷᠡᠭᠲᠡᠢ᠂ ᠬᠡᠷᠪᠡ ᠠᠵᠢᠯ ᠠᠴᠠ ᠪᠣᠯᠵᠤ᠂ ᠠᠵᠢᠯ ᠮᠡᠷᠭᠡᠵᠢᠯ ᠦᠨ ᠭᠡᠮᠲᠦᠯ ᠢᠶᠡᠷ ᠤᠷᠢᠵᠤ ᠬᠡᠷᠡᠭᠯᠡᠭᠰᠡᠨ ᠨᠢᠭᠡᠴᠡ ᠲᠡᠢ ᠮᠠᠷᠭᠤᠯᠳᠤᠭᠠᠨ ᠭᠠᠷᠤᠭᠰᠠᠨ ᠪᠣᠯ ᠢᠷᠭᠡᠨ ᠤ ᠵᠢᠭᠤᠷᠭᠠᠨ ᠢᠶᠡᠷ ᠰᠢᠢᠳᠪᠦᠷᠢᠯᠡᠵᠦ ᠪᠣᠯᠤᠨ᠎ᠠ》ᠭᠡᠵᠦ ᠲᠣᠭᠲᠠᠭᠠᠵᠠᠢ᠃ ᠭᠡᠲᠡᠯ᠎ᠡ 《ᠠᠷᠠᠳ ᠤᠨ ᠳᠡᠭᠡᠳᠦ ᠰᠢᠭᠦᠬᠦ ᠬᠣᠷᠢᠶ᠎ᠠ ᠶᠢᠨ ᠬᠥᠳᠡᠯᠮᠦᠷᠢ ᠶᠢᠨ ᠮᠠᠷᠭᠤᠯᠳᠤᠭᠠᠨ ᠢ ᠰᠢᠭᠦᠨ ᠰᠢᠢᠳᠪᠦᠷᠢᠯᠡᠬᠦ ᠳᠤ ᠬᠠᠤᠯᠢ ᠴᠠᠭᠠᠵᠠ ᠶᠢ ᠲᠣᠬᠢᠷᠠᠭᠤᠯᠤᠨ ᠬᠡᠷᠡᠭᠯᠡᠬᠦ ᠠᠰᠠᠭᠤᠳᠠᠯ ᠤᠳ ᠤᠨ ᠲᠤᠬᠠᠢ ᠲᠠᠶᠢᠯᠪᠤᠷᠢ (ᠭᠤᠷᠪᠠ )》 (ᠬᠠᠤᠯᠢ ᠲᠠᠶᠢᠯᠪᠤᠷᠢ〔2010〕12 ᠳ᠋ᠤᠭᠠᠷ ᠲᠣᠭᠠᠲᠤ ) ᠍ ᠤᠨ ᠳᠣᠯᠣᠳᠤᠭᠠᠷ ᠵᠤᠷᠪᠤᠰ ᠲᠤ 《ᠬᠦᠮᠦᠨ ᠬᠡᠷᠡᠭᠯᠡᠭᠰᠡᠨ ᠨᠢᠭᠡᠴᠡ ᠨᠢ ᠲᠡᠭᠦᠨ ᠦ ᠤᠷᠢᠨ ᠬᠡᠷᠡᠭᠯᠡᠵᠦ ᠪᠠᠶᠢᠭ᠎ᠠ ᠨᠠᠰᠤᠵᠢᠯ ᠦᠨ ᠳᠠᠭᠠᠳᠬᠠᠯ ᠪᠠ ᠠᠵᠢᠯ ᠠᠴᠠ ᠪᠠᠨ ᠠᠮᠠᠷᠠᠭᠰᠠᠨ ᠮᠥᠩᠭ ᠶᠢ ᠨᠢᠭᠡᠨᠲᠡ ᠭᠥᠷᠳᠡᠭᠰᠡᠨ ᠬᠦᠮᠦᠰ ᠲᠡᠢ ᠬᠦᠮᠦᠨ ᠬᠡᠷᠡᠭᠯᠡᠬᠦ ᠲᠤᠬᠠᠢ ᠵᠢᠭᠤᠷᠭᠠᠨ ᠭᠠᠷᠤᠭᠠᠳ᠂ ᠠᠷᠠᠳ ᠤᠨ ᠰᠢᠭᠦᠬᠦ ᠬᠣᠷᠢᠶᠠᠨ ᠳᠤ ᠵᠠᠭᠠᠯᠳᠤᠭᠰᠠᠨ ᠪᠠᠶᠢᠪᠠᠯ ᠠᠷᠠᠳ ᠤᠨ ᠰᠢᠭᠦᠬᠦ ᠬᠣᠷᠢᠶ᠎ᠠ ᠬᠥᠳᠡᠯᠮᠦᠷᠢ ᠦᠢᠯᠡᠴᠢᠯᠡᠭᠡᠨ ᠦ ᠵᠢᠭᠤᠷᠭᠠᠨ ᠢᠶᠡᠷ ᠰᠢᠢᠳᠪᠦᠷᠢᠯᠡᠬᠦ ᠬᠡᠷᠡᠭᠲᠡᠢ》ᠭᠡᠵᠦ ᠲᠣᠭᠲᠠᠭᠠᠵᠤ᠂ ᠨᠠᠶ᠋ᠮᠠᠳᠤᠭᠠᠷ ᠵᠦᠢᠯ ᠳᠤ《ᠠᠵᠤ ᠠᠬᠤᠶᠢᠯᠠᠯ ᠤᠨ ᠠᠵᠢᠯ ᠠᠴᠠ ᠪᠠᠨ ᠰᠠᠯᠵᠤ ᠲᠤᠰᠢᠶᠠᠯ ᠢᠶᠠᠨ ᠦᠯᠡᠳᠡᠭᠡᠭ᠍ᠰᠡᠳ᠂ ᠬᠠᠤᠯᠢ ᠳᠤ ᠲᠣᠭᠲᠠᠭᠠᠭᠰᠠᠨ ᠠᠵᠢᠯ ᠡᠴᠡ ᠪᠡᠨ ᠠᠮᠠᠷᠠᠬᠤ ᠨᠠᠰᠤᠨ ᠳᠤ ᠭᠥᠷᠦᠭᠡᠳᠦᠢ ᠪᠡᠷ ᠠᠵᠢᠯ ᠠᠴᠠ ᠪᠠᠨ ᠠᠮᠠᠷᠠᠭᠰᠠᠳ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ᠠᠵᠢᠯᠲᠠᠳ᠂ ᠠᠵᠤ ᠠᠬᠤᠶᠢᠯᠠᠯ ᠤᠨ ᠰᠢᠨᠵᠢ ᠴᠢᠨᠠᠷ ᠠᠴᠠ ᠪᠣᠯᠵᠤ ᠣᠷᠳᠣ ᠬᠤᠭᠤᠴᠠᠭ᠎ᠠ ᠪᠠᠷ ᠠᠮᠠᠷᠠᠯᠲᠠ ᠲᠠᠯᠪᠢᠭᠰᠠᠨ ᠬᠦᠮᠦᠰ ᠦᠨ ᠰᠢᠨ᠎ᠡ ᠨᠢᠭᠡᠨ ᠬᠦᠮᠦᠨ ᠬᠡᠷᠡᠭᠯᠡᠭᠰᠡᠨ ᠨᠢᠭᠡᠴᠡ ᠲᠡᠢ ᠠᠵᠢᠯᠴᠢᠨ ᠬᠡᠷᠡᠭᠯᠡᠬᠦ ᠵᠢᠭᠤᠷᠭᠠᠨ ᠭᠠᠷᠤᠭᠠᠳ᠂ ᠠᠷᠠᠳ ᠤᠨ ᠰᠢᠭᠦᠬᠦ ᠬᠣᠷᠢᠶ᠎ᠠ ᠳᠤ ᠵᠠᠭᠠᠯᠳᠤᠭᠰᠠᠨ ᠪᠠᠶᠢᠪᠠᠯ᠂ ᠠᠷᠠᠳ ᠤᠨ ᠰᠢᠭᠦᠬᠦ ᠬᠣᠷᠢᠶ᠎ᠠ ᠡᠷᠬᠡᠪᠰᠢ ᠬᠥᠳᠡᠯᠮᠦᠷᠢ ᠶᠢᠨ ᠬᠠᠷᠢᠴᠠᠭ᠎ᠠ ᠪᠠᠷ ᠰᠢᠢᠳᠪᠦᠷᠢᠯᠡᠬᠦ ᠬᠡᠷᠡᠭᠲᠡᠢ》ᠭᠡᠵᠦ ᠲᠣᠭᠲᠠᠭᠠᠵᠠᠢ᠃ ᠠᠷᠠᠳ ᠤᠨ ᠳᠡᠭᠡᠳᠦ ᠰᠢᠭᠦᠬᠦ ᠬᠣᠷᠢᠶ᠎ᠠ ᠶᠢᠨ ᠲᠣᠰ ᠲᠠᠶᠢᠯᠪᠤᠷᠢ ᠠᠴᠠ ᠦᠵᠡᠪᠡᠯ᠂ ᠠᠵᠢᠯ ᠠᠴᠠ ᠪᠠᠨ ᠠᠮᠠᠷᠠᠭᠠᠳ᠂ ᠨᠠᠰᠤᠵᠢᠯ ᠦᠨ ᠳᠠᠭᠠᠳᠬᠠᠯ ᠪᠠ ᠠᠵᠢᠯ ᠠᠴᠠ ᠪᠠᠨ ᠠᠮᠠᠷᠠᠭᠰᠠᠨ ᠮᠥᠩᠭᠥ ᠶᠢ ᠨᠢᠭᠡᠨᠲᠡ ᠭᠥᠷᠳᠡᠭᠰᠡᠨ ᠬᠦᠮᠦᠰ ᠲᠠᠬᠢᠨ ᠬᠦᠮᠦᠨ ᠬᠡᠷᠡᠭᠯᠡᠬᠦ ᠨᠢᠭᠡᠴᠡ ᠳᠤ ᠤᠷᠢᠭᠳᠠᠨ ᠠᠵᠢᠯᠯᠠᠭᠠᠳ᠂ ᠠᠵᠢᠯ ᠤᠨ ᠳᠤᠮᠳᠠ ᠪᠠᠨ ᠰᠢᠷᠬᠠᠲᠤᠭᠰᠠᠨ ᠭᠡᠮᠲᠦᠯ ᠢ ᠬᠥᠳᠡᠯᠮᠦᠷᠢ ᠦᠢᠯᠡᠴᠢᠯᠡᠭᠡᠨ ᠦ ᠬᠠᠷᠢᠴᠠᠭ᠎ᠠ ᠪᠠᠷ ᠨᠣᠲᠠᠯᠠᠨ ᠰᠢᠢᠳᠪᠦᠷᠢᠯᠡᠬᠦ ᠬᠡᠷᠡᠭᠲᠡᠢ᠃ ᠬᠡᠷᠪᠡ ᠠᠵᠢᠯ ᠡᠴᠡ ᠪᠡᠨ ᠰᠠᠯᠵᠤ ᠲᠤᠰᠢᠶᠠᠯ ᠢᠶᠠᠨ ᠦᠯᠡᠳᠡᠬᠡᠭ᠍ᠰᠡᠳ᠂ ᠬᠠᠤᠯᠢ ᠳᠤ ᠲᠣᠭᠲᠠᠭᠠᠭᠰᠠᠨ ᠠᠵᠢᠯ ᠡᠴᠡ ᠠᠮᠠᠷᠠᠬᠤ ᠨᠠᠰᠤᠨ ᠳᠤ ᠭᠥᠷᠥᠭᠡᠳᠦᠢ ᠪᠡᠷ ᠠᠵᠢᠯ ᠠᠴᠠ ᠪᠠᠨ ᠠᠮᠠᠷᠠᠭᠰᠠᠳ᠂ ᠠᠵᠢᠯ ᠤᠨ ᠪᠠᠶᠢᠷᠢ ᠠᠴᠠ ᠪᠠᠨ ᠰᠠᠯᠤᠭᠰᠠᠨ ᠠᠵᠢᠯᠲᠠᠳ᠂ ᠠᠵᠤ ᠠᠬᠤᠶᠢᠯᠠᠯ ᠤᠨ ᠰᠢᠨᠵᠢ ᠴᠢᠨᠠᠷ ᠠᠴᠠ ᠪᠣᠯᠵᠤ ᠣᠷᠳᠣ ᠬᠤᠭᠤᠴᠠᠭ᠎ᠠ ᠪᠠᠷ ᠠᠮᠠᠷᠠᠯᠲᠠ ᠲᠠᠯᠪᠢᠭᠰᠠᠨ ᠬᠦᠮᠦᠰ ᠨᠢ ᠪᠤᠰᠤᠳ ᠬᠥᠮᠥᠨ ᠬᠡᠷᠡᠭᠯᠡᠬᠦ ᠨᠢᠭᠡᠴᠡ ᠳᠤ ᠳᠠᠭᠢᠨ ᠤᠷᠢᠭᠳᠠᠨ ᠠᠵᠢᠯᠯᠠᠭᠠᠳ ᠠᠵᠢᠯ ᠤᠨ ᠳᠤᠮᠳᠠ ᠪᠠᠨ ᠰᠢᠷᠬᠠᠲᠤᠭᠰᠠᠨ ᠪᠣᠯ ᠬᠥᠳᠡᠯᠮᠦᠷᠢ ᠶᠢᠨ ᠬᠠᠷᠢᠴᠠᠭ᠎ᠠ ᠪᠠᠷ ᠰᠢᠢᠳᠪᠦᠷᠢᠯᠡᠬᠦ ᠬᠡᠷᠡᠭᠲᠡᠢ᠃ ᠡᠭᠦᠨ ᠡᠴᠡ ᠪᠢᠳᠡ᠂ ᠳᠡᠭᠡᠷᠡᠬᠢ ᠭᠡᠷᠡᠭ ᠦᠨ ᠵᠢᠱᠢᠶ᠎ᠡ ᠳᠠᠬᠢ ᠥᠭᠡᠳᠡᠯᠡᠬᠦ ᠬᠠᠤᠯᠢ ᠳᠤ ᠲᠣᠭᠲᠠᠭᠠᠭᠰᠠᠨ ᠠᠵᠢᠯ ᠠᠴᠠ ᠪᠠᠨ ᠠᠮᠠᠷᠠᠬᠤ ᠨᠠᠰᠤᠨ ᠳᠤ ᠭᠥᠷᠦᠭᠡᠳ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠤᠤᠯ ᠨᠢᠭᠡᠴᠡ ᠳᠤ ᠪᠡᠨ ᠳᠠᠬᠢᠨ ᠤᠷᠢᠭᠳᠠᠨ ᠬᠡᠷᠡᠭᠯᠡᠭᠳᠡᠵᠦ ᠪᠠᠶᠢᠭ᠎ᠠ ᠠᠵᠢᠯ ᠤᠨ ᠳᠤᠮᠳᠠ ᠪᠠᠨ ᠰᠢᠷᠬᠠᠲᠤᠭᠰᠠᠨ ᠳᠤᠯᠠ ᠡᠨᠡ ᠨᠢ ᠠᠵᠢᠯ ᠦᠨ ᠭᠡᠮᠲᠦᠯ ᠦᠨ ᠵᠢᠭᠤᠷᠭᠠᠨ ᠪᠢᠰᠢ᠂ ᠬᠠᠷᠢᠨ ᠬᠥᠳᠡᠯᠮᠦᠷᠢ ᠦᠢᠯᠡᠴᠢᠯᠡᠭᠡᠨ ᠦ ᠬᠠᠷᠢᠴᠠᠭ᠎ᠠ ᠠᠴᠠ ᠪᠣᠯᠤᠭᠰᠠᠨ ᠢᠷᠭᠡᠨ ᠦ ᠵᠢᠭᠤᠷᠭᠠᠨ ᠪᠣᠯᠤᠨ᠎ᠠ ᠭᠡᠰᠡᠨ ᠢ ᠮᠠᠳᠠᠵᠤ ᠪᠣᠯᠤᠨ᠎ᠠ᠃

  ᠳᠡᠭᠡᠷᠡᠬᠢ ᠶᠢ ᠬᠤᠷᠢᠶᠠᠩᠭ᠋ᠤᠶᠢᠯᠠᠪᠠᠯ᠂ ᠠᠵᠢᠯ ᠠᠴᠠ ᠪᠠᠨ ᠠᠮᠠᠷᠠᠭᠰᠠᠨ ᠤ ᠳᠠᠷᠠᠭ᠎ᠠ᠂ ᠤᠤᠯ ᠤᠨ ᠠᠵᠢᠯᠯᠠᠵᠤ ᠪᠠᠶᠢᠭᠰᠠᠨ ᠨᠢᠭᠡᠴᠡ ᠪᠤᠶᠤ ᠪᠤᠰᠤᠳ ᠨᠢᠭᠡᠴᠡ ᠳᠤ ᠤᠷᠢᠭᠳᠠᠨ ᠬᠡᠷᠡᠭᠯᠡᠭᠳᠡᠵᠦ ᠪᠠᠶᠢᠭ᠎ᠠ ᠬᠤᠭᠤᠴᠠᠭᠠᠨ ᠳᠤ ᠪᠠᠨ ᠰᠢᠷᠬᠠᠲᠤᠭᠰᠠᠨ ᠢ ᠠᠵᠢᠯ ᠤᠨ ᠭᠡᠮᠲᠦᠯ ᠢᠶᠡᠷ ᠰᠢᠢᠳᠪᠦᠷᠢᠯᠡᠵᠦ ᠪᠣᠯᠬᠤ ᠦᠭᠡᠢ᠂ ᠬᠠᠷᠢᠨ ᠬᠥᠯᠥᠰᠥᠯᠡᠵᠦ ᠬᠥᠯᠦᠰᠦᠯᠡᠭᠳᠡᠬᠦ ᠬᠠᠷᠢᠴᠠᠭ᠎ᠠ ᠪᠥᠬᠥᠢ ᠬᠥᠳᠡᠯᠮᠦᠷᠢ ᠦᠢᠯᠡᠴᠢᠯᠡᠭᠡᠨ ᠦ ᠬᠠᠷᠢᠴᠠᠭ᠎ᠠ ᠶᠢᠨ ᠳᠤᠮᠳᠠ ᠡᠭᠦᠰᠦᠭᠰᠡᠨ ᠡᠩ ᠦᠨ ᠭᠡᠮᠲᠦᠯ ᠢᠶᠡᠷ ᠰᠢᠢᠳᠪᠦᠷᠢᠯᠡᠬᠦ ᠬᠡᠷᠡᠭᠲᠡᠢ᠃



  
     
     