- (
89786
ᠭᠡᠤᠭᠡᠤᠨ ᠭᠦᠮᠦᠵᠢᠭᠦᠯᠭᠦ ᠳᠤ ᠠᠩᠬᠠᠷᠬᠤ ᠴᠢᠬᠤᠯᠠᠲᠠᠢ ᠭᠡᠳᠤᠨ ᠠᠰᠠᠭᠤᠳᠡᠯ
2018-08-23 08:55
316
0
ᠭᠡᠤᠭᠡᠤᠨ ᠭᠦᠮᠦᠵᠢᠭᠦᠯᠭᠦ ᠳᠤ ᠠᠩᠬᠠᠷᠬᠤ ᠴᠢᠬᠤᠯᠠᠲᠠᠢ ᠭᠡᠳᠤᠨ ᠠᠰᠠᠭᠤᠳᠡᠯ
ᠬᠡᠦᠬᠡᠳ ᠢᠶᠠᠨ ᠵᠦᠪ ᠰᠠᠶᠢᠬᠠᠨ ᠬᠦᠮᠦᠵᠢᠬᠦᠯᠬᠦ ᠪᠤᠯ ᠬᠡᠷ ᠤᠨ ᠠᠬᠠᠮᠠᠳ ᠤᠨ ᠲᠦᠯᠬᠢᠵᠤ ᠪᠤᠯᠤᠰᠢ ᠦᠬᠡᠢ ᠬᠠᠷᠢᠭᠤᠴᠠᠯᠭ᠎ᠠ ᠮᠥᠨ᠃ ᠬᠡᠷ ᠤᠨ ᠠᠬᠠᠮᠠᠳ ᠤᠨ ᠬᠦᠮᠦᠵᠢᠬᠦᠯᠬᠦ ᠪᠤᠳᠠᠳᠠᠢ ᠠᠷᠭ᠎ᠠ ᠠᠪᠴᠠᠯ ᠨᠢ ᠬᠡᠦᠬᠡᠳ ᠤᠨ ᠬᠦᠮᠦᠵᠢᠯ ᠳᠤ ᠴᠢᠬᠤᠯᠨ ᠨᠦᠯᠦᠬᠡ ᠦᠵᠡᠬᠦᠯᠦᠨ᠎ᠡ᠃ ᠮᠢᠨᠤ ᠦᠵᠡᠬᠦ ᠪᠠᠷ ᠬᠡᠦᠬᠡᠳ ᠢ ᠬᠦᠮᠦᠵᠢᠬᠦᠯᠬᠦ ᠳᠤ ᠲᠤᠤᠷᠠᠬᠢ ᠮᠡᠳᠤ ᠬᠡᠳᠦᠨ ᠲᠠᠯ᠎ᠠ ᠶᠢ ᠠᠩᠬᠠᠷᠪᠠᠯ ᠵᠤᠬᠢᠨ᠎ᠠ᠃
ᠨᠢᠬᠡ᠂ ᠡᠩ ᠲᠡᠷᠢᠬᠦᠨ ᠳᠤ ᠬᠡᠦᠬᠡᠳ ᠢᠶᠠᠨ ᠤᠶᠢᠯᠠᠭᠠᠬᠤ ᠬᠡᠷᠡᠭᠳᠠᠢ
ᠬᠡᠦᠬᠡᠳ ᠢ ᠤᠶᠢᠯᠠᠭᠠᠬᠤ ᠪᠤᠯ ᠬᠡᠦᠬᠡᠳ ᠢ ᠬᠦᠮᠦᠵᠢᠬᠦᠯᠬᠦ ᠶᠢᠨ ᠤᠷᠢᠳᠠᠯ ᠶᠤᠮ᠃ ᠬᠡᠷ ᠤᠨ ᠠᠬᠠᠮᠠᠳ ᠬᠡᠦᠬᠡᠳ ᠲᠠᠢ ᠪᠠᠨ ᠢᠯᠡᠬᠦᠦ ᠶᠠᠷᠢᠯᠴᠠᠵᠤ᠂ ᠴᠠᠭ ᠭᠠᠷᠭᠠᠨ ᠬᠠᠮᠳᠤ ᠨᠠᠭᠠᠳᠤᠨ ᠲᠤᠭᠯᠠᠵᠤ᠂ ᠴᠤᠭ ᠠᠵᠢᠯᠯᠠᠵᠤ᠂ ᠰᠤᠷᠤᠯᠴᠠᠵᠤ ᠪᠠᠶᠢᠬᠤ ᠨᠢ ᠴᠢᠬᠤᠯᠨ᠃ ᠡᠬᠦᠪᠡᠷ ᠲᠡᠮᠵᠢᠨ ᠲᠡᠳᠡᠨ ᠤ ᠪᠤᠳᠤᠯ ᠰᠠᠨᠠᠭ᠎ᠠ᠂ ᠰᠤᠷᠤᠯᠭ᠎ᠠ ᠶᠢᠨ ᠠᠮᠢᠳᠤᠷᠠᠯ᠂ ᠬᠠᠮᠳᠤ ᠨᠦᠬᠦᠳ ᠯᠦᠭᠡ ᠶᠢᠨ ᠬᠠᠷᠢᠴᠠᠭ᠎ᠠ ᠵᠡᠷᠬᠡ ᠶᠢ ᠤᠶᠢᠯᠠᠭᠠᠵᠤ᠂ ᠦᠰᠦᠯᠳᠡ ᠪᠤᠶᠢᠵᠢᠯᠳᠠ ᠶᠢᠨ ᠬᠢᠨᠢ ᠲᠠᠯ᠎ᠠ ᠪᠠᠷ ᠶᠠᠮᠠᠷ ᠠᠰᠠᠭᠤᠳᠠᠯ ᠤᠷᠤᠰᠢᠵᠤ ᠪᠠᠶᠢᠬᠤ ᠶᠢ ᠤᠶᠢᠯᠠᠭᠠᠵᠤ᠂ ᠴᠠᠭ ᠲᠤᠬᠠᠢ ᠳᠤᠨᠢ ᠲᠤᠬᠢᠳᠠᠢ ᠠᠷᠭ᠎ᠠ ᠬᠡᠮᠵᠢᠶ᠎ᠠ ᠠᠪᠴᠤ ᠴᠢᠳᠠᠨ᠎ᠠ᠃ ᠨᠦᠬᠦᠬᠡ ᠲᠠᠯ᠎ᠠ ᠪᠠᠷ ᠬᠡᠷ ᠤᠨ ᠠᠬᠠᠮᠠᠳ ᠦᠷᠬᠦᠯᠵᠢ ᠬᠡᠦᠬᠡᠳ ᠲᠠᠢ ᠪᠠᠨ ᠴᠤᠭ ᠪᠠᠶᠢᠨ᠎ᠠ ᠬᠡᠳᠡᠭ ᠪᠤᠯ ᠮᠥᠨ ᠴᠦ ᠬᠦᠮᠦᠵᠢᠯ ᠤᠨ ᠶᠠᠪᠤᠴᠠ ᠮᠥᠨ᠃ ᠬᠤᠶᠠᠷ᠂ ᠬᠡᠦᠬᠡᠳ ᠢ ᠬᠦᠳᠡᠯᠮᠤᠷᠢ ᠳᠤ ᠤᠷᠤᠯᠴᠠᠭᠤᠯᠬᠤ ᠪᠤᠯ ᠮᠠᠰᠢ ᠴᠢᠬᠤᠯᠨ
ᠤᠳᠤᠬᠢ ᠬᠡᠷ ᠪᠦᠯᠢ ᠳᠤ ᠬᠡᠦᠬᠡᠳ ᠴᠦᠬᠡᠨ᠂ ᠵᠠᠷᠢᠮ ᠠᠶᠢᠯ ᠭᠠᠭᠴᠠ ᠬᠡᠦᠬᠡᠳ ᠲᠠᠢ ᠪᠠᠶᠢᠳᠠᠭ ᠠᠴᠠ ᠤᠯᠠᠩᠬᠢ ᠬᠡᠦᠬᠡᠳ ᠬᠡᠷ ᠲᠡᠭᠡᠨ ᠡᠷᠬᠡ ᠪᠡᠷᠬᠡ ᠲᠠᠢ ᠦᠰᠦᠭᠰᠡᠨ ᠪᠠᠶᠢᠳᠠᠭ᠃ ᠡᠪᠦᠭᠡ ᠡᠮᠡᠭᠡ᠂ ᠡᠴᠢᠬᠡ ᠡᠬᠡ᠂ ᠤᠶᠢᠷ᠎ᠠ ᠰᠠᠳᠤᠨ ᠠᠴᠠ ᠨᠢ ᠡᠬᠢᠯᠡᠬᠡᠳ ᠬᠡᠦᠬᠡᠳ ᠢ ᠡᠯᠳᠡᠪ ᠢᠶᠠᠷ ᠡᠷᠬᠡᠯᠡᠬᠦᠯᠵᠤ᠂ ᠬᠡᠷ ᠤᠨ ᠠᠮᠢᠳᠤᠷᠠᠯ ᠤᠨ ᠠᠯᠢᠪᠠ ᠠᠵᠢᠯ ᠢ ᠡᠴᠢᠬᠡ ᠡᠬᠡᠴᠤᠤᠯ ᠪᠦᠬᠦᠨ ᠢ ᠬᠢᠵᠤ᠂ ᠬᠡᠦᠬᠡᠳ ᠢ ᠵᠦᠪᠬᠡᠨ ᠰᠤᠷᠤᠯᠴᠠᠬᠤ ᠯᠡ ᠡᠬᠦᠷᠬᠡ ᠲᠠᠢ ᠬᠡᠵᠤ ᠦᠵᠡᠳᠡᠭ᠃ ᠡᠨᠡ ᠪᠤᠯ ᠪᠤᠷᠤᠭᠤ ᠶᠤᠮ᠃ ᠬᠡᠦᠬᠡᠳ ᠢ ᠬᠦᠳᠡᠯᠮᠤᠷᠢ ᠳᠤ ᠤᠷᠤᠯᠴᠠᠭᠤᠯᠬᠤ ᠪᠤᠯ ᠵᠦᠪᠬᠡᠨ ᠲᠡᠳᠡᠨ ᠳᠤ ᠬᠦᠳᠡᠯᠮᠤᠷᠢ ᠶᠢᠨ ᠤᠷ᠎ᠠ ᠲᠡᠮ ᠢ ᠡᠵᠡᠮᠰᠢᠬᠦᠯᠬᠦ ᠲᠡᠳᠦᠢ ᠪᠢᠰᠢ ᠨᠢᠬᠡᠨ ᠶᠤᠰᠤᠨ ᠤ ᠦᠵᠡᠯ ᠰᠠᠨᠠᠭᠠᠨ ᠤ ᠬᠦᠮᠦᠵᠢᠯ ᠬᠢᠵᠤ ᠪᠠᠶᠢᠭ᠎ᠠ ᠶᠠᠪᠤᠳᠠᠯ ᠮᠥᠨ᠃ ᠬᠦᠳᠡᠯᠮᠤᠷᠢ ᠳᠤ ᠤᠷᠤᠯᠴᠠᠬᠤ ᠪᠠᠷ ᠲᠠᠮᠵᠢᠨ ᠬᠡᠦᠬᠡᠳ ᠰᠠᠶ᠋ᠢ ᠬᠡᠷ ᠤᠨ ᠠᠬᠠᠮᠠᠳ ᠤᠨ ᠠᠵᠢᠯ ᠬᠦᠳᠡᠯᠮᠤᠷᠢ ᠶᠢᠨ ᠪᠡᠷᠬᠡ ᠬᠠᠳᠠᠭᠤᠵᠢᠯ᠂ ᠬᠦᠮᠦᠨ ᠤ ᠠᠮᠢᠳᠤᠷᠠᠯ ᠤᠨ ᠤᠳᠬ᠎ᠠ ᠤᠴᠢᠷ ᠢ ᠮᠡᠳᠡᠵᠤ᠂ ᠬᠦᠳᠡᠯᠮᠤᠷᠢ ᠶᠢ ᠬᠠᠶᠢᠷᠠᠯᠠᠬᠤ ᠪᠤᠯᠵᠤ ᠴᠢᠳᠠᠨ᠎ᠠ᠃ ᠬᠦᠳᠡᠯᠮᠤᠷᠢ ᠶᠢᠨ ᠲᠤᠮᠳᠠ ᠦᠪᠡᠷ ᠤᠨ ᠠᠵᠢᠯ ᠤᠨ ᠦᠷ᠎ᠡ ᠳ᠋ᠦᠩ ᠢᠶᠠᠨ ᠪᠠᠭ᠋ᠠᠷᠬᠠᠵᠤ ᠬᠠᠶᠢᠷᠠᠯᠠᠬᠤ ᠪᠤᠯᠵᠤ᠂ ᠪᠤᠰᠤᠳ ᠤᠨ ᠬᠦᠳᠡᠯᠮᠤᠷᠢ ᠶᠢ ᠬᠦᠨᠳᠦᠳᠬᠡᠬᠦ ᠪᠤᠯᠵᠤ ᠬᠦᠮᠦᠵᠢᠭᠳᠡᠨ᠎ᠡ᠃ ᠬᠡᠦᠬᠡᠳ ᠢ ᠠᠯᠢ ᠴᠢᠳᠠᠬᠤ ᠶᠢᠨ ᠲᠤᠳᠤᠷ᠎ᠠ ᠬᠡᠷ ᠪᠦᠯᠢ ᠶᠢᠨ ᠬᠦᠳᠡᠯᠮᠤᠷᠢ᠂ ᠲᠠᠷᠤᠢ ᠬᠡᠷ ᠴᠡᠪᠡᠷᠯᠡᠬᠦ᠂ ᠠᠶᠠᠭ᠎ᠠ ᠫᠢᠯᠨ ᠤᠬᠢᠶᠠᠬᠤ᠂ ᠬᠤᠪᠴᠠᠰᠤ ᠤᠬᠢᠶᠠᠬᠤ ᠵᠡᠷᠬᠡ ᠠᠵᠢᠯ ᠬᠦᠳᠡᠯᠮᠤᠷᠢ ᠳᠤ ᠤᠷᠤᠯᠴᠠᠭᠤᠯᠬᠤ ᠬᠡᠷᠡᠭᠳᠠᠢ᠃ ᠬᠦᠳᠡᠭᠡ ᠠᠶᠢᠯ ᠪᠤᠯ ᠮᠥᠨ ᠮᠠᠯ ᠠᠬᠤᠢ᠂ ᠲᠠᠷᠢᠶᠠᠯᠠᠩ ᠤᠨ ᠬᠦᠳᠡᠯᠮᠤᠷᠢ ᠳᠤ ᠤᠷᠤᠯᠴᠠᠭᠤᠯᠬᠤ ᠨᠢ ᠵᠦᠢᠳᠠᠢ᠃ ᠢᠯᠠᠩᠭᠤᠶ᠎ᠠ ᠬᠡᠦᠬᠡᠳ ᠬᠦᠳᠡᠭᠡ ᠶᠢᠨ ᠦᠢᠯᠡᠳᠪᠤᠷᠢᠯᠠᠯ ᠬᠦᠳᠡᠯᠮᠤᠷᠢ ᠳᠤ ᠤᠷᠤᠯᠴᠠᠬᠤ ᠪᠠᠷ ᠲᠠᠮᠵᠢᠨ ᠪᠠᠶᠢᠭᠠᠯᠢ ᠶᠢᠷᠳᠢᠨᠴᠤ᠂ ᠴᠠᠭ ᠠᠭᠤᠷ᠂ ᠬᠦᠮᠦᠨ ᠤ ᠠᠮᠢᠳᠤᠷᠠᠯ ᠢ ᠨᠡᠩ ᠬᠦᠨᠵᠡᠬᠡᠢ ᠤᠶᠢᠯᠠᠭᠠᠵᠤ᠂ ᠪᠡᠶ᠎ᠡ ᠮᠠᠬᠠᠪᠤᠳ᠂ ᠵᠤᠷᠢᠭ ᠰᠠᠨᠠᠭᠠᠨ ᠤ ᠲᠠᠯ᠎ᠠ ᠪᠠᠷ ᠲᠠᠪᠳᠠᠨ ᠪᠤᠯᠪᠠᠰᠤᠷᠠᠵᠤ ᠴᠢᠳᠠᠨ᠎ᠠ᠃ ᠭᠡᠤᠭᠡᠤᠨ ᠢ ᠦᠨᠡᠨ ᠬᠦ ᠰᠠᠶᠢᠨ ᠪᠢᠴᠢᠭ ᠦᠵᠡᠭᠦ ᠲᠤᠷᠠᠰᠢᠯ ᠲᠠᠢ ᠪᠤᠯᠭᠠᠶ᠎ᠠ ᠭᠡᠪᠡᠯ ᠭᠡᠷ ᠤᠨ ᠠᠬᠠᠮᠠᠤᠨ ᠳᠤ ᠰᠠᠨᠠᠭᠤᠯᠬᠤ ᠬᠠᠮᠤᠭ ᠴᠢᠬᠤᠯᠨ ᠨᠢᠭᠡ ᠶᠠᠪᠤᠳᠠᠯ ᠪᠤᠯ ᠭᠡᠤᠭᠡᠤᠨ ᠢᠶᠠᠨ ᠭᠡᠷ ᠤᠨ ᠠᠵᠢᠯ ᠭᠦᠳᠡᠯᠮᠤᠷᠢ ᠳᠤ ᠶᠠᠭᠠᠬᠢᠵᠤ ᠪᠠᠶᠢᠭᠠᠤᠨ ᠴᠤ ᠭᠡᠤᠨ ᠤᠷᠤᠯᠴᠠᠭᠤᠯᠬᠤ ᠴᠢᠬᠤᠯᠡᠳᠡᠢ ᠶᠤᠮ ︽ᠭᠦᠳᠡᠯᠮᠤᠷᠢ ᠭᠦᠮᠤᠨ ᠢ ᠪᠦᠳᠤᠭᠡᠵᠠᠢ︾ ᠭᠡᠳᠡᠭ ᠢᠶᠠᠷ ︽ᠭᠦᠳᠡᠯᠮᠤᠷᠢ ᠭᠦᠮᠤᠨ ᠢ ᠭᠦᠮᠤᠵᠢᠭᠦᠯᠳᠡᠭ ᠰᠢᠤ︾ ᠭᠦᠳᠡᠯᠮᠤᠷᠢ ᠶᠢᠨ ᠲᠤᠮᠳᠡ ᠭᠡᠤᠭᠡᠤᠨ ᠪᠢᠴᠢᠭ ᠰᠤᠷᠬᠤ ᠶᠢᠨ ᠵᠢᠷᠭᠠᠯ ᠵᠤᠪᠠᠯᠠᠩ ᠢ ᠲᠤᠳᠤᠭᠠᠳᠤ ᠰᠡᠤᠨᠬᠢᠯ ᠢᠶᠠᠷ ᠢᠶᠠᠨ ᠮᠡᠳᠡᠷᠡᠵᠤ ᠲᠡᠶᠢᠯᠭᠦ ᠶᠤᠮ᠃ ︽ᠭᠡᠷ ᠤᠨ ᠠᠵᠢᠯ ᠭᠦᠳᠡᠯᠮᠤᠷᠢ ᠠᠴᠠ ᠤᠯᠬᠤ ᠰᠤᠷᠭᠠᠮᠵᠢ ᠶᠢ ᠤᠳᠤ ᠶᠢᠨ ᠶᠠᠮᠡᠷᠴᠤ ᠰᠤᠷᠭᠠᠨ ᠭᠦᠮᠤᠵᠢᠯ ᠬᠢᠵᠤ ᠲᠡᠶᠢᠯᠬᠦ ᠦᠭᠡᠢ ᠪᠠᠶᠢᠳᠠᠭ︾ ᠭᠡᠵᠤ ᠪᠠᠶᠢᠨ᠎ᠠ᠃ ᠭᠤᠷᠪᠠ᠂ ᠬᠡᠦᠬᠡᠳ ᠢ ᠬᠡᠷ ᠪᠦᠯᠢ ᠶᠢᠨ ᠠᠵᠤ ᠠᠬᠤᠢ ᠶᠢᠨ ᠠᠮᠢᠳᠤᠷᠠᠯ ᠳᠤ ᠤᠷᠤᠯᠴᠠᠭᠤᠯᠬᠤ ᠬᠡᠷᠡᠭᠳᠠᠢ ᠬᠡᠦᠬᠡᠳ ᠪᠠᠭ᠎ᠠ ᠠᠴᠠ ᠪᠠᠨ ᠵᠤᠭᠤᠰ ᠵᠠᠷᠤᠨ᠎ᠠ᠃ ᠡᠨᠠ ᠪᠤᠯ ᠤᠳᠤᠬᠢ ᠨᠡᠶᠢᠬᠡᠮ ᠤᠨ ᠲᠦᠬᠡᠮᠡᠯ ᠦᠵᠡᠭᠳᠡᠯ ᠪᠤᠯᠵᠠᠢ᠃ ᠠᠶᠢᠯ ᠤᠨ ᠬᠡᠦᠬᠡᠳ ᠪᠦᠷ ᠰᠤᠯᠨ ᠵᠠᠷᠤᠬᠤ ᠵᠤᠭᠤᠰ ᠮᠦᠩᠬᠦ ᠲᠠᠢ ᠪᠠᠶᠢᠬᠤ ᠳᠤ ᠦᠪᠡᠷ ᠤᠨ ᠬᠡᠦᠬᠡᠳ ᠲᠡᠭᠡᠨ ᠵᠢᠭᠠᠬᠠᠨ ᠴᠦ ᠵᠤᠭᠤᠰ ᠮᠦᠩᠬᠦ ᠦᠭᠬᠦ ᠦᠬᠡᠢ ᠬᠡᠳᠡᠭ ᠪᠤᠯ ᠬᠤᠪᠤᠷ ᠦᠵᠡᠭᠳᠡᠯ᠃ ᠡᠨᠡ ᠲᠤᠮᠳᠠ ᠬᠡᠣᠬᠡᠳ ᠲᠡᠭᠡᠨ ᠬᠡᠷ ᠪᠦᠯᠢ ᠶᠢᠨ ᠤᠷᠤᠯᠭ᠎ᠠ ᠵᠠᠷᠤᠯᠭ᠎ᠠ ᠶᠢᠨ ᠲᠦᠰᠦᠪ ᠵᠡᠷᠬᠡ ᠪᠠᠨ ᠬᠡᠯᠡᠵᠤ ᠦᠭᠴᠤ ᠲᠡᠳᠡᠨ ᠢ ᠴᠢᠳᠠᠬᠤ ᠶᠢᠨ ᠲᠤᠳᠤᠷ᠎ᠠ ᠬᠡᠷ ᠪᠦᠯᠢ ᠶᠢᠨ ᠤᠷᠤᠯᠭ᠎ᠠ ᠪᠠᠨ ᠬᠡᠷᠬᠢᠨ ᠲᠤᠬᠢᠷᠠᠭᠤᠯᠬᠤ ᠲᠠᠯ᠎ᠠ ᠪᠠᠷ ᠵᠦᠪᠯᠡᠪᠡᠯ ᠵᠤᠬᠢᠨ᠎ᠠ᠃ ᠢᠩᠬᠢᠪᠡᠯ ᠰᠠᠶ᠋ᠢ ᠬᠡᠦᠬᠡᠳ ᠵᠤᠭᠤᠰ ᠮᠦᠩᠬᠦ ᠶᠢᠨ ᠢᠷᠡᠯᠳᠡ ᠶᠢᠨ ᠬᠢᠯᠪᠠᠷ ᠪᠤᠰᠤ ᠶᠢ ᠤᠶᠢᠯᠠᠭᠠᠵᠤ᠂ ᠬᠦᠳᠡᠯᠮᠤᠷᠢ ᠶᠢᠨ ᠦᠷᠳᠡᠭ ᠢ ᠵᠦᠪ ᠦᠨᠡᠯᠡᠨ᠂ ᠤᠯᠠᠮ ᠢᠶᠠᠷ ᠠᠷᠪᠢᠯᠠᠨ ᠭᠠᠮᠨᠠᠬᠤ ᠰᠠᠶᠢᠬᠠᠨ ᠰᠤᠷᠳᠠᠯ ᠲᠠᠢ ᠪᠤᠯᠵᠤ ᠴᠢᠳᠠᠨ᠎ᠠ᠃
ᠲᠦᠷᠪᠡ᠂ ᠬᠡᠦᠬᠡᠳ ᠢ ᠪᠠᠭ᠎ᠠ ᠠᠴᠠ ᠨᠢ ᠪᠤᠰᠤᠳ ᠢ ᠪᠤᠳᠤᠳᠠᠭ ᠲᠤᠰᠠᠴᠢ ᠰᠠᠶᠢᠬᠠᠨ ᠰᠡᠳᠬᠢᠯ ᠲᠠᠢ ᠪᠤᠯᠭᠠᠨ ᠬᠦᠮᠦᠵᠢᠬᠦᠯᠪᠡᠯ ᠵᠤᠬᠢᠨ᠎ᠠ ᠤᠳᠤᠬᠢ ᠬᠡᠦᠬᠡᠳ ᠤᠳ ᠦᠪᠡᠷ ᠤᠨ ᠪᠡᠶ᠎ᠡ ᠪᠠᠷ ᠢᠶᠠᠨ ᠲᠦᠪ ᠪᠤᠯᠭᠠᠵᠤ᠂ ᠡᠴᠢᠬᠡ ᠡᠬᠡ ᠵᠡᠷᠬᠡ ᠲᠤᠮᠤ ᠬᠦᠮᠦᠰ ᠪᠦᠷ ᠲᠡᠬᠦᠨ ᠤ ᠲᠦᠯᠦᠬᠡ ᠦᠢᠯᠡᠴᠢᠯᠡᠵᠤ ᠪᠠᠶᠢᠬᠤ ᠬᠡᠷᠡᠭᠳᠠᠢ ᠮᠡᠳᠤ ᠰᠠᠨᠠᠭ᠎ᠠ ᠪᠤᠳᠤᠯ ᠲᠠᠢ ᠬᠦᠮᠦᠵᠢᠭᠳᠡᠵᠤ ᠪᠠᠶᠢᠨ᠎ᠠ᠃ ᠦᠬᠡᠷ᠎ᠡ ᠪᠠᠷ ᠬᠡᠯᠡᠪᠡᠯ ᠮᠠᠰᠢ ᠬᠤᠪᠢᠨᠴᠢᠷ ᠪᠤᠯᠵᠤ ᠪᠠᠶᠢᠨ᠎ᠠ ᠬᠡᠰᠡᠨ ᠦᠬᠡ᠃ ᠡᠶᠢᠮᠤ ᠠᠴᠠ ᠬᠡᠦᠬᠡᠳ ᠢ ᠪᠠᠭ᠎ᠠ ᠠᠴᠠ ᠨᠢ ᠪᠤᠰᠤᠳ ᠢ ᠪᠤᠳᠤᠬᠤ᠂ ᠵᠢᠱᠢᠶᠡᠯᠡᠪᠡᠯ ᠠᠯᠢᠮ᠎ᠠ ᠵᠢᠮᠢᠰ ᠢᠳᠡᠬᠦ ᠦᠶ᠎ᠡ ᠳᠤ ᠦᠪᠡᠷ ᠢᠶᠠᠨ ᠤᠷᠢᠳᠠᠪᠠᠷ ᠠᠪᠬᠤ ᠪᠢᠰᠢ᠂ ᠠᠪᠤ ᠡᠵᠢ ᠳᠡᠭᠡᠨ᠂ ᠡᠪᠦᠭᠡ ᠡᠮᠡᠭᠡ ᠳᠡᠭᠡᠨ᠂ ᠡᠰᠡᠬᠦᠯ᠎ᠡ ᠨᠠᠶᠢᠵᠨ ᠨᠦᠬᠦᠳ ᠲᠡᠭᠡᠨ ᠤᠷᠢᠳᠠᠪᠠᠷ ᠦᠭᠬᠦ᠂ ᠭᠠᠭᠴᠠ ᠠᠯᠢᠮ᠎ᠠ ᠶᠢ ᠴᠦ ᠪᠤᠰᠤᠳ ᠲᠠᠢ ᠬᠤᠪᠢᠶᠠᠯᠴᠠᠵᠤ ᠬᠦᠷᠳᠡᠬᠦ ᠬᠡᠬᠦ ᠮᠡᠳᠤ ᠤᠷᠢᠳᠠᠪᠠᠷ ᠪᠤᠰᠤᠳ ᠢ ᠪᠤᠳᠤᠬᠤ ᠵᠠᠩ ᠰᠤᠷᠳᠠᠯ ᠢ ᠬᠦᠮᠦᠵᠢᠬᠦᠯᠬᠦ ᠬᠡᠷᠡᠭᠳᠠᠢ᠃ ᠭᠡᠤᠭᠡᠤᠨ ᠲᠡᠭᠡᠨ ᠦᠭᠭᠢᠶᠡᠮᠦᠷᠴᠢ ᠲᠤᠰᠠᠴᠢ ᠭᠦᠮᠤᠨ ᠪᠤᠯᠬᠤ ᠶᠢ ᠴᠠᠭ
ᠢᠮᠡᠬᠳᠡ ᠶᠠᠷᠢᠵᠦ ᠪᠠᠶᠢᠭᠠᠷᠡᠢ᠃
ᠲᠠᠪᠤ᠂ ᠬᠡᠦᠬᠡᠳ ᠤᠨ ᠶᠤᠰᠤ ᠰᠤᠷᠳᠠᠬᠤᠨ ᠤ ᠬᠦᠮᠦᠵᠢᠯ ᠬᠢᠬᠡᠳ ᠤᠶᠤᠨ ᠤ ᠬᠦᠮᠦᠵᠢᠯ ᠠᠳᠠᠯᠢᠬᠠᠨ ᠴᠢᠬᠤᠯᠨ ᠤᠤᠯ ᠨᠢ ᠬᠦᠮᠦᠰ ︽ᠨᠤᠮ ᠢ ᠨᠢ ᠰᠤᠷᠬᠤ ᠦᠬᠡᠢ ᠴᠦ ᠨᠤᠮᠤᠬᠠᠨ ᠢ ᠨᠢ ᠰᠤᠷ︾ ᠬᠡᠵᠤ ᠪᠤᠳᠤᠳᠠᠭ ᠪᠠᠶᠢᠭᠰᠠᠨ ᠢᠶᠠᠨ ᠤᠳᠤ ᠨᠤᠮ ᠪᠢᠴᠢᠭ ᠰᠤᠷᠬᠤ ᠶᠢ ᠯᠡ ᠠᠯᠢᠪᠠ ᠪᠦᠬᠦᠨ ᠤ ᠲᠡᠬᠡᠳᠤ ᠪᠤᠯᠭᠠᠵᠤ᠂ ᠪᠢᠴᠢᠭ ᠰᠠᠶᠢᠨ ᠰᠤᠷᠴᠢᠬᠠᠪᠠᠯ ᠠᠮᠢᠳᠤᠷᠠᠯ ᠢᠷᠡᠬᠡᠳᠦᠢ ᠶᠢᠨ ᠠᠯᠢᠪᠠ ᠤᠴᠢᠷ ᠪᠡᠶᠡᠯᠡᠭᠳᠡᠴᠢᠬᠡᠬᠦ ᠰᠢᠭ ᠰᠠᠨᠠᠳᠠᠭ ᠪᠤᠯᠵᠠᠢ᠃ ᠦᠨᠡᠨ ᠳᠡᠭᠡᠨ ᠵᠦᠪ ᠰᠠᠨᠠᠭ᠎ᠠ᠂ ᠰᠠᠶᠢᠨ ᠰᠠᠶᠢᠬᠠᠨ ᠵᠠᠩ ᠰᠤᠷᠳᠠᠯ᠂ ᠡᠴᠢᠬᠡ ᠡᠬᠡ ᠪᠠᠭᠰᠢ ᠨᠠᠷ ᠢᠶᠠᠨ ᠬᠦᠨᠳᠦᠯᠡᠬᠦ ᠵᠡᠷᠬᠡ ᠡᠩ ᠤᠨ ᠶᠤᠰᠤ ᠰᠤᠷᠳᠠᠬᠤᠨ ᠨᠢ ᠬᠡᠦᠬᠡᠳ ᠤᠨ ᠢᠷᠡᠬᠡᠳᠦᠢ ᠳᠤ ᠶᠠᠮᠠᠷ ᠬᠦᠮᠦᠨ ᠪᠤᠯᠤᠨ᠎ᠠ ᠬᠡᠳᠡᠭ ᠲᠤ ᠮᠠᠰᠢ ᠵᠠᠩᠬᠢᠯᠠᠭ᠎ᠠ ᠶᠢᠨ ᠦᠢᠯᠡᠳᠦᠯ ᠦᠵᠡᠬᠦᠯᠬᠦ ᠶᠤᠮ᠃ ᠰᠤᠷᠭᠠᠯ ᠰᠤᠷᠳᠠᠯ ᠦᠬᠡᠢ ᠬᠦᠮᠦᠵᠢᠭᠳᠡᠴᠢᠬᠡᠪᠡᠯ᠂ ᠡᠷᠳᠡᠮ ᠪᠢᠴᠢᠭ ᠤᠨ ᠲᠦᠢᠯ ᠳᠤ ᠬᠦᠷᠦᠯ᠎ᠡ ᠬᠡᠳ ᠵᠢᠷᠭᠠᠯ ᠢ ᠤᠯᠬᠤ ᠳᠤ ᠬᠡᠴᠡᠬᠦᠦ᠂ ︽ᠰᠠᠨᠠᠭ᠎ᠠ ᠵᠦᠪ ᠪᠤᠯ ᠵᠠᠶᠠᠭ᠎ᠠ ᠵᠦᠪ︾ ᠬᠡᠳᠡᠭ ᠢᠶᠠᠷ ᠠᠷᠢᠭᠤᠨ ᠰᠠᠶᠢᠬᠠᠨ ᠵᠠᠩ ᠰᠤᠷᠳᠠᠯ ᠲᠠᠢ ᠬᠦᠮᠦᠵᠢᠭᠳᠡᠴᠢᠬᠡᠪᠡᠯ᠂ ᠡᠷᠳᠡᠮᠳᠡᠨ ᠮᠡᠷᠬᠡᠳ ᠤᠨ ᠡᠩᠨᠡᠬᠡᠨ ᠳᠤ ᠤᠷᠤᠵᠤ ᠴᠢᠳᠠᠬᠤ ᠦᠬᠡᠢ ᠴᠦ ᠬᠡᠰᠡᠨ ᠵᠤᠯ ᠵᠢᠷᠭᠠᠯ ᠲᠠᠢ ᠠᠮᠢᠳᠤᠷᠠᠯ ᠡᠳ᠋ᠯᠡᠵᠤ ᠴᠢᠳᠠᠨ᠎ᠠ᠃ ᠭᠡᠤᠭᠡᠤᠨ ᠲᠤ ᠪᠢᠴᠢᠭ ᠰᠤᠷᠭᠠᠬᠤ ᠭᠡᠪᠡᠯ ᠤᠷᠢᠳᠡᠪᠡᠷ ᠶᠤᠰᠤ ᠮᠤᠷᠠᠯ ᠤᠨ ᠲᠤᠬᠠᠢ ᠶᠠᠷᠢᠵᠤ ᠦᠭᠴᠦ ᠪᠠᠶᠢᠭᠠᠷᠠᠢ᠃
ᠵᠣᠬᠢᠶᠠᠭᠴᠢ᠄ ᠭᠤᠤ ᠯᠢ ᠫᠢᠩ
ᠢᠷᠡᠯᠲᠡ᠄ ᠳᠤᠮᠳᠠᠳᠤ ᠤᠯᠤᠰ ᠤᠨ ᠮᠤᠩᠭᠤᠯ ᠬᠡᠯᠡᠨ ᠤ ᠰᠤᠨᠢᠨ ᠮᠡᠳᠡᠭᠡ ᠶᠢᠨ ᠰᠦᠯᠵᠢᠶ᠎ᠡ