 

ᠰᠤᠶᠤᠯ ᠵᠢᠭᠤᠯᠴᠢᠯᠡᠯ ᠤᠨ ᠦᠢᠯᠡᠰ ᠢ ᠬᠦᠭᠵᠢᠭᠦᠯᠭᠦ ᠳᠤ ᠦᠨᠳᠦᠰᠦᠳᠡᠨ ᠤ ᠤᠨᠴᠠᠯᠢᠭ ᠢ ᠲᠤᠪᠤᠶᠢᠯᠭᠠᠬᠤ ᠬᠡᠷᠡᠭᠳᠡᠢ

2019-11-29 20:10
  261
  0
   ᠰᠣᠶᠣᠯ ᠵᠢᠭᠤᠯᠴᠢᠯᠠᠯ ᠪᠣᠯ ᠰᠣᠶᠣᠯ ᠢᠷᠭᠡᠨᠰᠢᠯ ᠤᠨ ᠡᠬᠢ ᠪᠠᠶᠠᠯᠢᠭ ᠢᠶᠠᠷ ᠠᠴᠢᠶᠠᠯᠠᠪᠣᠷᠢ ᠪᠣᠯᠭᠠᠨ᠂ ᠲᠡᠣᠬᠡᠨ ᠦᠯᠡᠳᠡᠭᠳᠡᠯ᠂ ᠨᠡᠶᠢᠭᠡᠮ ᠤᠨ ᠵᠠᠩ ᠦᠢᠯᠡ ᠵᠡᠷᠭᠡ ᠰᠣᠶᠣᠯ ᠢᠷᠭᠡᠨᠰᠢᠯ ᠤᠨ ᠡᠬᠢ ᠪᠠᠶᠠᠯᠢᠭ ᠢᠶᠠᠷ ᠭᠤᠣᠯ ᠠᠭᠤᠯᠭ᠎ᠠ ᠪᠣᠯᠭᠠᠭᠰᠠᠨ ᠵᠢᠭᠤᠯᠴᠢᠯᠠᠯ ᠤᠨ ᠠᠵᠢᠯᠯᠠᠭ᠎ᠠ ᠪᠣᠯᠣᠨ᠎ᠠ᠃ ᠰᠣᠶᠣᠯ ᠵᠢᠭᠤᠯᠴᠢᠯᠠᠯ ᠤᠨ ᠠᠵᠦ ᠦᠢᠯᠡᠰ ᠤᠨ ᠲᠠᠯ᠎ᠠ ᠠᠴᠠ ᠠᠪᠴᠦ ᠦᠵᠡᠪᠡᠯ᠂ ᠰᠣᠶᠣᠯ ᠪᠣᠯ ᠵᠢᠭᠤᠯᠴᠢᠯᠠᠯ ᠤᠨ ᠠᠮᠢᠨ ᠰᠦᠨᠡᠰᠦ᠂ ᠵᠢᠭᠤᠯᠴᠢᠯᠠᠯ ᠪᠣᠯ ᠰᠣᠶᠣᠯ ᠤᠨ ᠠᠴᠢᠶᠠᠯᠠᠪᠣᠷᠢ᠂ ᠰᠣᠶᠣᠯ ᠦᠭᠡᠢ ᠵᠢᠭᠤᠯᠴᠢᠯᠠᠯ ᠪᠣᠯ ᠲᠠᠲᠠᠬᠤ ᠬᠦᠴᠦᠨ ᠦᠭᠡᠢ᠂ ᠵᠢᠭᠤᠯᠴᠢᠯᠠᠯ ᠦᠭᠡᠢ ᠰᠣᠶᠣᠯ ᠪᠣᠯ ᠠᠮᠢᠵᠢᠷᠠᠯ ᠤᠨ ᠬᠦᠴᠦᠨ ᠦᠭᠡᠢ ᠪᠠᠶᠢᠳᠠᠭ᠃ ᠮᠠᠨ ᠤ ᠣᠷᠣᠨ ᠵᠢᠭᠤᠯᠴᠢᠯᠠᠯ ᠤᠨ ᠦᠢᠯᠡᠰ ᠤᠨ ᠬᠦᠭᠵᠢᠯᠳᠠ ᠶᠢ ᠠᠬᠢᠭᠤᠯᠬᠤ ᠶᠠᠪᠣᠴᠠ ᠳᠤ ᠭᠡᠷᠬᠢᠨ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢᠶᠠᠨ ᠠᠭᠤᠳᠠᠯᠤᠨ ᠪᠠᠶᠠᠯᠢᠭᠵᠢᠭᠤᠯᠵᠦ᠂ ᠵᠢᠭᠤᠯᠴᠢᠯᠠᠬᠰᠡᠳ ᠤᠨ ᠱᠠᠭᠠᠷᠳᠠᠯᠭ᠎ᠠ ᠶᠢ ᠬᠠᠩᠭᠠᠬᠤ ᠪᠤᠢ ᠭᠡᠳᠡᠭ ᠪᠣᠯ ᠦᠪᠦᠷ ᠮᠣᠩᠭᠤᠯ ᠤᠨ ᠦᠨᠳᠦᠰᠦᠲᠡᠨ ᠤ ᠰᠣᠶᠣᠯ ᠢᠶᠠᠨ ᠣᠯᠠᠮᠵᠢᠯᠠᠨ ᠪᠠᠳᠠᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠳᠠᠭ᠃

     ᠨᠢᠭᠡ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ
  ︵ᠨᠢᠭᠡ︶ ᠰᠣᠶᠣᠯ ᠲᠡᠣᠬᠡ ᠶᠢᠨ ᠦᠯᠡᠳᠡᠭᠳᠡᠯ ᠪᠠ ᠬᠠᠭᠤᠴᠢ ᠪᠠᠭᠤᠷᠢ ᠶᠢᠨ ᠡᠬᠢ ᠪᠠᠶᠠᠯᠢᠭ
  ᠮᠠᠨ ᠤ ᠣᠷᠣᠨ ᠳᠤ ᠦᠨᠳᠦᠰᠦᠲᠡᠨ ᠤ ᠰᠣᠶᠣᠯ ᠲᠡᠣᠬᠡ ᠶᠢᠨ ᠦᠯᠡᠳᠡᠭᠳᠡᠯ ᠪᠠ ᠬᠠᠭᠤᠴᠢ ᠪᠠᠭᠤᠷᠢ ᠨᠡᠶᠢᠳᠡᠮ ᠲᠠᠷᠬᠠᠵᠦ᠂ ᠬᠠᠭᠤᠴᠢ ᠰᠣᠳᠣᠯᠣᠯ ᠢᠶᠠᠷ ᠲᠠᠮᠵᠢᠨ ᠡᠷᠳᠡᠨ ᠤ ᠪᠠᠭᠤᠷᠢ᠂ ᠡᠷᠳᠡᠨ ᠤ ᠬᠤᠲᠠ ᠶᠢᠨ ᠪᠠᠭᠤᠷᠢ᠂ ᠡᠷᠳᠡᠨ ᠤ ᠠᠭᠤᠢ᠂ ᠡᠷᠲᠡᠨ ᠤ ᠣᠩᠭᠤᠨ ᠵᠡᠷᠭᠡ ᠶᠢ ᠣᠯᠠᠨ ᠠᠷᠪᠢᠨ ᠢᠯᠡᠷᠡᠭᠦᠯᠦᠭᠰᠡᠨ ᠶᠤᠮ᠃
  ︵ᠬᠤᠶᠠᠷ︶ ᠦᠨᠳᠦᠰᠦᠲᠡᠨ ᠤ ᠣᠷᠣᠨ ᠰᠠᠭᠤᠴᠠ᠂ ᠵᠠᠮ ᠬᠠᠷᠢᠯᠴᠠᠭᠠᠨ ᠤ ᠪᠠᠭᠠᠵᠢ ᠶᠢᠨ ᠰᠣᠶᠣᠯ
  ᠮᠠᠨ ᠤ ᠣᠷᠣᠨ ᠤ ᠦᠨᠳᠦᠰᠦᠲᠡᠨ ᠨᠦᠭᠦᠳ ᠣᠷᠳᠦ ᠣᠳᠠᠭᠠᠨ ᠤ ᠦᠢᠯᠡᠳᠪᠦᠷᠢᠯᠡᠯ ᠠᠮᠢᠳᠣᠷᠠᠯ ᠤᠨ ᠶᠠᠪᠣᠴᠠ ᠳᠠᠭᠠᠨ ᠡᠯᠪᠡᠭ ᠪᠠᠶᠠᠯᠢᠭ ᠣᠷᠣᠨ ᠨᠣᠲᠤᠭ ᠤᠨ ᠣᠨᠴᠠᠯᠢᠭ ᠪᠠ ᠦᠨᠳᠦᠰᠦᠲᠡᠨ ᠤ ᠣᠨᠴᠠᠯᠢᠭ ᠲᠠᠢ ᠪᠣᠳᠠᠰ ᠤᠨ ᠰᠣᠶᠣᠯ ᠢ ᠡᠬᠦᠳᠦᠨ ᠪᠦᠳᠦᠭᠡᠭᠰᠡᠨ ᠶᠣᠮ᠃ ᠲᠣᠬᠠᠶᠢᠯᠠᠪᠠᠯ ᠮᠣᠩᠭᠤᠯ ᠭᠡᠷ᠂ ᠰᠦᠮ᠎ᠠ ᠬᠡᠶᠢᠳ ᠤᠨ ᠪᠠᠷᠢᠯᠭ᠎ᠠ᠂ ᠤᠯᠭᠤᠶᠠ ᠶᠢᠨ ᠡᠧᠠᠩᠬᠢᠴᠤᠳ ᠤᠨ ᠰᠢᠷᠠᠨᠵᠦ︔ ᠬᠠᠰᠠᠭ ᠲᠡᠷᠭᠡ᠂ ᠡᠧᠠᠩᠬᠢᠴᠤᠳ ᠤᠨ ᠮᠢᠷᠠᠭᠠᠨ ᠲᠡᠷᠭᠡ ᠭᠡᠬᠦ ᠮᠡᠳᠦ᠃
  ︵ᠭᠤᠷᠪᠠ︶ ᠦᠨᠳᠦᠰᠦᠲᠡᠨ ᠤ ᠬᠤᠪᠴᠠᠰᠦ ᠵᠠᠰᠠᠯ ᠤᠨ ᠰᠣᠶᠣᠯ
  ᠮᠣᠩᠭᠤᠯ᠂ ᠲᠠᠭᠤᠷ᠂ ᠡᠧᠠᠩᠬᠢ᠂ ᠣᠷᠴᠦᠨ ᠦᠨᠳᠦᠰᠦᠲᠡᠨ ᠤ ᠳᠡᠪᠡᠯ᠂ ᠮᠠᠯᠠᠭᠠᠢ᠂ ᠭᠤᠳᠣᠯ ᠵᠡᠷᠭᠡ ᠪᠣᠯ ᠲᠡᠷᠡ ᠬᠡᠪ ᠢᠶᠠᠷ ᠢᠶᠠᠨ ᠨᠡᠭᠦᠳᠡᠯ ᠠᠮᠢᠳᠣᠷᠠᠯ ᠳᠠᠭᠠᠨ ᠵᠣᠬᠢᠴᠠᠭᠰᠠᠨ ᠦᠨᠳᠦᠰᠦᠲᠡᠨ ᠤ ᠵᠠᠩ ᠦᠢᠯᠡ ᠪᠠ ᠭᠤᠸ᠎ᠠ ᠳᠠᠭᠠᠰᠢᠶᠠᠬᠤᠢ ᠶᠢᠨ ᠢᠯᠡᠷᠡᠭᠦᠯᠤᠯ ᠪᠣᠯᠬᠤ ᠶᠤᠮ᠃
  ︵ᠳᠦᠷᠪᠡ︶ ᠦᠨᠳᠦᠰᠦᠲᠡᠨ ᠤ ᠨᠠᠶᠢᠷ ᠨᠠᠭᠠᠳᠣᠮ᠂ ᠲᠠᠭᠤᠣ ᠪᠦᠵᠢᠭ ᠣᠷᠠᠯᠢᠭ ᠤᠨ ᠰᠣᠶᠣᠯ
  ᠮᠣᠩᠭᠤᠯ ᠦᠨᠳᠦᠰᠦᠲᠡᠨ ᠤ ᠡᠷ᠎ᠡ ᠶᠢᠨ ᠭᠤᠷᠪᠠᠨ ᠨᠠᠭᠠᠳᠣᠮ᠂ ᠳᠠᠭᠤᠣ ᠬᠦᠭᠵᠢᠮ᠂ ᠪᠦᠵᠢᠭ ᠣᠷᠠᠯᠢᠭ ᠪᠣᠯ ᠲᠠᠯ᠎ᠠ ᠨᠣᠳᠤᠭ ᠤᠨ ᠣᠨᠴᠠᠯᠢᠭ ᠢᠶᠠᠷ ᠲᠣᠪᠤᠶᠢᠮ᠎ᠠ ᠪᠠᠶᠢᠳᠠᠭ᠃ ᠪᠣᠲᠠᠲᠠᠢ ᠪᠠᠷ ᠳᠣᠷᠠᠳᠪᠠᠯ ᠪᠦᠭᠡ ᠪᠠᠷᠢᠯᠳᠣᠬᠤ᠂ ᠮᠣᠷᠢ ᠣᠷᠣᠯᠳᠣᠬᠤ᠂ ᠰᠣᠷ ᠬᠠᠷᠪᠣᠬᠤ᠂ ᠣᠪᠣᠭ᠎ᠠ ᠲᠠᠬᠢᠬᠤ᠂ ᠠᠨᠳᠠᠢ ᠪᠦᠵᠢᠭ᠂ ᠠᠷᠠᠳ ᠤᠨ ᠳᠠᠭᠤᠣ᠂ ᠦᠯᠢᠭᠡᠷ ᠬᠤᠯᠪᠣᠭ᠎ᠠ ᠪᠠ ᠮᠣᠩᠭᠤᠯ ᠰᠢᠳᠠᠷ᠎ᠠ ᠭᠡᠭᠦ ᠮᠡᠳᠤ ᠪᠠᠷ ᠤᠯᠡᠨ ᠪᠠᠶᠢᠳᠠᠭ ᠶᠤᠮ᠃
  ︵ᠲᠠᠪᠦ︶ ᠦᠨᠳᠦᠰᠦᠲᠡᠨ ᠤ ᠢᠳᠡᠭᠡᠨ ᠣᠮᠳᠠᠭᠠᠨ ᠤ ᠰᠣᠶᠣᠯ
  ᠪᠣᠷᠴᠠᠯᠠᠭᠰᠠᠨ ᠮᠢᠬ᠎ᠠ᠂ ᠰᠢᠷᠠᠭᠰᠠᠨ ᠬᠤᠨᠢ ᠦᠬᠡᠷ ᠤᠨ ᠮᠢᠬ᠎ᠠ᠂ ᠴᠠᠭᠠᠨ ᠢᠳᠡᠭᠡᠨ᠂ ᠴᠡᠭᠡ ᠵᠡᠷᠭᠡ ᠪᠣᠯ ᠵᠢᠭᠤᠯᠴᠢᠯᠠᠬᠰᠡᠳ ᠤᠨ ᠲᠠᠭᠠᠰᠢᠶᠠᠯ ᠢ ᠣᠯᠣᠭᠰᠠᠨ ᠢᠳᠡᠭᠡᠨ ᠣᠮᠳᠠᠭᠠᠨ ᠮᠥᠨ᠃
  ︵ᠵᠢᠷᠭᠤᠭ᠎ᠠ︶ ᠦᠨᠳᠦᠰᠦᠲᠡᠨ ᠤ ᠭᠠᠷ ᠣᠷᠠᠯᠠᠯ ᠤᠨ ᠪᠦᠳᠦᠭᠡᠭᠳᠡᠭᠦᠨ
  ᠮᠤᠩᠭᠤᠯ ᠬᠢᠲᠤᠭ᠎ᠠ᠂ ᠮᠦᠩᠭᠦᠨ ᠠᠶᠠᠭ᠎ᠠ᠂ ᠬᠦᠬᠦᠷ᠂ ᠡᠮᠡᠭᠡᠯ᠂ ᠵᠡᠷᠭᠡ ᠭᠠᠷ ᠣᠷᠠᠯᠠᠯ ᠤᠨ ᠪᠦᠳᠦᠭᠡᠭᠳᠡᠭᠦᠨ ᠪᠣᠯ ᠰᠣᠶᠣᠯ ᠵᠢᠭᠤᠯᠴᠢᠯᠠᠯ ᠳᠤ ᠲᠣᠳᠠᠭᠳᠠᠵᠦ ᠪᠤᠯᠤᠰᠢ ᠦᠭᠡᠢ ᠵᠢᠭᠤᠯᠴᠢᠯᠡᠯ ᠤᠨ ᠲᠠᠸᠡᠷ ᠮᠥᠨ᠃

     ᠬᠤᠶᠠᠷ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠡ ᠶᠢᠨ ᠶᠠᠪᠤᠴᠠ ᠳᠤ ᠣᠷᠣᠰᠢᠵᠦ ᠪᠠᠶᠢᠭ᠎ᠠ ᠠᠰᠠᠭᠤᠳᠠᠯ
  ︵ᠨᠢᠭᠡ︶ ᠦᠨᠳᠦᠰᠦᠲᠡᠨ ᠤ ᠰᠣᠶᠣᠯ ᠤᠨ ᠡᠬᠢ ᠪᠠᠶᠠᠯᠢᠭ ᠢ ᠨᠡᠭᠡᠭᠡᠨ ᠬᠦᠭᠵᠢᠭᠦᠯᠭᠦ ᠡᠷᠴᠢᠮ ᠰᠤᠯᠠ᠃ ᠬᠡᠯᠪᠡᠷᠢ ᠶᠢᠨ ᠲᠠᠯ᠎ᠠ ᠶᠢᠨ ᠨᠡᠭᠡᠭᠡᠯᠲᠠ ᠶᠢ ᠬᠦᠨᠳᠦᠳᠭᠡᠵᠦ᠂ ᠬᠦᠨ ᠲᠠᠪᠬᠤᠷᠭ᠎ᠠ ᠶᠢᠨ ᠠᠭᠤᠯᠭ᠎ᠠ ᠶᠢᠨ ᠲᠠᠯ᠎ᠠ ᠶᠢᠨ ᠨᠡᠭᠡᠭᠡᠯᠲᠠ ᠲᠣᠲᠠᠭᠳᠠᠵᠦ ᠪᠠᠶᠢᠨ᠎ᠠ᠃
  ︵ᠬᠤᠶᠠᠷ︶ ᠦᠨᠳᠦᠰᠦᠲᠡᠨ ᠤ ᠰᠣᠶᠣᠯ ᠵᠢᠭᠤᠯᠴᠢᠯᠠᠯ ᠤᠨ ᠦᠢᠯᠡᠳᠭᠦᠨ ᠤ ᠳᠡᠰ ᠳᠠᠪᠬᠤᠷᠭ᠎ᠠ ᠳᠣᠣᠷ᠎ᠠ᠂ ᠠᠵᠦ ᠦᠢᠯᠡᠰ ᠤᠨ ᠬᠡᠯᠬᠢᠶᠠᠵᠢᠯ ᠪᠦᠷᠢᠯᠳᠣᠵᠦ ᠴᠢᠳᠠᠭ᠎ᠠ ᠦᠭᠡᠢ᠃ ᠦᠨᠳᠦᠰᠦᠲᠡᠨ ᠤ ᠣᠨᠴᠠᠯᠢᠭ ᠪᠠ ᠭᠠᠵᠠᠷ ᠣᠷᠣᠨ ᠤ ᠣᠨᠴᠠᠯᠢᠭ ᠲᠠᠢ ᠦᠢᠯᠡᠳᠭᠦᠨ ᠳᠣᠳᠠᠮᠠᠭ᠃ ᠲᠣᠬᠠᠶᠢᠯᠠᠪᠡᠯ ᠦᠨᠳᠦᠰᠦᠲᠡᠨ ᠤ ᠵᠠᠩ ᠦᠢᠯᠡ᠂ ᠭᠠᠷ ᠣᠷᠠᠯᠠᠯ ᠤᠨ ᠦᠢᠯᠡᠳᠬᠦᠨ ᠭᠡᠬᠦ ᠮᠡᠳᠦ᠃ ︵
   ᠭᠤᠷᠪᠡ︶ ᠵᠢᠭᠤᠯᠴᠢᠯᠠᠯ ᠤᠨ ᠲᠦᠷᠦᠯ ᠵᠦᠢᠯ ᠲᠠᠩ ᠴᠣᠯᠭᠤᠢ᠃ ᠣᠯᠠᠩᠬᠢ ᠵᠢᠭᠤᠯᠴᠢᠯᠠᠯ ᠨᠢ ᠵᠦᠪᠬᠡᠨ ᠪᠠᠶᠢᠭᠠᠯᠢ ᠶᠢᠨ ᠦᠵᠡᠮᠵᠢ ᠶᠢ ᠰᠣᠨᠢᠷᠬᠠᠬᠤ ᠪᠠᠷ ᠭᠤᠣᠯᠯᠠᠨ᠂ ᠨᠠᠭᠠᠳᠣᠮ ᠲᠣᠭᠯᠠᠭᠠᠮ ᠤᠨ ᠠᠵᠢᠯᠯᠠᠭ᠎ᠠ ᠴᠦᠬᠡᠨ ᠪᠠᠶᠢᠵᠦ᠂ ᠴᠢᠨᠠᠭᠰᠢᠯᠠᠪᠡᠯ ᠵᠢᠭᠤᠯᠴᠢᠯᠡᠯ ᠤᠨ ᠦᠵᠡᠮᠵᠢ ᠶᠢᠨ ᠣᠷᠣᠨ ᠤ ᠨᠡᠭᠡᠭᠡᠯᠲᠡ ᠡᠮᠬᠢ ᠵᠠᠮᠪᠠᠷᠠᠭ᠎ᠠ ᠦᠭᠡᠢ ᠪᠠᠶᠢᠳᠠᠭ᠃
  ︵ᠳᠦᠷᠪᠡ︶ ᠵᠢᠭᠤᠯᠴᠢᠯᠠᠯ ᠤᠨ ᠠᠵᠤ ᠦᠢᠯᠡᠰ ᠤᠯᠠᠷᠢᠯ ᠤᠨ ᠴᠢᠨᠠᠷ ᠲᠠᠢ᠃ ᠵᠣᠨ ᠨᠠᠮᠣᠷ ᠤᠨ ᠣᠯᠠᠷᠢᠯ ᠳᠤ ᠵᠢᠭᠤᠯᠴᠢᠯᠠᠬᠴᠢ ᠣᠯᠠᠨ᠂ ᠡᠪᠦᠯ ᠬᠠᠪᠣᠷ ᠤᠨ ᠣᠯᠠᠷᠢᠯ ᠳᠤ ᠵᠢᠭᠤᠯᠴᠢᠯᠠᠬᠴᠢ ᠴᠦᠭᠡᠨ ᠪᠠᠶᠢᠳᠠᠭ᠃
  ︵ᠲᠠᠪᠦ︶ ᠵᠢᠭᠤᠯᠴᠢᠯᠠᠯ ᠤᠨ ᠪᠡᠯᠡ ᠣᠷᠣᠭᠤᠯᠣᠯᠲᠠ ᠬᠦᠷᠦᠯᠴᠡᠬᠦ ᠦᠭᠡᠢ᠂ ᠰᠠᠭᠤᠷᠢ ᠲᠦᠭᠦᠭᠡᠷᠦᠮᠵᠢ ᠬᠤᠴᠣᠷᠣᠩᠭᠤᠢ ᠪᠠᠶᠢᠨ᠎ᠠ᠃ ᠵᠠᠷᠢᠮ ᠵᠢᠭᠤᠯᠴᠢᠯᠠᠯ ᠤᠨ ᠴᠡᠭ ᠨᠢ ᠦᠩᠭᠡ ᠦᠵᠡᠮᠵᠢ ᠶᠢᠨ ᠦᠪᠡᠷᠮᠢᠴᠡ ᠲᠠᠪᠠᠭᠤᠯᠢᠭ ᠲᠠᠢ ᠪᠣᠯᠪᠠᠴᠦ ᠰᠠᠭᠤᠷᠢ ᠲᠦᠭᠦᠭᠡᠷᠦᠮᠵᠢ ᠶᠢᠨ ᠨᠦᠭᠦᠴᠡᠯ ᠮᠠᠭᠤ ᠪᠠᠶᠢᠳᠠᠭ᠃
  ︵ᠵᠢᠷᠭᠤᠭ᠎ᠠ︶ ᠵᠢᠭᠤᠯᠴᠢᠯᠠᠯ ᠤᠨ ᠡᠵᠡᠩᠨᠡᠨ ᠬᠠᠮᠢᠶᠠᠷᠣᠯᠲᠠ ᠶᠢᠨ ᠴᠢᠳᠠᠪᠦᠷᠢᠲᠡᠨ ᠳᠣᠳᠠᠭᠳᠠᠵᠦ᠂ ᠦᠢᠯᠡᠴᠢᠯᠡᠭᠡᠨ ᠤ ᠬᠢᠷᠢ ᠲᠦᠪᠰᠢᠨ ᠲᠣᠣᠷ᠎ᠠ᠃ ᠣᠯᠠᠩᠬᠢ ᠨᠢ ᠭᠡᠷ ᠪᠦᠯᠢ ᠶᠢᠨ ᠡᠵᠡᠩᠨᠡᠯᠲᠠ ᠪᠠᠷ ᠭᠤᠣᠯ ᠪᠣᠯᠭᠠᠵᠦ᠂ ᠬᠡᠪᠴᠢᠶᠡᠵᠢᠬᠦᠯᠦᠨ ᠡᠵᠡᠩᠨᠡᠬᠦ ᠲᠠᠯ᠎ᠠ ᠪᠠᠷ ᠬᠦᠷᠦᠯᠴᠡᠬᠦ ᠦᠭᠡᠢ᠃ ᠡᠳᠡᠭᠡᠷ ᠠᠰᠠᠭᠤᠳᠠᠯ ᠤᠳ ᠨᠢ ᠴᠦᠮ ᠲᠠᠯ᠎ᠠ ᠨᠣᠲᠤᠭ ᠤᠨ ᠦᠨᠳᠣᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠠ ᠶᠢ ᠠᠳᠠᠯᠢ ᠪᠣᠰᠦ ᠬᠡᠮᠵᠢᠶ᠎ᠡ ᠪᠠᠷ ᠬᠠᠷᠰᠢᠯᠠᠵᠦ ᠪᠠᠶᠢᠨ᠎ᠠ᠃

     ᠭᠤᠷᠪᠠ᠂ ᠲᠠᠯ᠎ᠠ ᠨᠣᠲᠤᠭ ᠤᠨ ᠦᠨᠳᠦᠰᠦᠲᠡᠨ ᠤ ᠰᠣᠶᠣᠯ ᠵᠢᠭᠤᠯᠴᠢᠯᠠᠯ ᠤᠨ ᠬᠦᠭᠵᠢᠯᠲᠠ ᠶᠢᠨ ᠠᠷᠭ᠎ᠠ ᠪᠣᠳᠣᠯᠭ᠎ᠠ
  ︵ᠨᠢᠭᠡ︶ ᠦᠨᠳᠦᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠤᠨ ᠤᠬᠠᠭᠤᠯᠭ᠎ᠠ ᠶᠢᠨ ᠬᠦᠴᠦᠯᠡᠴᠡ ᠪᠠᠨ ᠴᠢᠩᠭᠠᠳᠬᠠᠵᠦ᠂ ᠲᠠᠯ᠎ᠠ ᠨᠣᠳᠤᠭ ᠤᠨ ᠰᠣᠶᠣᠯ ᠤᠨ ᠨᠦᠯᠦᠭᠡ ᠠᠯᠳᠠᠷᠰᠢᠯ ᠢ ᠦᠷᠭᠡᠳᠭᠡᠨ᠎ᠡ᠃ ᠲᠣᠬᠠᠶᠢᠯᠠᠪᠡᠯ ᠷᠠᠳᠢᠣ᠋᠂ ᠲᠧᠯᠧ‍‌ᠵᠰ᠂ ᠵᠢᠭᠤᠯᠴᠢᠯᠠᠯ ᠤᠨ ᠲᠣᠰᠬᠠᠢ ᠹᠢᠯᠢᠮ᠂ ᠳᠠᠭᠤᠣ ᠬᠦᠭᠵᠢᠮ᠂ ᠬᠡᠷᠡᠯ ᠵᠢᠷᠤᠭ᠂ ᠵᠢᠷᠭᠢᠶ᠎ᠠ ᠵᠡᠷᠭᠡ ᠪᠠᠷ ᠣᠬᠠᠭᠤᠯᠬᠤ᠃ ᠪᠠᠰᠠ ᠣᠷᠣᠨ ᠤ ᠳᠣᠲᠣᠷ᠎ᠡ ᠭᠠᠳᠠᠨᠠᠬᠢ ᠵᠢᠭᠤᠯᠴᠢᠯᠠᠯ ᠤᠨ ᠲᠠᠨᠢᠯᠴᠠᠭᠤᠯᠭ᠎ᠠ ᠶᠢᠨ ᠬᠤᠷᠠᠯ ᠪᠠ ᠳᠡᠯᠬᠡᠨ ᠦᠵᠡᠭᠦᠯᠭᠡ ᠳᠤ ᠢᠳᠡᠪᠬᠢᠲᠠᠢ ᠣᠷᠣᠯᠴᠠᠨ᠂ ᠵᠢᠭᠤᠯᠴᠢᠯᠠᠯ ᠤᠨ ᠦᠢᠯᠡᠳᠬᠦᠨ ᠢᠶᠠᠨ ᠲᠠᠨᠢᠯᠴᠠᠭᠤᠯᠣᠨ ᠤᠷᠤᠨ ᠨᠤᠳᠤᠭ ᠤᠨ ᠠᠯᠳᠠᠷᠰᠢᠯ ᠢᠶᠠᠨ ᠳᠡᠭᠡᠭᠰᠢᠯᠡᠭᠦᠯᠦᠨ᠎ᠡ᠃
  ︵ᠬᠤᠶᠠᠷ︶ ᠡᠬᠢ ᠪᠠᠶᠠᠯᠢᠭ ᠤᠨ ᠳᠠᠪᠠᠭᠤᠯᠢᠭ ᠲᠠᠭᠠᠨ ᠲᠦᠰᠢᠭᠯᠡᠨ ᠣᠨᠴᠠᠯᠢᠬᠳᠦ ᠰᠣᠶᠣᠯ ᠵᠢᠭᠤᠯᠴᠢᠯᠠᠯ ᠤᠨ ᠦᠢᠯᠡᠳᠬᠦᠨ ᠢ ᠢᠳᠡᠪᠬᠢᠲᠠᠢ ᠨᠡᠭᠡᠭᠡᠨ ᠬᠦᠭᠵᠢᠭᠦᠯᠦᠨ᠎ᠡ᠃ ᠦᠨᠳᠦᠰᠦᠲᠡᠨ ᠤ ᠣᠨᠴᠠᠯᠢᠭ᠂ ᠭᠠᠵᠠᠷ ᠣᠷᠣᠨ ᠤ ᠣᠨᠴᠠᠯᠢᠭ ᠲᠠᠢ ᠵᠢᠭᠤᠯᠴᠢᠯᠠᠯ ᠤᠨ ᠦᠢᠯᠡᠳᠭᠦᠨ ᠢ ᠨᠡᠭᠡᠭᠡᠨ ᠬᠦᠭᠵᠢᠭᠦᠯᠵᠦ᠂ ᠵᠢᠭᠤᠯᠴᠢᠯᠠᠯ ᠤᠨ ᠲᠠᠸᠠᠷ ᠤᠨ ᠦᠷᠢᠰᠦᠯᠳᠦᠬᠦ ᠬᠦᠴᠦᠨ ᠪᠠ ᠲᠠᠳᠠᠬᠤ ᠬᠦᠴᠦᠨ ᠢᠶᠠᠨ ᠳᠡᠭᠡᠭᠰᠢᠯᠡᠬᠦᠯᠦᠨ᠎ᠡ᠃
  ︵ᠭᠤᠷᠪᠡ︶ ᠰᠠᠭᠤᠷᠢ ᠲᠦᠭᠦᠭᠡᠷᠦᠮᠵᠢ ᠶᠢᠨ ᠪᠦᠳᠦᠭᠡᠨ ᠪᠠᠶᠢᠭᠤᠯᠣᠯᠲᠠ ᠪᠠᠨ ᠴᠢᠩᠭᠠᠳᠬᠠᠵᠦ᠂ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠦᠨ᠎ᠡ᠃ ᠭᠤᠣᠯᠳᠠᠯᠭ᠎ᠠ ᠲᠠᠢ ᠵᠢᠭᠤᠯᠴᠢᠯᠠᠯ ᠤᠨ ᠵᠠᠮ ᠱᠤᠭᠤᠮ᠂ ᠴᠢᠮᠡᠭᠡ ᠬᠤᠯᠪᠣᠭ᠎ᠠ᠂ ᠣᠰᠦ ᠴᠠᠬᠢᠯᠭᠠᠨ᠂ ᠦᠢᠯᠡᠴᠢᠯᠡᠭᠡ ᠵᠡᠷᠭᠡ ᠰᠠᠭᠤᠷᠢ ᠲᠦᠭᠦᠭᠡᠷᠦᠮᠵᠢ ᠪᠠᠨ ᠲᠡᠭᠦᠯᠳᠡᠷᠵᠢᠭᠦᠯᠵᠦ᠂ ᠵᠢᠭᠤᠯᠴᠢᠯᠠᠯ ᠤᠨ ᠵᠠᠮ ᠱᠣᠭᠤᠮ ᠢ ᠰᠢᠯᠢᠳᠡᠭᠵᠢᠭᠦᠯᠦᠨ᠎ᠡ᠃
  ︵ᠳᠦᠷᠪᠡ︶ ᠲᠠᠯ᠎ᠠ ᠨᠣᠲᠤᠭ ᠤᠨ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠡᠭᠦᠳᠦᠨ᠎ᠡ᠃ ᠵᠢᠭᠤᠯᠴᠢᠯᠠᠯ ᠪᠠ ᠵᠤᠭ᠎ᠠ ᠰᠡᠯᠡᠭᠦᠴᠡᠯ ᠢ ᠠᠭᠤᠰᠣᠯᠴᠠᠭᠤᠯᠤᠨ ᠬᠦᠭᠵᠢᠭᠦᠯᠵᠦ᠂ ᠲᠠᠯ᠎ᠠ ᠨᠣᠳᠤᠭ ᠤᠨ ᠰᠣᠶᠣᠯ ᠢ ᠨᠡᠩ ᠤᠯᠠᠨ ᠵᠢᠭᠤᠯᠴᠢᠯᠠᠬᠰᠡᠳ ᠲᠤ ᠤᠶᠢᠯᠠᠭᠠᠭᠤᠯᠣᠨ᠎ᠠ᠃ ᠰᠣᠶᠣᠯ ᠵᠢᠭᠤᠯᠴᠢᠯᠠᠯ ᠤᠨ ᠦᠢᠯᠡᠳᠭᠦᠨ ᠢ ᠨᠡᠭᠡᠭᠡᠬᠦ ᠶᠠᠪᠣᠴᠠ ᠳᠤ ᠦᠨᠳᠦᠰᠦᠲᠡᠨ ᠤ ᠣᠨᠴᠠᠯᠢᠭ ᠢ ᠲᠤᠪᠤᠶᠢᠯᠭᠠᠬᠤ ᠶᠢ ᠴᠢᠬᠤᠯᠠᠴᠢᠯᠠᠨ᠎ᠠ᠃
  ︵ᠲᠠᠪᠦ︶ ᠦᠨᠳᠦᠰᠦᠲᠡᠨ ᠤ ᠰᠣᠶᠣᠯ ᠢ ᠬᠠᠮᠠᠭᠠᠯᠠᠬᠤ ᠪᠠ ᠤᠯᠠᠮᠵᠢᠯᠠᠬᠤ ᠬᠦᠴᠦᠯᠡᠴᠡ ᠪᠠᠨ ᠨᠡᠮᠡᠭᠳᠡᠭᠦᠯᠦᠨ᠎ᠡ᠃ ᠡᠩ ᠲᠡᠷᠢᠭᠦᠨ ᠳᠤ ᠦᠨᠳᠣᠰᠦᠲᠡᠨ ᠤ ᠰᠣᠶᠣᠯ ᠵᠢᠭᠤᠯᠴᠢᠯᠠᠯ ᠤᠨ ᠡᠬᠢ ᠪᠠᠶᠠᠯᠢᠭ ᠢ ᠬᠦᠨᠵᠡᠭᠡᠢ ᠲᠠᠨᠢᠵᠦ᠂ ᠡᠬᠢ ᠪᠠᠶᠠᠯᠢᠭ ᠢᠶᠠᠨ ᠪᠠᠶᠢᠴᠠᠭᠠᠨ ᠳᠠᠩᠰᠠᠯᠠᠨ᠎ᠠ᠃ ᠲᠠᠷᠠᠭ᠎ᠠ ᠨᠢ ᠦᠨᠳᠦᠰᠦᠲᠡᠨ ᠤ ᠰᠣᠶᠣᠯ ᠤᠨ ᠣᠬᠠᠭᠤᠯᠭ᠎ᠠ ᠪᠠ ᠬᠦᠮᠦᠵᠢᠯ ᠢᠶᠠᠨ ᠴᠢᠩᠭᠠᠳᠬᠠᠨ᠎ᠠ᠃ ᠭᠤᠷᠪᠠ ᠨᠢ ᠦᠨᠳᠣᠰᠦᠲᠡᠨ ᠤ ᠰᠣᠶᠣᠯ ᠢ ᠬᠠᠮᠠᠭᠠᠯᠠᠬᠤ ᠬᠠᠣᠯᠢ ᠲᠦᠷᠢᠮ ᠢ ᠲᠣᠭᠳᠠᠭᠠᠨ ᠬᠡᠷᠡᠭᠵᠢᠭᠦᠯᠦᠨ᠎ᠠ᠃
  ︵ᠵᠢᠷᠭᠤᠭ᠎ᠠ︶ ᠡᠪᠦᠯ ᠤᠨ ᠣᠯᠠᠷᠢᠯ ᠤᠨ ᠵᠢᠭᠤᠯᠴᠢᠯᠠᠯ ᠢ ᠰᠠᠨᠠᠭᠠᠴᠢᠯᠠᠭ᠎ᠠ ᠲᠠᠢ ᠬᠦᠭᠵᠢᠭᠦᠯᠤᠨ᠎ᠠ᠃ ᠰᠢᠯᠢᠳᠡᠭ ᠰᠠᠶᠢᠨ ᠠᠮᠢ ᠠᠬᠤᠢ ᠣᠷᠴᠢᠨ ᠲᠣᠭᠤᠷᠢᠨ᠂ ᠦᠪᠡᠷᠮᠢᠴᠡ ᠣᠨᠴᠠᠯᠢᠭ ᠲᠠᠢ ᠰᠤᠶᠤᠯ ᠵᠠᠩ ᠦᠢᠯᠡ᠂ ᠡᠯᠪᠡᠭ ᠳᠡᠯᠪᠡᠭ ᠴᠠᠰᠦ ᠮᠦᠰᠦᠨ ᠤ ᠡᠬᠢ ᠪᠠᠶᠠᠯᠢᠭ ᠢ ᠪᠦᠳᠦᠮᠵᠢᠳᠡᠢ ᠨᠡᠭᠡᠭᠡᠨ ᠠᠰᠢᠬᠯᠠᠨ᠎ᠠ᠃
  ︵ᠳᠣᠯᠤᠭ᠎ᠠ︶ ᠵᠠᠰᠠᠭ ᠤᠨ ᠣᠷᠳᠣᠨ ᠤ ᠬᠠᠮᠢᠶᠠᠷᠣᠯᠲᠠ ᠪᠠ ᠲᠡᠮᠵᠢᠯᠭᠡ ᠶᠢ ᠴᠢᠩᠭᠠᠳᠬᠠᠨ᠎ᠠ᠃ ᠵᠠᠰᠠᠭ ᠤᠨ ᠣᠷᠳᠣᠨ ᠠᠴᠠ ᠮᠠᠯᠴᠢᠨ ᠠᠶᠢᠯ ᠤᠨ ᠵᠢᠭᠤᠯᠴᠢᠯᠠᠯ ᠤᠨ ᠣᠶᠢᠯᠡᠰ ᠤᠨ ᠬᠠᠮᠢᠶᠠᠷᠣᠯᠲᠠ ᠪᠠ ᠳᠡᠮᠵᠢᠯᠭᠡ ᠪᠠᠨ ᠴᠢᠩᠭᠠᠳᠬᠠᠨ᠎ᠠ᠃
  ︵ᠨᠠ‍‌ᠵᠮᠠ︶ ᠰᠢᠨᠵᠢᠯᠡᠬᠦ ᠣᠬᠠᠭᠠᠨᠴᠢ ᠪᠠᠷ ᠲᠦᠯᠦᠪᠵᠢᠭᠦᠯᠵᠤ᠂ ᠪᠠᠯᠡ ᠣᠷᠣᠭᠤᠯᠣᠯᠲᠠ ᠪᠠᠨ ᠨᠡᠮᠡᠭᠳᠡᠭᠦᠯᠦᠨ᠎ᠡ᠃ ᠦᠨᠳᠦᠰᠦᠲᠡᠨ ᠤ ᠰᠤᠶᠤᠯ ᠵᠢᠭᠤᠯᠴᠢᠯᠠᠯ ᠤᠨ ᠡᠬᠢ ᠪᠠᠶᠠᠯᠢᠭ ᠢ ᠪᠦᠬᠦ ᠲᠠᠯ᠎ᠠ ᠪᠠᠷ ᠪᠠᠶᠢᠴᠠᠭᠠᠨ᠂ ᠰᠢᠰᠲ᠋ᠧᠮ ᠲᠠᠢ ᠰᠣᠳᠣᠯᠣᠯᠲᠠ ᠪᠠ ᠰᠢᠨᠵᠢᠯᠡᠬᠦ ᠣᠬᠠᠭᠠᠨᠴᠢ ᠨᠣᠳᠠᠯᠠᠯᠲᠠ ᠬᠢᠵᠦ᠂ ᠬᠦᠭᠵᠢᠯᠲᠡ ᠶᠢᠨ ᠴᠢᠭᠯᠡᠯ᠂ ᠵᠠᠬ᠎ᠠ ᠳᠡᠯᠭᠡᠭᠦᠷ ᠤᠨ ᠨᠡᠭᠡᠭᠡᠯᠳᠠ᠂ ᠠᠰᠢᠬᠯᠠᠯᠳᠠ ᠵᠡᠷᠭᠡ ᠲᠠᠯ᠎ᠠ ᠪᠠᠷ ᠶᠡᠷᠦᠩᠬᠡᠶᠢᠯᠡᠨ ᠲᠦᠯᠦᠪᠵᠢᠭᠦᠯᠵᠦ᠂ ᠬᠤᠪᠣᠷ ᠴᠣᠬᠠᠭ ᠡᠬᠢ ᠪᠠᠶᠠᠯᠢᠭ ᠢ ᠵᠦᠢ ᠵᠣᠬᠢᠰᠲᠠᠢ ᠠᠰᠢᠬᠯᠠᠨ᠎ᠠ᠃
       ︵ᠵᠤᠬᠢᠶᠠᠬᠴᠢ ᠶᠢᠨ ᠪᠠᠶᠢᠭᠤᠯᠭ᠎ᠠ᠄ ᠬᠦᠯᠦᠨ ᠪᠦᠢᠷ ᠬᠤᠳᠠ ᠶᠢᠨ ᠬᠠᠭᠤᠴᠢᠨ ᠪᠠᠷᠭᠤ ᠬᠤᠰᠢᠭᠤᠨ ᠤ ᠨᠠᠮ ᠤᠨ ᠰᠣᠷᠭᠠᠭᠤᠯᠢ︶ ᠵᠣᠬᠢᠶᠠᠭᠴᠢ᠄  ᠬᠤ᠋ ᠶᠢᠨ ᠱᠠᠨ



  
     
     