
ᠬᠤᠳᠠ︾ 2019 ᠤᠨ ᠤ 8 ᠰᠠᠷ᠎ᠠ ᠶᠢᠨ 23 ᠤ ᠡᠳᠦᠷ ᠪᠦᠬᠦ ᠤᠯᠤᠰ ᠤᠨ ᠦᠵᠡᠭᠴᠢᠳ ᠲᠠᠢ ᠵᠤᠯᠭᠠᠭᠰᠠᠨ ᠶᠤᠮ᠃
ᠲᠡᠦᠭᠡ ᠶᠢᠨ ᠤᠷᠳᠤ ᠤᠳᠠᠭᠠᠨ ᠠᠶᠠᠨ ᠳᠤ ᠤᠯᠤᠰ ᠤᠷᠤᠨ ᠤ ᠨᠤᠳᠤᠭ ᠲᠡᠪᠢᠰᠭᠡᠷ ᠤᠨ ᠪᠦᠷᠢᠨ ᠪᠦᠳᠦᠨ᠂ ᠬᠢᠯᠢ ᠬᠢᠵᠠᠭᠠᠷ ᠤᠨ ᠠᠮᠤᠷ ᠲᠤᠭᠳᠠᠭᠤᠨ ᠤ ᠲᠦᠯᠦᠭᠡ ᠡᠸᠠᠩᠬᠢ ᠦᠨᠳᠦᠰᠦᠳᠡᠨ ᠤ ᠠᠷᠠᠳ ᠲᠦᠮᠡᠨ ᠯᠤᠳᠤ ᠶᠡᠭᠡ ᠦᠷᠡᠭᠳᠡᠯ ᠰᠦᠢᠳᠦᠯ ᠭᠠᠷᠭᠠᠵᠠᠢ᠃ ︽ᠬᠥᠯᠥᠨ ᠪᠤᠶᠢᠷ ᠬᠤᠲᠠ︾ ᠨᠢ ᠡᠸᠠᠩᠬᠢ ᠦᠨᠳᠦᠰᠦᠳᠡᠨ ᠤ ᠲᠡᠦᠭᠡᠨ ᠳᠠᠬᠢ ︽ᠬᠡᠤᠭᠡᠳ ᠠᠪᠬᠤ︾ ᠬᠡᠳᠡᠭ ᠦᠨᠡᠨ ᠪᠤᠳᠠᠳᠠᠢ ᠲᠡᠮᠳᠡᠭᠯᠡᠯ ᠢᠶᠠᠷ ᠡᠰᠢᠯᠡᠵᠦ᠂ ᠡᠸᠠᠩᠬᠢ ᠦᠨᠳᠦᠰᠦᠳᠡᠨ ᠤ ᠬᠢᠯᠢ ᠶᠢᠨ ᠬᠠᠮᠠᠭᠠᠯᠠᠯᠳᠠ ᠶᠢᠨ ᠰᠤᠶᠤᠯ ᠢ ᠮᠦᠩᠬᠦᠨ ᠬᠦᠰᠢᠭᠡᠨ ᠳᠤ ᠠᠩᠬ᠎ᠠ ᠢᠯᠡᠷᠡᠬᠦᠯᠪᠡ᠃
ᠴᠢᠩ ᠤᠯᠤᠰ ᠤᠨ ᠰᠠᠭᠦᠯᠴᠢ ᠪᠠᠷ ᠰᠤᠯᠤᠨ ᠡᠸᠡᠩᠬᠢᠴᠤᠳ ᠬᠥᠯᠥᠨ ᠪᠤᠶᠢᠷ ᠬᠤᠲᠠ ᠶᠢ ᠰᠠᠬᠢᠨ ᠬᠠᠮᠠᠭᠠᠯᠠᠵᠤ ᠪᠠᠶᠢᠢᠪᠠ᠃ ᠬᠢᠯᠢ ᠬᠢᠵᠠᠭᠠᠷ ᠤᠷᠤᠨ ᠢ ᠲᠦᠪᠰᠢᠳᠭᠡᠬᠦ ᠶᠢᠨ ᠲᠦᠯᠦᠭᠡ᠂ ᠵᠠᠯᠠᠭᠤᠴᠤᠳ ᠨᠢ ᠵᠢᠯ ᠳᠠᠷᠠᠭᠠᠯᠠᠨ ᠳᠠᠶᠢᠨ ᠳᠤ ᠮᠤᠷᠳᠠᠵᠤ᠂ ᠵᠥᠪᠬᠡᠨ ᠬᠡᠤᠬᠡᠳ ᠨᠠᠰᠤᠲᠠᠳ ᠡᠮᠡᠭᠲᠡᠶᠢᠴᠦᠳ ᠨᠤᠳᠤᠭ ᠲᠠᠭᠠᠨ ᠦᠯᠡᠳᠡᠨ ᠬᠤᠴᠤᠷᠤᠬᠰᠠᠨ ᠠᠴᠠ ᠦᠨᠳᠦᠰᠦ ᠤᠬᠰᠠᠭ᠎ᠠ ᠲᠠᠰᠤᠷᠠᠬᠤ ᠠᠶᠤᠯ ᠲᠠᠢ ᠪᠤᠯᠵᠠᠢ᠃ ᠺᠢᠨᠣ᠋ ᠳᠤ ᠵᠠᠩᠵᠤᠨ ᠤ ᠪᠡᠯᠪᠡᠰᠦᠨ ᠬᠠᠳᠤᠨ ᠨᠠᠳᠠᠨ ᠳᠠᠷᠤᠭ᠎ᠠ ᠪᠠᠶᠢᠯᠳᠤᠭᠴᠢᠳ ᠤᠨ ᠭᠡᠷ ᠪᠦᠯᠢ ᠶᠢᠨ ᠬᠢᠨ ᠢ ᠳᠠᠭᠠᠭᠤᠯᠤᠨ᠂ ᠪᠡᠷᠬᠡ ᠬᠠᠲᠠᠭᠤᠵᠢᠯᠲᠠᠶ ᠠᠯᠤᠰ ᠤᠨ ᠠᠶᠠᠨ ᠵᠠᠮ ᠢ ᠲᠤᠭᠤᠯᠵᠤ ᠳᠠᠶᠢᠢᠨ ᠤ ᠡᠮᠦᠨ᠎ᠡ ᠹᠷᠣᠨᠲ ᠲᠤ ᠬᠦᠷᠴᠦ ︽ᠬᠡᠤᠬᠡᠳ ᠠᠪᠤᠬᠰᠠᠨ︾ ᠰᠡᠳᠬᠢᠯ ᠬᠦᠳᠡᠯᠭᠡᠮ᠎ᠡ ᠦᠯᠢᠭᠡᠷ ᠤᠴᠢᠷ ᠢ ᠲᠡᠯᠭᠡᠨ ᠦᠵᠡᠭᠦᠯᠬᠦ ᠪᠠᠷ ᠲᠠᠮᠵᠢᠭᠤᠯᠵᠤ᠂ ᠬᠦᠯᠦᠨ ᠪᠤᠶᠢᠢᠷ ᠤᠨ ᠢᠷᠡᠯ᠂ ᠡᠸᠠᠩᠬᠢ ᠦᠨᠳᠦᠰᠦᠳᠡᠨ ᠤ ᠪᠠᠭᠠᠳᠤᠷᠯᠢᠭ ᠦᠢᠯᠡ᠂ ᠠᠮᠢ ᠨᠠᠰᠤᠨ ᠤ ᠲᠤᠬᠠᠢ ᠬᠦᠨᠳᠦᠳᠭᠡᠯ᠂ ᠤᠯᠤᠰ ᠢᠶᠠᠨ ᠬᠠᠶᠢᠢᠷᠠᠯᠠᠬᠤ ᠦᠵᠡᠯ ᠢ ᠢᠯᠡᠷᠡᠬᠦᠯᠵᠦ᠂ ᠤᠨᠴᠠᠭᠠᠶᠢᠢᠯᠠᠨ ᠡᠮᠡᠭᠳᠡᠶᠢᠢᠴᠤᠳ ᠤᠨ ᠬᠠᠷᠠᠭᠠᠰᠤ ᠠᠴᠠ ᠲᠠᠶᠢᠢᠨ ᠲᠠᠵᠢᠨ ᠤ ᠭᠠᠰᠢᠭᠤᠨ ᠵᠤᠪᠠᠯᠠᠩ ᠢ ᠲᠤᠰᠬᠠᠨ᠂ ᠡᠮᠡᠭᠳᠡᠶᠢᠢᠴᠦᠳ ᠤᠨ ᠠᠭᠤᠤ ᠶᠡᠭᠡ ᠶᠢ ᠠᠮᠢᠳᠤᠯᠢᠭ ᠢᠯᠡᠷᠡᠬᠦᠯᠪᠡ᠃
8 ᠰᠠᠷ᠎ᠠ ᠶᠢᠨ 16 ᠤ ᠡᠳᠦᠷ᠂ ︽ᠬᠦᠯᠦᠨ ᠪᠤᠶᠢᠢᠷ ᠬᠤᠳᠠ︾ ᠶᠢᠨ ᠨᠡᠭᠡᠭᠡᠯᠲᠡ ᠶᠢᠨ ᠶᠤᠰᠤᠯᠠᠯ ᠬᠠᠶᠢᠢᠯᠠᠷ ᠲᠤᠭᠤᠷᠢᠭ ᠲᠤ ᠶᠠᠪᠤᠬᠳᠠᠵᠤ᠂ ᠤᠳᠤᠷᠢᠳᠤᠭᠠᠴᠢ ᠲᠦᠮᠡᠨ᠂ ᠭᠤᠤᠯ ᠲᠤᠬᠯᠠᠬᠴᠢ ᠨᠠᠷ ᠵᠢᠴᠢ ᠦᠵᠡᠭᠴᠢᠳ ᠲᠠᠢ ᠵᠤᠯᠭᠠᠵᠤ᠂ ᠲᠦᠮᠡᠨ ᠠᠴᠠ ᠵᠣᠬᠢᠶᠠᠨ ᠪᠦᠲᠦᠭᠡᠯᠭᠡ ᠶᠢᠨ ᠤᠭ ᠰᠠᠨᠠᠭ᠎ᠠ᠂ ᠤᠳᠤᠷᠢᠳᠤᠭᠠᠴᠢ ᠪᠤᠯᠤᠬᠰᠠᠨ ᠶᠠᠪᠤᠴᠠ᠂ ᠲᠦᠷᠢ ᠰᠤᠩᠭᠤᠬᠰᠠᠨ ᠦᠩᠭᠡᠷᠡᠯᠲᠡ ᠵᠡᠷᠭᠡ ᠪᠠᠨ ᠤᠯᠠᠨ ᠲᠠᠢ ᠬᠤᠪᠢᠶᠠᠯᠴᠠᠬᠰᠠᠨ ᠪᠠᠶᠢᠢᠨ᠎ᠠ᠃
ᠶᠠᠭᠤᠨ ᠳᠤ ᠤᠳᠤᠷᠢᠳᠤᠭᠠᠴᠢ ᠪᠤᠯᠵᠤ᠂ ᠲᠤᠰ ᠰᠡᠳᠦᠪ ᠢᠶᠠᠷ ᠠᠩᠬᠠᠨ ᠤ ᠪᠦᠲᠦᠭᠡᠯ ᠢᠶᠠᠨ ᠦᠢᠯᠡᠳᠦᠭᠰᠡᠨ ᠲᠤᠬᠠᠢ ᠪᠠᠨ ᠲᠦᠮᠡᠨ᠄ ︽ᠡᠩ ᠲᠡᠷᠢᠭᠦᠨ ᠳᠤ ᠵᠦᠴᠦᠭᠡ ᠶᠢᠨ ᠲᠡᠪᠳᠡᠷ ᠰᠢᠯᠢᠳᠡᠭ᠂ ᠲᠠᠬᠢᠪᠠᠯ᠂ ᠪᠢ ᠲᠠᠯ᠎ᠠ ᠨᠤᠳᠤᠭ ᠢᠶᠠᠨ ᠰᠡᠳᠬᠢᠯ ᠤᠨ ᠬᠦᠨ ᠠᠴᠠ ᠪᠠᠨ ᠪᠠᠭ᠋ᠠᠳᠤᠨ ᠬᠠᠶᠢᠢᠷᠠᠯᠠᠳᠠᠬ᠂ ᠡᠬᠡ ᠤᠯᠤᠰ ᠪᠠ ᠦᠨᠳᠦᠰᠦᠲᠡᠨ ᠳᠡᠭᠡᠨ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ᠂ ᠥᠪᠡᠷ ᠤᠨ ᠣᠮᠣᠭᠰᠢᠯ ᠪᠣᠯᠤᠭᠰᠠᠨ ᠦᠨᠳᠦᠰᠦᠲᠡᠨ ᠤ ᠰᠣᠶᠣᠯ ᠪᠠ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠪᠠᠳᠠᠷᠠᠭᠤᠯᠬᠤ ᠶᠢᠨ ᠲᠥᠯᠥᠭᠡ᠂ ︿ᠪᠠᠶᠢᠢᠯᠳᠤᠬᠴᠢ ᠦᠨᠳᠦᠰᠦᠲᠡᠨ﹀ ᠬᠡᠮᠡᠭᠳᠡᠭᠰᠡᠨ ᠡᠸᠡᠩᠬᠢᠴᠤᠳ ᠤᠨ ᠡᠮᠦᠨ᠎ᠡ ᠠᠴᠠ ᠮᠠᠰᠢ ᠤᠯᠠᠨ ᠬᠡᠯᠡᠬᠦ ᠬᠡᠰᠡᠨ ᠦᠭᠡ ᠪᠠᠨ ᠬᠡᠯᠡᠬᠦ ᠵᠤᠷᠢᠯᠭ᠎ᠠ ᠪᠠᠷ ᠲᠤᠰ ᠰᠡᠳᠦᠪ ᠢ ᠰᠤᠩᠭᠤᠭᠰᠠᠨ ᠶᠤᠮ᠃ ᠮᠠᠨ ᠤ ᠤᠯᠤᠰ ᠤᠨ ᠢᠮᠠᠬᠤ ᠶᠢᠨ ᠲᠡᠳᠦᠶ ᠭᠠᠵᠠᠷ ᠰᠢᠷᠣᠶ ᠶᠢ ᠴᠤ ᠲᠠᠷᠬᠠᠨ ᠪᠠᠶᠢᠢᠯᠳᠤᠭᠴᠢᠳ ᠠᠷᠢᠭᠤᠨ ᠠᠮᠢ ᠪᠠ ᠬᠠᠯᠠᠭᠤᠨ ᠴᠢᠰᠦ ᠪᠠᠷ ᠢᠶᠠᠨ ᠬᠠᠮᠠᠭᠠᠯᠠᠵᠤ ᠢᠷᠡᠭᠰᠡᠨ ᠭᠡᠳᠡᠭ ᠢ ᠪᠢᠳᠡ ᠨᠠᠩ ᠣᠯᠠᠨ ᠬᠥᠮᠦᠨ ᠳᠤ ᠮᠡᠳᠡᠭᠦᠯᠬᠦ ᠡᠭᠦᠷᠭᠡ ᠲᠠᠢ︾ ᠬᠡᠵᠦ ᠰᠢᠭᠤᠷᠬᠠᠢ ᠶᠠᠷᠢᠵᠤ ᠪᠠᠶᠢᠢᠯ᠎ᠠ᠃
ᠺᠢᠨᠣ᠋ ᠳᠤ ᠮᠤᠩᠭᠤᠯ ᠦᠨᠳᠦᠰᠦᠳᠡᠨ ᠤ ᠨᠡᠷᠡᠳᠦ ᠲᠤᠭᠯᠠᠭᠴᠢ ᠰᠠᠷᠠᠩᠭᠤᠸ᠎ᠠ ᠭᠤᠤᠯ ᠲᠦᠷᠢ ᠶᠢ ᠲᠤᠭᠯᠠᠵᠦ᠂ ᠠᠷᠳᠠᠨᠠ᠂ ᠠᠷᠢᠭᠤᠨ᠂ ᠠᠯᠢᠮ᠎ᠠ᠂ ᠴᠤᠯᠮᠤᠨ ᠵᠡᠷᠭᠡ ᠲᠤᠭᠯᠠᠭᠴᠢᠳ ᠤᠷᠤᠯᠴᠠᠭᠰᠠᠨ ᠪᠠᠶᠢᠢᠳᠠᠬ᠃ ᠡᠨᠡ ᠪᠤᠯ ᠨᠡᠷᠡᠳᠦ ᠲᠤᠭᠯᠠᠭᠴᠢ ᠰᠠᠷᠠᠩᠭᠤ᠋ ᠤᠠ᠋ ᠺᠢᠨᠣ᠋ ᠶᠢᠨ ᠲᠠᠪᠴᠠᠩ ᠠᠴᠠ ᠠᠶᠠᠷᠯᠠᠨ ᠰᠠᠯᠵᠤ᠂ ᠬᠤᠷᠢᠭᠠᠳ ᠵᠢᠯ ᠤᠨ ᠲᠠᠷᠠᠭ᠎ᠠ ᠲᠠᠬᠢᠨ ᠺᠢᠨᠣ᠋ ᠶᠢᠨ ᠲᠠᠪᠴᠠᠩ ᠳᠤ ᠭᠠᠷᠤᠭᠰᠠᠨ ᠠᠩᠬᠠᠨ ᠤ ᠪᠦᠲᠦᠭᠡᠯ ᠪᠤᠯᠤᠨ᠎ᠠ᠃ ᠶᠠᠭᠤᠨ ᠳᠤ ᠰᠠᠷᠠᠩᠭᠤ᠋ ᠤᠠ᠋ ᠶᠢ ᠤᠷᠢᠵᠤ ᠭᠤᠤᠯ ᠲᠦᠷᠢ ᠶᠢ ᠲᠤᠭᠯᠠᠭᠤᠯᠤᠭᠰᠠᠨ ᠲᠤᠬᠠᠢ ᠲᠦᠮᠡᠨ᠄ ︽ᠬᠠᠭᠠᠨ ᠠᠴᠠ ᠡᠷᠭᠦᠮᠵᠢᠯᠡᠭᠰᠡᠨ ᠭᠤᠷᠪᠠᠳᠤᠭᠠᠷ ᠲᠡᠰ ᠤᠨ ᠬᠠᠳᠤᠨ ᠤ ᠲᠦᠷᠢ ᠶᠢ ᠲᠤᠬᠯᠠᠬᠤ ᠳᠤ ᠲᠦᠷᠢ ᠨᠠᠮᠪᠠ᠂ ᠲᠤᠭᠯᠠᠯᠳᠠ ᠶᠢᠨ ᠮᠡᠷᠭᠡᠵᠢᠯ ᠲᠤᠷᠰᠢᠯᠭ᠎ᠠ ᠵᠡᠷᠭᠡ ᠡᠯ᠎ᠡ ᠲᠠᠯ᠎ᠠ ᠶᠢᠨ ᠬᠦᠨᠲᠤ ᠶᠢᠨ ᠵᠢᠩ ᠢ ᠪᠠᠳᠤᠯᠠᠬᠤ ᠬᠡᠷᠡᠭᠲᠡᠢ᠃ ᠰᠠᠷᠠᠩᠭᠤ᠋ ᠤᠠ᠋ ᠪᠤᠯ ᠲᠡᠭᠡᠷ᠎ᠡ ᠵᠠᠭᠤᠨ ᠤ ᠶᠡᠷᠡᠭᠡᠳ ᠤᠨ ᠤ ᠦᠶ᠎ᠡ ᠳᠤ ᠦᠵᠡᠭᠴᠢᠳ ᠤᠨ ᠬᠦᠷᠢᠶᠡᠯᠡᠯ ᠢ ᠤᠯᠵᠤ ᠪᠠᠶᠢᠢᠬᠰᠠᠨ ᠨᠡᠷᠡᠲᠤ ᠲᠤᠬᠯᠠᠬᠴᠢ ᠪᠤᠯᠤᠨ᠎ᠠ᠂ ᠡᠨᠡ ᠲᠠᠯ᠎ᠠ ᠪᠠᠷ ᠵᠦᠴᠦᠭᠡ ᠶᠢᠨ ᠲᠦᠷᠢ ᠳᠤ ᠶᠠᠪ ᠴᠠᠪ ᠲᠤᠬᠢᠷᠠᠬᠤ ᠪᠤᠯᠬᠤᠷ ᠲᠡᠭᠦᠨ ᠢ ᠤᠷᠢᠵᠤ ᠲᠤᠬᠯᠠᠭᠤᠯᠵᠠᠢ᠃ ᠨᠦᠭᠦᠭᠡ ᠲᠠᠯ᠎ᠠ ᠪᠠᠷ᠂ ᠰᠠᠷᠠᠩᠭᠤᠸ᠎ᠠ ᠵᠦᠴᠦᠭᠡ ᠶᠢᠨ ᠲᠡᠪᠳᠡᠷ ᠢ ᠦᠵᠡᠭᠡᠳ ᠮᠠᠰᠢ ᠰᠡᠳᠬᠢᠯ ᠬᠦᠳᠡᠯᠦᠭᠰᠡᠨ︾ ᠬᠡᠵᠦ ᠪᠠᠶᠢᠢᠯ᠎ᠠ᠃
ᠠᠷᠳᠠᠨᠠ᠂ ᠠᠷᠢᠭᠤᠨ ᠬᠤᠶᠠᠷ ᠵᠠᠯᠠᠭᠤ ᠲᠤᠭᠯᠠᠭᠴᠢ ᠪᠠᠰᠠ ᠡᠨᠡᠬᠦ ᠺᠢᠨᠣ᠋ ᠶᠢ ᠵᠣᠬᠢᠶᠠᠨ ᠪᠦᠲᠦᠭᠡᠬᠦ ᠳᠤ ᠣᠷᠣᠯᠴᠠᠭᠰᠠᠨ ᠳᠠᠭᠠᠨ ᠮᠠᠰᠢ ᠠᠵᠠ ᠵᠠᠪᠰᠢᠶᠠᠨ ᠲᠠᠢ ᠰᠠᠨᠠᠭᠳᠠᠵᠤ ᠪᠠᠶᠢᠢᠯ᠎ᠠ᠂ ᠳᠤᠮᠳᠠᠳᠤ ᠤᠯᠤᠰ ᠤᠨ ᠺᠢᠨᠣ᠋ ᠶᠢᠨ ᠬᠦᠮᠦᠷᠭᠡ ᠳᠤ ᠥᠪᠡᠷ ᠤᠨ ᠦᠨᠳᠦᠰᠦᠲᠡᠨ ᠤ ᠣᠨᠴᠠᠯᠢᠭ ᠲᠠᠢ ᠪᠦᠲᠦᠭᠡᠯ ᠢᠶᠠᠨ ᠬᠠᠨᠳᠢᠪᠯᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ ᠭᠡᠵᠡᠭᠡᠨ᠎ᠡ᠃ ᠲᠦᠮᠡᠨ᠄ ︽ᠵᠦᠴᠦᠭᠡ ᠶᠢᠨ ᠲᠦᠷᠢ ᠶᠢ ᠰᠤᠩᠭᠤᠬᠤ ᠭᠡᠭᠴᠢ ᠮᠠᠰᠢ ᠬᠦᠴᠢᠷᠳᠡᠢ ᠠᠵᠤ᠂ ᠵᠠᠪᠠᠯ ᠵᠦᠴᠦᠭᠡ ᠶᠢᠨ ᠲᠦᠷᠢ ᠳᠡᠭᠡᠨ ᠲᠤᠬᠢᠷᠠᠬᠤ ᠬᠡᠷᠡᠭᠲᠡᠢ᠃ ᠵᠠᠯᠠᠭᠤ ᠲᠤᠬᠯᠠᠬᠴᠢᠳ ᠤᠨ ᠲᠤᠷᠰᠢᠯᠭ᠎ᠠ ᠲᠤᠳᠠᠮᠠᠬ ᠪᠤᠯᠪᠠᠴᠤ ᠬᠠᠳᠠᠭᠤᠵᠢᠯᠲᠠᠢ ᠴᠢᠷᠮᠠᠶᠢᠢᠯᠭᠠ ᠪᠠ ᠰᠢᠷᠭᠠᠭᠤ ᠵᠢᠯᠤᠭᠤᠳᠤᠯᠭ᠎ᠠ ᠠᠴᠠ ᠪᠤᠯᠵᠤ ᠦᠪᠡᠷ ᠦᠪᠡᠷ ᠤᠨ ᠲᠦᠷᠢ ᠶᠢ ᠪᠠᠨ ᠨᠡᠯᠢᠶᠡᠳ ᠰᠠᠶᠢᠢᠬᠠᠨ ᠲᠤᠬᠯᠠᠵᠤ ᠴᠢᠳᠠᠵᠠᠢ︾ ᠬᠡᠪᠡ᠃
︽ᠬᠥᠯᠥᠨ ᠪᠤᠶᠢᠷ ᠬᠤᠲᠠ︾ ᠪᠣᠯ ᠳᠤᠮᠳᠠᠳᠤ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠺᠢᠨᠣ᠋ ᠶᠢᠨ ᠢᠨᠵᠧᠨᠧᠷᠢᠩ ᠤᠨ ᠳᠣᠲᠣᠷᠠᠬᠢ ᠡᠸᠡᠩᠬᠢ ᠦᠨᠳᠦᠰᠦᠲᠡᠨ ᠤ ᠰᠣᠶᠣᠯ ᠲᠡᠤᠬᠡ ᠶᠢ ᠲᠤᠰᠬᠠᠭᠰᠠᠨ ᠦᠯᠢᠭᠡᠷᠲᠦ ᠺᠢᠨᠣ᠋ ᠪᠤᠯᠤᠨ᠎ᠠ᠃ ᠳᠤᠮᠳᠠᠳᠤ ᠶᠢᠨ ᠦᠨᠳᠦᠰᠦᠲᠡᠨ ᠤ ᠰᠢᠯᠢᠳᠡᠭ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠳᠡᠯᠭᠡᠷᠡᠭᠦᠯᠵᠦ᠂ ᠴᠥᠭᠡᠨ ᠲᠣᠭᠠᠲᠤ ᠦᠨᠳᠦᠰᠦᠲᠡᠨ ᠤ ᠰᠡᠳᠦᠪᠲᠦ ᠺᠢᠨᠣ᠋ ᠶᠢᠨ ᠵᠣᠬᠢᠶᠠᠨ ᠪᠦᠲᠦᠭᠡᠯᠭᠡ ᠶᠢ ᠠᠬᠢᠭᠤᠯᠬᠤ ᠳᠤ ᠢᠳᠡᠪᠬᠢ ᠠᠴᠢ ᠬᠤᠯᠪᠣᠭᠳᠠᠯ ᠲᠠᠢ᠃ ᠲᠤᠰ ᠺᠢᠨᠣ᠋ ᠬᠤᠷᠢᠨ ᠬᠤᠶᠠᠳᠤᠭᠠᠷ ᠬᠤᠭᠤᠴᠠᠭᠠᠨ ᠤ ᠱᠠᠩᠬᠠᠢ ᠶᠢᠨ ᠤᠯᠠᠨ ᠤᠯᠤᠰ ᠤᠨ ᠺᠢᠨᠣ᠋ ᠶᠢᠨ ᠨᠠᠶᠢᠢᠷ ᠤᠨ 4 ᠵᠦᠢᠯ ᠤᠨ ᠱᠠᠩᠨᠠᠯ ᠳᠤ ᠨᠡᠷ ᠡ ᠲᠤᠷᠠᠳᠤᠭᠳᠠᠵᠤ᠂ ᠺᠢᠨᠣ᠋ ᠰᠤᠪᠠᠭ ᠤᠨ ᠲᠠᠮᠵᠢᠭᠤᠯᠭ᠎ᠠ ᠶᠢᠨ ᠶᠡᠭᠡ ᠱᠠᠩᠨᠠᠯ ᠢ ᠬᠦᠷᠳᠡᠵᠦ᠂ ᠤᠳᠤᠷᠢᠳᠤᠭᠠᠴᠢ ᠲᠦᠮᠡᠨ ᠵᠠᠭᠤᠴᠢᠯᠠᠭᠤᠷ ᠤᠨ ᠠᠩᠬᠠᠷᠤᠯ ᠢ ᠬᠠᠮᠤᠭ ᠠᠴᠠ ᠲᠠᠳᠠᠭᠰᠠᠨ ᠰᠢᠨ᠎ᠡ ᠤᠳᠤᠷᠢᠳᠤᠭᠠᠴᠢ ᠪᠤᠯᠵᠠᠢ᠃ ᠦᠨᠳᠦᠰᠦᠲᠡᠨ ᠤ ᠰᠣᠶᠣᠯ ᠢᠶᠠᠨ ᠰᠠᠶᠢᠢᠳᠤᠷ ᠤᠯᠠᠮᠵᠢᠯᠠᠬᠤ ᠤᠷᠢᠲᠠᠯ ᠳᠣᠤᠷ᠎ᠠ ᠬᠡᠷᠬᠢᠨ ᠤᠳᠤ ᠦᠶ᠎ᠡ ᠶᠢᠨ ᠠᠮᠢᠳᠤᠷᠠᠯ ᠳᠤ ᠠᠭᠤᠰᠤᠯᠴᠠᠭᠤᠯᠤᠨ᠂ ᠤᠷᠠᠯᠢᠭ ᠤᠨ ᠬᠡᠯᠪᠡᠷᠢ ᠪᠠᠷ ᠦᠨᠳᠦᠰᠦᠲᠡᠨ ᠤ ᠰᠣᠶᠣᠯ ᠤᠨ ᠦᠨᠡᠲᠦ ᠦᠪ ᠢ ᠢᠯᠡᠷᠡᠭᠦᠯᠬᠦ ᠳᠡᠭᠡᠷ᠎ᠡ ᠬᠦᠴᠦ ᠲᠠᠯᠪᠢᠬᠤ ᠪᠤᠯ ᠤᠳᠤᠷᠢᠳᠤᠭᠠᠴᠢ ᠲᠦᠮᠡᠨ ᠤ ᠬᠤᠵᠢᠮ ᠤᠨ ᠲᠤᠬᠯᠠᠯᠲᠠ ᠶᠢᠨ ᠠᠶᠠᠨ ᠳᠠᠬᠢ ᠲᠦᠯᠦᠪᠯᠡᠭᠡ ᠪᠢᠯᠠ᠃
ᠨᠡᠷᠡᠳᠦ ᠲᠤᠭᠯᠠᠭᠴᠢ᠂ ᠤᠳᠤᠷᠢᠳᠤᠭᠠᠴᠢ ᠲᠦᠮᠡᠨ᠄ 1960 ᠤᠨ ᠳᠤ ᠦᠪᠦᠷ ᠮᠤᠩᠭᠤᠯ ᠤᠨ ᠬᠦᠯᠦᠨ ᠪᠤᠶᠢᠢᠷ ᠬᠤᠳᠠ ᠶᠢᠨ ᠬᠠᠶᠢᠢᠯᠠᠷ ᠲᠤᠭᠤᠷᠢᠭ ᠲᠤ ᠲᠦᠷᠦᠵᠡᠢ᠂ ᠡᠸᠠᠩᠬᠢ ᠦᠨᠳᠦᠰᠦᠳᠡᠨ᠂ ︽ᠲᠠᠯ᠎ᠠ ᠨᠤᠲᠤᠬ ᠤᠨ ᠸᠠᠩ ᠨᠤᠶᠠᠨ ᠢ ᠲᠤᠬᠯᠠᠬᠤ ᠲᠤᠰᠬᠠᠢ ᠡᠷᠦᠭᠡ︾ ᠭᠡᠭᠳᠡᠳᠡᠭ᠃ 1985 ᠤᠨ ᠠᠴᠠ ᠨᠠᠭᠠᠰᠢ᠂ ︽ᠴᠢᠩᠬᠢᠰ ᠬᠠᠭᠠᠨ︾᠂ ︽ᠡᠮᠭᠡᠨᠢᠯᠳᠦ ᠪᠤᠯᠠᠭ︾᠂ ︽ᠨᠢᠭᠡᠨ ᠦᠶ᠎ᠡ ᠶᠢᠨ ᠲᠡᠭᠷᠢᠯᠢᠭ ᠬᠦᠪᠡᠬᠦᠨ ᠴᠢᠩᠬᠢᠰ ᠬᠠᠭᠠᠨ︾ ᠵᠡᠷᠭᠡ ᠮᠠᠰᠢ ᠤᠯᠠᠨ ᠺᠢᠨᠣ᠋ ᠵᠦᠴᠦᠭᠡ ᠳᠤ ᠭᠤᠤᠯ ᠲᠦᠷᠢ ᠪᠤᠶᠤ ᠴᠢᠬᠤᠯᠠ ᠲᠦᠷᠢ ᠶᠢ ᠲᠤᠭᠯᠠᠵᠤ ᠦᠵᠡᠭᠴᠢᠳ ᠲᠦᠮᠡᠨ ᠤ ᠬᠠᠯᠠᠭᠤᠨ ᠬᠦᠷᠢᠶᠡᠯᠡᠯ ᠢ ᠤᠯᠵᠤ ᠤᠯᠠᠨ ᠵᠦᠢᠯ ᠤᠨ ᠱᠠᠩᠨᠠᠯ ᠢᠶᠠᠷ ᠮᠢᠯᠢᠶᠠᠯᠭᠠᠭᠰᠠᠭᠠᠷ ᠢᠷᠡᠵᠡᠢ᠃ 1996 ᠤᠨ ᠳᠤ ︽ᠡᠮᠭᠡᠨᠢᠯᠳᠦ ᠪᠤᠯᠠᠭ︾ ᠺᠢᠨᠣ᠋ ᠪᠠᠷ ᠠᠷᠪᠠᠨ ᠵᠢᠷᠭᠤᠳᠤᠭᠠᠷ ᠬᠤᠭᠤᠴᠠᠭᠠᠨ ᠤ ︽ᠠᠯᠳᠠᠨ ᠲᠠᠬᠢᠶ᠎ᠠ︾ ᠱᠠᠩᠨᠠᠯ ᠤᠨ ᠬᠠᠮᠳᠤ ᠶᠢᠨ ᠲᠤᠭᠯᠠᠯᠳᠠ ᠶᠢᠨ ᠱᠠᠩᠨᠠᠯ ᠢ ᠲᠤᠰᠴᠤ᠂ ᠵᠡᠬᠦᠨ ᠡᠮᠦᠨᠡᠳᠦ ᠠᠽᠢᠶ᠎ᠠ ᠶᠢᠨ ᠤᠯᠠᠨ ᠤᠯᠤᠰ ᠤᠨ ᠺᠢᠨᠣ᠋ ᠶᠢᠨ ᠨᠠᠶᠢᠢᠷ ᠤᠨ ᠬᠠᠮᠤᠭ ᠤᠨ ᠰᠠᠶᠢᠢᠨ ᠡᠷᠡᠭᠳᠡᠢ ᠲᠡᠳ᠋ ᠲᠤᠭᠯᠠᠭᠴᠢ ᠪᠠᠷ ᠨᠡᠷ᠎ᠡ ᠲᠤᠷᠠᠳᠤᠭᠳᠠᠵᠠᠢ︔ 1998 ᠤᠨ ᠳᠤ᠂ ︽ᠨᠢᠭᠡᠨ ᠦᠶ᠎ᠡ ᠶᠢᠨ ᠲᠡᠭᠷᠢᠯᠢᠭ ᠬᠦᠪᠡᠬᠦᠨ ᠴᠢᠩᠬᠢᠰ ᠬᠠᠭᠠᠨ︾ ᠳᠤ ᠴᠢᠩᠬᠢᠰ ᠬᠠᠭᠠᠨ ᠢ ᠲᠤᠭᠯᠠᠵᠤ᠂ ᠲᠤᠯᠤᠳᠤᠭᠠᠷ ᠬᠤᠭᠤᠴᠠᠭᠠᠨ ᠤ ᠲᠤᠭᠯᠠᠬᠤ ᠤᠷᠠᠯᠢᠭ ᠤᠨ ᠰᠤᠳᠤᠯᠭᠠᠨ ᠤ ᠨᠡᠶᠢᠢᠭᠡᠮᠯᠢᠭ ᠤᠨ ︽ᠠᠯᠳᠠᠨ ᠭᠠᠷᠤᠳᠢ ᠭᠠᠯᠪᠢᠩᠭ᠎ᠠ︾ ᠱᠠᠩᠨᠠᠯ ᠢ ᠲᠤᠰᠴᠠᠢ︔ 2017 ᠤᠨ ᠳᠤ ᠲᠠᠶᠢᠸᠠᠨ ᠤ ᠺᠢᠨᠣ᠋ ᠶᠢᠨ ᠨᠠᠶᠢᠷ ᠤᠨ ︽ᠠᠯᠳᠠᠨ ᠠᠵᠢᠨᠠᠢ︾ ᠱᠠᠩᠨᠠᠯ ᠢ ᠬᠦᠷᠳᠡᠵᠦ᠂ 2018 ᠤᠨ ᠳᠤ ᠶᠢᠰᠦᠳᠦᠭᠡᠷ ᠬᠤᠭᠤᠴᠠᠭᠠᠨ ᠤ ᠲᠤᠮᠳᠠᠳᠤ ᠤᠯᠤᠰ ᠤᠨ ᠺᠢᠨᠣ᠋ ᠤᠳᠤᠷᠢᠳᠤᠭᠠᠴᠢᠳ ᠤᠨ ᠨᠡᠶᠢᠭᠡᠮᠯᠢᠭ ᠤᠨ ᠤᠨ ᠤ ᠡᠷᠡᠭᠳᠡᠢ ᠲᠤᠭᠯᠠᠭᠴᠢ ᠶᠢᠨ ᠱᠠᠩᠨᠠᠯ ᠢ ᠲᠤᠰᠴᠠᠢ᠃
ᠨᠡᠷᠡᠳᠦ ᠲᠤᠭᠯᠠᠭᠴᠢ ᠰᠠᠷᠠᠩᠭᠤᠸ᠎ᠠ᠄ 1962 ᠤᠨ ᠳᠤ ᠦᠪᠦᠷ ᠮᠤᠩᠭᠤᠯ ᠤᠨ ᠵᠢᠨᠢᠩ ᠬᠤᠳᠠ ᠳᠤ ᠲᠦᠷᠦᠵᠡᠢ᠃ ︽ᠴᠢᠩᠬᠢᠰ ᠬᠠᠭᠠᠨ︾᠂ ︽ᠪᠠᠳᠠᠷᠠᠩᠭᠤᠢ ᠴᠠᠭ ᠦᠶ᠎ᠡ︾᠂ ︽ᠬᠠᠷᠢᠯᠴᠠᠭᠠᠨ ᠤ ᠠᠪᠠᠭ᠋ᠠᠢ︾ ᠵᠡᠷᠭᠡ ᠶᠢ ᠲᠤᠭᠯᠠᠵᠤ ᠨᠡᠷ ᠡ ᠨᠦᠯᠦᠭᠡ ᠭᠠᠷᠭᠠᠭᠰᠠᠨ ᠪᠤᠯ᠂ 1992 ᠤᠨ ᠠᠴᠠ ᠡᠬᠢᠯᠡᠨ ᠺᠢᠨᠣ᠋ ᠶᠢᠨ ᠲᠠᠪᠴᠠᠩ ᠠᠴᠠ ᠠᠭᠠᠵᠢᠮ ᠢᠶᠠᠷ ᠠᠶᠠᠷᠯᠠᠨ ᠰᠠᠯᠵᠠᠢ᠃ ᠲᠤᠰ ᠺᠢᠨᠣ᠋ ᠨᠢ ᠲᠡᠬᠦᠨ ᠤ ᠺᠢᠨᠣ᠋ ᠶᠢᠨ ᠲᠠᠪᠴᠠᠩ ᠠᠴᠠ ᠰᠠᠯᠤᠭᠰᠠᠨ ᠤ ᠤᠯᠠᠨ ᠵᠢᠯ ᠤᠨ ᠲᠠᠷᠠᠭᠠᠬᠢ ᠺᠢᠨᠣ᠋ ᠶᠢᠨ ᠪᠦᠳᠦᠭᠡᠯ ᠪᠤᠯᠬᠤ ᠶᠤᠮ᠃ ᠵᠣᠬᠢᠶᠠᠭᠴᠢ᠄ ᠬᠤᠩ ᠰᠢᠶᠠ