 

70 ᠵᠢᠯ ᠤᠨ ᠤᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ 

2019-10-02 17:15
  278
  0

  ᠠᠯᠲᠠᠨ ᠨᠠᠮᠤᠷ ᠤᠨ ᠠᠷᠪᠠᠨ ᠰᠠᠷ᠎ᠠ ᠳᠤ᠂ ᠤᠯᠤᠰ ᠲᠠᠶᠠᠭᠠᠷ ᠢᠶᠠᠨ ᠤᠯᠤᠰ ᠤᠨ ᠪᠠᠶᠠᠷ ᠢᠶᠠᠨ ᠪᠠᠶᠠᠷᠯᠠᠨ ᠪᠡᠯᠭᠡᠯᠡᠨ᠎ᠡ᠃ 10 ᠰᠠᠷ᠎ᠠ ᠶᠢᠨ 1 ᠤ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠡᠯ᠎ᠡ ᠦᠨᠳᠦᠰᠦᠲᠡᠨ ᠡᠯ᠎ᠡ ᠡᠲᠡᠭᠡᠳ ᠤᠨ ᠲᠥᠯᠥᠭᠡᠯᠡᠭᠴᠢᠳ ᠤᠨ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠤᠯᠤᠰ ᠤᠨ ᠲᠤᠭ ᠮᠠᠨᠳᠤᠭᠤᠯᠬᠤ ᠶᠣᠰᠣᠯᠠᠯ ᠬᠥᠬᠡᠬᠤᠲᠠ ᠳᠤ ᠦᠪᠡᠳᠡᠭᠰᠢ ᠶᠡᠭᠡ ᠪᠠᠷ ᠶᠠᠪᠤᠭᠳᠠᠪᠠ᠃ ᠡᠯ᠎ᠡ ᠦᠨᠳᠦᠰᠦᠲᠡᠨ ᠡᠯ᠎ᠡ ᠡᠲᠡᠭᠡᠳ ᠤᠨ 2800 ᠭᠠᠷᠤᠶ ᠲᠥᠯᠥᠭᠡᠯᠡᠭᠴᠢ ᠲᠤᠬᠲᠤᠯᠤᠬᠰᠠᠨ ᠰᠡᠳᠬᠢᠯᠭᠡ ᠪᠠᠷ ᠥᠪᠥᠷ ᠮᠣᠩᠭᠤᠯ ᠤᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ ᠴᠤᠭᠯᠠᠷᠠᠵᠤ᠂ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠵᠤ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠪᠡ᠃
  ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠯᠢ ᠵᠢᠶ ᠾᠧᠩ ᠤᠯᠤᠰ ᠤᠨ ᠲᠤᠭ ᠮᠠᠨᠳᠤᠭᠤᠯᠬᠤ ᠶᠣᠰᠣᠯᠠᠯ ᠢ ᠡᠷᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠪᠦ᠋ ᠰᠢᠶᠣᠤ ᠯᠢᠨ᠂ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠯᠢ ᠰᠢᠤ ᠯᠢᠩ᠂ ᠥᠪᠥᠷ ᠮᠣᠩᠭᠤᠯ ᠤᠨ ᠴᠡᠷᠢᠭ ᠤᠨ ᠲᠣᠭᠤᠷᠢᠭ ᠤᠨ ᠺᠣᠮᠠᠨᠳ᠋ᠯᠠᠭᠴᠢ ᠮᠠ ᠴᠢᠩ ᠯᠸᠢ᠂ ᠬᠥᠬᠡᠬᠤᠲᠠ ᠳᠤ ᠪᠠᠶᠢᠭ᠎ᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠦ ᠶᠢᠨ ᠵᠥᠪᠯᠡᠯᠭᠡᠨ ᠤ ᠤᠳᠤᠷᠢᠳᠬᠤ ᠨᠥᠬᠦᠳ᠂ ᠥᠪᠥᠷ ᠮᠣᠩᠭᠤᠯ ᠤᠨ ᠴᠡᠷᠢᠭ ᠤᠨ ᠲᠣᠭᠤᠷᠢᠭ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠦᠨᠳᠦᠷ ᠵᠡᠷᠭᠡ ᠶᠢᠨ ᠰᠢᠭᠦᠬᠦ ᠬᠤᠷᠢᠶ᠎ᠠ ᠪᠠ ᠠᠷᠠᠳ ᠤᠨ ᠪᠠᠶᠢᠴᠠᠭᠠᠬᠤ ᠬᠤᠷᠢᠶ᠎ᠠ᠂ ᠵᠡᠪᠰᠡᠭᠲᠦ ᠴᠠᠬᠲᠠᠭ᠎ᠠ ᠶᠢᠨ ᠦᠪᠦᠷ ᠮᠤᠩᠭᠤᠯ ᠤᠨ ᠶᠡᠷᠦᠩᠬᠡᠶ ᠠᠩᠭᠢ ᠶᠢᠨ ᠤᠳᠤᠷᠢᠳᠬᠤ ᠨᠥᠬᠦᠳ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃
  ᠥᠪᠥᠷ ᠮᠣᠩᠭᠤᠯ ᠤᠨ ᠨᠠᠮ ᠵᠠᠰᠠᠭ ᠤᠨ ᠠᠯᠪᠠᠯᠠᠬᠤ ᠲᠣᠭᠤᠷᠢᠭ ᠤᠨ ᠶᠡᠷᠦᠩᠬᠡᠶᠢᠯᠡᠭᠰᠡᠨ ᠠᠰᠠᠷ ᠤᠨ ᠡᠮᠦᠨᠡᠬᠢ ᠠᠭᠤᠳᠠᠮ ᠲᠠᠯᠠᠪᠠᠢ ᠳᠤ ᠭᠠᠯ ᠤᠯᠠᠭᠠᠨ ᠳ᠋ᠧᠩᠯᠦ ᠤᠯᠠᠯᠵᠠᠨ ᠬᠠᠷᠠᠭᠳᠠᠵᠤ᠂ ᠤᠯᠠᠭᠠᠨ ᠲᠤᠭ ᠰᠠᠯᠬᠢᠨ ᠤ ᠠᠶ᠎ᠠ ᠪᠠᠷ ᠨᠠᠮᠢᠷᠠᠨ᠎ᠠ᠂ ᠮᠣᠩᠭᠤᠯ ᠬᠢᠲᠠᠳ ᠬᠤᠶᠠᠷ ᠬᠡᠯᠡ ᠪᠠᠷ ᠪᠢᠴᠢᠭᠰᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠬᠠᠯᠠᠭᠤᠨ ᠢᠶᠠᠷ ᠪᠡᠯᠭᠡᠯᠡᠶ᠎ᠡ︾       ︽ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠦᠶ᠎ᠡ︾ ᠭᠡᠬᠦ ᠤᠯᠠᠭᠠᠨ ᠥᠩᠭᠡ ᠲᠠᠢ ᠪᠢᠴᠢᠬᠡᠰᠥ ᠥᠨᠳᠥᠷ ᠡᠯᠭᠦᠭᠳᠡᠵᠦ᠂ ︽1949 — 2019︾ ︽70︾ ᠭᠡᠬᠦ ᠤᠯᠠᠭᠠᠨ ᠦᠩᠭᠡ ᠲᠠᠢ ᠲᠤᠮᠤ ᠦᠰᠦᠭ ᠤᠨᠴᠠ ᠶᠢᠨ ᠢᠯᠡᠬᠡᠨ ᠬᠠᠷᠠᠬᠲᠠᠵᠦ᠂ ᠪᠠᠶᠠᠷ ᠪᠠᠶᠠᠰᠬᠤᠯᠠᠩᠲᠤ ᠬᠦᠷ ᠬᠦᠭᠵᠢᠶᠡᠨᠳᠦ ᠪᠠᠶᠢᠳᠠᠯ ᠢᠶᠠᠷ   ᠪᠢᠯᠬᠠᠨ᠎ᠠ᠃
  9 ᠴᠠᠭ 30 ᠮᠢᠨᠦ᠋ᠲ ᠲᠤ᠂ ᠯᠢ ᠵᠢᠶ ᠾᠧᠩ ᠪᠠᠶᠠᠷ ᠤᠨ ᠦᠭᠡ ᠬᠡᠯᠡᠭᠰᠡᠨ ᠪᠥᠭᠡᠳ ᠤᠯᠤᠰ ᠤᠨ ᠲᠤᠭ ᠮᠠᠨᠳᠤᠭᠤᠯᠬᠤ ᠶᠣᠰᠣᠯᠠᠯ ᠡᠬᠢᠯᠡᠭᠰᠡᠨ ᠢ ᠨᠡᠶᠢᠲᠡᠯᠡᠪᠡ᠃ ᠲᠡᠷᠡ᠂ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠨᠠᠮ ᠪᠦᠬᠦ ᠤᠯᠤᠰ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠰᠢᠷᠭᠠᠭᠤ ᠬᠠᠲᠠᠭᠤᠵᠢᠯᠲᠠᠶ ᠲᠡᠮᠡᠴᠡᠨ᠂ ᠡᠯ᠎ᠡ ᠵᠦᠶ᠋ᠯ ᠤᠨ ᠪᠡᠷᠭᠡ ᠪᠠᠷᠲᠠᠭ᠎ᠠ ᠶᠢ ᠢᠯᠠᠨ ᠳᠠᠪᠠᠵᠤ᠂ ᠳᠡᠯᠡᠬᠡᠶ ᠳ᠋ᠠᠬᠢᠨ ᠤ ᠠᠩᠬᠠᠷᠤᠯ ᠢ ᠲᠠᠲᠠᠭᠰᠠᠨ ᠠᠭᠤᠤ ᠶᠡᠭᠡ ᠠᠮᠵᠢᠯᠲᠠ ᠪᠦᠲᠦᠮᠵᠢ ᠤᠯᠪᠠ᠃ 70 ᠵᠢᠯ ᠤᠨ ᠲᠤᠷᠰᠢ᠂ ᠥᠪᠥᠷ ᠮᠣᠩᠭᠤᠯ ᠤᠨ ᠦᠨᠳᠦᠰᠦᠲᠡᠨ ᠨᠦᠭᠦᠳ ᠤᠨ ᠠᠷᠠᠳ ᠲᠦᠮᠡᠨ ᠭᠤᠶᠢᠪᠢᠰᠢ ᠦᠭᠡᠢ ᠪᠠᠷ ᠨᠠᠮ ᠤᠨ ᠦᠭᠡ ᠶᠢ ᠰᠣᠨᠣᠰᠴᠤ᠂ ᠨᠠᠮ ᠢᠶᠠᠨ ᠳᠠᠭᠠᠵᠤ᠂ ᠨᠡᠶᠢᠭᠡᠮ ᠵᠢᠷᠤᠮ ᠤᠨ ᠳᠠᠷᠳᠠᠩ ᠵᠠᠮ ᠢᠶᠠᠷ ᠲᠣᠮᠣ ᠠᠯᠬᠤᠮ ᠢᠶᠠᠷ ᠤᠷᠤᠭᠰᠢᠯᠠᠵᠤ᠂ ᠠᠵᠤ ᠠᠬᠤᠢ ᠬᠦᠭᠵᠢᠭᠰᠡᠨ᠂ ᠦᠨᠳᠦᠰᠦᠲᠡᠨ ᠨᠦᠭᠦᠳ ᠪᠦᠯᠬᠦᠮᠲᠡᠭᠰᠡᠨ᠂ ᠰᠤᠶᠤᠯ ᠴᠡᠴᠡᠭᠯᠡᠨ ᠬᠦᠭᠵᠢᠭᠰᠡᠨ᠂ ᠬᠢᠯᠢ ᠬᠢᠵᠠᠭᠠᠷ ᠠᠮᠤᠷ ᠲᠤᠬᠲᠠᠭᠤᠨ᠂ ᠠᠮᠢ ᠠᠬᠤᠢ ᠪᠤᠯᠪᠠᠰᠤᠨ᠂ ᠠᠷᠠᠳ ᠤᠨ ᠠᠮᠢᠳᠤᠷᠠᠯ ᠰᠠᠶᠢᠵᠢᠷᠠᠬᠰᠠᠨ ᠰᠢᠨ᠎ᠡ ᠬᠠᠭᠤᠳᠠᠰᠤ ᠶᠢ ᠲᠠᠰᠤᠷᠠᠯᠲᠠ ᠦᠭᠡᠢ ᠪᠢᠴᠢᠭᠯᠡᠵᠦ᠂ ︽ᠵᠢᠱᠢᠶᠡᠴᠢ ᠥᠪᠡᠷᠲᠡᠭᠡᠨ ᠵᠠᠰᠠᠬᠤ  ᠣᠷᠣᠨ︾ ᠤ ᠡᠷᠬᠢᠮ ᠳᠡᠭᠡᠲᠦ ᠢᠷᠠᠭᠤ ᠠᠯᠳᠠᠷ ᠢ ᠣᠯᠤᠭᠰᠠᠨ ᠪᠥᠭᠡᠳ ᠤᠷᠲᠤ ᠬᠤᠭᠤᠴᠠᠭ᠎ᠠ ᠪᠠᠷ ᠨᠠᠨᠳᠢᠩᠨᠠᠨ ᠬᠠᠮᠠᠭᠠᠯᠠᠪᠠ᠃ ᠰᠢᠨ᠎ᠡ ᠲᠡᠤᠬᠡ ᠶᠢᠨ ᠭᠠᠷᠤᠭ᠎ᠠ ᠳᠡᠭᠡᠷ᠎ᠡ᠂ ᠪᠦᠬᠦ ᠣᠷᠣᠨ ᠳᠠᠶᠠᠭᠠᠷ ᠢᠶᠠᠨ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ ᠪᠦᠯᠬᠦᠮᠳᠡᠵᠦ᠂ ᠤᠭ ᠰᠠᠨᠠᠭ᠎ᠠ ᠪᠠᠨ ᠦᠯᠦ ᠮᠠᠷᠲᠠᠨ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠶᠡᠷᠦᠩᠬᠡᠶ ᠱᠦᠵᠢ ᠰᠢ ᠶᠢᠨ ᠫᠢᠩ ᠤᠨ ᠬᠠᠶᠢᠷ᠎ᠠ ᠬᠠᠯᠠᠮᠵᠢ ᠪᠣᠯᠤᠨ ᠬᠦᠰᠡᠯ ᠨᠠᠶᠢᠳᠠᠯᠭ᠎ᠠ ᠶᠢ ᠡᠷᠡᠮᠡᠬᠡᠶᠢᠯᠡᠨ ᠲᠡᠮᠡᠴᠡᠬᠦ ᠬᠦᠴᠦᠷᠬᠡᠭ ᠶᠡᠭᠡ ᠬᠥᠳᠡᠯᠭᠡᠬᠦ ᠬᠦᠴᠦᠨ ᠪᠣᠯᠤᠨ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠦᠵᠡᠰᠬᠦᠯᠡᠩᠲᠦ ᠰᠠᠶᠢᠬᠠᠨ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠵᠤ᠂ ᠠᠭᠤᠤ ᠶᠡᠭᠡ ᠳᠤᠮᠳᠠᠳᠤ ᠶᠢᠨ ᠵᠡᠭᠦᠳᠦ ᠪᠠᠨ ᠬᠠᠮᠲᠤ ᠪᠠᠷ ᠲᠡᠷᠭᠡᠯᠰᠢᠭᠦᠯᠬᠦ ᠶᠢᠨ ᠲᠥᠯᠥᠭᠡ ᠴᠥᠬᠦᠷᠡᠯ ᠦᠭᠡᠢ ᠲᠡᠮᠡᠴᠡᠬᠦ ᠬᠡᠷᠡᠭᠲᠡᠶ ᠬᠡᠪᠡ᠃
  ᠵᠠᠷᠯᠢᠭ ᠤᠨ ᠪᠦᠷᠢᠶ᠎ᠡ ᠬᠠᠩᠭᠢᠨᠠᠬᠤ ᠶᠢ ᠳᠠᠭᠠᠯᠳᠣᠨ᠂ ᠤᠯᠤᠰ ᠤᠨ ᠲᠤᠭ ᠬᠠᠮᠠᠭᠠᠯᠠᠬᠤ ᠠᠩᠬᠢ ᠶᠢᠨ ᠶᠤᠰᠤᠯᠠᠯ ᠤᠨ ᠴᠡᠷᠢᠭ ᠵᠢᠭᠲᠡ ᠠᠯᠬᠤᠭ᠎ᠠ ᠪᠠᠷ ᠲᠠᠪᠤᠨ ᠣᠳᠣᠲᠤ ᠤᠯᠠᠭᠠᠨ ᠲᠤᠭ ᠢ ᠬᠠᠮᠠᠭᠠᠯᠠᠨ ᠲᠤᠭ ᠮᠠᠨᠳᠤᠭᠤᠯᠬᠤ ᠲᠠᠶᠢᠰᠠᠨ ᠳᠤ ᠬᠦᠷᠴᠦ᠂ ᠬᠤᠶᠠᠷ ᠠᠩᠭᠢ ᠬᠤᠪᠢᠶᠠᠨ ᠤᠯᠤᠰ ᠤᠨ ᠲᠤᠭ ᠤᠨ ᠰᠢᠷᠤᠭ ᠤᠨ ᠬᠤᠶᠠᠷ ᠬᠠᠵᠠᠭᠤ ᠳᠤ ᠮᠦᠷᠯᠡᠨ ᠵᠤᠬᠰᠤᠪᠠ᠃ ︽ᠤᠯᠤᠰ ᠤᠨ ᠲᠤᠭ ᠲᠤ ᠶᠤᠰᠤᠯᠠ︕︾ ᠬᠡᠬᠦ ᠵᠠᠷᠯᠢᠭ ᠪᠠᠭᠤᠬᠤ ᠶᠢ ᠳᠠᠭᠠᠯᠳᠣᠨ᠂ ᠤᠯᠤᠰ ᠤᠨ ᠲᠤᠭ ᠬᠠᠮᠠᠭᠠᠯᠠᠬᠤ ᠠᠩᠬᠢ ᠶᠢᠨ ᠶᠤᠰᠤᠯᠠᠯ ᠤᠨ ᠴᠡᠷᠢᠭ ᠪᠤᠯᠤᠨ ᠴᠡᠷᠢᠭ ᠠᠩᠬᠢ ᠶᠢᠨ ᠳᠠᠷᠤᠭ᠎ᠠ ᠪᠠᠶᠢᠯᠳᠣᠭᠴᠢ ᠤᠯᠤᠰ ᠤᠨ ᠲᠤᠭ ᠲᠤ ᠴᠡᠷᠢᠭ ᠤᠨ ᠶᠤᠰᠤ ᠬᠢᠵᠦ᠂ ᠪᠠᠭᠠᠴᠤᠳ ᠤᠨ ᠬᠤᠰᠢᠭᠤᠴᠢ ᠠᠩᠬᠢ ᠶᠢᠨ ᠬᠡᠰᠢᠭᠦᠳ ᠪᠠᠭᠠᠴᠤᠳ ᠤᠨ ᠬᠤᠰᠢᠭᠤᠴᠢ ᠠᠩᠬᠢ ᠶᠢᠨ ᠶᠤᠰᠤ ᠬᠢᠵᠦ᠂ ᠪᠤᠰᠤᠳ ᠬᠦᠮᠦᠰ ᠰᠢᠷᠲᠡᠨ ᠬᠠᠷᠠᠬᠤ ᠶᠤᠰᠤ ᠬᠢᠪᠡ᠃ ᠰᠦᠷ ᠵᠢᠪᠬᠤᠯᠠᠩᠲᠤ ︽ᠵᠢᠷᠦᠮ ᠤᠨ ᠴᠡᠷᠢᠭ ᠤᠨ ᠤᠷᠤᠬᠰᠢᠯᠠᠯᠲᠠ ᠶᠢᠨ ᠬᠦᠭᠵᠢᠮ︾ ᠤᠨ ᠠᠶᠠᠰ ᠢ ᠳᠠᠭᠠᠯᠳᠣᠨ᠂ ᠲᠠᠪᠤᠨ ᠣᠳᠣᠲᠤ ᠤᠯᠠᠭᠠᠨ ᠲᠤᠭ ᠠᠭᠠᠵᠢᠮ ᠢᠶᠠᠷ ᠨᠠᠮᠢᠷᠠᠨ ᠮᠠᠨᠲᠤᠵᠦ᠂ ᠳᠣᠬᠠᠢ ᠶᠢᠨ ᠳᠠᠯᠠᠪᠠᠢ ᠳᠤ ᠪᠠᠶᠢᠯᠴᠠᠭᠰᠠᠨ ᠬᠥᠮᠦᠰ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠲᠠᠭᠤᠤ ᠶᠢ ᠬᠠᠮᠲᠦ ᠪᠠᠷ ᠬᠠᠩᠭᠢᠨᠠᠲᠠᠯ᠎ᠠ ᠳᠠᠭᠤᠯᠠᠵᠤ᠂ ᠤᠯᠤᠰ ᠤᠨ ᠲᠤᠭ ᠤᠨ ᠮᠠᠨᠳᠤᠬᠤ ᠶᠢ ᠰᠢᠷᠲᠡᠵᠦ᠂ ᠣᠮᠣᠭᠰᠢᠨ ᠪᠠᠭ᠋ᠠᠳᠤᠬᠤ ᠰᠡᠳᠬᠢᠯᠭᠡ ᠪᠢᠯᠬᠠᠮ᠎ᠠ ᠪᠠᠶᠢᠯ᠎ᠠ᠃
  ᠤᠯᠤᠰ ᠤᠨ ᠰᠦᠯᠳᠡ ᠲᠠᠭᠤᠤ ᠶᠢ ᠬᠦᠭᠵᠢᠮᠲᠡᠨ ᠲᠠᠭᠤᠯᠠᠵᠦ ᠪᠠᠷᠠᠭᠰᠠᠨ ᠤ ᠲᠠᠷᠠᠭ᠎ᠠ᠂ ᠲᠤᠬᠠᠢ ᠶᠢᠨ ᠲᠠᠯᠠᠪᠠᠢ ᠳᠤ ︽ᠡᠬᠡ ᠤᠯᠤᠰ ᠢᠶᠠᠨ ᠮᠠᠭᠲᠠᠨ ᠳᠠᠭᠤᠯᠠᠶ᠎ᠠ︾ ᠭᠡᠬᠦ ᠢᠷᠠᠭᠤ ᠰᠠᠶᠢᠬᠠᠨ ᠠᠶᠠᠰ ᠢ ᠴᠢᠪᠬᠠᠳᠠᠵᠤ᠂ ᠲᠠᠯᠠᠪᠠᠢ ᠳᠠᠶᠠᠭᠠᠷ ᠢᠶᠠᠨ ᠬᠠᠩᠭᠢᠨᠠᠲᠠᠯ᠎ᠠ ᠳᠠᠭᠤᠯᠠᠵᠤ᠂ ᠠᠭᠤᠤ ᠶᠡᠭᠡ ᠡᠬᠡ ᠤᠯᠤᠰ ᠤᠨ ᠢᠶᠠᠨ ᠬᠦᠭᠵᠢᠨ ᠴᠡᠴᠡᠭᠯᠡᠬᠦ ᠶᠢ ᠬᠠᠮᠳᠤ ᠪᠠᠷ ᠵᠦᠩᠨᠡᠪᠡ᠃
  ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠠᠵᠦ ᠠᠬᠤᠢᠢᠯᠠᠯ ᠠᠵᠢᠯ ᠦᠢᠯᠡᠰ ᠤᠨ ᠨᠢᠭᠡᠴᠢ᠂ ᠬᠦᠬᠡᠬᠤᠲᠠ ᠳᠤ ᠪᠠᠶᠢᠭ᠎ᠠ ᠶᠡᠭᠡ ᠲᠡᠭᠡᠲᠦ ᠰᠤᠷᠭᠠᠭᠤᠯᠢ ᠶᠢᠨ ᠭᠤᠤᠯ ᠬᠠᠷᠢᠭᠤᠴᠠᠯᠭᠠᠲᠠᠨ ᠨᠦᠬᠦᠳ ᠪᠤᠯᠤᠨ ᠺᠠᠳ᠋ᠷ ᠤᠨ ᠲᠦᠯᠦᠭᠡᠯᠡᠭᠴᠢ᠂ ᠬᠦᠬᠡᠬᠤᠲᠠ ᠶᠢᠨ ᠲᠦᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ ᠵᠢᠴᠢ ᠪᠠᠶᠢᠭᠤᠯᠭ᠎ᠠ ᠶᠢᠨ ᠺᠠᠳ᠋ᠷ ᠤᠨ ᠲᠥᠯᠥᠭᠡᠯᠡᠭᠴᠢ᠂ ᠴᠢᠯᠥᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ᠂ ᠰᠤᠷᠤᠭᠴᠢ ᠶᠢᠨ ᠲᠥᠯᠥᠭᠡᠯᠡᠭᠴᠢ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠣᠯᠠᠨ ᠲᠦᠮᠡᠨ ᠤ ᠲᠥᠯᠥᠭᠡᠯᠡᠭᠴᠢ ᠨᠡᠷ ᠤᠯᠤᠰ ᠤᠨ ᠲᠤᠭ ᠮᠠᠨᠳᠤᠭᠤᠯᠬᠤ ᠶᠣᠰᠣᠯᠠᠯ ᠳᠤ ᠣᠷᠣᠯᠴᠠᠪᠠ᠃ ᠵᠣᠬᠢᠶᠠᠭᠴᠢ᠄  ᠳ᠋ᠠᠢ ᠬᠤᠩ



  
     
     