 

ᠦᠢᠯᠡᠴᠢᠯᠡᠭᠡ ᠪᠦᠷᠢᠨ ᠦᠵᠦᠮᠦᠴᠢᠨ ︽ᠦᠷᠳᠡᠭᠡ︾

2019-05-08 09:52
  209
  0


   — ᠵᠡᠭᠦᠨ ᠦᠵᠦᠮᠦᠴᠢᠨ ᠬᠤᠰᠢᠭᠤᠨ ᠤ ᠶᠡᠷᠦᠩᠬᠡᠶᠢᠯᠡᠨ ᠵᠠᠰᠠᠬᠤ ᠦᠷᠳᠡᠭᠡ ᠶᠢᠨ ᠪᠠᠶᠢᠭᠤᠯᠤᠯᠳᠠ ᠶᠢᠨ ᠲᠤᠬᠠᠢ ᠲᠡᠮᠳᠡᠭᠯᠡᠯ
  ᠦᠷᠭᠡᠨ ᠠᠭᠤᠳᠠᠮ ᠦᠵᠦᠮᠦᠴᠢᠨ ᠨᠤᠲᠤᠭ ᠤᠨ ᠢᠶᠠᠨ ᠦᠡᠭ ᠰᠢᠮᠡᠯᠢᠭ ᠬᠦᠷᠦᠰᠤᠨ᠎ᠡ ᠠᠵᠦ ᠲᠦᠷᠦᠨ ᠠᠮᠢᠳᠤᠷᠠᠭᠰᠠᠨ ᠵᠡᠭᠦᠨ ᠦᠵᠦᠮᠦᠴᠢᠨ ᠬᠤᠰᠢᠭᠤᠨ ᠤ ᠠᠵᠢᠯᠴᠢ ᠮᠠᠯᠴᠢᠳ ᠤᠬᠠᠭᠠᠨᠳᠤ ᠺᠠᠳ᠋ᠷᠴᠤᠳ ᠨᠢ ᠦᠢ ᠤᠯᠠᠨ ᠠᠷᠠᠳ ᠲᠦᠮᠡᠨ ᠤ ᠪᠠᠨ ᠡᠳᠦᠷ ᠢᠷᠡᠬᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠶᠢᠨ ᠲᠦᠯᠦᠭᠡ ᠠᠰᠢᠬᠲᠠᠢ ᠠᠷᠭ᠎ᠠ ᠬᠢᠳᠡᠯ ᠢ ᠰᠦᠪᠡᠭᠴᠢᠯᠡᠨ ᠨᠡᠭᠡᠭᠡᠵᠦ᠂ ᠠᠷᠠᠳ ᠲᠦᠮᠡᠨ ᠤ ᠬᠦᠷᠳᠡᠮᠵᠢ ᠶᠢᠨ ᠲᠦᠷᠦᠭᠳᠡᠯ᠂ ᠵᠢᠷᠭᠠᠯᠳᠦ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠳᠠ ᠦᠭᠡᠢ ᠲᠡᠭᠡᠭᠰᠢᠯᠡᠭᠦᠯᠦᠭᠰᠡᠭᠡᠷ ᠢᠷᠡᠭᠰᠡᠨ ᠪᠢᠯᠡ᠃ ᠤᠯᠤᠰ ᠲᠠᠶᠠᠭᠠᠷ ᠠᠯᠳᠠᠷᠰᠢᠬᠰᠠᠨ ︽ᠲᠠᠯ᠎ᠠ ᠨᠤᠲᠤᠭ ᠤᠨ 110︾᠂ ᠠᠶᠢᠮᠠᠭ ᠲᠠᠶᠠᠭᠠᠷ ᠲᠦᠭᠡᠮᠡᠯᠵᠢᠭᠰᠡᠨ ︽ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ︾ ᠶᠢᠨ ᠠᠷᠭ᠎ᠠ ᠬᠢᠳᠡᠯ ᠨᠢ ᠴᠦᠮ ᠵᠡᠭᠦᠨ ᠦᠵᠦᠮᠦᠴᠢᠨ ᠬᠤᠰᠢᠭᠤ ᠠᠴᠠ ᠡᠬᠢᠯᠡᠨ ᠬᠢᠵᠦ ᠬᠦᠭᠵᠢᠨ ᠪᠤᠵᠠᠭᠠᠢᠢᠷᠠᠭᠰᠠᠨ ᠶᠤᠮ᠃ ᠬᠡᠷᠡᠭ ᠪᠤᠳᠠᠰ ᠬᠤᠪᠢᠷᠠᠨ ᠬᠦᠭᠵᠢᠵᠦ᠂ ᠴᠠᠭ ᠲᠤᠳᠤᠮ ᠰᠢᠨᠡᠴᠢᠯᠡᠭᠳᠡᠨ ᠬᠤᠪᠢᠷᠠᠵᠤ ᠪᠤᠢ ᠰᠢᠨ᠎ᠡ ᠴᠠᠭ ᠦᠶ᠎ᠡ ᠶᠢᠨ ᠪᠤᠱᠤᠭᠠᠨ ᠲᠡᠭᠡᠷ᠎ᠡ ᠵᠡᠭᠦᠨ ᠦᠵᠦᠮᠦᠴᠢᠨ ᠬᠤᠰᠢᠭᠤ ᠠᠷᠠᠳ ᠤᠯᠠᠨ ᠳᠠᠭᠠᠨ ᠦᠢᠯᠡᠴᠢᠯᠡᠬᠦ ᠶᠡᠷᠦᠩᠬᠡᠶᠢᠯᠡᠨ ᠵᠠᠰᠠᠬᠤ ︽ᠦᠷᠳᠡᠭᠡ︾ ᠶᠢᠨ ᠪᠠᠶᠢᠭᠤᠯᠤᠯᠳᠠ ᠶᠢ ᠡᠷᠴᠢᠮᠵᠢᠭᠦᠯᠬᠦ ᠪᠠᠷ ᠲᠠᠮᠵᠢᠨ ᠦᠨᠳᠦᠰᠦᠨ ᠱᠠᠲᠤ᠂ ᠭᠠᠴᠠᠭ᠎ᠠ ᠲᠤᠰᠬᠤᠨ ᠤ ᠠᠷᠠᠳ ᠤᠯᠠᠨ ᠳᠤ ᠦᠢᠯᠡᠴᠢᠯᠡᠬᠦ ᠪᠠᠰᠠ ᠨᠢᠭᠡᠨ ᠪᠦᠲᠦᠮᠵᠢᠲᠡᠢ ᠠᠷᠭ᠎ᠠ ᠬᠢᠳᠡᠯ ᠢ ᠡᠭᠦᠳᠤᠨ ᠰᠦᠪᠡᠭᠴᠢᠯᠡᠵᠦ ᠮᠠᠯᠴᠢᠳ ᠲᠠᠭᠠᠨ ᠲᠠᠭᠠᠰᠢᠶᠠᠬᠳᠠᠭᠰᠠᠨ ᠢᠶᠠᠷ ᠪᠠᠷᠠᠬᠤ ᠦᠭᠡᠢ ᠪᠤᠶᠢᠳᠠ ᠪᠦᠭᠯᠡᠭᠦᠦ ᠲᠠᠷᠠᠬᠠᠢ ᠪᠤᠳᠠᠷᠬᠠᠢ ᠰᠠᠭᠤᠷᠢᠰᠢᠭᠰᠠᠨ ᠮᠠᠯᠵᠢᠬᠤ ᠤᠷᠤᠨ ᠳᠤ ᠴᠦ ᠰᠤᠷᠤᠯᠴᠠᠭᠤᠰᠢᠳᠠᠢ ᠲᠤᠷᠰᠢᠯᠭ᠎ᠠ ᠬᠠᠩᠭᠠᠵᠠᠢ᠃
  4 ᠰᠠᠷ᠎ᠠ ᠶᠢᠨ 18 ᠤ ᠡᠳᠦᠷ᠂ ᠮᠠᠨ ᠤ ᠰᠤᠷᠪᠤᠯᠵᠢᠯᠠᠭ᠎ᠠ ᠶᠢᠨ ᠲᠤᠭᠤᠢᠢᠯᠠᠩ ᠤᠨ ᠬᠢᠨ ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤ ᠪᠠᠷ ᠰᠤᠷᠪᠤᠯᠵᠢᠯᠠᠵᠤ ᠬᠦᠷᠬᠦ ᠳᠤ᠂ ᠬᠠᠳᠠᠪᠴᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠳ ᠶᠠᠬ ᠰᠠᠶᠢᠬᠠᠨ ᠲᠤᠰ ᠪᠠᠯᠭᠠᠰᠤᠨ ᠤ ᠱᠠᠩᠲᠤ ᠭᠠᠴᠠᠭᠠᠨ ᠤ ᠬᠤᠵᠢᠷᠲᠠᠢ ᠲᠤᠭᠤᠢᠢᠯᠠᠩ ᠤᠨ ᠮᠠᠯᠴᠢᠨ ᠡᠷᠳᠡᠨᠢᠮᠦ᠋ᠡᠭᠭᠡ ᠶᠢᠨ ᠬᠢᠨ ᠳᠤ ᠬᠦᠷᠴᠤ ᠨᠢᠳᠤᠨᠤᠨ ᠤ ᠰᠢᠢᠳᠪᠦᠷᠢᠯᠡᠭᠰᠡᠨ ᠠᠵᠢᠯ ᠤᠨ ᠪᠠᠶᠢᠳᠠᠯ ᠤᠨ ᠢᠶᠠᠨ ᠲᠤᠬᠠᠢ ᠤᠢᠢᠯᠠᠭᠠᠬᠤ ᠪᠠᠷ ᠶᠠᠪᠤᠵᠤ ᠪᠠᠶᠢᠬᠤ ᠲᠠᠢ ᠲᠠᠭᠠᠷᠠᠯᠳᠤᠭᠰᠠᠨ ᠶᠤᠮ᠃ ᠬᠠᠳᠠᠪᠴᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠨ ᠤ ᠲᠠᠨᠢᠯᠴᠠᠭᠤᠯᠬᠤ ᠪᠠᠷ᠂ ᠨᠢᠳᠤᠨᠤᠨ ᠨᠠᠮᠤᠷ ᠤᠨ ᠰᠡᠭᠦᠯᠴᠢ ᠪᠠᠷ ᠮᠠᠯᠴᠢᠨ ᠡᠷᠳᠡᠨᠢᠮᠦ᠋ᠡᠭᠭᠡ ᠶᠢᠨ ᠮᠠᠯ ᠤᠨᠤᠭ᠎ᠠ ᠵᠡᠷᠭᠡᠯᠡᠳᠡᠭᠡ ᠠᠶᠢᠯ ᠤᠨ ᠬᠤᠷᠢᠶᠠᠯᠳᠠ ᠲᠠᠢ ᠡᠪᠡᠰᠤ ᠪᠤᠷᠳᠤᠭ᠎ᠠ ᠶᠢ ᠰᠦᠢᠳᠭᠡᠭᠰᠡᠨ ᠠᠴᠠ ᠪᠤᠯᠵᠤ ᠮᠠᠭᠤᠳᠠᠯᠴᠠᠭᠰᠠᠨ ᠠᠰᠠᠭᠤᠳᠠᠯ ᠢ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠳ ᠴᠠᠭ ᠲᠤᠬᠠᠢ ᠳᠤᠨᠢ ᠵᠦᠢ ᠵᠤᠬᠢᠰᠲᠠᠢ ᠡᠶᠡᠳᠡᠭᠦᠯᠦᠨ ᠰᠢᠢᠳᠪᠦᠷᠢᠯᠡᠵᠦ᠂ ︽ᠪᠠᠭ᠎ᠠ ᠤᠴᠢᠷ ᠠᠴᠠ ᠶᠡᠭᠡ ᠮᠠᠷᠭᠤᠭᠠᠨ︾ ᠡᠭᠦᠰᠬᠦ ᠶᠢ ᠵᠠᠶᠢᠯᠠᠭᠤᠯᠵᠦ ᠴᠢᠳᠠᠵᠠᠢ᠃ ᠲᠡᠭᠡᠭᠡᠳ ᠲᠤᠰ ᠡᠳᠦᠷ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠳ ᠡᠨᠡ ᠬᠦ ᠠᠰᠠᠭᠤᠳᠠᠯ ᠤᠨ ᠲᠤᠬᠠᠢ ᠲᠠᠬᠢᠨ ᠯᠠᠪᠯᠠᠨ ᠠᠰᠠᠭᠤᠬᠤ ᠪᠠᠷ ᠲᠤᠰᠬᠠᠢᠢᠯᠠᠨ ᠬᠦᠷᠴᠤ ᠢᠷᠡᠭᠰᠡᠨ ᠪᠠᠶᠢᠵᠠᠢ᠃
    4 ᠰᠠᠷ᠎ᠠ ᠶᠢᠨ 18 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠬᠠᠳᠠᠪᠴᠢ ᠪᠠᠯᠭᠠᠰᠤᠨ ᠤ ︽ᠬᠤᠵᠢᠷᠲᠠᠢ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠦᠷᠳᠡᠭᠡ︾ ᠶᠢᠨ ᠵᠤᠬᠢᠴᠠᠭᠤᠯᠭ᠎ᠠ ᠪᠠᠷ ᠬᠠᠳᠠᠪᠴᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠳ ᠱᠠᠩᠲᠤ ᠭᠠᠴᠠᠭᠠᠨ ᠤ ᠮᠠᠯᠴᠢᠨ ᠡᠷᠳᠡᠨᠢᠮᠦ᠋ᠡᠭᠭᠡ ︵ᠵᠡᠭᠦᠨᠳᠡᠬᠢ︶ ᠶᠢᠨ ᠳᠤ ᠬᠦᠷᠴᠤ᠂ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠨᠢ ᠤᠢᠢᠯᠠᠭᠠᠬᠤ ᠶᠢᠨ ᠲᠠᠭᠠᠤ ᠬᠠᠪᠤᠷ ᠤᠨ ᠤᠯᠠᠷᠢᠯ ᠤᠨ ᠲᠦᠢᠮᠡᠷ ᠢ ᠰᠡᠷᠭᠡᠶᠢᠯᠡᠬᠦ ᠠᠵᠢᠯ ᠤᠨ ᠲᠤᠬᠠᠢ ᠰᠤᠷᠳᠠᠯ ᠤᠬᠠᠭᠤᠯᠭ᠎ᠠ ᠬᠢᠪᠡ᠃
   ᠮᠠᠯᠴᠢᠨ ᠡᠷᠳᠡᠨᠢᠮᠦ᠋ᠡᠭᠭᠡ᠄ ︽ᠲᠤᠬᠠᠢ ᠶᠢᠨ ᠦᠶ᠎ᠡ ᠳᠤ ᠶᠠᠯᠢᠮ ᠦᠭᠡᠢ ᠤᠴᠢᠷ ᠠᠴᠠ ᠠᠮᠠ ᠮᠤᠷᠦ᠋ᠢᠭ᠌ᠰᠠᠨ ᠨᠢ ᠦᠨᠡᠨ ᠡ᠂ ᠭᠡᠪᠡᠴᠤ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠳ ᠴᠠᠭ ᠲᠤᠬᠠᠢ ᠳᠤᠨᠢ ᠤᠴᠢᠷ ᠶᠠᠪᠤᠳᠠᠯ ᠢ ᠡᠪᠲᠡᠢ ᠡᠶᠡᠳᠡᠢ ᠵᠤᠬᠢᠴᠠᠭᠤᠯᠤᠭᠰᠠᠨ ᠠᠴᠠ ᠮᠠᠨ ᠤ ᠬᠤᠶᠠᠷ ᠬᠤᠳᠠ ᠠᠶᠢᠯ ᠤᠤᠯ ᠤᠨ ᠬᠢ ᠠᠴᠠ ᠪᠠᠨ ᠤᠯᠠᠮ ᠢᠯᠡᠬᠦᠦ ᠡᠶᠡᠲᠡᠢ ᠨᠠᠶᠢᠷᠲᠠᠢ ᠲᠠᠢ ᠪᠤᠯᠤᠭᠰᠠᠨ ᠰᠢᠤ᠂ ᠤᠳᠤ ᠪᠤᠳᠤᠪᠠᠯ ᠨᠢᠭᠤᠷ ᠤᠯᠠᠶᠢᠮᠠᠷ ᠶᠤᠮ︾ ᠭᠡᠵᠦ ᠪᠠᠶᠢᠯ᠎ᠠ᠃ ᠮᠠᠨᠤᠰ ᠲᠠᠢ ᠬᠠᠮᠲᠤ ᠶᠠᠪᠤᠭᠰᠠᠨ ᠵᠡᠭᠦᠨ ᠦᠵᠦᠮᠦᠴᠢᠨ ᠬᠤᠰᠢᠭᠤᠨ ᠤ ᠬᠠᠤᠯᠢ ᠴᠠᠭᠠᠵᠠ ᠶᠢᠨ ᠬᠤᠷᠢᠶ᠎ᠠ ᠶᠢᠨ ᠲᠡᠳ᠋ ᠱᠦᠵᠢ ᠤᠶᠤᠨᠴᠡᠴᠡᠭ ᠤᠨ ᠶᠠᠷᠢᠬᠤ ᠪᠠᠷ᠂ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠠᠵᠢᠯ ᠤᠨ ᠲᠠᠯ᠎ᠠ ᠪᠠᠷ ᠮᠠᠨ ᠤ ᠵᠡᠭᠦᠨ ᠦᠵᠦᠮᠦᠴᠢᠨ ᠬᠤᠰᠢᠭᠤ ᠲᠡᠭᠡᠷ᠎ᠡ ᠵᠠᠭᠤᠨ ᠤ ᠶᠡᠷᠡᠭᠡᠳ ᠤᠨ ᠳᠤ ︽ᠲᠠᠯ᠎ᠠ ᠨᠤᠲᠤᠭ ᠤᠨ 110︾ ᠤᠨ ᠠᠵᠢᠯᠯᠠᠬᠤ ᠬᠡᠪ ᠵᠠᠭᠪᠤᠷ ᠢ ᠡᠭᠦᠳᠤᠨ ᠪᠠᠶᠢᠭᠤᠯᠵᠤ ᠡᠯ᠎ᠠ ᠲᠠᠯ᠎ᠠ ᠶᠢᠨ ᠠᠵᠢᠯ ᠲᠡᠭᠡᠷ᠎ᠡ ᠴᠦᠮ ᠢᠯᠡᠳᠳᠡ ᠦᠷ᠎ᠡ ᠪᠦᠲᠦᠮᠵᠢ ᠤᠯᠤᠬᠰᠠᠨ ᠪᠠᠶᠢᠨ᠎ᠠ᠂ ᠤᠳᠤ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠰᠢᠨ᠎ᠡ ᠱᠠᠭᠠᠷᠳᠠᠯᠭ᠎ᠠ᠂ ᠮᠠᠯᠴᠢᠳ ᠤᠨ ᠦᠢᠯᠡᠳᠪᠦᠷᠢᠯᠡᠯ ᠡᠵᠡᠩᠨᠡᠯᠳᠡ ᠶᠢᠨ ᠬᠡᠷᠡᠭᠴᠡᠭᠡ ᠴᠢᠬᠤᠯᠠᠴᠢᠯᠠᠭ᠎ᠠ ᠠᠴᠠ ᠪᠤᠯᠵᠤ ᠰᠢᠨ᠎ᠡ ᠵᠦᠷᠢᠴᠡᠯ ᠵᠢᠭᠤᠷᠠᠭᠠᠨ ᠢᠯᠡᠷᠡᠵᠦ᠂ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠠᠵᠢᠯ ᠳᠤ ᠨᠡᠩ ᠦᠨᠳᠦᠷ ᠱᠠᠭᠠᠷᠳᠠᠯᠭ᠎ᠠ ᠲᠠᠯᠪᠢᠬᠤ ᠪᠤᠯᠪᠠ᠂ ᠡᠶᠢᠨ ᠬᠦ ᠪᠢᠳᠡ ᠪᠦᠬᠦ ᠠᠶᠢᠮᠠᠭ ᠤᠨ ᠨᠡᠶᠢᠭᠡᠮ ᠤᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠵᠦᠪᠯᠡᠯ ᠤᠨ ᠵᠢᠭᠠᠨ ᠵᠢᠯᠤᠭᠤᠳᠤᠯᠭ᠎ᠠ ᠲᠤᠤᠷ᠎ᠠ᠂ ᠲᠤᠷᠰᠢᠯᠳᠠ ᠶᠢᠨ ᠴᠡᠭ ᠤᠨ ᠠᠵᠢᠯ ᠢ ᠴᠠᠭ ᠲᠤᠬᠠᠢ ᠳᠤᠨᠢ ᠰᠠᠶᠢᠳᠤᠷ ᠦᠷᠨᠢᠭᠦᠯᠵᠦ᠂ 2017 ᠤᠨ ᠠᠴᠠ ᠨᠠᠭᠠᠰᠢ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ︽ᠦᠷᠳᠡᠭᠡ︾ ᠶᠢ ᠱᠠᠯᠠᠪᠳᠠᠭᠤᠯᠤᠨ ᠪᠠᠶᠢᠭᠤᠯᠵᠤ᠂ ᠭᠠᠴᠠᠭᠠᠨ ᠤ ᠬᠤᠶᠠᠷ ᠵᠦᠪᠯᠡᠯ ᠤᠨ ᠭᠡᠰᠢᠭᠦᠨ᠂ ᠲᠠᠯ᠎ᠠ ᠨᠤᠲᠤᠭ ᠤᠨ 110 ᠤᠨ ᠬᠤᠯᠪᠤᠭᠠᠯᠠᠨ ᠰᠡᠷᠭᠡᠶᠢᠯᠡᠬᠦ ᠭᠡᠰᠢᠭᠦᠨ᠂ ᠲᠡᠮᠤᠷ ᠵᠠᠮ ᠤᠨ ᠬᠠᠮᠠᠭᠠᠯᠠᠭᠴᠢ᠂ ᠰᠤᠮᠤ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠨ᠂ ᠡᠮᠴᠢᠯᠡᠭᠡᠨ ᠤ ᠲᠠᠰᠤᠭ ᠤᠨ ᠠᠵᠢᠯᠳᠠᠨ᠂ ᠨᠡᠶᠢᠭᠡᠮ ᠤᠨ ᠰᠠᠶᠢᠨ ᠲᠤᠷᠠᠴᠤᠤᠯ ᠵᠡᠷᠭᠡ ᠶᠢ ᠤᠷᠤᠯᠴᠠᠭᠤᠯᠤᠭᠰᠠᠨ ᠨᠡᠩ ᠲᠦᠬᠦᠮ ᠲᠦᠳᠡ ᠦᠷ᠎ᠡ ᠠᠰᠢᠬ ᠲᠠᠢ ᠠᠷᠠᠳ ᠤᠯᠠᠨ ᠳᠤ ᠦᠢᠯᠡᠴᠢᠯᠡᠬᠦ ᠰᠢᠨ᠎ᠡ ᠲᠤᠭᠳᠠᠯᠴᠠᠭ᠎ᠠ ᠶᠢ ᠪᠦᠷᠢᠯᠳᠦᠭᠦᠯᠵᠠᠢ᠃
  ᠶᠠᠭ ᠡᠶᠢᠮᠤ ᠤᠴᠢᠷ ᠠᠴᠠ ᠡᠨᠡ ᠡᠳᠦᠷ ᠬᠠᠳᠠᠪᠴᠢ ᠪᠠᠯᠭᠠᠰᠤᠨ ᠤ ᠬᠠᠤᠯᠢ ᠴᠠᠭᠠᠵᠠ ᠶᠢᠨ ᠠᠵᠢᠯᠳᠠᠳ ᠱᠠᠩᠲᠤ ᠭᠠᠴᠠᠭᠠᠨ ᠤ ᠬᠤᠵᠢᠷᠳᠠᠢ ᠶᠡᠷᠦᠩᠬᠡᠶᠢᠯᠡᠨ ᠵᠠᠰᠠᠬᠤ ︽ᠦᠷᠳᠡᠭᠡ︾ ᠯᠦᠭᠡ ᠬᠤᠯᠪᠤᠭ᠎ᠠ ᠪᠠᠷᠢᠵᠦ᠂ ᠮᠠᠯᠴᠢᠨ ᠡᠷᠳᠡᠨᠢᠮᠦ᠋ᠡᠭᠭᠡ ᠶᠢᠨ ᠪᠠᠶᠢᠳᠠᠯ ᠢ ᠤᠢᠢᠯᠠᠭᠠᠬᠤ ᠶᠢᠨ ᠲᠠᠭᠠᠤ ᠪᠠᠰᠠ ᠬᠠᠪᠢ ᠲᠦᠰᠦᠷ ᠤᠨ ᠮᠠᠯᠴᠢᠨ ᠡᠷᠦᠬᠡ ᠪᠠᠷ ᠬᠦᠷᠴᠤ ᠬᠠᠪᠤᠷ ᠤᠨ ᠤᠯᠠᠷᠢᠯ ᠤᠨ ᠭᠠᠯ ᠲᠦᠢᠮᠡᠷ ᠢ ᠰᠡᠷᠭᠡᠶᠢᠯᠡᠬᠦ᠂ ᠬᠠᠰᠢᠶᠠᠯᠠᠨ ᠮᠠᠯᠵᠢᠵᠤ ᠪᠡᠯᠴᠢᠭᠡᠷ ᠰᠡᠷᠭᠦᠭᠡᠬᠦ ᠲᠤᠬᠠᠢ ᠤᠬᠠᠭᠤᠯᠭ᠎ᠠ ᠶᠢᠨ ᠠᠵᠢᠯ ᠢ ᠦᠷᠨᠢᠭᠦᠯᠬᠦ ᠪᠠᠷ ᠦᠷᠯᠦᠭᠡ ᠡᠷᠳᠡᠯᠡᠨ ᠲᠠᠪᠬᠢᠭᠤᠯᠤᠭᠰᠠᠨ ᠨᠢ ᠡᠨᠡ ᠪᠠᠶᠢᠵᠠᠢ᠃ ᠬᠠᠳᠠᠪᠴᠢ ᠪᠠᠯᠭᠠᠰᠤᠨ ᠤ ᠬᠠᠤᠯᠢ ᠴᠠᠭᠠᠵᠠ ᠶᠢᠨ ᠰᠠᠯᠪᠤᠷᠢ ᠶᠢᠨ ᠠᠵᠢᠯᠳᠠᠨ ᠦᠯᠡᠮᠵᠢ ᠰᠤᠷᠪᠤᠯᠵᠢᠯᠠᠬᠴᠢ ᠳᠤ᠄ ︽ᠶᠡᠷᠦᠩᠬᠡᠶᠢᠯᠡᠨ ᠵᠠᠰᠠᠬᠤ ᠦᠷᠳᠡᠭᠡ ᠶᠢᠨ ᠬᠠᠷᠢᠭᠤᠴᠠᠯᠭᠠᠳᠠᠨ ᠬᠠᠷᠢᠭᠤᠴᠠᠵᠤ ᠪᠠᠶᠢᠭ᠎ᠠ ᠬᠠᠪᠢ ᠵᠡᠷᠭᠡᠯᠡᠳᠡᠭᠡ ᠮᠠᠯᠴᠢᠳ ᠤᠨ ᠬᠡᠷᠡᠭᠰᠡᠬᠦ ᠦᠢᠯᠡᠴᠢᠯᠡᠭᠡ ᠶᠢᠨ ᠮᠡᠳᠡᠭᠡ ᠵᠠᠩᠭᠢ ᠶᠢ ᠬᠤᠷᠢᠶᠠᠵᠤ ᠠᠪᠤᠭᠠᠳ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠳᠤ ᠬᠤᠯᠪᠤᠵᠤ ᠦᠭᠳᠡᠭ᠂ ᠢᠡᠭᠭᠢᠵᠦ ᠬᠢᠬᠦ ᠨᠢ ᠠᠵᠢᠯ ᠤᠨ ᠴᠠᠭ ᠢ ᠪᠤᠭᠤᠨᠢᠰᠬᠠᠵᠤ ᠴᠢᠳᠠᠬᠤ ᠪᠦᠭᠡᠳ ᠦᠷ᠎ᠡ ᠠᠰᠢᠬ ᠨᠢ ᠦᠨᠳᠦᠷ ᠪᠠᠶᠢᠳᠠᠭ᠂ ᠡᠨᠡ ᠡᠳᠦᠷ ᠮᠦᠨ ᠴᠤ ᠠᠳᠠᠯᠢᠬᠠᠨ ᠡ᠂ ᠬᠤᠵᠢᠷᠲᠠᠢ ᠦᠷᠳᠡᠭᠡᠨ ᠤ ᠬᠠᠷᠢᠭᠤᠴᠠᠯᠭᠠᠳᠠᠨ ᠡᠷᠳᠡᠨᠢᠳᠠᠯᠠᠢ ᠡᠮᠦᠨᠡᠭᠡᠨ ᠮᠠᠨᠤᠰ ᠲᠠᠢ ᠬᠠᠷᠢᠯᠴᠠᠵᠤ ᠮᠠᠯᠴᠢᠳ ᠤᠨ ᠬᠠᠪᠤᠷ ᠤᠨ ᠤᠯᠠᠷᠢᠯ ᠤᠨ ᠭᠠᠯ ᠲᠦᠢᠮᠡᠷ ᠢ ᠰᠡᠷᠭᠡᠶᠢᠯᠡᠬᠦ ᠵᠢᠴᠢ ᠬᠠᠰᠢᠶᠠᠯᠠᠨ ᠮᠠᠯᠵᠢᠵᠤ ᠪᠡᠯᠴᠢᠭᠡᠷ ᠰᠡᠷᠭᠦᠭᠡᠬᠦ ᠲᠤᠬᠠᠢ ᠮᠡᠳᠡᠯᠭᠡ ᠮᠡᠷᠭᠡᠵᠢᠯ ᠢ ᠮᠠᠯᠴᠢᠳ ᠲᠤ ᠤᠬᠠᠭᠤᠯᠵᠤ ᠦᠭᠭᠦ ᠶᠢ ᠵᠦᠪᠯᠡᠭᠰᠡᠨ ᠶᠤᠮ︾ ᠭᠡᠯ᠎ᠠ᠃
    ᠵᠡᠭᠦᠨ ᠦᠵᠦᠮᠦᠴᠢᠨ ᠬᠤᠰᠢᠭᠤᠨ ᠤ ᠤᠯᠢᠶᠠᠰᠤᠲᠠᠢ ᠪᠠᠯᠭᠠᠰᠤᠨ ᠤ ᠡᠩᠭᠡᠵᠢᠷᠭᠠᠯᠠᠩ ᠭᠠᠴᠠᠭᠠᠨ ᠤ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠦᠷᠳᠡᠭᠡ ᠶᠢᠨ ᠬᠠᠷᠢᠭᠤᠴᠠᠯᠭᠠᠳᠠᠨ ᠰᠤ · ᠮᠦᠡᠭᠭᠡ ︵ᠵᠡᠭᠦᠨᠳᠡᠬᠢ︶ ᠭᠠᠴᠠᠭᠠᠨ ᠤ ᠪᠠᠨ ᠬᠤᠶᠠᠷ ᠵᠦᠪᠯᠡᠯ ᠤᠨ ᠭᠡᠰᠢᠭᠦᠨ ᠲᠠᠢ ᠪᠠᠨ ᠡᠨᠡ ᠵᠢᠯ ᠤᠨ ᠬᠠᠪᠤᠷ ᠤᠨ ᠤᠯᠠᠷᠢᠯ ᠤᠨ ᠬᠠᠰᠢᠶᠠᠯᠠᠨ ᠮᠠᠯᠵᠢᠬᠤ ᠠᠵᠢᠯ ᠤᠨ ᠲᠣᠬᠠᠢ ᠵᠦᠪᠳᠡᠯᠴᠡᠵᠦ ᠪᠠᠶᠢᠭ᠎ᠠ ᠨᠢ᠃
  ᠵᠡᠭᠦᠨ ᠦᠵᠦᠮᠦᠴᠢᠨ ᠬᠤᠰᠢᠭᠤ ᠤᠢᠢᠷ᠎ᠠ ᠶᠢᠨ ᠬᠤᠶᠠᠷ ᠵᠢᠯ ᠳᠤ 9 ᠰᠤᠮᠤ ᠪᠠᠯᠭᠠᠰᠤᠨ ᠤ ᠤᠳᠤ ᠶᠢᠨ ᠪᠠᠶᠢᠭ᠎ᠠ ᠶᠡᠷᠦᠩᠬᠡᠶᠢᠯᠡᠨ ᠵᠠᠰᠠᠬᠤ ᠤᠢᠢᠯᠡᠴᠢᠯᠡᠭᠡᠨ ᠤ ᠲᠦᠪ ᠤᠨ ᠡᠬᠢ ᠪᠠᠶᠠᠯᠢᠭ ᠢᠶᠠᠨ ᠨᠡᠶᠢᠳᠭᠡᠵᠦ᠂ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠦᠷᠳᠡᠭᠡ ᠶᠢᠨ ᠠᠵᠢᠯ ᠤᠨ ᠲᠤᠬᠠᠢ ᠨᠠᠷᠢᠨ ᠲᠤᠳᠤᠷᠬᠠᠢ ᠲᠦᠷᠢᠮ ᠲᠤᠭᠳᠠᠭᠠᠯ ᠭᠠᠷᠭᠠᠨ᠂ ᠲᠤᠰᠬᠠᠢ ᠦᠢᠯᠡᠴᠢᠯᠡᠭᠡᠨ ᠤ ᠮᠠᠰᠢᠨ ᠲᠡᠷᠭᠡ ᠪᠠᠷ ᠦᠷᠳᠡᠭᠡᠨ ᠤ ᠬᠤᠭᠤᠷᠤᠨᠳᠠᠬᠢ ᠦᠢᠯᠡᠴᠢᠯᠡᠭᠡ ᠶᠢ ᠬᠤᠯᠪᠤᠵᠤ᠂ ᠦᠷᠭᠡᠨ ᠤᠯᠠᠨ ᠦᠨᠳᠦᠰᠦᠨ ᠱᠠᠲᠤᠨ ᠤ ᠠᠷᠠᠳ ᠲᠦᠮᠡᠨ ᠳᠤ ᠨᠡᠩ ᠪᠦᠲᠦᠮᠵᠢᠲᠡᠢ ᠦᠢᠯᠡᠴᠢᠯᠡᠬᠦ ᠪᠤᠯᠪᠠ᠃ ᠤᠳᠤ ᠨᠡᠶᠢᠭᠡᠮ ᠤᠨ ᠠᠮᠤᠷ ᠲᠦᠪᠰᠢᠨ ᠤ ᠶᠡᠷᠦᠩᠬᠡᠶᠢᠯᠡᠨ ᠵᠠᠰᠠᠬᠤ ᠦᠷᠳᠡᠭᠡ ᠪᠦᠷᠢ ᠨᠢ 20 ᠠᠴᠠ 30 ᠮᠠᠯᠴᠢᠨ ᠡᠷᠦᠬᠡ ᠶᠢ ᠬᠤᠯᠪᠤᠵᠤ᠂ ᠪᠦᠬᠦ ᠬᠤᠰᠢᠭᠤᠨ ᠳᠤ ᠨᠡᠶᠢᠳᠡ 200 ᠶᠡᠷᠦᠩᠬᠡᠶᠢᠯᠡᠨ ᠵᠠᠰᠠᠬᠤ ᠦᠷᠳᠡᠭᠡ ᠪᠠᠶᠢᠭᠤᠯᠤᠨ᠂ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠨᠢ ᠪᠦᠬᠦ ᠬᠤᠰᠢᠭᠤᠨ ᠤ 9300 ᠭᠠᠷᠤᠢ ᠮᠡᠯᠴᠢᠨ ᠡᠷᠦᠬᠡ ᠶᠢ ᠬᠠᠮᠤᠷᠴᠠᠢ᠃ ᠤᠯᠢᠶᠠᠰᠤᠲᠠᠢ ᠪᠠᠯᠭᠠᠰᠤᠨ ᠤ ᠡᠩᠭᠡᠵᠢᠷᠭᠠᠯᠠᠩ ᠭᠠᠴᠠᠭᠠᠨ ᠤ ᠮᠠᠯᠴᠢᠨ ᠰᠤ · ᠮᠦᠡᠭᠭᠡ ᠶᠢᠨ ᠬᠢ ᠪᠤᠯ ︽ᠨᠠᠮ ᠤᠨ ᠬᠡᠰᠢᠭᠦᠨ ᠤ ᠭᠤᠤᠯᠳᠠᠯᠭᠠᠳᠤ ᠡᠷᠦᠬᠡ︾ ᠪᠦᠭᠡᠳ ᠲᠤᠰ ᠭᠠᠴᠠᠭᠠᠨ ᠤ ᠪᠠᠨ ᠶᠡᠷᠦᠩᠬᠡᠶᠢᠯᠡᠨ ᠵᠠᠰᠠᠬᠤ ᠦᠷᠳᠡᠭᠡ ᠶᠢᠨ ᠬᠠᠷᠢᠭᠤᠴᠠᠯᠭᠠᠳᠠᠨ ᠶᠤᠮ᠃ ᠠᠶᠢᠮᠠᠭ ᠤᠨ ᠲᠡᠰ ᠤᠨ ᠰᠢᠯᠢᠳᠡᠭ ︽ᠨᠠᠮ ᠤᠨ ᠭᠡᠰᠢᠭᠦᠨ ᠤ ᠭᠤᠤᠯᠳᠠᠯᠭᠠᠳᠤ ᠡᠷᠦᠬᠡ︾ ᠪᠤᠯᠤᠭᠰᠠᠨ ᠲᠡᠳᠡᠨ ᠤ ᠬᠢᠨ ᠭᠠᠴᠠᠭᠠᠨ ᠤ ᠪᠠᠨ ᠡᠯ᠎ᠠ ᠲᠠᠯ᠎ᠠ ᠶᠢᠨ ᠠᠵᠢᠯ ᠳᠤ ᠬᠡᠨ ᠠᠴᠠ ᠴᠤ ᠲᠦᠷᠦᠬᠦᠨ ᠳᠤ ᠢᠳᠡᠪᠬᠢᠯᠡᠨ ᠰᠢᠭᠤᠷᠬᠠᠢᠢᠯᠠᠵᠤ᠂ ᠮᠠᠯᠵᠢᠬᠤ ᠦᠢᠯᠡᠳᠪᠦᠷᠢᠯᠡᠯ ᠠᠴᠠ ᠠᠷᠠᠳ ᠤᠨ ᠬᠤᠭᠤᠷᠤᠨᠳᠠᠬᠢ ᠠᠳᠠᠯ ᠶᠠᠪᠤᠳᠠᠯ ᠤᠨ ᠠᠵᠢᠯ ᠤᠳ ᠢ ᠴᠦ ᠰᠠᠶᠢᠳᠤᠷ ᠵᠤᠬᠢᠴᠠᠭᠤᠯᠤᠨ ᠬᠢᠭᠰᠡᠭᠡᠷ ᠢᠷᠡᠵᠠᠢ᠃ ᠲᠡᠭᠦᠨ ᠤ ᠦᠷᠳᠡᠭᠡ ᠶᠢᠨ ᠴᠢᠳᠠᠪᠬᠢ ᠨᠢ ᠡᠷᠬᠢᠨ ᠲᠤᠭᠤᠷᠢᠨ ᠤ 37 ᠡᠷᠦᠬᠡ ᠶᠢ ᠬᠠᠮᠤᠷᠴᠤ ᠪᠠᠶᠢᠳᠠᠭ᠃ 4 ᠰᠠᠷ᠎ᠠ ᠶᠢᠨ 18 ᠤ ᠡᠳᠦᠷ ᠪᠢᠳᠡ ᠲᠡᠳᠡᠨ ᠤ ᠬᠢᠨ ᠢᠶᠠᠷ ᠬᠦᠷᠬᠦ ᠳᠤ᠂ ᠮᠠᠯᠴᠢᠨ ᠰᠤ · ᠮᠦᠡᠭᠭᠡ ᠶᠠᠭ ᠰᠠᠶ᠋ᠢᠬᠠᠨ ᠭᠠᠴᠠᠭᠠᠨ ᠤ ᠤᠳᠤᠷᠢᠳᠤᠯᠭ᠎ᠠ ᠲᠠᠢ ᠪᠠᠨ ᠡᠨᠡ ᠵᠢᠯ ᠤᠨ ᠬᠠᠪᠤᠷ ᠤᠨ ᠤᠯᠠᠷᠢᠯ ᠤᠨ ᠮᠠᠯᠴᠢᠳ ᠤᠨ ᠰᠤᠷᠤᠯᠴᠠᠯᠭ᠎ᠠ ᠶᠢᠨ ᠠᠵᠢᠯ ᠤᠨ ᠲᠦᠯᠦᠪᠯᠡᠭᠡ ᠪᠠᠨ ᠵᠦᠪᠳᠡᠯᠴᠡᠨ ᠲᠤᠬᠢᠷᠠᠭᠤᠯᠵᠤ ᠪᠠᠶᠢᠯ᠎ᠠ᠃ ᠲᠡᠭᠦᠨ ᠤ ᠲᠡᠮᠳᠡᠭᠯᠡᠯ ᠤᠨ ᠲᠡᠪᠳᠡᠷ ᠲᠡᠭᠡᠷ᠎ᠡ ︽︿ᠵᠢᠯ ᠤᠨ ᠠᠵᠢᠯ ᠬᠠᠪᠤᠷ ᠲᠠᠭᠠᠨ﹀ ᠭᠡᠳᠡᠭ ᠢᠶᠠᠷ ᠤᠯᠠᠷᠢᠯ ᠪᠤᠯᠭᠠᠨ ᠵᠠᠪᠠᠯ ᠨᠠᠷᠢᠨ ᠲᠦᠯᠦᠪᠯᠡᠭᠡ ᠲᠤᠭᠳᠠᠭᠰᠠᠨ ᠪᠠᠶᠢᠬᠤ ᠬᠡᠷᠡᠭᠲᠡᠢ᠂ ᠲᠦᠷᠪᠡᠳᠦᠭᠡᠷ ᠰᠠᠷ᠎ᠠ ᠳᠤ ᠭᠠᠴᠠᠭᠠᠨ ᠤ ᠪᠠᠨ 37 ᠡᠷᠦᠬᠡ ᠶᠢᠨ ᠠᠵᠢᠯ ᠤᠨ ᠰᠤᠯᠠ ᠰᠡᠯᠡᠭᠦᠦ ᠴᠠᠭ ᠢ ᠠᠮᠵᠢᠨ ᠲᠤᠰᠬᠠᠢᠢᠯᠠᠨ ᠨᠢᠭᠡ ᠡᠳᠦᠷ ᠰᠤᠩᠭᠤᠭᠠᠳ ᠬᠤᠰᠢᠭᠤ ᠪᠤᠶᠤ ᠪᠠᠯᠭᠠᠰᠤᠨ ᠤ ᠮᠠᠯ ᠠᠵᠤ ᠠᠬᠤᠢ ᠶᠢᠨ ᠲᠤᠪᠴᠢᠶ᠎ᠠ᠂ ᠬᠠᠤᠯᠢ ᠴᠠᠭᠠᠵᠠ ᠶᠢᠨ ᠲᠤᠪᠴᠢᠶ᠎ᠠ᠂ ᠬᠢᠵᠢᠭ ᠢ ᠰᠡᠷᠭᠡᠶᠢᠯᠡᠬᠦ ᠭᠠᠵᠠᠷ ᠤᠨ ᠬᠢᠨ ᠲᠠᠢ ᠬᠠᠷᠢᠯᠴᠠᠨ᠂ ᠮᠡᠯ ᠤᠨ ᠡᠭᠦᠯᠳᠡᠷ ᠰᠠᠶᠢᠵᠢᠷᠠᠭᠤᠯᠬᠤ᠂ ᠰᠦᠷᠦᠭ ᠤᠨ ᠪᠦᠲᠦᠴᠡ ᠳᠡᠭᠡᠨ ᠲᠤᠬᠢᠷᠠᠭᠤᠯᠤᠯᠳᠠ ᠬᠢᠬᠦ᠂ ᠭᠠᠯ ᠲᠦᠢᠮᠡᠷ ᠢ ᠰᠡᠷᠭᠡᠶᠢᠯᠡᠬᠦ᠂ ᠬᠠᠪᠤᠷ ᠤᠨ ᠤᠯᠠᠷᠢᠯ ᠤᠨ ᠮᠠᠯ ᠰᠦᠷᠦᠭ ᠤᠨ ᠭᠡᠮ ᠬᠢᠵᠢᠭ ᠢ ᠰᠡᠷᠭᠡᠶᠢᠯᠡᠬᠦ᠂ ᠢᠷᠭᠡᠨ ᠤ ᠬᠤᠭᠤᠷᠤᠨᠳᠠᠬᠢ ᠭᠡᠷ᠎ᠡ ᠶᠢᠨ ᠬᠠᠤᠯᠢ ᠵᠡᠷᠭᠡ ᠳᠤ ᠬᠤᠯᠪᠤᠭᠳᠠᠬᠤ ᠨᠠᠷᠢᠨ ᠵᠦᠢᠯᠡᠰ ᠤᠨ ᠲᠤᠬᠠᠢ ᠤᠯᠠᠨ ᠲᠦᠮᠡᠨ ᠳᠡᠭᠡᠨ ᠠᠰᠢᠬᠲᠠᠢ ᠤᠬᠠᠭᠤᠯᠭ᠎ᠠ ᠰᠤᠷᠤᠯᠴᠠᠯᠭ᠎ᠠ ᠶᠢᠨ ᠠᠵᠢᠯᠯᠠᠭ᠎ᠠ ᠶᠢ ᠱᠠᠯᠠᠪᠳᠠᠭᠤᠯᠤᠨ ᠦᠷᠨᠢᠭᠦᠯᠬᠦ ᠴᠢᠬᠤᠯᠠᠲᠠᠢ᠂ ᠨᠠᠷᠢᠨ ᠵᠦᠢᠯᠡᠰ ᠪᠤᠯᠤᠨ ᠨᠦᠬᠦᠪᠦᠷᠢᠯᠡᠬᠦ ᠴᠢᠬᠤᠯᠠᠲᠠᠢ ᠵᠦᠢᠯ ᠵᠤᠷᠪᠤᠰ ᠢ ᠭᠠᠴᠠᠭᠠᠨ ᠤ ᠬᠤᠶᠠᠷ ᠵᠦᠪᠯᠡᠯ ᠤᠨ ᠭᠡᠰᠢᠭᠦᠳ ᠪᠤᠯᠤᠨ ᠮᠠᠯᠴᠢᠳ ᠤᠨ ᠲᠦᠯᠦᠭᠡᠯᠡᠭᠴᠢ ᠲᠠᠢ ᠵᠦᠪᠳᠡᠯᠴᠡᠨ ᠲᠤᠭᠳᠠᠭᠠᠳ ᠲᠡᠭᠡᠷ᠎ᠡ ᠱᠠᠲᠤᠨ ᠳᠤ ᠮᠡᠳᠡᠭᠦᠯᠦᠨ᠎ᠡ︾ ᠭᠡᠬᠦ ᠵᠡᠷᠭᠡ ᠶᠢ ᠲᠡᠮᠳᠡᠭᠯᠡᠵᠦ ᠪᠠᠶᠢᠪᠠ᠃
  ᠵᠡᠭᠦᠨ ᠦᠵᠦᠮᠦᠴᠢᠨ ᠬᠤᠰᠢᠭᠤ ᠠᠷᠠᠳ ᠤᠯᠠᠨ ᠳᠤ ᠦᠨᠡᠨ ᠬᠦ ᠦᠢᠯᠡᠴᠢᠯᠡᠵᠦ᠂ ᠲᠠᠷᠠᠬᠠᠢ ᠪᠤᠲᠠᠷᠬᠠᠢ ᠰᠠᠭᠤᠷᠢᠰᠢᠬᠰᠠᠨ ᠮᠠᠯᠴᠢᠨ ᠲᠦᠮᠡᠨ ᠳᠡᠭᠡᠨ ᠨᠡᠩ ᠲᠦᠬᠦᠮ ᠲᠦᠳᠡ ᠦᠢᠯᠡᠴᠢᠯᠡᠭᠡ ᠬᠠᠨᠭ᠍ᠭᠠᠬᠤ ᠶᠢᠨ ᠲᠦᠯᠦᠭᠡ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ ᠠᠮᠤᠷ ᠲᠦᠪᠰᠢᠨ ᠢ ᠶᠡᠷᠦᠩᠬᠡᠶᠢᠯᠡᠨ ᠵᠠᠰᠠᠬᠤ ᠦᠷᠳᠡᠭᠡ ᠨᠢ ᠬᠤᠷ᠎ᠠ ᠶᠢᠨ ᠲᠠᠷᠠᠭᠠᠬᠢ ᠬᠤᠯᠤᠰᠤᠨ ᠰᠦᠶ᠎ᠡ ᠮᠡᠲᠤ ᠰᠢᠯᠢ ᠶᠢᠨ ᠭᠤᠤᠯ ᠤᠨ ᠠᠭᠤᠳᠠᠮ ᠨᠤᠲᠤᠭ ᠲᠤ ᠲᠠᠷᠬᠠᠨ ᠲᠡᠯᠭᠡᠷᠡᠭᠡᠳ ᠰᠢᠨ᠎ᠡ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠭᠰᠠᠨ ᠬᠦᠭᠵᠢᠯ ᠪᠠᠲᠠᠷᠠᠯ ᠤᠨ ᠵᠢᠷᠤᠭ ᠢ ᠵᠢᠷᠤᠭᠯᠠᠵᠤ ᠪᠠᠶᠢᠨ᠎ᠠ᠃ 

ᠣᠷᠴᠢᠭᠤᠯᠤᠭᠴᠢ᠄
ᠨᠠᠶᠢᠷᠠᠭᠤᠯᠤᠭᠴᠢ᠄ ᠠᠷᠢᠭᠤᠨ᠎ᠠ



  
     
     