 

ᠪᠠᠭᠠᠲᠣᠷ ᠵᠢᠱᠢᠶᠡᠴᠢ ᠠᠴᠠ ᠲᠠᠭᠠᠨ ᠰᠣᠷᠣᠯᠴᠠᠵᠣ ᠡᠷᠡᠮᠡᠭᠡᠶᠢᠯᠡᠨ ᠣᠷᠣᠭᠰᠢᠯᠠᠶ᠎ᠠ

2019-08-27 12:07
  598
  0
   ᠦᠴᠦᠬᠡᠳᠤᠷ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠬᠦ︾ ᠤᠮᠠᠷᠠᠳᠤ ᠬᠢᠯᠢ ᠶᠢᠨ ᠪᠠᠭᠠᠳᠤᠷ ᠵᠢᠱᠢᠶᠡᠴᠢ ᠶᠢᠨ ᠲᠡᠷᠢᠬᠦᠨ ᠤ ᠦᠢᠯᠡ ᠠᠵᠢᠯᠯᠠᠭ᠎ᠠ ᠶᠢᠨ ᠮᠡᠳᠡᠬᠦᠯᠥᠯᠳᠡ ᠶᠢᠨ ᠬᠤᠷᠡᠯ ᠬᠦᠬᠡᠬᠤᠳᠠ ᠳᠤ ᠬᠤᠷᠡᠯᠳᠤᠪᠠ᠃ ᠤᠮᠠᠷᠠᠳᠤ ᠬᠢᠯᠢ ᠶᠢᠨ 7 ᠪᠠᠭᠠᠳᠤᠷ ᠵᠢᠱᠢᠶᠡᠴᠢ ᠶᠢᠨ ᠠᠵᠢᠯ ᠤᠨ ᠪᠠᠶᠢᠷᠢ ᠳᠠᠭᠠᠨ ᠰᠠᠭᠤᠷᠢᠯᠠᠵᠥ ᠠᠯᠢᠪᠠ ᠪᠠᠨ ᠬᠠᠷᠠᠮ ᠦᠬᠡᠢ ᠡᠷᠬᠦᠭᠰᠡᠡ᠂ ᠴᠤᠴᠠᠯᠳᠠ ᠦᠬᠡᠢ ᠡᠷᠡᠯᠬᠡᠭᠯᠡᠨ ᠤᠷᠤᠭᠰᠢᠯᠠᠬᠰᠠᠠ ᠦᠯᠢᠬᠡᠷ ᠨᠢ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠨ ᠲᠤᠮᠳᠠ ᠴᠢᠩᠭ᠎ᠠ ᠲᠤᠰᠬᠠᠯ ᠭᠠᠷᠤᠯ᠎ᠠ᠃ ᠤᠷᠤᠨ ᠲᠠᠶᠠᠭᠠᠷ ᠪᠠᠭᠠᠳᠤᠷ ᠵᠢᠱᠢᠶᠡᠴᠢ ᠠᠴᠠ ᠰᠤᠷᠤᠯᠴᠠᠬᠤ᠂ ᠪᠠᠭᠠᠳᠤᠷ ᠵᠢᠱᠢᠶᠡᠴᠢ ᠶᠢ ᠤᠬᠠᠭᠤᠯᠬᠤ᠂ ᠪᠠᠭᠠᠳᠤᠷ ᠵᠢᠱᠢᠶᠡᠴᠢ ᠳᠤ ᠮᠡᠨᠳᠤᠴᠢᠯᠡᠯ ᠲᠡᠪᠰᠢᠬᠦᠯᠬᠦ ᠪᠠᠷ ᠲᠠᠮᠵᠢᠨ ᠦᠯᠢᠬᠡᠷ ᠲᠠᠭᠤᠷᠢᠶᠠᠯ ᠠᠴᠠ ᠰᠤᠷᠤᠯᠴᠠᠬᠤ ᠬᠠᠯᠠᠭᠤᠨ ᠦᠷᠨᠢᠯᠳᠡ ᠭᠠᠷᠭᠠᠵᠤ᠂ ᠦᠪᠤᠷ ᠮᠤᠩᠭᠤᠯ ᠳᠠᠭᠠᠨ ᠬᠠᠷᠡᠮ ᠦᠬᠡᠢ ᠡᠷᠬᠦᠬᠦ᠂ ᠰᠢᠨ᠎ᠡ ᠴᠠᠭ ᠦᠶ᠎ᠡ ᠳᠤ ᠵᠢᠳᠬᠦᠯ ᠴᠢᠷᠮᠠᠶᠢᠯᠭ᠎ᠠ ᠭᠠᠷᠭᠠᠬᠤ ᠰᠦᠷ ᠲᠠᠯᠠᠶᠢᠴᠠᠳᠠᠢ ᠬᠦᠴᠦᠨ ᠢ ᠨᠢᠬᠳᠠᠷᠠᠭᠤᠯᠬᠤ ᠴᠢᠬᠤᠯᠠᠳᠠᠢ᠃
  ᠲᠡᠷᠢᠬᠦᠨ ᠤ ᠬᠢ ᠶᠢ ᠪᠠᠳᠠᠷᠠᠭᠤᠯᠵᠥ᠂ ᠨᠡᠶᠢᠳᠡᠯᠢᠭ ᠵᠢᠱᠢᠶ᠎ᠡ ᠶᠢ ᠪᠤᠢ ᠪᠤᠯᠭᠠᠬᠤ ᠪᠤᠯ ᠪᠠᠷᠢᠮᠵᠢᠶ᠎ᠠ ᠪᠠᠷ ᠲᠤᠯᠢ ᠪᠤᠯᠭᠠᠨ᠂ ᠪᠠᠭᠠᠳᠤᠷ ᠵᠢᠱᠢᠶᠡᠴᠢ ᠠᠴᠠ ᠲᠠᠭᠠᠨ ᠰᠤᠷᠤᠯᠴᠠᠬᠤ ᠶᠢᠨ ᠲᠦᠯᠥᠬᠡ ᠶᠤᠮ᠃ ᠵᠠᠯᠠᠭᠤ ᠨᠠᠰᠤ ᠪᠠᠨ ᠤᠯᠤᠰ ᠲᠠᠭᠠᠨ ᠵᠤᠷᠢᠭᠤᠯᠵᠥ᠂ ᠨᠠᠰᠤᠨ ᠲᠤᠷᠰᠢᠳᠠ ᠠᠷᠠᠳ ᠲᠦᠮᠡᠨ ᠳᠤ ᠦᠢᠯᠡᠴᠢᠯᠡᠭᠰᠡᠡ ᠠᠬᠠᠮᠠᠳ ᠪᠠᠶᠢᠯᠳᠤᠬᠴᠢ ᠷᠧᠨ ᠮᠢᠩ ᠳ᠋ᠧ᠂ ᠡᠬᠦᠷᠢᠳᠠ ᠴᠠᠭ ᠦᠶ᠎ᠠ ᠠᠴᠠ ᠬᠤᠴᠤᠷᠬᠤ ᠦᠭᠡᠢ ᠤᠶᠤᠨ ᠰᠠᠨᠠᠭᠠᠨ ᠤ ᠠᠶᠠᠯᠠᠯ ᠤᠨ ᠲᠠᠮᠳᠡᠭ ᠪᠤᠯᠤᠭᠰᠠᠨ ︽ᠲᠠᠯ᠎ᠡ ᠨᠤᠳᠤᠭ ᠤᠨ ᠪᠢᠴᠢᠬᠠᠨ ᠪᠠᠭᠠᠳᠤᠷ ᠡᠭᠡᠴᠢ ᠦᠬᠢᠨ ᠲᠡᠬᠦᠤ︾᠂ ᠡᠯᠡᠰᠤᠨ ᠴᠦᠯ ᠤᠨ ᠬᠦᠨ ᠳᠠᠬᠢ ᠨᠤᠭᠤᠭᠠᠷᠠᠭᠤᠯᠤᠬᠴᠢ᠂ ᠡᠯᠡᠰᠤᠨ ᠴᠦᠯ ᠤᠨ ᠲᠡᠨᠡᠭ ᠡᠪᠤᠭᠡᠨ ᠰᠦᠭᠡ᠂ ᠮᠠᠯᠵᠢᠬᠤ ᠤᠷᠤᠨ ᠳᠤ ᠦᠨᠳᠦᠰᠦᠯᠡᠵᠤ᠂ ᠮᠠᠯᠴᠢᠳ ᠢ ᠲᠠᠭᠠᠭᠤᠯᠤᠨ ᠶᠠᠳᠠᠭᠤ ᠠᠴᠠ ᠨᠢ ᠠᠩᠭᠢᠵᠢᠷᠠᠭᠤᠯᠵᠤ ᠴᠢᠨᠡᠭᠡᠯᠢᠭᠵᠢᠬᠦᠯᠦᠭᠰᠡᠨ ᠲᠠᠯ᠎ᠡ ᠨᠤᠳᠤᠭ ᠤᠨ ᠬᠦᠪᠡᠬᠦᠨ ᠲᠢᠩ · ᠪᠠᠭᠠᠳᠤᠷ᠂ ᠶᠠᠳᠠᠭᠤ ᠠᠴᠠ ᠠᠩᠭᠢᠵᠢᠷᠠᠭᠤᠯᠵᠤ ᠴᠢᠨᠡᠭᠡᠯᠢᠭᠵᠢᠬᠦᠯᠬᠦ ᠲᠦᠷᠦᠬᠦᠴᠢ ᠭᠠᠯᠠᠭᠤ ᠰᠢᠶᠧ ᠯᠢᠶᠠᠩ᠂ ᠠᠮᠢ ᠨᠠᠰᠤ ᠪᠠᠷ ᠢᠶᠠᠨ ᠤᠮᠠᠷᠠᠳᠤ ᠶᠢᠨ ᠨᠤᠮᠢᠨ ᠨᠤᠭᠤᠭᠠᠨ ᠤᠷᠳᠤ ᠴᠠᠭᠠᠨ ᠭᠡᠷᠡᠮ ᠢ ᠬᠠᠮᠠᠭᠠᠯᠠᠬᠰᠡᠨ ᠢᠦᠢ ᠬᠠᠢ ᠵᠢᠶᠦ᠋ᠨ ᠁ ᠲᠡᠳᠡ ᠪᠤᠳᠠᠳᠤ ᠠᠵᠢᠯᠯᠠᠭ᠎ᠠ ᠪᠠᠷ ᠢᠶᠠᠨ ᠡᠪ ᠬᠠᠮᠳᠤᠴᠤᠳ ᠤᠨ ᠡᠬᠦᠷᠢᠳᠡ ᠶᠢᠨ ᠤᠭ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠶᠢ ᠦᠢᠯᠡᠳᠦᠯᠬᠡᠵᠢᠬᠦᠯᠵᠥ᠂ ᠲᠡᠳᠡ ᠡᠬᠡᠯ ᠵᠢᠷ ᠤᠨ ᠠᠵᠢᠯ ᠤᠨ ᠪᠠᠶᠢᠷᠢ ᠲᠡᠬᠡᠷ᠎ᠡ ᠪᠠᠨ ᠡᠪ ᠬᠠᠮᠳᠤ ᠨᠠᠮ ᠤᠨ ᠬᠡᠰᠢᠬᠦᠨ ᠤ ᠨᠠᠮ ᠳᠠᠭᠠᠨ ᠬᠢᠵᠠᠭᠠᠯᠠᠰᠢ ᠦᠬᠡᠢ ᠰᠢᠳᠤᠷᠭᠤ ᠪᠠᠶᠢᠳᠠᠭ ᠢᠷᠠᠭᠤ ᠬᠠᠭᠤᠳᠠᠰᠤ ᠶᠢ ᠪᠢᠴᠢᠭᠯᠡᠪᠡ᠃ ᠲᠡᠳᠡᠨ ᠤ ᠲᠡᠷᠢᠬᠦᠨ ᠤ ᠦᠢᠯᠡ ᠠᠵᠢᠯᠯᠠᠭ᠎ᠠ ᠪᠤᠯ ︽ᠤᠭ ᠰᠠᠨᠠᠭ᠎ᠠ ᠪᠠᠨ ᠦᠯᠥ ᠮᠠᠷᠳᠠᠵᠥ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠤᠪᠳᠤ ᠬᠦᠮᠥᠵᠢᠯ ᠦᠷᠨᠢᠬᠦᠯᠬᠦ ᠶᠢᠨ ᠴᠢᠬᠤᠯᠠ ᠠᠭᠤᠯᠭ᠎ᠠ ᠮᠥᠨ᠂ ᠦᠷᠬᠡᠨ ᠤᠯᠠᠨ ᠨᠠᠮ ᠤᠨ ᠬᠡᠰᠢᠬᠦᠨ ᠺᠠᠳ᠋ᠷ ᠤᠨ ᠤᠭ ᠰᠠᠨᠠᠭ᠎ᠠ ᠪᠠᠨ ᠪᠡᠳᠤ ᠰᠠᠬᠢᠬᠤ᠂ ᠤᠭ ᠴᠢᠨᠠᠷ ᠢᠶᠠᠨ ᠦᠯᠦ ᠬᠤᠪᠢᠷᠠᠭᠤᠯᠬᠤ ᠶᠢᠨ ᠠᠮᠢᠳᠤᠯᠢᠭ ᠵᠢᠭᠠᠬᠤ ᠮᠠᠲ᠋ᠧᠷᠢᠶᠠᠯ ᠮᠥᠨ᠃
  ᠦᠯᠢᠬᠡᠷ ᠲᠠᠭᠤᠷᠢᠶᠠᠯ ᠪᠤᠯ ᠤᠯᠠᠯᠵᠠᠨ ᠨᠠᠮᠢᠷᠠᠬᠤ ᠲᠤᠭ᠂ ᠬᠦᠮᠥᠰ ᠢ ᠵᠤᠷᠢᠬᠵᠢᠭᠤᠯᠤᠨ ᠤᠷᠤᠭᠰᠢᠯᠠᠭᠤᠯᠬᠤ ᠤᠷᠢᠶ᠎ᠠ᠂ ᠬᠠᠷᠢᠴᠠᠭᠤᠯᠤᠨ ᠰᠤᠷᠤᠯᠴᠠᠬᠤ ᠴᠢᠭᠯᠡᠯ᠂ ᠠᠮᠢᠳᠤᠷᠠᠬᠤᠢ ᠶᠢᠨ ᠲᠡᠮᠡᠴᠡᠬᠦ ᠬᠠᠷᠠᠯᠳᠡ ᠮᠥᠨ᠃ 98 ᠵᠢᠯ ᠤᠨ ᠰᠦᠷ ᠲᠠᠯᠠᠶᠢᠴᠠᠳᠠᠢ ᠲᠡᠮᠡᠴᠡᠯ ᠤᠨ ᠲᠡᠤᠬᠡ ᠪᠠᠨ ᠡᠷᠬᠢᠴᠡᠬᠦᠯᠬᠦᠶ᠎ᠡ᠂ ᠮᠠᠨ ᠤ ᠨᠠᠮ ᠲᠤᠭ᠎ᠠ ᠲᠤᠮᠰᠢ ᠦᠬᠡᠢ ᠥᠯᠢᠬᠡᠷ ᠲᠠᠭᠤᠷᠢᠶᠠᠯ ᠤᠨ ᠲᠠᠭᠠᠭᠤᠯᠭ᠎ᠠ ᠪᠠᠷ ᠲᠦᠭ ᠲᠦᠮᠡᠨ ᠡᠪ ᠬᠠᠮᠳᠤ ᠨᠠᠮ ᠤᠨ ᠬᠡᠰᠢᠬᠦᠨ ᠤ ᠦᠨᠡᠨᠴᠢ ᠬᠤᠪᠢ ᠨᠡᠮᠡᠷᠢ ᠳᠤ ᠲᠦᠰᠢᠭᠯᠡᠬᠡᠳ ᠰᠠᠶ᠋ᠢ ᠦᠵᠡᠬᠦ ᠳᠤ ᠰᠢᠪᠳᠤᠯᠵᠥ ᠲᠡᠶᠢᠯᠥᠰᠢ ᠦᠬᠡᠢ ᠪᠡᠷᠭᠡ ᠪᠤᠭᠤᠮᠳᠠ ᠨᠤᠭᠤᠳ ᠢ ᠢᠯᠠᠨ ᠲᠠᠪᠠᠵᠥ᠂ ᠲᠡᠤᠬᠡ ᠶᠢᠨ ᠬᠠᠭᠤᠳᠠᠰᠤᠨ᠎ᠠ ᠦᠨᠢᠳᠡ ᠲᠡᠮᠳᠡᠭᠯᠡᠭᠳᠡᠬᠦ ᠭᠠᠶᠢᠬᠠᠮᠰᠢᠭ ᠤᠳ ᠢ ᠡᠬᠦᠳᠦᠭᠰᠡᠨ ᠶᠤᠮ᠃ ᠰᠢᠨ᠎ᠠ ᠴᠠᠭ ᠦᠶ᠎ᠠ ᠳᠤ  ᠤᠷᠤᠬᠤᠶ᠎ᠠ᠂ ᠪᠠᠭᠠᠲᠤᠷ ᠵᠢᠱᠢᠶᠡᠴᠢ ᠪᠤᠯᠤᠨ ᠲᠡᠷᠢᠭᠦᠨ ᠤ ᠨᠡᠶᠢᠲᠡᠯᠢᠭ ᠵᠢᠱᠢᠶᠠᠴᠢ ᠶᠢᠨ ᠲᠠᠭᠠᠭᠤᠯᠬᠤ ᠦᠢᠯᠡᠲᠦᠯ ᠢ ᠬᠦᠢᠴᠡᠳ ᠪᠠᠲᠠᠷᠠᠭᠤᠯᠬᠤ ᠶᠢ ᠨᠡᠩ ᠱᠠᠭᠠᠷᠳᠠᠨ᠎ᠠ᠃
  ᠦᠯᠢᠭᠡᠷ ᠵᠢᠱᠢᠶᠡᠴᠢ ᠶᠢᠨ ᠤᠷᠠᠶᠢᠯᠠᠠ ᠲᠠᠭᠠᠭᠤᠯᠬᠤ ᠬᠦᠴᠤᠨ ᠢ ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠡ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠠ ᠤ ᠵᠤᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠠᠵᠢᠯᠯᠠᠭ᠎ᠠ ᠲᠤᠮᠳᠠ ᠠᠭᠤᠰᠤᠯᠴᠠᠭᠤᠯᠵᠦ᠂ ᠪᠠᠭᠠᠲᠤᠷ ᠵᠢᠱᠢᠶᠡᠴᠢ ᠶᠢᠨ ᠲᠠᠭᠠᠭᠤᠯᠬᠤ ᠦᠢᠯᠡᠲᠦᠯ ᠢ ᠮᠠᠠ ᠤ ᠤᠷᠤᠨ ᠤ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠦᠢᠯᠡᠲᠦᠯᠭᠡ ᠲᠤᠮᠲᠠ ᠠᠭᠤᠰᠤᠯᠴᠠᠭᠤᠯᠵᠦ᠂ ᠦᠷᠭᠡᠡ ᠤᠯᠠᠠ ᠨᠠᠮ ᠤᠨ ᠭᠡᠰᠢᠭᠦᠨ ᠺᠠᠳ᠋ᠷ ᠪᠤᠯᠤᠨ ᠠᠷᠠᠳ ᠤᠯᠠᠠ ᠢ ᠰᠢᠨ᠎ᠠ ᠠᠶᠠᠠ ᠳᠤ ᠡᠷᠡᠮᠡᠬᠡᠶᠢᠯᠡᠨ ᠤᠷᠤᠭᠰᠢᠯᠠᠭᠤᠯᠵᠦ᠂ ᠰᠢᠨ᠎ᠠ ᠠᠮᠵᠢᠯᠲᠠ ᠭᠠᠷᠭᠠᠯᠭᠠᠬᠤ ᠪᠠᠷ ᠤᠷᠮᠠᠰᠢᠭᠤᠯᠤᠨ ᠵᠤᠷᠢᠠᠠᠵᠢᠭᠤᠯᠬᠤ ᠭᠡᠷᠡᠭᠲᠡᠢ᠃
  ︽ᠡᠷᠲᠡᠮ ᠴᠢᠲᠠᠪᠤᠷᠢ ᠪᠠᠨ ᠲᠡᠭᠡᠭᠰᠢᠯᠡᠭᠦᠯᠬᠦ ᠭᠡᠪᠡᠯ ᠲᠠᠰᠤᠷᠠᠯᠲᠠ ᠦᠭᠡᠢ ᠰᠤᠷᠴᠤ ᠰᠤᠲᠤᠯᠮᠤᠢ᠂ ᠬᠢᠲᠤᠭᠠᠠ ᠢᠷ ᠢᠶᠠᠨ ᠬᠤᠷᠴᠠᠯᠠᠬᠤ ᠬᠡᠪᠡᠯ ᠦᠷᠬᠦᠯᠵᠢᠳᠡ ᠪᠢᠯᠡᠭᠦᠲᠡᠵᠦ ᠪᠠᠶᠢᠮᠤᠢ︾᠃ ᠲᠡᠷᠢᠭᠦᠨ ᠤ ᠨᠡᠶᠢᠲᠡᠯᠢᠭ ᠵᠢᠱᠢᠶᠡᠴᠢ ᠠᠴᠠ ᠲᠠᠭᠠᠨ ᠰᠤᠷᠤᠯᠴᠠᠬᠤ ᠳᠠᠭᠠᠨ ᠲᠠᠲᠠᠠ ᠤ ᠨᠠᠮ ᠳᠠᠭᠠᠨ ᠦᠨᠡᠡᠴᠢ᠂ ᠡᠷᠡᠰ ᠪᠠᠲᠤ ᠢᠲᠡᠭᠡᠯ ᠪᠢᠰᠢᠷᠡᠯ ᠪᠠᠶᠢᠲᠠᠭ ᠤᠯᠤᠰ ᠲᠦᠷᠦ ᠶᠢᠨ ᠬᠡᠪ ᠴᠢᠨᠠᠷ ᠢ ᠨᠢ ᠰᠤᠷᠤᠯᠴᠠᠵᠦ᠂ ᠲᠡᠲᠡᠡ ᠤ ᠡᠬᠦᠷᠭᠡ ᠲᠤᠰᠢᠶᠠᠯ ᠢᠶᠠᠨ ᠬᠢᠴᠢᠶᠡᠩᠭᠦ᠋ᠢᠯᠡᠡ ᠬᠦᠢᠴᠡᠳᠭᠡᠵᠦ᠂ ᠬᠠᠷᠢᠭᠤᠴᠠᠯᠭ᠎ᠠ ᠲᠠᠢ ᠵᠢᠳᠭᠦᠯ ᠴᠢᠷᠮᠠᠶᠢᠯᠭ᠎ᠠ ᠲᠠᠢ ᠪᠠᠶᠢᠳᠠᠭ ᠵᠤᠷᠢᠭ ᠰᠠᠨᠠᠭᠠᠠ ᠤ ᠤᠪᠤᠷ ᠪᠠᠶᠢᠲᠠᠯ ᠢ ᠨᠢ ᠰᠤᠷᠤᠯᠴᠠᠵᠦ᠂ ᠲᠡᠲᠠᠠ ᠤ ᠬᠢᠵᠠᠭᠠᠯᠠᠰᠢ ᠦᠭᠡᠢ ᠦᠨᠡᠡᠴᠢ᠂ ᠦᠬᠡ ᠲᠠᠭᠤ ᠦᠭᠡᠢ ᠪᠠᠷ ᠬᠤᠪᠢ ᠨᠡᠮᠡᠷᠢ ᠦᠵᠡᠭᠦᠯᠬᠦ ᠠᠷᠠᠳ ᠲᠦᠮᠡᠡ ᠤ ᠲᠦᠯᠦᠭᠡ ᠪᠤᠲᠤᠯᠬᠢᠯᠠᠬᠤ ᠬᠠᠶᠢᠷ᠎ᠠ ᠰᠡᠳᠭᠢᠯᠭᠡ ᠶᠢ ᠨᠢ ᠰᠤᠷᠤᠯᠴᠠᠵᠦ᠂ ᠲᠡᠲᠡᠡ ᠤ ᠨᠠᠷ᠎ᠠ ᠠᠰᠢᠭ ᠢ ᠬᠦᠩᠭᠡᠡ ᠢᠶᠠᠷ ᠦᠵᠡᠵᠦ᠂ ᠶᠤᠰᠤ ᠰᠤᠷᠲᠠᠬᠤᠨ ᠲᠠᠢ ᠦᠪᠡᠷ ᠢ ᠪᠠᠨ ᠬᠦᠨᠲᠦᠳᠭᠡᠬᠦ ᠡᠷᠬᠢᠮ ᠲᠡᠭᠡᠲᠦ ᠰᠠᠨᠠᠭ᠎ᠠ ᠠᠬᠤᠢ ᠶᠢ ᠨᠢ ᠰᠤᠷᠤᠯᠴᠠᠬᠤ ᠭᠡᠷᠡᠭᠲᠡᠢ᠃ ᠲᠡᠷᠢᠭᠦᠨ ᠤ ᠨᠡᠶᠢᠲᠡᠯᠢᠭ ᠵᠢᠱᠢᠶᠡᠴᠢ ᠠᠴᠠ ᠲᠠᠭᠠᠨ ᠰᠤᠷᠤᠯᠴᠠᠬᠤ ᠳ᠋ᠠ᠋ᠭᠠ ᠤᠬᠠᠮᠰᠠᠷ ᠠᠴᠠ ᠪᠠᠨ ᠦᠯᠢᠭᠡᠷ ᠵᠢᠱᠢᠶᠡᠴᠢ ᠯᠦᠭᠡ ᠬᠠᠷᠭᠤᠭᠤᠯᠤᠨ ᠪᠠᠷᠢᠮᠵᠢᠶᠠᠯᠠᠵᠦ᠂ ᠦᠯᠢᠭᠡᠷ ᠵᠢᠱᠢᠶᠡᠴᠢ ᠪᠠᠷ ᠲᠤᠯᠢ  ᠪᠤᠯᠭᠠᠨ᠂ ᠴᠢᠩᠭ᠎ᠠ ᠪᠠᠷᠢᠮᠵᠢᠶ᠎ᠠ ᠪᠠᠷ ᠪᠡᠶ᠎ᠠ ᠪᠠᠨ ᠬᠡᠮᠵᠢᠨ ᠨᠡᠩ ᠦᠨᠲᠦᠷ ᠪᠠᠷᠢᠮᠵᠢᠶ᠎ᠠ ᠪᠠᠷ ᠪᠠᠶ᠎ᠠ ᠪᠠᠨ ᠱᠠᠭᠠᠷᠲᠠᠵᠦ᠂ ︽ᠦᠵᠡᠰᠭᠦᠯᠡᠩᠳᠤ ᠰᠠᠶᠢᠬᠠᠠ ᠦᠪᠦᠷ ᠮᠤᠩᠭᠤᠯ ᠢᠶᠠᠨ ᠪᠦᠲᠦᠭᠡᠡ ᠪᠠᠶᠢᠭᠤᠯᠵᠦ ᠠᠭᠤᠤ ᠶᠡᠭᠡ ᠲᠤᠮᠲᠠᠲᠤ ᠶᠢᠨ ᠵᠡᠭᠦᠲᠦ ᠪᠠᠨ ᠬᠠᠮᠳᠤ ᠪᠠᠷ ᠲᠡᠷᠭᠡᠯᠰᠢᠭᠦᠯᠬᠦ︾ ᠳᠤ ᠦᠪᠡᠷ ᠤᠨ ᠤᠶᠤᠨ ᠤᠬᠠᠭᠠᠠ ᠪᠠ ᠬᠦᠴᠤᠨ ᠴᠢᠲᠠᠯ ᠢᠶᠠᠨ ᠵᠤᠷᠢᠭᠤᠯᠬᠤ ᠭᠡᠷᠡᠭᠲᠡᠢ᠃
  ᠪᠠᠭᠠᠳᠤᠷ ᠵᠢᠱᠢᠶᠠᠴᠢ ᠬᠦᠮᠦᠰ ᠢ ᠱᠠᠭᠠᠷᠲᠠᠠ ᠤᠷᠤᠭᠰᠢ ᠲᠠᠪᠰᠢᠭᠤᠯᠳᠠᠭ᠃ ᠪᠢᠲᠠ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠠ ᠤ ᠲᠤᠭᠤᠷᠢᠨ ᠳᠤ ᠨᠢᠭᠲᠠᠷᠠᠠ ᠪᠦᠯᠭᠦᠮᠲᠡᠵᠦ᠂ ᠲᠡᠷᠢᠭᠦᠨ ᠤ ᠨᠡᠶᠢᠲᠡᠯᠢᠭ ᠵᠢᠱᠢᠶᠡᠴᠢ ᠪᠠᠷ ᠪᠠᠷᠢᠮᠵᠢᠶ᠎ᠠ ᠪᠤᠯᠭᠠᠨ᠂ ᠤᠭ ᠰᠠᠨᠠᠭ᠎ᠠ ᠪᠠᠨ ᠰᠠᠬᠢᠨ ᠡᠷᠡᠮᠡᠭᠡᠶᠢᠯᠡᠡ ᠤᠷᠤᠭᠰᠢᠯᠠᠵᠦ᠂ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠡ ᠵᠤᠷᠢᠠᠠᠲᠠᠢ ᠪᠠᠷ ᠡᠬᠦᠷᠭᠡᠯᠡᠯ ᠡᠬᠦᠷᠭᠡᠯᠡᠵᠤ᠂ ᠤᠭ ᠰᠠᠨᠠᠭ᠎ᠠ ᠡᠬᠦᠷᠭᠡ ᠬᠠᠷᠢᠭᠤᠴᠠᠯᠭ᠎ᠠ ᠪᠠᠨ ᠦᠪᠡᠷᠲᠡᠭᠡᠡ ᠵᠠᠰᠠᠬᠤ ᠤᠷᠤᠨ ᠤ ᠦᠭᠡᠷᠡᠴᠢᠯᠡᠯᠲᠡ ᠬᠦᠭᠵᠢᠯᠲᠡ ᠲᠤᠭᠲᠠᠭᠤᠨ ᠪᠠ ᠨᠠᠮ ᠤᠨ ᠪᠠᠶᠢᠭᠤᠯᠤᠯᠲᠠ ᠶᠢᠨ ᠡᠯ᠎ᠠ ᠵᠦᠢᠯ ᠤᠨ ᠠᠵᠢᠯ ᠢ ᠠᠬᠢᠭᠤᠯᠬᠤ ᠠᠵᠢᠯᠯᠠᠭ᠎ᠠ ᠪᠤᠯᠭᠠᠠ ᠬᠤᠪᠢᠷᠠᠭᠤᠯᠵᠦ᠂ ᠡᠭᠡ ᠤᠯᠤᠰ ᠤᠨ ᠤᠮᠠᠷᠠᠲᠦ ᠬᠢᠯᠢ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠤ ᠰᠠᠶᠢᠬᠠᠠ ᠪᠤᠯᠭᠠᠠ ᠴᠤᠭᠴᠠᠯᠠᠰᠤᠭᠠᠢ᠃ ᠪᠠᠭᠠᠲᠣᠷ ᠵᠢᠱᠢᠶᠡᠴᠢ ᠠᠴᠠ ᠲᠠᠭᠠᠨ ᠰᠣᠷᠣᠯᠴᠠᠵᠣ ᠡᠷᠡᠮᠡᠭᠡᠶᠢᠯᠡᠨ ᠣᠷᠣᠭᠰᠢᠯᠠᠶ᠎ᠠ! ᠵᠣᠬᠢᠶᠠᠭᠴᠢ᠄  ᠲᠣᠰ ᠰᠣᠨᠢᠨ ᠤ ᠰᠢᠭᠦᠮᠵᠢᠯᠡᠭᠴᠢ



  
     
     