-
2077414
ᠮᠡᠭᠡᠵᠢ ᠶᠢᠨ ᠠᠷᠠᠴᠢᠯᠠᠭ᠎ᠠ ᠲᠡᠵᠢᠭᠡᠯᠭᠡ ᠬᠠᠮᠢᠶᠠᠷᠤᠯᠲᠠ ᠶᠢ ᠴᠢᠩᠭᠠᠳᠬᠠᠬᠤ
2019-05-22 09:51
375
0
ᠮᠠᠨ ᠤ ᠤᠯᠤᠰ ᠤᠨ ᠪᠤᠳᠠᠳᠤ ᠪᠠᠶᠢᠳᠠᠯ ᠢ ᠦᠨᠳᠦᠰᠦᠯᠡᠪᠡᠯ᠂ ᠭᠠᠭ᠋ᠠᠢ ᠶᠢᠨ ᠲᠤᠷᠤᠢ ᠶᠢ ᠶᠡᠷᠦ ᠳᠡᠭᠡᠨ 28 ᠡᠳᠦᠷ ᠳᠡᠭᠡᠷ᠎ᠡ ᠨᠢ ᠰᠦ ᠠᠴᠠ ᠨᠢ ᠰᠠᠯᠭᠠᠪᠠᠯ ᠵᠤᠬᠢᠨ᠎ᠠ᠃ ᠳᠤᠷᠤᠢ ᠶᠢᠨ ᠰᠦ ᠠᠴᠠ ᠪᠠᠨ ᠰᠠᠯᠬᠤ ᠦᠶᠡᠰ ᠤᠨ ᠱᠠᠭᠠᠷᠳᠠᠬᠤᠪᠡᠶᠡ ᠶᠢᠨ ᠬᠦᠨᠳᠦ ︵7 ᠺᠢᠯᠦᠭᠷᠡᠮ ᠠᠴᠠ ᠳᠡᠭᠡᠭᠰᠢ︶ ᠳᠤ ᠬᠦᠷᠴᠦ᠂ ᠦᠰᠦᠯᠳᠡ ᠪᠤᠶᠢᠵᠢᠯᠲᠠ ᠨᠢ ᠰᠠᠶᠢᠨ᠂ ᠪᠡᠶ᠎ᠡ ᠨᠢ ᠡᠷᠡᠭᠦᠯ ᠴᠢᠬᠢᠷᠠᠭ᠂ ᠰᠦ ᠠᠴᠠ ᠰᠠᠯᠤᠭᠰᠠᠨ ᠤ ᠳᠠᠷᠠᠭᠠᠬᠢ ᠠᠷᠠᠴᠢᠯᠠᠭ᠎ᠠ ᠲᠡᠵᠢᠭᠡᠯᠭᠡ ᠬᠠᠮᠢᠶᠠᠷᠯᠤᠲᠠ ᠶᠢ ᠲᠦᠷᠭᠡᠨ ᠵᠤᠬᠢᠴᠠᠭᠤᠯᠬᠤ ᠳᠤ ᠡᠷᠬᠡᠪᠰᠢ ᠮᠡᠭᠡᠵᠢ ᠶᠢᠨ ᠳᠤᠷᠦ᠋ᠢᠯᠠᠬᠤ ᠠᠴᠠ ᠡᠮᠦᠨ᠎ᠡ ᠪᠠ ᠲᠤᠷᠦ᠋ᠢᠯᠠᠭᠰᠠᠨ ᠤ ᠳᠠᠷᠠᠭᠠᠬᠢ ᠬᠦᠭᠦᠭᠦᠯ ᠤᠨ ᠬᠤᠭᠤᠴᠠᠭᠠᠨ ᠤ ᠠᠷᠠᠴᠢᠯᠠᠭ᠎ᠠ ᠲᠡᠵᠢᠭᠡᠯᠭᠡ ᠬᠠᠮᠢᠶᠠᠷᠤᠯᠳᠠ ᠠᠴᠠ ᠡᠬᠢᠯᠡᠵᠦ ᠠᠳᠬᠤᠬᠤ ᠬᠡᠷᠡᠭᠲᠡᠢ᠃
ᠲᠤᠷᠦ᠋ᠢᠯᠠᠬᠤ ᠠᠴᠠ ᠡᠮᠦᠨ᠎ᠡ ᠲᠤᠷᠦ᠋ᠢᠯᠠᠬᠤ ᠭᠡᠷ᠂ ᠤᠷᠤ ᠶᠢ ᠬᠦᠢᠴᠡᠳ ᠰᠠᠶᠢᠨ ᠤᠬᠢᠶᠠᠨ ᠴᠡᠪᠡᠷᠯᠡᠵᠦ᠂ ᠳᠠᠷᠠᠭ᠎ᠠ ᠨᠢ
ᠬᠡᠳᠦ ᠬᠦᠴᠢᠯᠳᠦ᠋ᠷᠦᠭᠴᠢᠳᠦ ᠡᠲ᠋ᠢᠯ ᠬᠦᠴᠢᠯ (过氧乙酸) ᠢᠶᠠᠷ ᠠᠷᠢᠭᠤᠳᠬᠠᠬᠤ ᠬᠡᠷᠡᠭᠲᠡᠢ︔ ᠮᠡᠭᠡᠵᠢ ᠳᠤ ᠳᠤᠷᠦ᠋ᠢᠯᠠᠬᠤ ᠠᠴᠠ ᠡᠮᠦᠨ᠎ᠡ 15 ~ 20 ᠡᠳᠦᠷ ᠲᠤ ᠪᠦᠲᠦᠭᠦᠨ ᠭᠡᠳᠡᠰᠦᠨ ᠤ ᠰᠠᠪᠬᠠᠨ ᠪᠠᠺᠲ᠋ᠧᠷᠢ ᠶᠢᠨ ᠸᠠᠺᠽᠢᠨ ᠢ ᠳᠠᠷᠢᠵᠤ᠂ ᠳᠤᠷᠤᠢ ᠶᠢᠨ ᠴᠢᠴᠠᠭ᠎ᠠ ᠠᠯᠳᠠᠬᠤ ᠶᠢ ᠤᠷᠳᠴᠢᠯᠠᠨ ᠰᠡᠷᠭᠡᠶᠢᠯᠡᠨ᠎ᠡ᠃ ᠲᠤᠷᠦ᠋ᠢᠯᠠᠬᠤ ᠶᠢᠨ ᠨᠢᠭᠡ ᠡᠳᠦᠷ ᠤᠨ ᠡᠮᠦᠨ᠎ᠡ ᠠᠴᠠ 1/2 ᠶᠢᠨ ᠲᠡᠵᠢᠭᠡᠯ ᠪᠤᠷᠳᠤᠭ᠎ᠠ ᠶᠢ ᠨᠢ ᠬᠠᠰᠤᠵᠤ᠂ ᠳᠤᠷᠦ᠋ᠢᠯᠠᠬᠤ ᠡᠳᠦᠷ ᠲᠡᠵᠢᠭᠡᠯ ᠢ ᠵᠤᠭᠰᠤᠭᠠᠨ᠎ᠠ᠂ ᠭᠡᠪᠡᠴᠦ ᠴᠡᠪᠡᠷ ᠠᠷᠢᠭᠤᠨ ᠤᠰᠤ ᠪᠠᠷ ᠬᠦᠢᠴᠡᠳ ᠤᠰᠤᠯᠠᠭᠰᠠᠨ ᠪᠠᠶᠢᠬᠤ ᠬᠡᠷᠡᠭᠲᠡᠢ᠃
ᠲᠤᠷᠦ᠋ᠢᠯᠠᠭᠰᠠᠨ ᠤ ᠳᠠᠷᠠᠭᠠᠬᠢ ᠬᠤᠶᠠᠳᠤᠭᠠᠷ ᠡᠳᠦᠷ ᠠᠴᠠ ᠡᠬᠢᠯᠡᠨ ᠡᠳᠦᠷ ᠪᠦᠷᠢ 0.5 ᠺᠢᠯᠦᠭᠷᠡᠮ ᠬᠤᠯᠢᠮᠠᠭ ᠲᠡᠵᠢᠭᠡᠯ
ᠪᠤᠷᠳᠤᠭ᠎ᠠ ᠪᠠᠷ ᠲᠡᠵᠢᠭᠡᠵᠦ ᠠᠭᠠᠵᠢᠮ ᠢᠶᠠᠷ ᠨᠡᠮᠡᠵᠦ ᠭᠤᠷᠪᠠᠳᠤᠭᠠᠷ ᠭᠠᠷᠠᠭ ᠪᠤᠯᠬᠤ ᠳᠤ 5.5 ᠺᠢᠯᠦᠭᠷᠡᠮ ᠤᠷᠴᠢᠮ ᠨᠡᠮᠡᠨ᠎ᠡ᠃ ᠬᠦᠬᠦᠭᠦᠯ ᠠᠴᠠ ᠰᠠᠯᠬᠤ ᠶᠢᠨ ᠡᠮᠦᠨ᠎ᠡ ᠬᠤᠶᠠᠷ ᠡᠳᠦᠷ ᠠᠴᠠ ᠲᠡᠵᠢᠭᠡᠯ ᠢ ᠨᠢ ᠬᠠᠭᠠᠰ ᠬᠠᠰᠤᠵᠤ᠂ ᠬᠦᠬᠦᠭᠦᠯ ᠵᠤᠭᠰᠤᠬᠤ ᠡᠳᠦᠷ ᠲᠡᠵᠢᠭᠡᠯ ᠢ ᠨᠢᠭᠡ ᠡᠳᠦᠷ ᠵᠤᠭᠰᠤᠭᠠᠨ᠎ᠠ᠃ ᠲᠤᠷᠦ᠋ᠢᠯᠠᠭᠰᠠᠨ ᠲᠤᠷᠤᠢ ᠨᠢ 6 ᠠᠴᠠ ᠢᠯᠡᠭᠦᠦ ᠪᠤᠶᠤ ᠪᠠᠭ᠎ᠠ ᠪᠠᠶᠢᠪᠠᠯ ᠮᠡᠭᠡᠵᠢ ᠶᠢᠨ ᠲᠡᠵᠢᠭᠡᠯ ᠢ ᠵᠤᠬᠢᠬᠤ ᠬᠡᠮᠵᠢᠶ᠎ᠡ ᠪᠠᠷ ᠨᠡᠮᠡᠵᠦ ᠬᠠᠰᠤᠵᠤ ᠪᠤᠯᠤᠨ᠎ᠠ᠂
ᠳᠤᠷᠤᠢ ᠪᠦᠷᠢ ᠳᠤ 0.2 ~ 0.25 ᠺᠢᠯᠦᠭᠷᠡᠮ ᠢᠶᠠᠷ ᠪᠤᠳᠤᠵᠤ ᠨᠡᠮᠡᠵᠦ ᠬᠠᠰᠤᠬᠤ ᠬᠡᠷᠡᠭᠲᠡᠢ᠃ ᠡᠭᠦᠨ ᠤ ᠬᠠᠮᠳᠤ ᠪᠠᠰᠠ ᠮᠡᠭᠡᠵᠢ ᠶᠢᠨ ᠲᠠᠷᠭᠤ ᠬᠦᠴᠦ ᠶᠢ ᠦᠵᠡᠵᠦ᠂ ᠳᠤᠮᠳᠠ ᠶᠢᠨ ᠬᠡᠮᠵᠢᠶ᠎ᠡ ᠪᠠᠷ ᠬᠢᠵᠠᠭᠠᠷᠯᠠᠪᠠᠯ ᠵᠤᠬᠢᠨ᠎ᠠ᠃ ᠳᠤᠷᠦ᠋ᠢᠯᠠᠭᠰᠠᠨ ᠤ ᠳᠠᠷᠠᠭ᠎ᠠ ᠮᠡᠭᠡᠵᠢ ᠶᠢᠨ ᠲᠡᠵᠢᠭᠡᠯ ᠪᠤᠷᠳᠤᠭ᠎ᠠ ᠳᠤ ᠪᠤᠭᠤᠳᠠᠢ ᠶᠢᠨ ᠠᠭᠠᠭ ᠤᠨ ᠬᠠᠷᠢᠴᠠᠯ ᠢ ᠵᠤᠬᠢᠬᠤ ᠬᠡᠮᠵᠢᠶ᠎ᠡ ᠪᠠᠷ ᠨᠡᠮᠡᠵᠦ᠂ ᠬᠤᠷᠭᠤᠰᠳᠠᠬᠤ ᠪᠠ ᠳᠤᠷᠦ᠋ᠢᠯᠠᠭᠰᠠᠨ ᠤ ᠳᠠᠷᠠᠭᠠᠬᠢ ᠢᠳᠡᠰᠢ ᠭᠤᠯᠤᠬᠤ ᠬᠡᠮ ᠠᠴᠠ ᠰᠡᠷᠭᠡᠶᠢᠯᠡᠬᠦ ᠬᠡᠷᠡᠭᠲᠡᠢ᠃ ᠮᠡᠭᠡᠵᠢ ᠲᠤᠷᠦ᠋ᠢᠯᠠᠬᠤ ᠦᠶ᠎ᠡ ᠳᠤ ᠲᠤᠷᠦ᠋ᠢᠯᠠᠬᠤ ᠨᠢ ᠤᠷᠤᠭᠰᠢᠳᠠᠢ ᠪᠠ ᠡᠰᠡᠬᠦ ᠳᠤ ᠪᠦᠷ ᠳᠤᠷᠦ᠋ᠢᠯᠠᠬᠤ ᠶᠢ ᠲᠦᠷᠭᠡᠳᠭᠡᠬᠦ ᠡᠮ ᠢ 4 ~ 6 ᠮᠢᠯᠢᠯᠢᠲᠷ ᠢᠶᠠᠷ ᠪᠤᠯᠴᠢᠩ ᠳᠤ ᠨᠢ ᠲᠠᠷᠢᠵᠤ᠂ ᠳᠤᠷᠦ᠋ᠢᠯᠠᠬᠤ ᠶᠢ ᠨᠢ ᠲᠦᠷᠭᠡᠳᠭᠡᠨ᠎ᠡ᠂ ᠲᠤᠰ ᠡᠮ ᠢ ᠳᠠᠷᠢᠬᠤ ᠨᠢ ᠰᠦ ᠪᠠᠭᠤᠯᠭᠠᠬᠤ ᠦᠢᠯᠡᠳᠦᠯ ᠲᠠᠢ ᠪᠠᠶᠢᠵᠤ᠂ ᠲᠤᠷᠦ᠋ᠢᠯᠠᠭᠰᠠᠨ ᠤ ᠳᠠᠷᠠᠭᠠᠬᠢ ᠰᠦ ᠦᠭᠡᠢ ᠬᠡᠮ ᠡᠭᠦᠰᠬᠦ ᠶᠢ ᠪᠠᠭᠠᠰᠬᠠᠵᠤ ᠴᠢᠳᠠᠨ᠎ᠠ᠃