

26 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠪᠠ

2019-11-15 22:36
  60
  0
ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ 26 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠪᠠ

  11 ᠰᠠᠷ᠎ᠠ ᠶᠢᠨ 13 ᠤ ᠡᠳᠤᠷ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶ᠎ᠠ 26 ᠳ᠋ᠤᠭᠠᠷ ᠤᠳᠠᠭ᠎ᠠ ᠶᠢᠨ ᠲᠡᠷᠢᠬᠦᠯᠡᠭᠴᠢᠳ ᠤᠨ ᠬᠤᠷᠠᠯ ᠬᠢᠪᠠ᠃
  ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠲᠡᠷᠢᠬᠦᠯᠡᠭᠴᠢ ᠯᠢ ᠰᠢᠥ ᠯᠢᠩ ᠬᠤᠷᠠᠯ ᠢ ᠡᠷᠬᠢᠯᠡᠭᠰᠡᠨ ᠪᠦᠭᠡᠳ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠯᠦᠸᠧ ᡁᠢ ᠬᠤ᠋᠂ ᠳ᠋ᠦᠩ ᠡᠾᠧᠩ ᠢᠥᠢ᠂ ᠵᠧᠩ ᠹᠦ᠋ ᠲᠢᠶᠠᠨ᠂ ᠴᠠᠩ ᠵᠢᠶᠦ᠋ᠨ ᠵᠧᠩ ᠵᠢᠴᠢ ᠨᠠᠷᠢᠨ ᠪᠢᠴᠢᠭ ᠤᠨ ᠳᠠᠷᠤᠭ᠎ᠠ ᠳ᠋ᠢ ᠷᠦᠢ ᠮᠢᠩ ᠬᠤᠷᠠᠯ ᠳᠤ ᠤᠷᠤᠯᠴᠠᠵᠠᠢ᠃
  ᠬᠤᠷᠠᠯ ᠠᠴᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠬᠤᠶᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠨᠠᠢᠮᠠᠳᠤᠭᠠᠷ ᠤᠳᠠᠭ᠎ᠠ ᠶᠢᠨ ᠬᠤᠷᠠᠯ ᠤᠨ ᠪᠡᠯᠡᠳᠭᠡᠯ ᠠᠵᠢᠯ ᠤᠨ ᠲᠦᠰᠦᠯ᠂ ᠵᠦᠪᠯᠡᠬᠦ ᠵᠦᠢᠯ ︵ᠲᠦᠰᠦᠯ︶᠂ ᠡᠳᠦᠷ ᠤᠨ ᠳᠠᠷᠠᠭᠠᠯᠠᠯ ︵ᠲᠦᠰᠦᠯ︶ ᠪᠤᠯᠤᠨ ᠠᠵᠢᠯᠲᠠᠨ ᠤ ᠶᠠᠪᠤᠳᠠᠯ ᠤᠨ ᠲᠤᠬᠠᠢ ᠵᠦᠢᠯᠡᠰ ᠢ ᠬᠢᠨᠠᠨ ᠵᠦᠪᠯᠡᠵᠡᠢ︔ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠬᠤᠷᠠᠯ ᠢ ᠬᠠᠮᠵᠢᠨ ᠪᠡᠯᠡᠳᠭᠡᠬᠦ ᠪᠠᠶᠢᠳᠠᠯ ᠤᠨ ᠮᠡᠳᠡᠬᠦᠯᠦᠯᠲᠡ ᠶᠢ ᠰᠤᠨᠤᠰᠴᠠᠢ︔ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠢ ᠨᠤᠤᠷᠠᠬᠯᠠᠬᠤ ᠠᠵᠢᠯ ᠢ ᠰᠤᠳᠤᠯᠪᠠ᠃
  ᠯᠢ ᠰᠢᠥ ᠯᠢᠩ᠂ ᠨᠠᠮ ᠤᠨ ᠠᠷᠪᠠ ᠶᠢᠰᠦᠳᠦᠬᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠭᠡᠷ ᠪᠦᠬᠦᠳᠡ ᠬᠤᠷᠠᠯ ᠪᠤᠯᠤᠨ ᠲᠦᠪ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠤᠨ ᠬᠤᠷᠠᠯ ᠤᠨ ᠵᠤᠷᠢᠭ ᠰᠠᠨᠠᠭ᠎ᠠ ᠶᠢ ᠲᠤᠭᠤᠰᠢᠯᠠᠭᠤᠯᠵᠦ ᠨᠠᠶᠢᠳᠠᠪᠤᠷᠢᠵᠢᠭᠤᠯᠬᠤ ᠨᠢ ᠤᠳᠤᠬᠠᠨ ᠤ ᠪᠠ ᠬᠤᠶᠢᠰᠢᠲᠠ ᠶᠢᠨ ᠨᠢᠭᠡ ᠬᠤᠭᠤᠴᠠᠭᠠᠨ ᠤ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠤᠯᠤᠨ᠎ᠠ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠬᠢᠨ᠂ ᠪᠦᠬᠦ ᠤᠯᠤᠰ ᠤᠨ ᠤᠯᠤᠰ ᠲᠦᠷᠦ ᠶᠢᠨ ᠵᠦᠪᠯᠡᠯᠬᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶᠠᠨ ᠤ ᠪᠠᠶᠢᠩᠭᠤ ᠶᠢᠨ ᠬᠤᠷᠢᠶᠠᠨ ᠤ ᠶᠢᠰᠦᠳᠦᠬᠡᠷ ᠤᠳᠠᠭ᠎ᠠ ᠶᠢᠨ ᠬᠤᠷᠠᠯ ᠤᠨ ᠪᠠᠶᠢᠷᠢᠯᠠᠭᠤᠯᠤᠯᠲᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠭᠤᠤᠯ ᠬᠠᠷᠢᠭᠤᠴᠠᠯᠭᠠᠲᠠᠨ ᠨᠦᠬᠦᠷ ᠤᠨ 11 ᠰᠠᠷ᠎ᠠ ᠶᠢᠨ 11 ᠤ ᠡᠳᠦᠷ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠭ᠎ᠠ ᠪᠠᠷ ᠲᠤᠭᠤᠷᠢᠨ ᠦᠵᠡᠬᠦ ᠦᠶ᠎ᠡ ᠶᠢᠨ ᠶᠠᠷᠢᠶᠠᠨ ᠤ ᠱᠠᠭᠠᠷᠳᠠᠯᠭ᠎ᠠ ᠶᠤᠰᠤᠭᠠᠷ᠂ ᠬᠤᠶᠠᠷ ᠤᠳᠠᠭ᠎ᠠ ᠶᠢᠨ ᠴᠢᠬᠤᠯᠠ ᠬᠤᠷᠠᠯ ᠤᠨ ᠵᠤᠷᠢᠭ ᠰᠠᠨᠠᠭ᠎ᠠ ᠶᠢ ᠬᠦᠨᠵᠡᠬᠡᠢ ᠰᠤᠷᠤᠯᠴᠠᠬᠤ ᠶᠢ ᠰᠢ ᠶᠢᠨ ᠫᠢᠩ ᠤᠨ ᠰᠢᠨ᠎ᠠ ᠴᠠᠬ ᠦᠶ᠎ᠡ ᠶᠢᠨ ᠳᠤᠮᠳᠠᠳᠦ ᠤᠯᠤᠰ ᠤᠨ ᠤᠨᠴᠠᠯᠢᠭ ᠲᠠᠢ ᠨᠡᠶᠢᠬᠡᠮ ᠵᠢᠷᠦᠮ ᠤᠨ ᠦᠵᠡᠯ ᠰᠠᠨᠠᠭ᠎ᠠ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠰᠤᠷᠤᠯᠴᠠᠬᠤ ᠲᠠᠢ ᠨᠢᠬᠲᠠ ᠤᠶᠠᠯᠳᠤᠭᠤᠯᠵᠦ᠂ ᠰᠢᠨ᠎ᠠ ᠴᠠᠬ ᠦᠶ᠎ᠡ ᠶᠢᠨ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠷᠢ ᠲᠤᠭᠲᠠᠭᠠᠯᠲᠠ ᠶᠢ ᠤᠨᠤᠪᠴᠢᠲᠠᠢ ᠡᠵᠡᠮᠰᠢᠵᠦ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠪᠤᠯᠤᠨ ᠤᠯᠤᠰ ᠤᠨ ᠵᠠᠰᠠᠯᠲᠠ ᠶᠢᠨ ᠰᠢᠰᠲᠧᠮ ᠤᠨ ᠳᠤᠲᠤᠭᠠᠳᠦ ᠬᠠᠷᠢᠴᠠᠭ᠎ᠠ ᠶᠢ ᠡᠵᠡᠮᠰᠢᠨ᠂ ᠠᠵᠢᠯ ᠤᠨ ᠪᠠᠶᠢᠭᠤᠯᠤᠮᠵᠢ ᠲᠤᠬᠲᠠᠴᠠ ᠪᠠᠨ ᠪᠦᠷᠢᠨᠰᠢᠬᠦᠯᠵᠦ᠂ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠪᠠᠶᠢᠭᠤᠯᠤᠯ ᠢ ᠪᠠᠷᠢᠮᠳᠠᠯᠠᠬᠤ ᠲᠤᠮᠳᠠ ᠬᠦᠭᠵᠢᠬᠦᠯᠵᠦ᠂ ᠪᠠᠬᠢᠵᠢᠬᠦᠯᠬᠦ ᠲᠤᠮᠳᠠ ᠳᠡᠬᠦᠯᠳᠡᠷᠵᠢᠬᠦᠯᠬᠦ ᠶᠢ ᠠᠬᠢᠭᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃
  ᠯᠢ ᠰᠢᠥ ᠯᠢᠩ᠂ ᠡᠷᠡᠮᠡᠭᠡᠶᠢᠯᠡᠨ ᠲᠡᠮᠡᠴᠡᠬᠦ ᠵᠤᠷᠢᠭ ᠰᠠᠨᠠᠭᠠᠨ ᠤ ᠲᠦᠷᠰᠤ ᠪᠠᠶᠢᠳᠠᠯ ᠪᠠ ᠢᠳᠡᠪᠬᠢᠲᠠᠢ ᠰᠠᠨᠠᠭᠠᠴᠢᠯᠠᠭ᠎ᠠ ᠲᠠᠢ ᠠᠵᠢᠯ ᠤᠨ ᠡᠷᠴᠢ ᠵᠤᠷᠢᠭ ᠢᠶᠠᠷ᠂ ᠵᠢᠯ ᠤᠨ ᠰᠡᠬᠦᠯᠴᠢ ᠶᠢᠨ ᠡᠯ᠎ᠡ ᠲᠦᠷᠦᠯ ᠤᠨ ᠠᠵᠢᠯ ᠢᠶᠠᠨ ᠬᠢᠨᠠᠮᠠᠭᠠᠢ ᠰᠠᠶᠢᠲᠤᠷ ᠬᠢᠵᠦ᠂ ᠪᠦᠬᠦ ᠵᠢᠯ ᠤᠨ ᠠᠵᠢᠯ ᠤᠨ ᠡᠬᠦᠷᠭᠡ ᠪᠠᠨ ᠲᠤᠭᠤᠰᠢᠲᠠᠢ ᠪᠡᠶᠡᠯᠡᠬᠦᠯᠵᠦ᠂ ᠨᠠᠮ ᠤᠨ ᠲᠦᠪ ᠬᠤᠷᠢᠶᠠᠨ ᠤ ᠰᠢᠨ᠎ᠠ ᠱᠠᠭᠠᠷᠳᠠᠯᠭ᠎ᠠ ᠪᠤᠯᠤᠨ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠰᠢᠨ᠎ᠠ ᠪᠠᠶᠢᠷᠢᠯᠠᠭᠤᠯᠤᠯᠲᠠ ᠲᠠᠢ ᠪᠠᠷᠢᠮᠵᠢᠶᠠᠯᠠᠨ ᠬᠠᠷᠭᠤᠭᠤᠯᠵᠦ᠂ ᠢᠷᠡᠬᠦ ᠵᠢᠯ ᠤᠨ ᠡᠯ᠎ᠡ ᠲᠦᠷᠦᠯ ᠤᠨ ᠠᠵᠢᠯ ᠢᠶᠠᠨ ᠨᠠᠷᠢᠨ ᠨᠢᠮᠪᠠᠢ ᠰᠠᠶᠢᠲᠤᠷ ᠲᠦᠰᠦᠪᠯᠡᠬᠦ ᠬᠡᠷᠡᠭᠲᠡᠢ ᠭᠡᠵᠦ ᠱᠠᠭᠠᠷᠳᠠᠵᠠᠢ᠃ ᠵᠣᠬᠢᠶᠠᠭᠴᠢ᠄  ᠰᠠᠴᠤᠷᠠᠯ 



  
     
     