

ᠨᠠᠢᠮᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠡᠬᠢᠯᠡᠪᠡ

2020-01-01 21:08
  35
  0
ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠢᠮᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠡᠬᠢᠯᠡᠪᠡ

  12 ᠰᠠᠷ᠎ᠡ ᠶᠢᠨ 30 ᠤ ᠡᠳᠦᠷ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠢᠮᠠᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠬᠦᠭᠡᠬᠤᠳᠠ ᠳᠤ ᠡᠬᠢᠯᠡᠪᠡ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠱᠦᠵᠢ ᠱᠢ ᠲᠠᠢ ᠹᠧᠩ᠂ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠲᠤᠭᠤᠢᠢᠯᠠᠩ ᠤᠨ ᠱᠦᠵᠢ᠂ ᠪᠠᠶᠢᠡᠭᠭᠤ ᠶᠢᠨ ᠲᠡᠳ᠋ ᠲᠡᠷᠢᠬᠦᠯᠡᠭᠴᠢ᠂ ᠱᠦᠵᠢ ᠨᠠᠷ ᠤᠨ ᠭᠠᠵᠠᠷ ᠤᠨ ᠨᠢᠭᠡᠳᠦᠭᠡᠷ ᠱᠦᠵᠢ ᠬᠤᠸᠠᠢ ᠶᠢᠨ ᠫᠧᠩ ᠤᠷᠤᠯᠴᠠᠬᠰᠡᠨ ᠪᠦᠭᠡᠳ ᠶᠠᠷᠢᠶ᠎ᠡ ᠲᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠤᠷᠤᠯᠴᠠᠵᠠᠢ᠃
  ᠦᠪᠡᠷᠳᠡᠭᠡᠨ ᠵᠠᠰᠠᠬᠤ ᠤᠷᠤᠨ ᠤ ᠤᠳᠤᠷᠢᠳᠤᠯᠭ᠎ᠠ ᠯᠢᠨ ᠱᠤᠤ ᠴᠦᠨ᠂ ᠵᠠᠩ ᠱᠤᠤ ᠴᠦᠨ᠂ ᠡᠤ ᠲᠤᠸᠠᠨ ᠶᠢᠩ᠂ ᠡᠸᠤ ᠶᠠᠩ ᠰᠢᠶᠤᠤ ᠬᠤᠢ᠂ ᠸᠠᠩ ᠵᠦᠩ ᠾᠧ ᠬᠤᠷᠠᠯ ᠳᠤ ᠤᠷᠤᠯᠴᠠᠵᠤ᠂ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠲᠤᠯᠤᠳᠤᠭᠠᠷ ᠬᠤᠭᠤᠴᠠᠭᠠᠨ ᠤ ᠬᠤᠷᠢᠶᠠᠨ ᠤ ᠲᠡᠷᠢᠬᠦᠯᠡᠭᠴᠢ ᠠᠵᠢᠯ ᠤᠨ ᠮᠡᠳᠡᠬᠦᠯᠦᠯᠳᠠ ᠬᠢᠵᠤ᠂ ᠠᠷᠠᠳ ᠤᠨ ᠪᠦᠯᠬᠦᠮ ᠤᠨ ᠲᠦᠯᠦᠭᠡᠯᠡᠭᠴᠢ ᠪᠠᠶᠠᠷ ᠤᠨ ᠦᠭᠡ ᠬᠡᠯᠡᠵᠠᠢ᠃
  ᠱᠢ ᠲᠠᠢ ᠹᠧᠩ ᠶᠡᠭᠡ ᠬᠤᠷᠠᠯ ᠬᠤᠷᠠᠯᠳᠤᠵᠤ ᠡᠬᠢᠯᠡᠭᠰᠡᠨ ᠳᠤ ᠪᠠᠶᠠᠷ ᠬᠦᠷᠭᠡᠵᠤ ᠪᠠᠶᠢᠬᠤ ᠪᠠᠨ ᠢᠯᠡᠳᠭᠡᠵᠤ᠂ ᠤᠷᠳᠤ ᠬᠤᠭᠤᠴᠠᠭᠠᠨ ᠤ ᠲᠤᠷᠰᠢ ᠦᠪᠤᠷ ᠮᠤᠩᠭᠤᠯ ᠤᠨ ᠠᠵᠢᠯ ᠢ ᠬᠠᠯᠠᠮᠵᠢᠯᠠᠨ ᠲᠠᠮᠵᠢᠵᠤ ᠢᠷᠡᠭᠰᠡᠨ ᠲᠤᠮᠳᠠᠳᠤ ᠤᠯᠤᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠢᠨ ᠳᠤ ᠲᠠᠯᠠᠷᠬᠠᠵᠤ ᠪᠠᠶᠢᠬᠤ ᠪᠠᠨ ᠢᠯᠡᠳᠭᠡᠵᠤ᠂ ᠪᠦᠬᠦ ᠲᠦᠯᠦᠭᠡᠯᠡᠭᠴᠢ ᠪᠤᠯᠤᠨ ᠪᠦᠬᠦ ᠤᠷᠤᠨ ᠤ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠠᠶᠢᠭᠡᠮᠯᠢᠭ ᠤᠨ ᠠᠵᠢᠯᠳᠠᠨ ᠳᠤ ᠮᠠᠨᠳᠤᠴᠢᠯᠠᠯ ᠲᠠᠪᠰᠢᠬᠦᠯᠦᠭᠰᠡᠨ ᠪᠦᠭᠡᠳ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠠᠶᠢᠭᠡᠮᠯᠢᠭ ᠤᠨ ᠲᠤᠯᠤᠳᠤᠭᠠᠷ ᠤᠳᠠᠭ᠎ᠠ ᠶᠢᠨ ᠲᠦᠯᠦᠭᠡᠯᠡᠭᠴᠢᠳ ᠤᠨ ᠶᠡᠭᠡ ᠬᠤᠷᠠᠯ ᠠᠴᠠ ᠨᠠᠭᠠᠰᠢ ᠤᠯᠤᠬᠰᠡᠨ ᠠᠵᠢᠯ ᠤᠨ ᠠᠮᠵᠢᠯᠳᠠ ᠶᠢ ᠨᠤᠳᠠᠯᠠᠪᠠ᠃ ᠲᠡᠷᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠪᠤᠯ ᠤᠯᠤᠰ ᠤᠨ ᠬᠦᠴᠦᠷᠭᠡᠭᠵᠢᠨ ᠮᠠᠨᠳᠤᠬᠤ ᠶᠢᠨ ᠰᠠᠭᠤᠷᠢ ᠮᠦᠨ᠂ ᠰᠢᠨ᠎ᠡ ᠶᠢ ᠡᠬᠦᠳᠬᠦ ᠪᠤᠯ ᠦᠨᠳᠦᠰᠦᠳᠡᠨ ᠤ ᠲᠠᠪᠰᠢᠯᠳᠠ ᠶᠢᠨ ᠰᠦᠭ ᠰᠦᠨᠡᠰᠤ ᠮᠦᠨ᠂ ᠪᠦᠬᠦ ᠤᠷᠤᠨ ᠤ ᠲᠡᠭᠡᠳᠦ ᠲᠤᠤᠷᠠᠳᠤ ᠱᠠᠳᠤ ᠪᠠᠷ ᠢᠶᠠᠨ ᠰᠢᠨ᠎ᠡ ᠶᠢ ᠡᠬᠦᠳᠬᠦ ᠪᠤᠯ ᠲᠠᠷᠤᠢ ᠬᠦᠭᠵᠢᠯᠳᠠ ᠶᠢ ᠠᠳᠬᠤᠬᠤ᠂ ᠰᠢᠨ᠎ᠡ ᠶᠢ ᠡᠬᠦᠳᠬᠦ ᠶᠢ ᠪᠤᠳᠤᠯᠬᠢᠯᠠᠬᠤ ᠪᠤᠯ ᠲᠠᠷᠤᠢ ᠢᠷᠡᠭᠡᠳᠦᠢ ᠪᠠᠨ ᠪᠤᠳᠤᠯᠬᠢᠯᠠᠵᠤ ᠪᠠᠶᠢᠭ᠎ᠠ ᠶᠠᠪᠤᠳᠠᠯ ᠭᠡᠬᠦ ᠤᠢᠢᠯᠠᠭᠠᠬᠳᠠᠬᠤᠨ ᠢ ᠪᠠᠳᠤ ᠪᠤᠢ ᠪᠤᠯᠭᠠᠵᠤ᠂ ᠰᠢᠨ᠎ᠡ ᠶᠢ ᠡᠬᠦᠳᠬᠦ ᠪᠠᠷ ᠭᠤᠤᠯ ᠬᠦᠳᠦᠯᠤᠮᠵᠢ ᠪᠠ ᠲᠤᠯᠭᠠᠭᠤᠷᠢᠯᠡᠯ ᠪᠤᠯᠭᠠᠬᠰᠡᠨ ᠠᠵᠤ ᠠᠬᠤᠢ ᠶᠢᠨ ᠰᠢᠰᠲᠧᠮ ᠪᠤᠯᠤᠨ ᠬᠦᠭᠵᠢᠯᠳᠠ ᠶᠢᠨ ᠬᠡᠪ ᠵᠠᠬᠪᠤᠷ ᠢ ᠪᠤᠢ ᠪᠤᠯᠭᠠᠬᠤ ᠶᠢ ᠲᠦᠷᠭᠡᠳᠭᠡᠨ ᠠᠬᠢᠭᠤᠯᠬᠤ ᠭᠡᠷᠡᠭᠳᠠᠢ᠃ ᠡᠯ᠎ᠡ ᠱᠠᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠲᠠᠪᠠᠭᠤᠯᠢᠭ ᠪᠠ ᠦᠢᠯᠡᠳᠤᠯ ᠢᠶᠠᠨ ᠬᠦᠢᠴᠡᠳ ᠪᠠᠳᠠᠷᠠᠭᠤᠯᠵᠤ᠂ ᠦᠪᠡᠷᠳᠡᠭᠡᠨ ᠵᠠᠰᠬᠠᠤ ᠤᠷᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠰ ᠪᠤᠯᠤᠨ ᠴᠢᠨᠠᠷ ᠰᠠᠶᠢᠳᠠᠢ ᠬᠦᠭᠵᠢᠯᠳᠠ ᠶᠢᠨ ᠠᠮᠢᠳᠤᠯᠢᠭ ᠦᠢᠯᠡᠳᠦᠯᠭᠡ ᠳᠤ ᠢᠳᠡᠪᠬᠢᠳᠠᠢ ᠤᠷᠤᠯᠴᠠᠵᠤ᠂ ᠰᠢᠨ᠎ᠡ ᠠᠮᠵᠢᠯᠳᠠ ᠪᠦᠳᠦᠮᠵᠢ ᠪᠠᠷ ᠴᠠᠭ ᠦᠶ᠎ᠡ ᠶᠢᠨ ᠡᠬᠦᠷᠭᠡᠯᠡᠯ ᠢ ᠢᠯᠡᠷᠡᠬᠦᠯᠬᠦ ᠭᠡᠷᠡᠭᠳᠠᠢ ᠭᠡᠵᠤ ᠵᠢᠭᠠᠵᠤ ᠭᠠᠷᠭᠠᠪᠠ᠃
  ᠱᠢ ᠲᠠᠢ ᠹᠧᠩ᠂ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠵᠦᠪ ᠤᠯᠤᠰ ᠲᠦᠷᠦ ᠶᠢᠨ ᠴᠢᠭᠯᠡᠯ ᠢ ᠪᠠᠷᠢᠮᠳᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠬᠠᠮᠰᠠᠷ ᠠᠴᠠ ᠪᠠᠨ ᠦᠢᠯᠡᠳᠦᠯᠭᠡᠵᠢᠬᠦᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠶᠢᠨ ᠲᠤᠬᠠᠢ ᠶᠡᠷᠤᠩᠭᠡᠢ ᠱᠦᠵᠢ ᠰᠢ ᠶᠢᠨ ᠫᠢᠩ ᠤᠨ ᠴᠢᠬᠤᠯᠠ ᠦᠬᠦᠯᠡᠯᠳᠠ ᠶᠢ ᠬᠦᠨᠵᠡᠭᠡᠢ ᠰᠤᠷᠤᠯᠴᠠᠨ ᠤᠢᠢᠯᠠᠭᠠᠵᠤ᠂ ᠡᠬᠦᠨ ᠠᠴᠠ ᠲᠠᠰᠤᠷᠠᠯᠳᠠ ᠦᠭᠡᠢ ᠤᠶᠤᠨ ᠤᠬᠠᠭᠠᠨ᠂ ᠬᠦᠴᠦ ᠴᠢᠳᠠᠯ ᠪᠠ ᠠᠷᠭ᠎ᠠ ᠬᠡᠮᠵᠢᠶ᠎ᠡ ᠰᠢᠩᠭᠡᠭᠡᠨ ᠠᠪᠬᠤ ᠭᠡᠷᠡᠭᠳᠠᠢ᠃ ᠰᠠᠨᠠᠭᠠᠴᠢᠯᠠᠭ᠎ᠠ ᠠᠴᠠ ᠪᠠᠨ ᠭᠤᠤᠯᠳᠠᠯᠭ᠎ᠠ ᠪᠠ ᠶᠡᠭᠡ ᠲᠠᠯ᠎ᠡ ᠳᠤ ᠦᠢᠯᠡᠴᠢᠯᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠭᠦᠳᠦᠯᠳᠡ ᠪᠠᠷ ᠭᠤᠤᠯᠳᠠᠯᠭ᠎ᠠ ᠪᠤᠯᠭᠠᠬᠰᠡᠨ ᠪᠦᠬᠦ ᠲᠠᠯ᠎ᠡ ᠶᠢᠨ ᠰᠢᠨ᠎ᠡ ᠡᠭᠦᠳᠦᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠦᠳᠦᠮᠵᠢᠳᠠᠢ ᠬᠠᠨᠭ᠍ᠭᠠᠯᠭ᠎ᠠ ᠶᠢ ᠴᠢᠩᠭᠠᠳᠬᠠᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠳᠦᠭᠡᠯ ᠢ ᠲᠦᠷᠭᠡᠳᠭᠡᠨ ᠤᠨᠳᠤᠤᠰᠢᠭᠤᠯᠵᠤ᠂ ᠴᠢᠨᠠᠷ ᠰᠠᠶᠢᠳᠠᠢ ᠬᠦᠭᠵᠢᠯᠳᠠ ᠳᠤ ᠨᠡᠩ ᠰᠠᠶᠢᠨ ᠢᠶᠠᠷ ᠬᠦᠴᠦ ᠨᠡᠮᠡᠷᠢᠯᠡᠬᠦ ᠭᠡᠷᠡᠭᠳᠠᠢ᠃ ᠰᠢᠨᠵᠢᠯᠡᠬᠦ ᠤᠬᠠᠭᠠᠨᠴᠢ ᠵᠤᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ᠂ ᠶᠤᠰᠤ ᠰᠤᠷᠳᠠᠬᠤᠨ ᠢ ᠲᠡᠷᠢᠭᠦᠨ ᠳᠤ ᠲᠠᠯᠪᠢᠬᠤ᠂ ᠦᠨᠡᠨᠴᠢ ᠢᠳᠡᠭᠡᠮᠵᠢᠳᠠᠢ ᠪᠠᠶᠢᠬᠤ ᠪᠠᠷ ᠦᠨᠳᠦᠰᠤ ᠪᠤᠯᠭᠠᠬᠤ ᠶᠢ ᠪᠠᠷᠢᠮᠳᠠᠯᠠᠵᠤ᠂ ᠦᠨᠡᠨ ᠶᠤᠰᠤ ᠶᠢ ᠡᠷᠢᠯᠬᠢᠯᠡᠵᠤ᠂ ᠰᠤᠳᠤᠯᠭᠠᠨ ᠢ ᠰᠠᠶᠢᠳᠤᠷ ᠬᠢᠵᠤ᠂ ᠤᠯᠤᠰ ᠢᠶᠠᠨ ᠬᠠᠶᠢᠷᠠᠯᠠᠵᠤ ᠡᠷᠡᠯᠬᠡᠭᠯᠡᠨ ᠲᠠᠮᠠᠴᠡᠬᠦ ᠴᠠᠭ ᠦᠶ᠎ᠡ ᠶᠢᠨ ᠬᠤᠰᠢᠭᠤᠴᠢ ᠪᠤᠯᠬᠤ ᠪᠠᠷ ᠴᠢᠷᠮᠠᠶᠢᠬᠤ ᠭᠡᠷᠡᠭᠳᠠᠢ᠃ ᠰᠢᠨᠵᠢᠯᠡᠬᠦ ᠤᠬᠠᠭᠠᠨ ᠤ ᠲᠦᠭᠡᠮᠡᠯᠵᠢᠯ ᠢ ᠦᠷᠭᠡᠨ ᠢᠶᠠᠷ ᠦᠷᠨᠢᠬᠦᠯᠵᠤ᠂ ᠤᠯᠠᠨ ᠵᠦᠢᠯ ᠤᠨ ᠠᠷᠭ᠎ᠠ ᠬᠡᠯᠪᠡᠷᠢ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠡᠬᠦᠳᠦᠯᠳᠠ ᠶᠢᠨ ᠦᠷ᠎ᠡ ᠪᠦᠳᠦᠭᠡᠯ ᠢ ᠢᠯᠡᠷᠡᠭᠦᠯᠵᠤ᠂ ᠭᠡᠷᠡᠭᠯᠡᠭᠡᠨ ᠤ ᠮᠡᠷᠭᠡᠵᠢᠯ ᠢ ᠲᠡᠯᠭᠡᠷᠡᠬᠦᠯᠵᠤ᠂ ᠰᠢᠨ᠎ᠡ ᠶᠢ ᠡᠬᠦᠳᠬᠦ ᠦᠢᠯᠡᠰ ᠪᠤᠰᠬᠠᠬᠤ ᠤᠷ᠎ᠡ ᠴᠢᠳᠠᠪᠤᠷᠢ ᠶᠢ ᠤᠯᠠᠮᠵᠢᠯᠠᠵᠤ᠂ ᠪᠦᠬᠦ ᠨᠡᠶᠢᠭᠡᠮ ᠢᠶᠠᠷ ᠢᠶᠠᠨ ᠰᠢᠨᠵᠢᠯᠡᠬᠦ ᠤᠬᠠᠭᠠᠨ ᠢ ᠡᠷᠬᠢᠮᠯᠡᠬᠦ᠂ ᠰᠢᠨᠵᠢᠯᠡᠬᠦ ᠤᠬᠠᠭᠠᠨ ᠢ ᠬᠠᠶᠢᠷᠠᠯᠠᠬᠤ᠂ ᠰᠢᠨᠵᠢᠯᠡᠬᠦ ᠤᠬᠠᠭᠠᠨ ᠢ ᠰᠤᠷᠤᠯᠴᠠᠬᠤ᠂ ᠰᠢᠨᠵᠢᠯᠡᠬᠦ ᠤᠬᠠᠭᠠᠨ ᠢ ᠭᠡᠷᠡᠭᠯᠡᠬᠦ ᠰᠠᠶᠢᠨ ᠰᠠᠶᠢᠬᠠᠨ ᠬᠡᠪ ᠰᠤᠷᠳᠠᠯ ᠢ ᠪᠦᠷᠢᠯᠳᠦᠬᠦᠯᠬᠦ ᠶᠢ ᠠᠬᠢᠭᠤᠯᠬᠤ ᠭᠡᠷᠡᠭᠳᠠᠢ᠃ ᠡᠯ᠎ᠡ ᠱᠠᠳᠤᠨ ᠤ ᠨᠠᠮ ᠤᠨ ᠬᠤᠷᠢᠶ᠎ᠡ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠠᠶᠢᠭᠡᠮᠯᠢᠭ ᠤᠨ ᠠᠵᠢᠯ ᠳᠠᠬᠢ ᠤᠳᠤᠷᠢᠳᠤᠯᠭ᠎ᠠ ᠪᠠᠨ ᠴᠢᠩᠭᠠᠳᠬᠠᠨ ᠰᠠᠶᠢᠵᠢᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠬᠠᠤᠯᠢ ᠴᠠᠭᠠᠵᠠ ᠲᠦᠷᠢᠮ ᠲᠤᠬᠳᠠᠭᠠᠯ ᠶᠤᠰᠤᠭᠠᠷ ᠠᠵᠢᠯ ᠢᠶᠠᠨ ᠦᠷᠨᠢᠬᠦᠯᠬᠦ ᠶᠢ ᠪᠦᠬᠦ ᠬᠦᠴᠤ ᠪᠠᠷ ᠢᠶᠠᠨ ᠲᠠᠮᠵᠢᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠠᠵᠢᠯ ᠪᠤᠯᠤᠨ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠦᠢᠯᠡᠰ ᠤᠨ ᠬᠦᠭᠵᠢᠯᠳᠠ ᠳᠤ ᠰᠠᠶᠢᠨ ᠰᠠᠶᠢᠬᠠᠨ ᠨᠦᠬᠦᠴᠡᠯ ᠢ ᠪᠦᠷᠢᠯᠳᠦᠭᠦᠯᠤᠨ ᠦᠭᠴᠦ᠂ ᠬᠦᠴᠤᠳᠦ ᠪᠠᠳᠤᠯᠠᠭ᠎ᠠ ᠬᠠᠨᠭ᠍ᠭᠠᠬᠤ ᠭᠡᠷᠡᠭᠳᠠᠢ᠃ ᠡᠯ᠎ᠡ ᠱᠠᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠨᠠᠮ ᠪᠤᠯᠤᠨ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠲᠠᠢ ᠬᠠᠷᠢᠯᠴᠠᠬᠤ ᠬᠦᠬᠦᠷᠭᠡ ᠬᠤᠯᠪᠤᠭᠠᠰᠤ ᠶᠢᠨ ᠦᠢᠯᠡᠳᠦᠯ ᠢᠶᠠᠨ ᠰᠠᠶᠢᠳᠤᠷ ᠪᠠᠳᠠᠷᠠᠭᠤᠯᠵᠤ᠂ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠤ ︽ᠲᠦᠷᠬᠦᠮ ᠤᠨ ᠬᠦᠮᠦᠨ︾ ᠪᠤᠯᠬᠤ ᠭᠡᠷᠡᠭᠳᠠᠢ ᠭᠡᠵᠤ ᠴᠢᠬᠤᠯᠠᠴᠢᠯᠠᠪᠠ᠃
  ᠬᠤᠸᠠᠢ ᠶᠢᠨ ᠫᠧᠩ᠂ ᠦᠷᠭᠡᠨ ᠤᠯᠠᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠠᠨ ᠴᠠᠭ ᠦᠶ᠎ᠡ ᠶᠢᠨ ᠭᠤᠤᠯ ᠰᠡᠳᠦᠪ ᠲᠠᠢ ᠨᠢᠬᠳᠠ ᠤᠶᠠᠯᠳᠤᠭᠤᠯᠵᠤ᠂ ᠲᠡᠤᠭᠡ ᠶᠢᠨ ᠬᠦᠨᠳᠤ ᠡᠬᠦᠷᠭᠡ ᠶᠢ ᠵᠤᠷᠢᠬᠳᠠᠢ ᠡᠬᠦᠷᠭᠡᠯᠡᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠠᠷᠠᠳ ᠲᠦᠮᠡᠨ ᠳᠤ ᠦᠢᠯᠡᠴᠢᠯᠡᠬᠦ ᠶᠢ ᠪᠠᠷᠢᠮᠳᠠᠯᠠᠵᠤ᠂ ᠰᠠᠶᠢᠨ ᠲᠤᠷ᠎ᠡ ᠶᠢᠨ ᠦᠢᠯᠡᠴᠢᠯᠡᠭᠡᠨ ᠳᠤ ᠤᠷᠤᠯᠴᠠᠵᠤ᠂ ᠵᠤᠷᠢᠬᠳᠠᠢ ᠪᠠᠷ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠬᠤ ᠴᠠᠭ ᠦᠶ᠎ᠡ ᠶᠢᠨ ᠬᠤᠰᠢᠭᠤᠴᠢ ᠪᠤᠯᠬᠤ ᠭᠡᠷᠡᠭᠳᠠᠢ᠃ ᠡᠯ᠎ᠡ ᠱᠠᠳᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠵᠤᠬᠢᠶᠠᠨ ᠪᠠᠶᠢᠭᠤᠯᠤᠯᠳᠠ ᠤᠯᠤᠰ ᠲᠦᠷᠦ ᠶᠢᠨ ᠴᠢᠨᠠᠷ ᠲᠡᠷᠢᠬᠦᠨ ᠤ ᠴᠢᠨᠠᠷ ᠤᠯᠠᠨ ᠲᠦᠮᠡᠨᠴᠢ ᠴᠢᠨᠠᠷ ᠢ ᠪᠠᠳᠤᠯᠠᠨ ᠴᠢᠩᠭᠠᠳᠬᠠᠬᠤ ᠳᠤ ᠠᠩᠬᠠᠷᠤᠯ ᠢᠶᠠᠨ ᠲᠦᠪᠯᠡᠷᠡᠬᠦᠯᠵᠤ᠂ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨᠳᠠᠨ ᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠨᠡᠶᠢᠭᠡᠮᠴᠢᠯᠡᠭᠰᠡᠨ ᠲᠠᠶᠢᠴᠢᠯᠠᠯᠳᠠ ᠶᠢᠨ ᠲᠤᠬᠳᠠᠴᠠ ᠶᠢ ᠰᠢᠨᠡᠴᠢᠯᠡᠵᠤ᠂ ᠪᠦᠬᠦ ᠬᠦᠷᠢᠶ᠎ᠡ ᠴᠠᠷᠠᠭ᠎ᠠ ᠳᠤ ᠰᠢᠨᠵᠢᠯᠡᠬᠦ ᠤᠬᠠᠭᠠᠨ ᠢ ᠲᠦᠭᠡᠮᠡᠯᠵᠢᠬᠦᠯᠬᠦ ᠬᠡᠪ ᠵᠠᠬᠪᠤᠷ ᠢ ᠬᠠᠶᠢᠨ ᠰᠦᠪᠡᠭᠴᠢᠯᠡᠨ ᠪᠦᠷᠢᠯᠳᠦᠬᠦᠯᠵᠤ᠂ ᠬᠠᠮᠳᠤᠷᠠᠯᠴᠠᠭ᠎ᠠ ᠬᠦᠭᠵᠢᠯᠳᠠ ᠶᠢ ᠠᠬᠢᠭᠤᠯᠬᠤ ᠭᠡᠷᠡᠭᠳᠠᠢ︔ ᠨᠠᠮ ᠤᠨ ᠪᠠᠶᠢᠭᠤᠯᠤᠯᠳᠠ ᠪᠠᠷ ᠤᠯᠠᠨ ᠲᠦᠮᠡᠨ ᠤ ᠪᠦᠯᠬᠦᠮ ᠤᠨ ᠪᠠᠶᠢᠭᠤᠯᠤᠯᠳᠠ ᠶᠢ ᠲᠠᠶᠢᠴᠢᠯᠡᠵᠤ ᠦᠨᠳᠤᠰᠤᠨ ᠱᠠᠳᠤᠨ ᠤ ᠵᠤᠬᠢᠶᠠᠨ ᠪᠠᠶᠢᠭᠤᠯᠤᠯᠳᠠ ᠳᠤ ᠬᠦᠴᠦ ᠨᠡᠮᠡᠷᠢᠯᠡᠵᠤ ᠦᠢᠯᠡᠴᠢᠯᠡᠭᠡᠨ ᠤ ᠬᠠᠮᠳᠤᠷᠠᠯ ᠬᠦᠴᠦᠨ ᠢ ᠪᠦᠷᠢᠯᠳᠦᠬᠦᠯᠬᠦ ᠶᠢ ᠪᠠᠷᠢᠮᠳᠠᠯᠠᠵᠤ᠂ ᠰᠢᠨ᠎ᠡ ᠶᠢ ᠡᠬᠦᠳᠬᠦ ᠮᠠᠶᠢᠭ ᠤᠨ ᠦᠪᠤᠷ ᠮᠤᠩᠭᠤᠯ ᠤᠨ ᠪᠦᠳᠦᠭᠡᠨ ᠪᠠᠶᠢᠭᠤᠯᠤᠯᠳᠠ ᠳᠤ ᠤᠶᠤᠨ ᠤᠬᠠᠭᠠᠨ ᠬᠦᠴᠤᠨ ᠴᠢᠳᠠᠯ ᠢᠶᠠᠨ ᠡᠷᠬᠦᠬᠦ ᠭᠡᠷᠡᠭᠳᠠᠢ ᠭᠡᠵᠤ ᠱᠠᠭᠠᠷᠳᠠᠪᠠ᠃ ᠵᠣᠬᠢᠶᠠᠭᠴᠢ᠄  ᠯᠢᠤ ᠰᠢᠶᠤᠤ ᠳ᠋ᠦᠩ ᠵᠤᠤ ᠨᠠ



  
     
     