 

ᠬᠦᠷᠡᠯᠡᠩ ᠤᠨ ᠱᠣᠪᠣᠭᠤᠷ ᠤᠨ ᠡᠩᠭᠡᠷ ᠲᠠᠬᠢ ︽ᠬᠢᠯᠢ ᠶᠢᠨ ᠴᠢᠮᠡᠭ︾

2019-12-17 12:44
  192
  0


   ᠰᠢᠷᠭᠠᠯ ᠨᠠᠮᠤᠷ ᠤᠨ ᠠᠭᠤᠳᠠᠮ ᠲᠠᠯ᠎ᠠ ᠶᠢ ᠪᠠᠶᠠᠨ ᠰᠦᠷᠦᠭ ᠴᠢᠮᠡᠵᠦ᠂ ᠰᠢᠯᠢ ᠨᠤᠳᠤᠭ ᠲᠤᠰᠤᠷᠬᠠᠭ ᠲᠠᠩᠰᠤᠭ ᠬᠡᠪ ᠢᠶᠠᠷ ᠢᠶᠠᠨ᠃ 11 ᠰᠠᠷ᠎ᠠ ᠶᠢᠨ 2 ᠤᠨ ᠡᠳᠦᠷ ᠤᠨ ᠦᠳᠡ ᠶᠢᠨ ᠨᠠᠷᠠ ᠪᠠᠷᠠᠭᠤᠨᠰᠢ ᠬᠡᠯᠪᠠᠶᠢᠬᠦ ᠦᠶ᠎ᠠ ᠪᠠᠷ᠂ ᠪᠢᠳᠠ ᠠᠪᠠᠭ᠎ᠠ ᠬᠤᠰᠢᠭᠤᠨ ᠤ ᠵᠢᠷᠭᠠᠯᠠᠩᠳᠦ ᠰᠤᠮᠤᠨ ᠤ ᠬᠠᠶᠢᠷᠬᠠᠨ ᠭᠠᠴᠠᠭᠠᠨ ᠤ ᠬᠦᠷᠡᠯᠡᠩ ᠤᠨ ᠱᠣᠪᠣᠭᠤᠷ ᠤᠨ ᠡᠩᠭᠡᠷ ᠢ ᠲᠠᠭᠠᠨ ᠰᠠᠭᠤᠷᠢᠰᠢᠭᠰᠠᠨ ᠬᠢᠯᠢ ᠶᠢᠨ ᠮᠠᠯᠴᠢᠨ ᠬᠡᠷᠡᠯᠴᠢᠮᠡᠭ ᠤᠨ ᠬᠢᠨ ᠳᠤ ᠬᠦᠷᠬᠦ ᠳᠤ᠂ ᠬᠤᠷᠠᠭ᠎ᠠ ᠢᠰᠢᠭᠡ ᠮᠠᠶᠢᠯᠠᠯᠳᠤᠬᠤ ᠳᠠᠭᠤᠨ ᠬᠤᠯᠠ ᠠᠴᠠ ᠰᠤᠨᠤᠰᠲᠠᠵᠦ᠂ ᠴᠡᠪᠡᠷ ᠲᠤᠬᠢᠯᠢᠭ ᠬᠦᠷᠢᠶ᠎ᠡ ᠬᠠᠰᠢᠶ᠎ᠠ ᠨᠢ ᠠᠵᠢᠯᠴᠢ ᠠᠶᠢᠯ ᠭᠡᠳᠡᠭ ᠢ ᠭᠡᠷᠡᠴᠢᠯᠡᠨ᠎ᠠ᠃
   ᠬᠡᠷᠡᠯᠴᠢᠮᠡᠭ ᠤᠨ ᠬᠢ ᠪᠤᠯ ᠲᠠᠯ᠎ᠠ ᠨᠤᠳᠤᠭ ᠤᠨ ︽110︾ ᠬᠡᠷᠡᠭ ᠮᠡᠳᠡᠬᠦᠯᠬᠦ ᠴᠡᠭ᠂ ᠨᠠᠮ ᠤᠨ ᠬᠡᠰᠢᠬᠦᠨ ᠤ ᠭᠤᠤᠯᠯᠠᠬᠴᠢ ᠡᠷᠦᠭᠡ ᠮᠦᠷᠳᠡᠭᠡᠨ ᠬᠢᠯᠢ ᠶᠢᠨ ᠬᠠᠮᠠᠭᠠᠯᠠᠯᠳᠠ ᠶᠢᠨ ᠪᠠᠬᠢᠯᠡᠯᠳᠠ ᠶᠢᠨ ᠡᠷᠦᠭᠡ ᠪᠣᠯᠬᠤ ᠶᠢ ᠬᠠᠮᠳᠣ ᠶᠠᠪᠣᠭ᠎ᠠ ᠵᠢᠷᠭᠠᠯᠠᠩᠳᠣ ᠬᠢᠯᠢ ᠶᠢᠨ ᠳᠣᠮᠢᠯᠠᠭᠰᠠᠨ ᠰᠠᠯᠪᠣᠷᠢ ᠶᠢᠨ ᠳᠡᠳ᠋ ᠳᠠᠷᠤᠭ᠎ᠠ ᠳᠣᠯᠭᠠᠭᠤᠷᠢ ᠶᠢᠨ ᠳᠠᠨᠢᠯᠴᠠᠭᠤᠯᠭ᠎ᠠ ᠠᠴᠠ ᠮᠡᠳᠡᠵᠡᠢ᠃ ᠭᠡᠷ ᠲᠤᠨᠢ ᠤᠷᠤᠬᠤ ᠳᠤ ᠡᠪᠯᠢᠭᠭᠡᠨ ᠲᠤᠯᠠᠭᠠᠬᠠᠨ᠂ ᠨᠡᠩ ᠴᠦ ︽ᠤᠯᠠᠭᠠᠨ᠎ᠠ ᠤᠬᠢᠯᠠᠬᠤ ᠲᠠᠩᠭᠢᠮ︾᠂ ︽ᠪᠠᠷᠠᠭᠤᠨᠰᠢ ᠵᠤᠷᠴᠢᠬᠰᠠᠨ ᠲᠡᠮᠳᠡᠭᠯᠡᠯ︾ ᠵᠡᠷᠭᠡ ᠣᠯᠠᠨ ᠨᠤᠮ ᠪᠢᠴᠢᠭ ᠨᠣᠮ ᠤᠨ ᠲᠠᠯᠪᠢᠭᠤᠷ ᠲᠤᠨᠢ ᠲᠡᠷᠢ ᠳᠡᠭᠰᠢ ᠵᠡᠷᠭᠡᠯᠡᠭᠳᠡᠵᠦ᠂ ᠬᠠᠮᠤᠭ ᠤᠨ ᠲᠡᠭᠡᠷ᠎ᠡ ᠳᠡᠭᠳᠡᠷ ᠲᠤᠨᠢ ᠡᠯᠭᠦᠭᠳᠡᠭᠰᠡᠨ ᠭᠠᠷ ᠢᠶᠠᠷ ᠣᠷᠠᠯᠠᠭᠰᠠᠨ ᠨᠢᠭᠡ ᠬᠤᠣᠰ ᠳᠠᠪᠣᠨ ᠣᠳᠣᠳᠣ ᠤᠯᠠᠭᠠᠨ ᠲᠤᠭ ᠤᠨᠴᠠ ᠶᠢᠨ ᠢᠯᠡ ᠲᠠᠢ ᠬᠠᠷᠠᠭᠲᠠᠨ᠎ᠠ᠃ ︽ᠮᠠᠨ ᠤ ᠡᠵᠢ ᠰᠤᠮᠤᠨ ᠤ ᠰᠣᠷᠭᠠᠭᠤᠯᠢ ᠶᠢᠨ ᠪᠠᠭᠰᠢ ᠪᠠᠶᠢᠬᠰᠠᠨ᠂ ᠨᠤᠮ ᠪᠢᠴᠢᠭ ᠲᠤ ᠬᠠᠶᠢᠷᠠᠳᠠᠢ᠂ ᠨᠤᠮ ᠴᠤᠭᠯᠠᠭᠤᠯᠬᠤ ᠲᠤᠷᠠᠲᠠᠢ᠂ ᠬᠦᠮᠦᠰ ᠵᠢᠭᠡᠯᠡᠵᠦ ᠠᠪᠠᠴᠢᠬᠰᠠᠨ᠂ ᠭᠡᠭᠡᠵᠦ ᠣᠷᠬᠢᠭᠳᠠᠭᠰᠠᠨ ᠢ ᠨᠢ ᠭᠠᠷᠭᠠᠭᠠᠳ ᠤᠳᠤ ᠡᠳᠦᠢ ᠦᠯᠡᠳᠡᠵᠦ ᠪᠠᠶᠢᠨ᠎ᠠ᠃ ᠡᠨᠡ ᠤᠯᠤᠰ ᠤᠨ ᠲᠤᠭ ᠪᠤᠯ ᠡᠵᠢ ᠶᠢᠨ ᠮᠢᠨᠢ ᠤᠷᠠᠯᠠᠵᠤ ᠪᠦᠳᠦᠭᠡᠭᠰᠡᠨ ᠪᠦᠲᠦᠭᠡᠯ ᠰᠢᠤ︕︾ ᠭᠡᠵᠦ ᠬᠡᠷᠡᠯᠴᠢᠮᠡᠭ ᠲᠠᠨᠢᠯᠴᠠᠭᠤᠯᠬᠤ ᠶᠢᠨ ᠲᠠᠭᠠᠤ ᠴᠠᠢ ᠤᠰᠤ ᠤᠶᠢᠷᠠᠳᠤᠭᠤᠯᠵᠦ ᠪᠠᠶᠢᠯ᠎ᠠ᠃
   ᠠᠭᠤᠯᠵᠠᠨ ᠣᠴᠠᠷᠠᠵᠣ᠂ ᠵᠤᠭᠤᠭᠲᠠᠨ ᠰᠠᠭᠤᠬᠤ ᠳᠤ ᠪᠤᠰᠢᠭᠤ ᠲᠦᠷᠭᠡᠨ ᠬᠦᠳᠡᠯᠦᠯ ᠪᠠᠷᠢᠯ᠂ ᠱᠣᠭᠯᠢᠭ ᠶᠦᠮᠦᠷᠯᠢᠭ ᠶᠠᠷᠢᠶ᠎ᠠ ᠬᠦᠬᠡᠷᠦᠭᠡ ᠲᠠᠢ ᠡᠨᠡ ᠪᠦᠰᠡᠬᠦᠢ ᠯᠦᠭᠡ ᠶᠢᠨ ᠰᠡᠳᠬᠢᠯ ᠤᠨ ᠵᠠᠢ ᠤᠢᠢᠷᠠᠳᠴᠣ᠂ ᠡᠭᠦᠨ ᠤ ᠤᠯᠠᠮ ᠢᠶᠠᠷ᠂ ᠬᠢᠯᠢ ᠨᠣᠳᠤᠭ ᠢᠶᠠᠨ ᠬᠤᠷᠢᠭᠠᠳ ᠵᠢᠯ ᠰᠠᠬᠢᠵᠣ ᠭᠠᠴᠠᠭᠠᠨ ᠤ ᠮᠠᠯᠴᠢᠳ ᠢᠶᠠᠨ ᠳᠠᠭᠠᠭᠤᠯᠣᠨ ᠴᠢᠨᠡᠭᠡᠯᠢᠭᠵᠢᠯ ᠤᠨ ᠵᠠᠮ ᠢᠶᠠᠷ ᠵᠠᠮᠨᠠᠵᠣ ᠪᠠᠶᠢᠭ᠎ᠠ ᠲᠡᠬᠦᠨ ᠤ ᠦᠯᠢᠭᠡᠷ ᠦᠢᠯᠡ ᠴᠦ ᠨᠢᠬᠡᠳ ᠨᠢᠬᠡ ᠪᠠᠷ ᠢᠶᠠᠨ ᠲᠤᠲᠤᠷᠠᠭᠠᠳ ᠢᠷᠡᠯ᠎ᠡ ᠁  
  ᠬᠢᠯᠢ ᠨᠣᠳᠤᠭ ᠢᠶᠠᠨ ᠰᠠᠬᠢᠨ ᠮᠠᠨᠠᠬᠰᠠᠨ 20 ᠵᠢᠯ
   ᠬᠠᠶᠢᠷᠬᠠᠨ ᠭᠠᠴᠠᠭ᠎ᠠ ᠡᠭᠡ ᠤᠯᠤᠰ ᠤᠨ ᠤᠮᠠᠷᠠᠳᠦ ᠬᠢᠯᠢ ᠳᠤ ᠪᠠᠶᠢᠷᠢᠯᠠᠵᠤ᠂ ᠮᠤᠩᠭᠤᠯ ᠤᠯᠤᠰ ᠲᠠᠢ ᠬᠢᠯᠢ ᠨᠡᠶᠢᠯᠡᠵᠦ ᠪᠠᠶᠢᠳᠠᠭ᠃ ᠬᠡᠷᠡᠯᠴᠢᠮᠡᠭ ᠤᠨ ᠰᠠᠭᠤᠷᠢᠰᠢᠯ ᠬᠤᠶᠠᠷ ᠣᠯᠣᠰ ᠤᠨ ᠬᠢᠯᠢ ᠶᠢᠨ ᠱᠤᠭᠤᠮ ᠠᠴᠠ ᠬᠤᠶᠠᠷᠬᠠᠨ ᠺᠢᠯᠤᠮᠧᠲᠷ ᠵᠠᠶᠢᠳᠠᠢ᠃ ᠪᠠᠯᠴᠢᠷ ᠪᠠᠭ᠎ᠠ ᠨᠠᠰᠣᠨ ᠠᠴᠠ ᠪᠠᠨ ᠠᠪᠤ ᠡᠵᠢ ᠲᠠᠢ ᠪᠠᠨ ᠬᠠᠮᠳᠤ ᠬᠤᠨᠢ ᠪᠠᠨ ᠲᠠᠭᠠᠵᠦ᠂ ᠬᠢᠯᠢ ᠨᠣᠳᠤᠭ ᠢᠶᠠᠨ ᠰᠠᠬᠢᠵᠤ ᠶᠠᠪᠤᠭᠰᠠᠨ ᠪᠣᠯᠬᠤᠷ ᠶᠠᠮᠠᠷ ᠨᠢᠬᠡᠨ ᠤᠳᠬ᠎ᠠ ᠠᠭᠤᠯᠭ᠎ᠠ ᠠᠴᠠ ᠠᠪᠴᠦ ᠬᠡᠯᠡᠪᠡᠯ ᠬᠢᠯᠢ ᠭᠡᠷ ᠬᠤᠶᠠᠷ ᠨᠢ ᠲᠡᠭᠦᠨ ᠳᠤ ᠠᠳᠠᠯᠢᠬᠠᠨ ᠪᠢᠯᠡ᠃
   ᠦᠨᠳᠦᠷ ᠳᠣᠮᠳᠠᠳᠣ ᠪᠠᠨ ᠲᠡᠭᠦᠰᠦᠭᠡᠳ ᠬᠤᠳᠠ ᠭᠠᠵᠠᠷ ᠬᠡᠰᠡᠭ ᠬᠤᠭᠤᠴᠠᠭ᠎ᠠ ᠬᠦᠯᠦᠰᠦᠨ ᠠᠵᠢᠯ ᠬᠢᠵᠦ ᠶᠠᠪᠤᠬᠰᠠᠨ ᠬᠡᠷᠡᠯᠴᠢᠮᠡᠭ 1999 ᠤᠨ ᠳᠤ ᠠᠷᠤ ᠭᠡᠷ ᠨᠤᠳᠤᠭ ᠤᠰᠤᠨ ᠳᠠᠭᠠᠨ ᠬᠤᠷᠭᠤᠲᠠᠨ ᠬᠠᠶᠢᠷᠬᠠᠨ ᠭᠠᠴᠠᠭᠠᠨ ᠳᠠᠭᠠᠨ ᠪᠣᠴᠠᠵᠣ᠂ ᠠᠪᠤ ᠡᠵᠢ ᠶᠢᠨ ᠢᠶᠠᠨ ᠭᠠᠷ ᠠᠴᠠ ᠬᠢᠯᠢ ᠰᠠᠬᠢᠬᠤ ᠪᠤᠤᠬᠢᠶ᠎ᠠ ᠶᠢ ᠵᠠᠯᠭᠠᠮᠵᠢᠯᠠᠨ ᠠᠪᠤᠭᠰᠠᠨ ᠪᠠᠶᠢᠵᠠᠢ᠃ ᠳᠡᠭᠡᠷ᠎ᠡ ᠵᠠᠭᠤᠨ ᠤ ᠶᠡᠷᠡᠭᠡᠳ ᠤᠨ ᠤ ᠰᠡᠬᠦᠯᠴᠢ ᠶᠢᠨ ᠬᠢᠯᠢ ᠨᠤᠲᠤᠭ ᠲᠤ ᠴᠠᠬᠢᠯᠭᠠᠨ ᠨᠡᠪᠳᠡᠷᠡᠭᠦ ᠦᠭᠡᠢ᠂ ᠴᠢᠮᠡᠭᠡ ᠬᠤᠯᠪᠤᠭ᠎ᠠ ᠲᠦᠭᠦᠮ ᠦᠭᠡᠢ᠂ ᠲᠡᠷᠭᠡ ᠮᠤᠳᠤ ᠴᠦᠭᠡᠨ᠂ ᠨᠡᠩ ᠴᠦ ᠰᠢᠨ᠎ᠠ ᠰᠤᠷᠭᠤᠭ ᠵᠢᠮᠢᠰ ᠨᠤᠭᠤᠭ᠎ᠠ ᠤᠯᠵᠤ ᠢᠳᠡᠬᠦ ᠦᠭᠡᠢ᠂ ᠠᠮᠢᠳᠣᠷᠠᠯ ᠤᠨ ᠨᠦᠬᠦᠴᠡᠯ ᠲᠦᠢᠯ ᠤᠨ ᠬᠠᠳᠠᠭᠤᠵᠢᠯᠳᠠᠢ ᠪᠠᠶᠢᠵᠠᠢ᠂ ᠬᠡᠪᠡᠴᠦ ᠡᠨᠡ ᠪᠦᠬᠦᠨ ᠨᠢ ᠬᠤᠯᠠ ᠶᠠᠪᠣᠵᠣ ᠬᠠᠷᠠᠴᠠ ᠨᠡᠭᠡᠭᠡᠭᠰᠡᠨ ᠬᠤᠷᠢᠭᠠᠳᠬᠠᠨ ᠨᠠᠰᠤᠲᠠᠢ ᠬᠡᠷᠡᠯᠴᠢᠮᠡᠭ ᠤᠨ ᠵᠤᠷᠢᠭ ᠰᠦᠰᠦ ᠶᠢ ᠮᠢᠳᠠᠷᠠᠭᠤᠯᠵᠣ ᠴᠢᠳᠠᠭᠰᠠᠨ ᠦᠭᠡᠢ᠂ ᠬᠢᠯᠢ ᠨᠤᠲᠤᠭ ᠲᠠᠭᠠᠨ ᠢᠳᠡᠭᠡᠰᠢᠨ ᠲᠠᠰᠴᠦ᠂ ᠠᠳᠠᠯ ᠠᠮᠢᠲᠤᠷᠠᠯ ᠢᠶᠠᠨ ᠲᠦᠪᠬᠢᠨᠡᠬᠦᠯᠦᠭᠰᠡᠭᠡᠷ᠂ ᠨᠢᠭᠡ ᠮᠡᠳᠡᠬᠦ ᠳᠤ ᠬᠤᠷᠢᠨ ᠵᠢᠯ ᠢ ᠬᠤᠨᠤᠭ ᠤᠨ ᠡᠳᠦᠷ ᠮᠡᠳᠦ ᠦᠡᠭᠭᠡᠷᠡᠬᠦᠯᠵᠡᠢ᠃
   ᠬᠢᠯᠢ ᠨᠤᠳᠤᠭ ᠤᠨ ᠤᠨᠴᠠᠭᠠᠢ ᠭᠠᠵᠠᠷ ᠵᠦᠢ ᠶᠢᠨ ᠪᠠᠶᠢᠷᠢᠰᠢᠯ ᠠᠴᠠ ᠪᠤᠯᠵᠦ ᠬᠦᠮᠦᠨ ᠠᠮᠢᠳᠠᠨ ᠬᠢᠯᠢ ᠲᠠᠪᠠᠭ᠋ᠤ ᠪᠠ ᠭᠠᠳᠠᠭᠠᠳᠤ ᠲᠠᠢ ᠬᠤᠯᠪᠤᠬᠳᠠᠬᠰᠠᠨ ᠬᠡᠷᠡᠭ ᠡᠬᠦᠰᠬᠦ ᠶᠢ ᠰᠡᠷᠭᠡᠶᠢᠯᠡᠨ ᠮᠡᠳᠡᠬᠦᠯᠬᠦ ᠨᠢ ᠬᠢᠯᠢ ᠶᠢᠨ ᠠᠷᠠᠳ ᠤᠨ ᠴᠢᠬᠤᠯᠠ ᠬᠠᠷᠢᠭᠤᠴᠠᠯᠭ᠎ᠠ ᠪᠢᠯᠡ᠃ ᠨᠢᠭᠡ ᠣᠳᠠᠭ᠎ᠠ ᠰᠦᠨᠢ ᠶᠢᠨ ᠬᠦᠨ ᠳᠤ ᠳ᠋ᠸᠡᠭ ᠤᠨ ᠬᠡᠷᠡᠯ ᠬᠢᠯᠠᠯᠵᠠᠬᠤ ᠪᠠᠷ ᠬᠦᠮᠦᠨ ᠠᠮᠢᠲᠠᠨ ᠬᠢᠯᠢ ᠲᠠᠪᠠᠭ᠋ᠤ ᠭᠡᠵᠦ ᠪᠠᠶᠢᠨ᠎ᠠ ᠬᠡᠮᠡᠨ ᠰᠡᠵᠢᠭᠯᠡᠵᠦ᠂ ᠲᠠᠷᠦ᠋ᠢᠬᠠᠨ ᠬᠢᠯᠢ ᠶᠢᠨ ᠰᠠᠯᠪᠣᠷᠢ ᠳᠤ ᠬᠡᠷᠡᠭ ᠮᠡᠳᠡᠬᠦᠯᠵᠦ᠂ ᠬᠢᠯᠢ ᠲᠠᠪᠠᠭ᠋ᠤ ᠭᠡᠵᠦ ᠪᠠᠶᠢᠬᠰᠠᠨ ᠬᠦᠮᠦᠰ ᠢ ᠬᠤᠷᠢᠬᠯᠠᠵᠤ ᠴᠢᠳᠠᠬᠰᠠᠨ ᠭᠡᠵᠦ ᠲᠡᠷᠡ ᠡᠷᠬᠢᠴᠡᠬᠦᠯᠦᠨ᠎ᠠ᠃ ︽ᠬᠢᠯᠢ ᠰᠠᠬᠢᠬᠰᠠᠨ ᠤᠯᠠᠨ ᠵᠢᠯ ᠳᠤ᠂ ᠬᠡᠷᠡᠯᠴᠢᠮᠡᠭ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ᠂ ᠬᠢᠯᠢ ᠶᠢᠨ ᠬᠠᠮᠠᠭᠠᠯᠠᠯᠳᠠ ᠶᠢᠨ ᠰᠠᠯᠠᠭ᠎ᠠ ᠮᠦᠴᠢᠷ ᠢ ᠬᠠᠮᠵᠢᠵᠤ ᠮᠠᠯ ᠣᠨᠤᠭ᠎ᠠ ᠬᠤᠯᠠᠭᠠᠢᠢᠯᠠᠬᠤ᠂ ᠭᠡᠬᠡᠷ᠎ᠠ ᠶᠢᠨ ᠠᠷᠢᠶᠠᠳᠠᠨ ᠠᠮᠢᠳᠠᠨ ᠢ ᠠᠩᠨᠠᠬᠤ᠂ ᠲᠦᠢᠮᠡᠷ ᠤᠨ ᠠᠶᠤᠯ ᠢ ᠪᠠᠶᠢᠴᠠᠭᠠᠨ ᠮᠡᠳᠡᠬᠦᠯᠬᠦ᠂ ᠬᠠᠤᠯᠢ ᠪᠤᠰᠤ ᠪᠠᠷ ᠬᠢᠯᠢ ᠲᠠᠪᠠᠭ᠋ᠤ ᠶᠢ ᠰᠡᠷᠭᠡᠶᠢᠯᠡᠬᠦ ᠵᠡᠷᠭᠡ ᠲᠠᠯ᠎ᠠ ᠶᠢᠨ ᠤᠯᠠᠨ ᠠᠷᠪᠢᠨ ᠠᠵᠢᠯ ᠢ ᠬᠢᠭᠰᠡᠨ︾ ᠭᠡᠵᠦ ᠳᠣᠯᠭᠠᠭᠤᠷᠢ ᠳᠠᠨᠢᠯᠴᠠᠭᠤᠯᠣᠯ᠎ᠠ᠃
   ᠬᠡᠷᠡᠯᠴᠢᠮᠡᠭ ᠤᠨ ᠨᠦᠬᠦᠷ ᠰᠢᠳᠤᠷᠭᠤ ᠨᠢ ᠵᠡᠬᠦᠨ ᠦᠵᠦᠮᠦᠴᠢᠨ ᠬᠤᠰᠢᠭᠤᠨ ᠤ ᠨᠢᠭᠡᠳᠦᠭᠰᠡᠨ ᠬᠤᠯᠪᠤᠭ᠎ᠠ ᠶᠢᠨ ᠺᠤᠮᠫᠠᠨᠢ ᠳᠤ ᠬᠤᠷᠢ ᠭᠠᠷᠤᠢ ᠵᠢᠯ ᠠᠵᠢᠯᠯᠠᠵᠠᠢ᠃ ᠰᠢᠤᠳᠠᠨ ᠤ ᠰᠤᠷᠭᠠᠭᠤᠯᠢ ᠳᠤ ᠵᠡᠰᠠᠨ ᠰᠡᠯᠪᠢᠬᠦ ᠲᠤᠰᠬᠠᠢ ᠮᠡᠷᠭᠡᠵᠢᠯ ᠰᠤᠷᠤᠬᠰᠠᠨ ᠰᠢᠳᠤᠷᠭᠤ ᠭᠤᠸᠠᠢ ᠵᠡᠭᠦᠨ ᠦᠵᠦᠮᠦᠴᠢᠨ ᠬᠤᠰᠢᠭᠤᠨ ᠳᠤ ᠠᠵᠢᠯᠯᠠᠵᠣ ᠪᠠᠶᠢᠭᠰᠠᠨ ᠬᠤᠭᠤᠴᠠᠭᠠᠨ ᠳᠠᠭᠠᠨ᠂ ᠡᠯ᠎ᠠ ᠬᠢᠯᠢ ᠶᠢᠨ ᠰᠠᠯᠪᠤᠷᠢ ᠶᠢᠨ ᠲᠤᠰᠬᠠᠢ ᠤᠳᠠᠰᠤ ᠶᠢ ᠤᠬᠰᠠᠷᠠᠬᠤ᠂ ᠮᠤᠷᠢᠨ ᠨᠢᠷᠤᠭᠤᠨ ᠲᠡᠭᠡᠷᠡᠭᠢ ets ᠢ ᠲᠦᠭᠡᠮᠡᠯᠵᠢᠬᠦᠯᠬᠦ ᠵᠡᠷᠭᠡ ᠣᠯᠠᠨ ᠠᠵᠢᠯ ᠬᠢᠵᠦ᠂ ᠬᠢᠯᠢ ᠬᠢᠵᠠᠭᠠᠷ ᠤᠷᠤᠨ ᠤ ᠴᠢᠮᠡᠭᠡ ᠬᠤᠯᠪᠣᠭ᠎ᠠ ᠶᠢᠨ ᠭᠦᠭᠵᠢᠯᠳᠡ ᠵᠢᠴᠢ ᠬᠢᠯᠢ ᠶᠢᠨ ᠬᠠᠮᠢᠶᠠᠷᠣᠯᠳᠠ ᠶᠢᠨ ᠣᠷᠣᠨ ᠤ ᠠᠮᠣᠷ ᠳᠣᠭᠳᠠᠭᠤᠨ ᠢ ᠪᠠᠳᠣᠯᠠᠬᠤ ᠳᠤ ᠨᠢᠭᠡ ᠮᠦᠷᠦᠨ ᠤ ᠬᠦᠴᠦᠨ ᠢᠶᠠᠨ ᠡᠷᠭᠦᠵᠡᠢ ᠭᠡᠬᠦ ᠳᠤ ᠢᠯᠡᠬᠦᠳᠡᠬᠦ ᠪᠠᠷ ᠦᠭᠡᠢ᠃ ᠤᠳᠤ ᠨᠢᠭᠡᠨᠳᠡ ᠠᠪᠠᠭ᠎ᠠ ᠬᠤᠰᠢᠭᠤᠨ ᠳᠤ ᠠᠵᠢᠯ ᠰᠢᠯᠵᠢᠭᠰᠡᠨ ᠴᠦ᠂ ᠮᠦᠨ ᠴᠢᠮᠡᠭᠡ ᠬᠤᠯᠪᠤᠭᠠᠨ ᠤ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠤᠯᠳᠠ ᠶᠢᠨ ᠦᠢᠯᠡᠰ ᠲᠤ ᠭᠠᠪᠰᠢᠭᠠᠢᠢᠯᠠᠵᠤ᠂ ᠬᠡᠷᠡᠯᠴᠢᠮᠡᠭ ᠲᠠᠢ ᠪᠠᠨ ᠬᠤᠶᠠᠭᠤᠯᠠ ᠬᠢᠯᠢ ᠬᠢᠵᠠᠭᠠᠷ ᠤᠷᠤᠨ ᠤ ᠠᠮᠤᠷ ᠲᠤᠬᠳᠠᠭᠤᠨ᠂ ᠭᠦᠭᠵᠢᠯᠳᠠ ᠬᠤᠪᠢᠷᠠᠯᠳᠡ ᠳᠤ ᠬᠦᠴᠦ ᠪᠠᠨ ᠡᠷᠭᠦᠨ᠎ᠡ᠃ ᠨᠦᠬᠦᠷ ᠤᠨ ᠬᠢᠨᠢ ᠠᠵᠢᠯ ᠠᠯᠪᠠ ᠨᠢ ᠵᠠᠪ ᠴᠢᠯᠦᠭᠡ ᠦᠭᠡᠢ᠂ ᠦᠷ᠎ᠡ ᠶᠢᠨ ᠭᠠᠭᠴᠠ ᠬᠦᠦ ᠨᠢ ᠴᠦ ᠠᠯᠤᠰ ᠭᠠᠵᠠᠷ ᠰᠤᠷᠤᠯᠭ᠎ᠠ ᠰᠤᠶᠤᠯ ᠬᠦᠬᠡᠬᠡᠳᠡᠭ᠃ ︽ᠡᠩ ᠤᠨ ᠴᠠᠭ ᠲᠤ ᠭᠠᠭᠴᠠᠭᠠᠷ ᠭᠡᠷ ᠲᠡᠭᠡᠨ ᠪᠠᠶᠢᠬᠤ ᠤᠢᠢᠳᠬᠠᠷ ᠲᠠᠢ ᠤᠤ︖︾ ᠭᠡᠵᠦ ᠬᠢᠯᠢ ᠨᠤᠳᠤᠭ ᠢᠶᠠᠨ ᠰᠠᠬᠢᠨ ᠬᠤᠴᠤᠷᠤᠬᠰᠠᠨ ᠬᠡᠷᠡᠯᠴᠢᠮᠡᠭ ᠠᠴᠠ ᠠᠰᠠᠭᠤᠬᠤ ᠳᠤ᠂ ︽ᠬᠢᠯᠢ ᠬᠢᠵᠠᠭᠠᠷ ᠠᠮᠤᠷ ᠲᠤᠬᠳᠠᠭᠤᠨ ᠪᠤᠯ ᠲᠦᠭ ᠲᠦᠮᠡᠨ ᠭᠡᠷ ᠪᠦᠯᠢ ᠠᠮᠤᠷ ᠠᠮᠤᠭᠤᠯᠠᠩ᠂ ᠬᠢᠯᠢ ᠬᠢᠵᠠᠭᠠᠷ ᠤᠷᠤᠨ ᠢᠶᠠᠨ ᠰᠠᠬᠢᠨ ᠮᠠᠨᠠᠬᠤ ᠮᠠᠨᠢ ᠤᠨᠠᠵᠤ ᠦᠰᠦᠭᠰᠡᠨ ᠨᠤᠳᠤᠭ ᠤᠰᠤᠨ ᠳᠠᠭᠠᠨ ᠶᠡᠭᠦᠯᠡᠬᠦ ᠦᠯᠡᠮᠵᠢ ᠶᠡᠭᠡ ᠬᠠᠶᠢᠷ᠎ᠠ᠂ ᠤᠢᠢᠳᠬᠠᠷᠯᠠᠬᠤ ᠤᠴᠢᠷ ᠪᠠᠶᠢᠬᠤ ᠦᠭᠡᠢ︾ ᠬᠡᠵᠦ ᠢᠨᠢᠶᠡᠨ ᠬᠡᠯᠡᠪᠠ᠃
   ᠲᠤᠯᠭᠠᠭᠤᠷᠢ ᠶᠢᠨ ᠳᠠᠨᠢᠯᠴᠠᠭᠤᠯᠣᠭᠰᠠᠨ ᠢᠶᠠᠷ᠂ ᠵᠢᠷᠭᠠᠯᠠᠩᠳᠦ ᠰᠤᠮᠤ ᠣᠳᠣ 7 ᠭᠠᠴᠠᠭ᠎ᠠ ᠲᠠᠢ᠂ ᠡᠬᠦᠨ ᠳᠤ ᠬᠠᠶᠢᠷᠬᠠᠨ᠂ ᠪᠠᠶᠠᠷᠳᠦ᠂ ᠪᠠᠶᠠᠨᠵᠢᠷᠭᠠᠯᠳᠤ ᠵᠡᠷᠭᠡ 3 ᠭᠠᠴᠠᠭ᠎ᠠ ᠨᠢ ᠮᠤᠩᠭᠤᠯ ᠤᠯᠤᠰ ᠲᠠᠢ ᠬᠢᠯᠢ ᠨᠡᠶᠢᠯᠡᠵᠦ ᠪᠣᠢ᠂ ᠬᠡᠷᠡᠯᠴᠢᠮᠡᠭ ᠮᠡᠳᠦ ᠶᠢᠨ ᠬᠢᠯᠢ ᠰᠠᠬᠢᠬᠰᠠᠨ ᠮᠠᠯᠴᠢᠳ ᠬᠢᠯᠢ ᠲᠠᠢ ᠬᠤᠯᠪᠤᠬᠳᠠᠬᠰᠠᠨ ᠬᠡᠷᠡᠭ ᠤᠨ ᠰᠦᠪᠡᠭᠴᠢ ᠶᠢ ᠴᠠᠭ ᠲᠠᠷᠤᠢ ᠳᠤᠨᠢ ᠮᠡᠳᠡᠭᠦᠯᠵᠦ ᠪᠠᠶᠢᠭ᠎ᠠ ᠨᠢ ᠬᠢᠯᠢ ᠬᠢᠵᠠᠭᠠᠷ ᠤᠷᠤᠨ ᠤ ᠠᠮᠤᠷ ᠲᠤᠬᠳᠠᠭᠤᠨ ᠢ ᠪᠠᠳᠤᠯᠠᠬᠤ ᠳᠤ ᠤᠮᠳᠤᠭᠠᠢᠢᠯᠠᠵᠦ ᠪᠤᠯᠤᠰᠢ ᠦᠭᠡᠢ ᠴᠢᠬᠤᠯᠠ ᠦᠢᠯᠡᠳᠦᠯ ᠦᠵᠡᠬᠦᠯᠵᠦ ᠪᠣᠢ᠃

   ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠣᠭᠰᠠᠨ 15 ᠵᠢᠯ

   ᠭᠡᠷᠡᠯᠴᠢᠮᠡᠭ ᠮᠠᠯᠴᠢᠨ ᠪᠦᠰᠡᠬᠦᠢ᠂ ᠮᠦᠨ ᠴᠦ ᠨᠠᠮ ᠤᠨ ᠬᠡᠰᠢᠬᠦᠨ᠃ 2004 ᠤᠨ ᠳᠤ ᠳᠣᠮᠳᠠᠳᠣ ᠣᠯᠣᠰ ᠤᠨ ᠡᠪ ᠬᠠᠮᠳᠤ ᠨᠠᠮ ᠳᠤ ᠡᠯᠰᠡᠭᠳᠡᠭᠰᠡᠨ ᠬᠡᠷᠡᠯᠴᠢᠮᠡᠭ ᠨᠠᠮ ᠤᠨ ᠬᠡᠰᠢᠬᠦᠨ ᠤ ᠡᠭᠦᠷᠭᠡ ᠬᠠᠷᠢᠭᠤᠴᠠᠯᠭ᠎ᠠ ᠶᠢ ᠢᠮᠠᠬᠳᠠ ᠰᠡᠳᠬᠢᠯ ᠳᠡᠭᠡᠨ ᠲᠠᠯᠪᠢᠵᠤ᠂ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠣᠨ᠂ ᠨᠠᠮ ᠤᠨ ᠳᠤᠭ ᠢ ᠬᠢᠯᠢ ᠨᠤᠳᠤᠭ ᠲᠠᠭᠠᠨ ᠨᠠᠮᠢᠷᠠᠭᠤᠯᠵᠦ ᠶᠠᠪᠤᠭᠰᠠᠨ ᠢ ᠲᠡᠭᠦᠨ ᠤ ᠬᠢᠭᠰᠡᠨ ᠠᠵᠢᠯ ᠪᠦᠳᠦᠭᠡᠭᠰᠡᠨ ᠦᠢᠯᠡ ᠨᠢ ᠭᠡᠷᠡᠴᠢᠯᠡᠨ᠎ᠡ᠃ 2013 ᠤᠨ ᠳᠤ᠂ ᠭᠡᠷᠡᠯᠴᠢᠮᠡᠭ ᠤᠨ ᠬᠢᠨ ᠨᠠᠮ ᠤᠨ ᠬᠡᠰᠢᠬᠦᠨ ᠤ ᠭᠤᠤᠯᠯᠠᠬᠴᠢ ᠡᠷᠦᠬᠡ ᠪᠤᠯᠤᠬᠰᠠᠨ ᠤ ᠲᠠᠷᠠᠭ᠎ᠠ᠂ ᠬᠠᠶᠢᠷᠬᠠᠨ ᠭᠠᠴᠠᠭᠠᠨ ᠤ ᠪᠤᠳᠠᠳᠤ ᠪᠠᠶᠢᠳᠠᠯ ᠳᠠᠭᠠᠨ ᠰᠠᠭᠤᠷᠢᠯᠠᠨ᠂ ᠬᠢᠯᠢ ᠬᠢᠵᠠᠭᠠᠷ ᠤᠨ ᠠᠮᠤᠷ ᠲᠤᠬᠳᠠᠭᠤᠨ᠂ ᠨᠡᠶᠢᠭᠡᠮ ᠤᠨ ᠡᠶ᠎ᠡ ᠵᠤᠬᠢᠴᠠᠩᠭᠤᠢ ᠶᠢ ᠠᠬᠢᠭᠤᠯᠬᠤ ᠳᠤ ᠮᠠᠯᠴᠢᠨ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠢᠳᠡᠪᠬᠢᠳᠡᠢ ᠪᠠᠳᠠᠷᠠᠭᠤᠯᠵᠠᠢ᠃ ᠬᠢᠯᠢ ᠬᠢᠵᠠᠭᠠᠷ ᠤᠷᠤᠨ ᠤ ᠴᠡᠷᠢᠭ ᠴᠠᠬᠳᠠᠭ᠎ᠠ᠂ ᠨᠠᠮ ᠤᠨ ᠬᠡᠰᠢᠬᠦᠨ ᠲᠠᠢ ᠬᠠᠮᠳᠤ ᠪᠠᠷ ᠮᠠᠯᠴᠢᠨ ᠲᠦᠮᠡᠨ ᠳᠤ ᠨᠠᠮ ᠤᠨ ᠱᠣᠭᠤᠮ ᠴᠢᠭᠯᠡᠯᠳᠡ ᠲᠦᠷᠦ ᠶᠢᠨ ᠪᠣᠳᠣᠯᠭ᠎ᠠ᠂ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠬᠠᠷᠠᠯᠳᠠ ᠡᠭᠦᠷᠭᠡ᠂ ᠨᠡᠶᠢᠭᠡᠮ ᠤᠨ ᠪᠠᠳᠤᠯᠠᠭ᠎ᠠ ᠵᠡᠷᠭᠡ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠳᠤ ᠮᠠᠯ ᠣᠨᠤᠭ᠎ᠠ ᠶᠢᠨ ᠡᠬᠦᠯᠳᠡᠷ ᠣᠭᠰᠠᠭ᠎ᠠ ᠶᠢ ᠰᠠᠶᠢᠵᠢᠷᠠᠭᠤᠯᠬᠤ᠂ ᠨᠤᠳᠤᠭ ᠪᠡᠯᠴᠢᠭᠡᠷ ᠢᠶᠠᠨ ᠬᠠᠮᠠᠭᠠᠯᠠᠬᠤ ᠵᠡᠷᠭᠡ ᠮᠠᠯᠴᠢᠨ ᠲᠦᠮᠡᠨ ᠤ ᠬᠠᠯᠠᠮᠵᠢᠯᠠᠵᠣ ᠪᠠᠶᠢᠭ᠎ᠠ ᠠᠰᠠᠭᠤᠳᠠᠯ ᠳᠤ ᠬᠠᠷᠢᠭᠤᠯᠳᠠ ᠦᠭᠴᠦ᠂ ᠰᠤᠷᠤᠯᠴᠠᠯᠭ᠎ᠠ ᠬᠦᠮᠦᠵᠢᠯ ᠤᠨ ᠦᠷ᠎ᠠ ᠪᠦᠳᠦᠮᠵᠢ ᠶᠢ ᠪᠠᠳᠤᠯᠠᠬᠰᠠᠨ ᠪᠠᠶᠢᠨ᠎ᠠ᠃ ᠪᠠᠶᠠᠯᠢᠭ ᠠᠭᠤᠯᠭ᠎ᠠ ᠲᠠᠢ ᠰᠤᠷᠤᠯᠴᠠᠯᠭ᠎ᠠ ᠶᠢᠨ ᠠᠵᠢᠯᠯᠠᠭ᠎ᠠ ᠦᠷᠨᠢᠬᠦᠯᠬᠦ ᠶᠢᠨ ᠵᠡᠷᠭᠡ ᠪᠠᠷ ᠪᠠᠶᠠᠷ ᠲᠤᠷᠠᠰᠬᠠᠯ ᠤᠨ ᠡᠳᠦᠷ ᠭᠠᠴᠠᠭ᠎ᠠ ᠶᠢᠨ ᠨᠠᠮ ᠤᠨ ᠬᠡᠰᠢᠬᠦᠳ ᠢᠶᠠᠨ ᠵᠤᠬᠢᠶᠠᠨ ᠪᠠᠶᠢᠭᠤᠯᠵᠤ᠂ ᠨᠠᠮ ᠳᠤ ᠤᠷᠤᠬᠤ ᠲᠠᠩᠭᠠᠷᠢᠭ ᠤᠨ ᠦᠭᠡ ᠪᠠᠨ ᠲᠠᠬᠢᠨ ᠡᠷᠭᠢᠴᠡᠭᠦᠯᠬᠦ᠂ ᠨᠠᠮ ᠤᠨ ᠰᠦᠯᠳᠡ ᠵᠡᠬᠦᠬᠦ ᠵᠡᠷᠭᠡ ᠭᠤᠤᠯ ᠰᠡᠳᠦᠪᠳᠦ ᠨᠠᠮ ᠤᠨ ᠡᠳᠦᠷ ᠤᠨ ᠠᠵᠢᠯᠯᠠᠭ᠎ᠠ ᠦᠷᠨᠢᠬᠦᠯᠵᠦ᠂ ᠨᠠᠮ ᠤᠨ ᠬᠡᠰᠢᠬᠦᠨ ᠤ ᠬᠠᠷᠢᠭᠤᠴᠠᠯᠭᠠᠳᠤ ᠰᠡᠳᠬᠢᠯᠭᠡ ᠶᠢ ᠨᠢ ᠴᠢᠩᠭᠠᠷᠠᠭᠤᠯᠵᠠᠢ᠃ ᠬᠡᠷᠡᠯᠴᠢᠮᠡᠭ ᠪᠠᠰᠠ ᠭᠠᠴᠠᠭᠠᠨ ᠳᠠᠭᠠᠨ ᠠᠷᠠᠳ ᠲᠤ ᠲᠦᠬᠦᠮ ᠦᠵᠡᠬᠦᠯᠬᠦ ᠦᠢᠯᠡᠴᠢᠯᠡᠭᠡᠨ ᠤ ᠡᠩᠨᠡᠭᠡ ᠵᠣᠬᠢᠶᠠᠨ ᠪᠠᠶᠢᠭᠤᠯᠣᠨ ᠲᠤᠬᠳᠠᠬᠰᠠᠨ ᠬᠤᠭᠤᠴᠠᠭ᠎ᠠ ᠲᠠᠢ ᠪᠠᠷ ᠲᠦᠯ ᠲᠤᠰᠬᠤ᠂ ᠬᠠᠰᠢᠶ᠎ᠠ ᠬᠦᠷᠢᠶ᠎ᠠ ᠶᠢ ᠴᠡᠪᠡᠷᠯᠡᠬᠦ᠂ ᠬᠤᠭ ᠨᠤᠪᠰᠢ ᠶᠢ ᠠᠷᠢᠯᠭᠠᠬᠤ ᠵᠡᠷᠭᠡ ᠰᠠᠶᠢᠨ ᠲᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠦᠷᠨᠢᠬᠦᠯᠵᠦ᠂ ᠨᠠᠮ ᠤᠨ ᠬᠡᠰᠢᠬᠦᠨ ᠪᠠ ᠮᠠᠯᠴᠢᠨ ᠲᠦᠮᠡᠨ ᠤ ᠬᠠᠷᠢᠴᠠᠭ᠎ᠠ ᠶᠢ ᠴᠢᠨᠠᠬᠰᠢᠳᠠ ᠨᠢᠬᠳᠠᠷᠠᠭᠤᠯᠵᠣ ᠪᠢᠯᠡ᠃
   ᠬᠡᠷᠡᠯᠴᠢᠮᠡᠭ ᠦᠷᠬᠦᠯᠵᠢ ᠮᠠᠯᠵᠢᠬᠤ ᠡᠷᠦᠭᠡ ᠪᠠᠷ ᠭᠦᠨᠵᠡᠭᠡᠶᠢᠷᠡᠵᠦ᠂ ᠮᠠᠯᠴᠢᠨ ᠲᠠᠢ ᠶᠠᠷᠢᠯᠴᠠᠨ ᠵᠣᠭᠤᠭᠳᠠᠬᠤ ᠶᠢᠨ ᠲᠠᠭᠠᠤ ᠲᠠᠳᠠ ᠨᠠᠷ ᠤᠨ ᠪᠤᠳᠠᠳᠠᠢ ᠬᠦᠴᠢᠷᠳᠡᠯ ᠢ ᠨᠢ ᠤᠢᠢᠯᠠᠭᠠᠵᠤ᠂ ᠬᠤᠷᠢᠶᠠᠨ ᠴᠤᠬᠯᠠᠭᠤᠯᠤᠬᠰᠠᠨ ᠰᠠᠨᠠᠯ ᠰᠠᠨᠠᠭᠤᠯᠭ᠎ᠠ ᠪᠠᠨ ᠴᠠᠭ ᠲᠠᠷᠤᠢ ᠳᠤᠨᠢ ᠮᠡᠳᠡᠬᠦᠯᠦᠨ ᠲᠡᠪᠰᠢᠬᠦᠯᠵᠦ᠂ ᠨᠠᠮ ᠤᠨ ᠵᠤᠬᠢᠶᠠᠨ ᠪᠠᠶᠢᠭᠤᠯᠤᠯᠳᠠ ᠪᠠ ᠨᠠᠮ ᠤᠨ ᠬᠡᠰᠢᠬᠦᠨ᠂ ᠮᠠᠯᠴᠢᠨ ᠲᠦᠮᠡᠨ ᠤ ᠬᠤᠭᠤᠷᠤᠨᠳᠤᠬᠢ ᠬᠦᠬᠦᠷᠬᠡ ᠬᠤᠯᠪᠤᠭᠠᠰᠤ ᠪᠤᠯᠵᠠᠢ᠃ ᠭᠠᠴᠠᠭᠠᠨ ᠤ ᠪᠠᠨ ᠡᠮᠡᠭᠳᠡᠶᠢᠴᠤᠳ ᠤᠨ ᠬᠤᠯᠪᠤᠭ᠎ᠠ ᠳᠤ ᠲᠤᠰᠢᠶᠠᠯ ᠬᠠᠷᠢᠭᠤᠴᠠᠵᠤ ᠪᠠᠶᠢᠬᠰᠠᠨ ᠬᠤᠭᠤᠴᠠᠭᠠᠨ ᠳᠠᠭᠠᠨ ᠬᠡᠷᠡᠯᠴᠢᠮᠡᠭ ᠬᠦᠷᠰᠢ ᠵᠡᠷᠭᠡᠯᠡᠳᠡᠭᠡ ᠶᠢᠨ ᠵᠢᠭᠤᠷᠠᠭᠠᠨ ᠢ ᠡᠶᠡᠳᠡᠬᠦᠯᠬᠦ᠂ ᠡᠮᠡᠭᠳᠡᠶᠢᠴᠤᠳ ᠭᠡᠷ ᠪᠦᠯᠢ ᠶᠢᠨ ᠬᠦᠴᠦᠷᠭᠡᠭᠯᠡᠯ ᠳᠤ ᠣᠴᠠᠷᠠᠬᠤ ᠠᠴᠠ ᠰᠡᠷᠭᠡᠶᠢᠯᠡᠬᠦ ᠮᠡᠳᠦ ᠶᠢᠨ ᠠᠷᠠᠳ ᠤᠨ ᠬᠤᠭᠤᠷᠣᠨᠳᠣᠬᠢ ᠵᠦᠷᠢᠴᠡᠯ ᠵᠢᠭᠤᠷᠠᠭᠠᠨ ᠢ ᠤᠯᠠᠨᠳᠠ ᠰᠢᠢᠳᠪᠤᠷᠢᠯᠡᠵᠦ ᠪᠢᠯᠡ᠃ ᠨᠢᠭᠡ ᠤᠳᠠᠭ᠎ᠠ᠂ ᠬᠢᠯᠢ ᠶᠢᠨ ᠤᠷᠤᠨ ᠳᠤ ᠨᠤᠳᠤᠭ ᠪᠡᠯᠴᠢᠭᠡᠷ ᠤᠨ ᠲᠦᠢᠮᠠᠷ ᠭᠠᠷᠬᠤ ᠳᠤ ᠬᠡᠷᠡᠯᠴᠢᠮᠡᠭ ᠲᠦᠢᠮᠡᠷ ᠤᠨᠳᠠᠷᠠᠭᠠᠬᠤ ᠳᠤ ᠣᠷᠣᠯᠴᠠᠭᠰᠠᠨ ᠴᠡᠷᠢᠭ ᠴᠠᠬᠳᠠᠭ᠎ᠠ ᠳᠤ ᠴᠢᠳᠠᠬᠤ ᠶᠢᠨ ᠬᠢᠷᠢ ᠲᠤᠳᠤᠷ᠎ᠠ ᠪᠠᠨ ᠲᠦᠭᠦᠮ ᠦᠵᠡᠬᠦᠯᠵᠤ᠂ ᠡᠮᠡᠭᠳᠡᠢ ᠤᠯᠠᠨ ᠲᠦᠮᠡᠨ ᠢᠶᠠᠨ ᠲᠠᠶᠢᠴᠢᠯᠠᠨ ᠬᠤᠭᠤᠯᠠ ᠤᠰᠤ ᠪᠠᠵᠠᠭᠠᠨ ᠠᠷᠤ ᠶᠢᠨ ᠦᠢᠯᠡᠴᠢᠯᠡᠭᠡᠨ ᠤ ᠠᠵᠢᠯ ᠳᠤ ᠪᠠᠳᠤᠯᠠᠭ᠎ᠠ ᠬᠠᠨᠭ᠍ᠭᠠᠬᠰᠠᠨ ᠭᠡᠳᠡᠭ᠃
   ︽ᠮᠠᠯᠵᠢᠬᠤ ᠠᠮᠢᠳᠤᠷᠠᠯ ᠠᠴᠠ ᠶᠡᠷᠦ ᠬᠤᠯᠠᠳᠠᠬᠰᠠᠨ ᠦᠭᠡᠢ ᠪᠤᠯᠬᠤᠷ ᠪᠢ ᠮᠠᠯᠴᠢᠨ ᠲᠦᠮᠡᠨ ᠤ ᠪᠠᠨ ᠪᠤᠳᠠᠳᠠᠢ ᠬᠦᠴᠢᠷᠳᠡᠯ ᠢ ᠤᠢᠢᠯᠠᠭᠠᠨ᠎ᠠ᠂ ᠲᠡᠭᠡᠬᠦᠯᠡᠷ ᠢᠶᠠᠨ ᠲᠡᠳᠡ ᠨᠡᠷ ᠲᠤ ᠬᠠᠪᠰᠤᠷᠤᠯᠭ᠎ᠠ ᠦᠵᠡᠬᠦᠯᠬᠦ ᠶᠢ ᠪᠣᠳᠣᠳᠠᠭ᠃ ᠨᠠᠮ ᠵᠠᠰᠠᠭ ᠠᠴᠠ ᠨᠠᠮᠠᠢᠢ ᠢᠳᠡᠭᠡᠵᠦ ᠬᠢᠯᠢ ᠬᠢᠵᠠᠭᠠᠷ ᠢ ᠰᠠᠬᠢᠨ ᠬᠠᠮᠠᠭᠠᠯᠠᠬᠤ ᠲᠠᠷᠬᠠᠨ ᠡᠭᠦᠷᠭᠡ ᠶᠢ ᠲᠠᠭᠠᠭᠠᠯᠭᠠᠬᠰᠠᠨ ᠪᠤᠯᠬᠤᠷ ᠨᠠᠮ ᠤᠨ ᠬᠡᠰᠢᠬᠦᠨ ᠤ ᠬᠤᠰᠢᠭᠤᠴᠢ ᠵᠢᠱᠢᠶᠡᠴᠢ ᠦᠢᠯᠡᠳᠦᠯ ᠢᠶᠠᠨ ᠪᠠᠳᠠᠷᠠᠭᠤᠯᠵᠤ᠂ ᠤᠯᠠᠨ ᠲᠦᠮᠡᠨ ᠤ ᠪᠠᠨ ᠵᠢᠱᠢᠶᠡᠴᠢ ᠪᠤᠯᠬᠤ ᠶᠤᠰᠤᠳᠠᠢ︾ ᠭᠡᠵᠦ ᠬᠡᠷᠡᠯᠴᠢᠮᠡᠭ ᠰᠢᠯᠢᠳᠡᠭ ᠨᠠᠮ ᠤᠨ ᠬᠡᠰᠢᠬᠦᠨ ᠤ ᠪᠠᠷᠢᠮᠵᠢᠶ᠎ᠠ ᠪᠠᠷ ᠪᠡᠶ᠎ᠠ ᠪᠠᠨ ᠴᠢᠩᠭ᠎ᠠ ᠱᠠᠭᠠᠷᠳᠠᠨ᠎ᠠ᠃

   ᠬᠠᠮᠳᠣ ᠪᠠᠷ ᠴᠢᠨᠡᠭᠡᠯᠢᠭᠵᠢᠬᠦ ᠵᠠᠮ ᠢᠶᠠᠷ ᠵᠠᠮᠨᠠᠭᠰᠠᠨ 5 ᠵᠢᠯ

   ︽ᠮᠠᠯᠴᠢᠨ ᠲᠦᠮᠡᠨ ᠢᠶᠠᠨ ᠲᠠᠶᠢᠴᠢᠯᠠᠵᠦ ᠬᠠᠮᠳᠤ ᠪᠠᠷ ᠴᠢᠨᠡᠭᠡᠯᠢᠭᠵᠢᠬᠦ︾ ᠪᠤᠳᠤᠯ ᠢ ᠡᠪᠤᠷᠯᠡᠭᠰᠡᠨ ᠬᠡᠷᠡᠯᠴᠢᠮᠡᠭ ᠤᠯᠠᠮᠵᠢᠯᠠᠯᠳᠦ ᠮᠠᠯᠵᠢᠯ ᠤᠨ ᠦᠢᠯᠡᠰ ᠤᠨ ᠭᠦᠭᠵᠢᠯᠳᠠ ᠶᠢᠨ ᠤᠷᠤᠨ ᠵᠠᠢ ᠶᠢᠨ ᠬᠦᠷᠦᠯᠴᠡᠬᠦ ᠦᠭᠡᠢ ᠲᠠᠯ᠎ᠠ ᠶᠢ ᠲᠠᠨᠢᠨ ᠤᠯᠵᠤ᠂ ᠰᠠᠨᠠᠭᠠᠴᠢᠯᠠᠭ᠎ᠠ ᠠᠴᠠ ᠪᠠᠨ ᠰᠢᠨ᠎ᠡ ᠠᠷᠭ᠎ᠠ ᠵᠠᠮ ᠰᠦᠪᠡᠭᠴᠢᠯᠡᠵᠦ᠂ ᠤᠷᠤᠨ ᠨᠤᠳᠤᠭ ᠤᠨ ᠲᠠᠪᠠᠭᠤᠯᠢᠭ ᠪᠠ ᠨᠠᠮ ᠤᠨ ᠬᠡᠰᠢᠬᠦᠨ ᠤ ᠭᠤᠤᠯᠯᠠᠬᠴᠢ ᠡᠷᠦᠭᠡ ᠶᠢᠨ ᠦᠢᠯᠡᠳᠦᠯ ᠢᠶᠠᠨ ᠪᠠᠳᠠᠷᠠᠭᠤᠯᠵᠤ᠂ ︽ᠨᠠᠮ ᠤᠨ ᠡᠭᠦᠷ + ᠬᠤᠷᠰᠢᠶ᠎ᠠ︾ ᠶᠢᠨ ᠬᠡᠯᠪᠡᠷᠢ ᠪᠠᠷ 6 ᠮᠠᠯᠵᠢᠬᠤ ᠡᠷᠦᠬᠡ ᠲᠠᠢ ᠬᠠᠮᠳᠤ ᠪᠠᠷ ︽ᠲᠤᠷᠭᠠᠨ ᠬᠢᠯᠢ︾ ᠤᠯᠠᠭᠠᠨ ᠢᠳᠡᠭᠡᠨ ᠡᠳ᠋ᠰᠢᠬᠦᠯᠦᠨ ᠪᠤᠷᠤᠯᠠᠭᠤᠯᠬᠤ ᠬᠤᠷᠰᠢᠶ᠎ᠠ ᠪᠠᠶᠢᠭᠤᠯᠵᠤ᠂ ᠮᠠᠯᠴᠢᠨ ᠲᠦᠮᠡᠨ ᠤ ᠴᠢᠨᠡᠭᠡᠯᠢᠭᠵᠢᠯ ᠤᠨ ᠵᠠᠮ ᠢ ᠰᠠᠷᠠᠭᠤᠯᠵᠢᠭᠤᠯᠬᠤ ᠪᠠᠷ ᠡᠳᠦᠷ ᠰᠦᠨᠢ ᠦᠭᠡᠢ ᠶᠠᠭᠠᠷᠠᠨ᠎ᠠ᠃
   ᠬᠢᠯᠢ ᠬᠢᠵᠠᠭᠠᠷ ᠤᠷᠤᠨ ᠤ ᠴᠤᠯᠤ ᠪᠠᠶᠢᠭᠠᠯᠢᠯᠢᠭ ᠬᠤᠨᠢ ᠦᠬᠡᠷ ᠤᠨ ᠮᠢᠬᠠᠨ ᠤ ᠦᠨᠦᠷ ᠠᠮᠳᠠ ᠶᠢ ᠨᠠᠩ ᠤᠯᠠᠨ ᠬᠦᠮᠦᠰ ᠲᠤ ᠮᠡᠳᠡᠭᠦᠯᠵᠦ᠂ ᠬᠤᠷᠰᠢᠶ᠎ᠠ ᠶᠢᠨ ᠢᠶᠠᠨ ᠵᠠᠬ᠎ᠠ ᠲᠡᠯᠭᠡᠭᠦᠷ ᠲᠠᠬᠢ ᠮᠡᠳᠡᠷᠡᠮᠵᠢ ᠶᠢᠨ ᠬᠡᠮᠵᠢᠶ᠎ᠠ ᠶᠢ ᠲᠡᠭᠡᠭᠰᠢᠯᠡᠬᠦᠯᠬᠦ ᠶᠢᠨ ᠲᠦᠯᠦᠭᠡ᠂ 2014 ᠤᠨ ᠤ 10 ᠰᠠᠷ᠎ᠠ ᠳᠤ ᠬᠡᠷᠡᠯᠴᠢᠮᠡᠭ ᠰᠢᠯᠢᠩᠬᠤᠳᠠ ᠳᠤ ︽ᠲᠤᠷᠭᠠᠨ ᠬᠢᠯᠢ ᠤᠯᠠᠭᠠᠨ ᠢᠳᠡᠭᠡᠨ ᠤ ᠲᠡᠯᠭᠡᠭᠦᠷ︾ ᠲᠤᠷᠰᠢᠨ ᠡᠵᠡᠩᠨᠡᠵᠦ᠂ ᠭᠠᠴᠠᠭᠠᠨ ᠤ ᠮᠠᠯᠵᠢᠬᠤ ᠡᠷᠦᠬᠡ ᠶᠢᠨ ᠬᠤᠨᠢ ᠦᠭᠡᠷ ᠤᠨ ᠮᠢᠬ᠎ᠠ ᠶᠢ ᠰᠢᠭᠤᠳ ᠪᠤᠷᠤᠯᠠᠭᠤᠯᠵᠤ᠂ ᠬᠤᠶᠠᠷᠬᠠᠨ ᠰᠠᠷ᠎ᠠ ᠶᠢᠨ ᠬᠤᠭᠤᠴᠠᠭᠠᠨ ᠳᠤ 2 ᠲᠦᠮᠡᠨ ᠲᠦᠭᠦᠷᠢᠭ ᠤᠨ ᠤᠷᠤᠯᠭ᠎ᠠ ᠣᠯᠣᠭᠰᠠᠨ ᠭᠡᠳᠡᠭ᠃ 2016 ᠤᠨ ᠳᠤ᠂ ᠬᠤᠨᠢᠨ ᠮᠢᠬ᠎ᠠ ᠵᠠᠬ᠎ᠠ ᠪᠠᠶᠢᠭᠠᠳ ᠦᠨ᠎ᠠ ᠳᠤ ᠬᠦᠷᠬᠦ ᠦᠭᠡᠢ ᠮᠠᠯᠴᠢᠨ ᠲᠦᠮᠡᠨ ᠢ ᠭᠠᠴᠢᠬᠳᠠᠭᠤᠯᠵᠤ ᠪᠠᠶᠢᠭᠰᠠᠨ ᠦᠶ᠎ᠡ ᠳᠤ ᠬᠡᠷᠡᠯᠴᠢᠮᠡᠭ ᠭᠠᠴᠠᠭᠠᠨ ᠤ ᠮᠠᠯᠴᠢᠳ ᠤᠨ ᠢᠶᠠᠨ ᠬᠤᠨᠢ ᠦᠭᠡᠷ ᠢ ᠵᠠᠬ᠎ᠠ ᠲᠡᠯᠭᠡᠭᠦᠷ ᠤᠨ ᠦᠨ᠎ᠠ ᠠᠴᠠ 0.5 — 1 ᠲᠦᠭᠦᠷᠢᠭ ᠦᠨᠳᠦᠷ ᠦᠨ᠎ᠠ ᠪᠠᠷ ᠬᠤᠳᠠᠯᠳᠤᠨ ᠠᠪᠴᠦ᠂ ᠬᠢᠯᠢ ᠬᠢᠵᠠᠭᠠᠷ ᠤᠷᠤᠨ ᠤ ᠮᠠᠯᠴᠢᠳ ᠤᠨ ᠪᠤᠳᠠᠳᠠᠢ ᠬᠦᠴᠢᠷᠳᠡᠯ ᠢ ᠨᠢ ᠰᠢᠢᠳᠪᠤᠷᠢᠯᠡᠵᠦ᠂ ᠤᠷᠤᠯᠭ᠎ᠠ ᠶᠢ ᠨᠢ ᠨᠡᠮᠡᠭᠳᠡᠬᠦᠯᠬᠦ ᠪᠠᠷ ᠴᠢᠷᠮᠠᠶᠢᠪᠠ᠃ ᠤᠳᠤ ᠪᠤᠯᠳᠠᠯ᠎ᠠ᠂ ᠬᠡᠷᠡᠯᠴᠢᠮᠡᠭ ᠮᠦᠨ ᠡᠨᠡ ᠬᠦ ᠵᠤᠷᠰᠢᠯ ᠢᠶᠠᠨ ᠪᠠᠷᠢᠮᠳᠠᠯᠠᠵᠤ᠂ ᠭᠠᠴᠠᠭ᠎ᠠ ᠶᠢᠨ ᠮᠠᠯᠴᠢᠳ ᠲᠠᠭᠠᠨ ᠲᠦᠭᠦᠮ ᠦᠵᠡᠬᠦᠯᠵᠦ᠂ ᠲᠡᠳᠡᠨᠡᠷ ᠤᠨ ᠴᠢᠨᠡᠭᠡᠯᠢᠭᠵᠢᠯ ᠤᠨ ᠵᠠᠮ ᠢ ᠰᠠᠷᠠᠭᠤᠯᠵᠢᠭᠤᠯᠣᠨ᠎ᠠ᠃ ︽ᠬᠤᠷᠰᠢᠶᠠᠵᠢᠭᠰᠠᠨ ᠡᠵᠡᠩᠨᠡᠯᠳᠡ ᠨᠢ ᠮᠠᠯᠵᠢᠬᠤ ᠡᠷᠦᠭᠡ ᠳᠤ ᠲᠤᠯᠭᠠᠷᠠᠵᠤ ᠪᠠᠶᠢᠬᠰᠠᠨ ᠤᠯᠠᠨ ᠬᠦᠴᠢᠷᠳᠡᠯ ᠢ ᠰᠢᠢᠳᠪᠤᠷᠢᠯᠡᠵᠦ᠂ ᠬᠠᠮᠳᠤ ᠶᠢᠨ ᠬᠦᠴᠦᠨ ᠢᠶᠠᠷ ᠵᠠᠬ᠎ᠠ ᠲᠡᠯᠭᠡᠭᠦᠷ ᠲᠠᠢ ᠨᠡᠩ ᠰᠠᠶᠢᠨ ᠵᠤᠬᠢᠴᠠᠵᠤ᠂ ᠭᠠᠴᠠᠭ᠎ᠠ ᠶᠢᠨ ᠮᠠᠯᠴᠢᠨ ᠤ ᠤᠷᠤᠯᠭ᠎ᠠ ᠪᠠᠨ ᠨᠡᠮᠡᠭᠳᠡᠬᠦᠯᠬᠦ ᠰᠢᠨ᠎ᠠ ᠠᠷᠭ᠎ᠠ ᠵᠠᠮ ᠪᠤᠯᠵᠠᠢ︾ ᠭᠡᠵᠦ ᠬᠡᠷᠡᠯᠴᠢᠮᠡᠭ ᠲᠠᠨᠢᠯᠴᠠᠭᠤᠯᠪᠠ᠃
   ᠡᠨᠡ ᠵᠢᠯ᠂ ᠬᠤᠨᠢ ᠦᠭᠡᠷ ᠤᠨ ᠮᠢᠬ᠎ᠠ ᠤᠷᠢᠳ ᠡᠮᠦᠨ᠎ᠡ ᠪᠠᠶᠢᠭ᠎ᠠ ᠦᠭᠡᠢ ᠦᠨ᠎ᠠ ᠳᠤ ᠬᠦᠷᠴᠦ᠂ ︽ᠲᠤᠷᠭᠠᠨ ᠬᠢᠯᠢ︾ ᠬᠤᠷᠰᠢᠶ᠎ᠠ ᠤᠳᠤ ᠪᠤᠯᠳᠠᠯ᠎ᠠ 20 ᠭᠠᠷᠤᠢ ᠲᠦᠮᠡᠨ ᠲᠦᠭᠦᠷᠢᠭ ᠤᠨ ᠴᠡᠪᠡᠷ ᠤᠷᠤᠯᠭ᠎ᠠ ᠣᠯᠵᠣ᠂ ᠮᠠᠯᠴᠢᠨ ᠲᠦᠮᠡᠨ ᠮᠠᠯ ᠰᠦᠷᠦᠭ ᠤᠨ ᠢᠶᠠᠨ ᠠᠰᠢᠭ ᠰᠢᠮ᠎ᠠ ᠪᠠᠷ ᠰᠡᠳᠬᠢᠯ ᠲᠠᠨᠢᠬᠦᠨ ᠠᠮᠢᠳᠣᠷᠠᠨ᠎ᠠ᠃ ᠲᠤᠬᠠᠢ ᠶᠢᠨ ᠭᠠᠵᠠᠷ ᠤᠨ ᠨᠠᠮ ᠵᠠᠰᠠᠭ ᠤᠨ ᠬᠠᠯᠠᠮᠵᠢ ᠪᠠᠷ᠂ ᠬᠡᠷᠡᠯᠴᠢᠮᠡᠭ 20 ᠲᠦᠮᠡᠨ ᠲᠦᠭᠦᠷᠢᠭ ᠪᠡᠯᠡ ᠤᠷᠤᠭᠤᠯᠤᠨ ᠬᠦᠢᠳᠡᠨ ᠬᠦᠮᠦᠷᠭᠡ ᠪᠠᠨ ᠦᠭᠡᠷᠡᠴᠢᠯᠡᠨ ᠪᠠᠶᠢᠭᠤᠯᠵᠤ᠂ ᠢᠷᠡᠬᠦ ᠵᠢᠯ ᠴᠠᠬᠢᠯᠭᠠᠨ ᠨᠡᠪᠳᠡᠷᠡᠪᠡᠯ ᠵᠢᠩᠭᠢᠨᠢ ᠪᠠᠷ ᠠᠰᠢᠬᠯᠠᠯᠳᠠ ᠳᠤ ᠤᠷᠤᠭᠤᠯᠵᠤ᠂ ︽ᠲᠤᠷᠭᠠᠨ ᠬᠢᠯᠢ︾ ᠬᠤᠷᠰᠢᠶ᠎ᠠ ᠪᠠᠨ ᠢᠳᠡᠭ ᠢᠳᠡᠭ ᠢᠶᠠᠷ ᠬᠡᠪᠴᠢᠶᠡᠵᠢᠭᠰᠡᠨ᠂ ᠵᠢᠷᠣᠮᠵᠢᠭᠰᠠᠨ᠂ ᠰᠢᠨᠵᠢᠯᠡᠬᠦ ᠤᠬᠠᠭᠠᠨᠴᠢ ᠬᠠᠮᠢᠶᠠᠷᠤᠯᠳᠠ ᠶᠢᠨ ᠵᠠᠮ ᠳᠤ ᠣᠷᠣᠭᠤᠯᠬᠤ ᠪᠠᠷ ᠪᠠᠶᠢᠨ᠎ᠠ᠃
   ︽ᠰᠢᠯᠢᠳᠡᠭ ᠬᠢᠯᠢ ᠶᠢᠨ ᠠᠷᠠᠳ︾᠂ ︽ᠲᠦᠢᠮᠡᠷ ᠰᠡᠷᠭᠡᠶᠢᠯᠡᠵᠦ ᠲᠦᠢᠮᠡᠷ ᠤᠨᠳᠠᠷᠠᠭᠠᠬᠰᠠᠨ ᠲᠡᠷᠢᠬᠦᠨ ᠤ ᠬᠤᠪᠢ ᠬᠦᠮᠦᠨ︾᠂ ︽ᠤᠮᠠᠷᠠᠳᠦ ᠬᠢᠯᠢ ᠶᠢᠨ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠬᠤᠨᠭ᠍ᠭᠢᠯ ᠤᠨ ᠪᠠᠶᠢᠭᠤᠯᠤᠯᠳᠠ ᠶᠢᠨ ᠵᠢᠱᠢᠶᠡᠴᠢ︾ ᠵᠡᠷᠭᠡ ᠤᠯᠠᠨ ᠠᠷᠪᠢᠨ ᠱᠠᠩᠨᠠᠯ ᠬᠦᠬᠢᠬᠦᠯᠦᠯ ᠨᠢ ᠬᠡᠷᠡᠯᠴᠢᠮᠡᠭ ᠤᠨ ᠬᠤᠷᠢᠭᠠᠳ ᠵᠢᠯ ᠤᠨ ᠬᠢᠯᠢ ᠨᠣᠳᠤᠭ ᠢᠶᠠᠨ ᠰᠠᠬᠢᠵᠣ᠂ ᠭᠠᠴᠠᠭᠠᠨ ᠤ ᠮᠠᠯᠴᠢᠳ ᠢᠶᠠᠨ ᠳᠠᠭᠠᠭᠤᠯᠣᠨ ᠴᠢᠨᠡᠭᠡᠯᠢᠭᠵᠢᠯ ᠤᠨ ᠵᠠᠮ ᠢᠶᠠᠷ ᠵᠠᠮᠨᠠᠭᠰᠠᠨ ᠠᠵᠢᠯ ᠤᠨ ᠬᠢᠨᠢ ᠪᠠᠳᠣ ᠨᠤᠳᠠᠯᠠᠯᠳᠠ ᠪᠤᠯᠬᠤ ᠨᠢ ᠭᠠᠷᠴᠠᠭ᠎ᠠ ᠦᠭᠡᠢ᠃ ᠦᠷᠬᠦᠯᠵᠢᠯᠡᠨ ᠬᠢᠯᠢ ᠬᠢᠵᠠᠭᠠᠷ ᠤᠷᠤᠨ ᠤ ᠠᠮᠤᠷ ᠠᠮᠤᠭᠤᠯᠠᠩ ᠢ ᠰᠠᠬᠢᠨ ᠬᠠᠮᠠᠭᠠᠯᠠᠵᠤ᠂ ᠭᠠᠴᠠᠭᠠᠨ ᠤ ᠤᠯᠠᠨ ᠲᠦᠮᠡᠨ ᠤ ᠪᠠᠨ ᠴᠢᠨᠡᠭᠡᠯᠢᠭᠵᠢᠯ ᠤᠨ ᠵᠠᠮ ᠢ ᠳᠠᠷᠳᠠᠩ ᠪᠣᠯᠭᠠᠬᠤ ᠨᠢ ᠲᠡᠭᠦᠨ ᠤ ᠬᠤᠶᠢᠰᠢᠳᠠ ᠶᠢᠨ ᠬᠦᠰᠡᠯ ᠲᠡᠮᠡᠤᠯᠤᠯ᠃
   ︽ᠵᠢᠷᠭᠠᠯᠠᠩᠳᠦ ᠰᠤᠮᠤᠨ ᠤ ᠬᠢᠯᠢ ᠶᠢᠨ ︿ᠴᠢᠮᠡᠭ﹀ ᠭᠡᠵᠦ ᠬᠡᠯᠡᠭᠰᠡᠭᠡᠷ ᠬᠦᠮᠦᠰ ᠪᠦᠷ ᠮᠡᠳᠡᠴᠢᠬᠡᠨ᠎ᠠ᠂ ᠲᠠᠬᠢᠭᠠᠳ ᠬᠦᠷᠦᠭᠡᠳ ᠢᠷᠡᠭᠡᠷᠡᠢ︾ ᠭᠡᠭᠰᠡᠭᠡᠷ ᠬᠡᠷᠡᠯᠴᠢᠮᠡᠭ ᠮᠠᠨ ᠢ ᠬᠤᠯᠠ ᠦᠳᠡᠨ ᠮᠣᠷᠳᠠᠭᠤᠯᠵᠦ ᠪᠢᠯᠡ᠃ ᠵᠣᠬᠢᠶᠠᠭᠴᠢ᠄  ᠪᠣᠣ ᠶᠢᠨ ᠱᠠᠨ ᠰᠦᠨ ᠯᠢ ᠶᠢᠩ ᠪᠠᠶᠠᠰᠬᠤᠯᠠᠩ ᠪᠢᠯᠢᠭᠪᠡᠭᠠᠳᠥᠷ ᠦᠨᠢᠷ 



  
     
     