 

ᠡᠷᠦᠬᠡ ᠶᠢᠨ ᠠᠯᠢ ᠨᠢᠭᠡᠨ ᠪᠦᠷᠢᠯᠳᠦᠭᠦᠨ ᠨᠤᠲᠤᠭ ᠪᠡᠯᠴᠢᠭᠡᠷ ᠢ ᠭᠠᠭᠴᠠᠭᠠᠷ ᠢᠶᠠᠨ ᠡᠵᠡᠨ ᠮᠡᠳᠡᠨ ᠬᠡᠰᠡᠭᠯᠡᠨ ᠬᠤᠪᠢᠶᠠᠬᠤ ᠡᠷᠭᠡ ᠦᠭᠡᠢ

2018-05-19 14:57
  270
  0
     ᠬᠡᠷᠡᠭ ᠤᠨ ᠵᠢᠱᠢᠶ᠎ᠠ  ᠵᠠᠭᠠᠯᠳᠤᠭᠴᠢ XX ᠲᠡᠭᠦᠨ ᠤ ᠲᠠᠪᠤᠨ ᠠᠬ᠎ᠠ ᠡᠭᠡᠴᠢ ᠵᠢᠴᠢ ᠠᠪᠤ ᠡᠵᠢ ᠲᠠᠢ ᠪᠠᠨ 8 ᠬᠦᠮᠦᠨ ᠨᠢᠭᠡ ᠡᠷᠦᠬᠡ ᠪᠠᠷ ᠢᠶᠠᠨ ᠨᠡᠶᠢᠲᠡ 32145 ᠮᠦ ᠨᠤᠲᠤᠭ ᠪᠡᠯᠴᠢᠭᠡᠷ ᠢ ᠳᠠᠭᠠᠭᠠᠴᠢᠯᠠᠨ ᠠᠪᠴᠠᠢ᠂ ᠲᠡᠭᠰᠢᠳᠭᠡᠪᠡᠯ ᠬᠦᠮᠦᠨ ᠠᠮᠠ ᠪᠦᠷᠢ ᠳᠤ 4018.125 ᠮᠦ ᠨᠤᠭᠳᠠᠨ᠎ᠠ᠃ ᠠᠪᠤ ᠡᠵᠢ ᠨᠢ ᠨᠠᠰᠤ ᠨᠦᠭᠴᠢᠭᠰᠡᠨ ᠤ ᠳᠠᠷᠠᠭ᠎ᠠ᠂ ᠵᠠᠭᠠᠯᠳᠤᠭᠴᠢ XX ᠲᠤᠰ 32145 ᠮᠦ ᠨᠤᠲᠤᠭ ᠪᠡᠯᠴᠢᠭᠡᠷ ᠤᠨ 1/2 ᠬᠤᠪᠢ ᠶᠢ ᠨᠢ ᠭᠠᠭᠴᠠᠭᠠᠷ ᠢᠶᠠᠨ ᠡᠵᠡᠩᠨᠠᠵᠠᠢ᠃ ᠵᠠᠭᠠᠯᠳᠤᠭᠴᠢ XX᠎ ᠤᠨ ᠲᠠᠪᠤᠨ ᠠᠬ᠎ᠠ ᠡᠭᠡᠴᠢ ᠨᠢ ᠵᠦᠪᠬᠡᠨ 1/2᠎ ᠶᠢᠨ ᠬᠤᠪᠢ ᠶᠢ ᠯᠠ ᠲᠠᠪᠤᠭᠤᠯᠠ ᠤᠯᠵᠦ ᠬᠦᠷᠲᠡᠭᠰᠡᠨ ᠲᠤᠯᠠ Y ᠭᠠᠴᠠᠭᠠᠨ ᠤ ᠠᠷᠠᠳ ᠤᠨ ᠵᠦᠪᠯᠡᠯ ᠢ ᠤᠯᠠᠨᠳᠠ ᠡᠷᠢᠵᠦ᠂ ᠭᠡᠷ ᠪᠦᠯᠢ ᠶᠢᠨ ᠲᠤᠳᠤᠭᠠᠳᠤ ᠶᠢᠨ ᠭᠡᠰᠢᠭᠦᠨ ᠤ ᠬᠤᠭᠤᠷᠤᠨᠳᠤᠬᠢ ᠨᠤᠲᠤᠭ ᠪᠡᠯᠴᠢᠭᠡᠷ ᠤᠨ ᠬᠡᠷᠡᠭᠯᠡᠬᠦ ᠡᠷᠬᠡ ᠶᠢᠨ ᠵᠢᠭᠤᠷᠠᠭᠠᠨ ᠢ ᠵᠦᠢ ᠵᠤᠬᠢᠰᠲᠠᠢ ᠰᠢᠢᠳᠪᠦᠷᠢᠯᠡᠭᠦᠯᠬᠦ ᠪᠠᠷ ᠵᠤᠷᠢᠪᠠ᠃ ᠡᠶᠢᠨᠬᠦ Y ᠭᠠᠴᠠᠭᠠᠨ ᠤ ᠠᠷᠠᠳ ᠤᠨ ᠵᠦᠪᠯᠡᠯ ᠨᠢ ᠲᠤᠰ ᠭᠠᠴᠠᠭᠠᠨ ᠤ ᠪᠠᠨ ᠮᠠᠯᠴᠢᠳ ᠤᠨ ᠲᠦᠯᠦᠭᠡᠯᠡᠭᠴᠢᠳ ᠤᠨ ᠬᠤᠷᠠᠯ ᠢ ᠵᠤᠬᠢᠶᠠᠨ ᠪᠠᠶᠢᠭᠤᠯᠤᠨ ᠬᠤᠷᠠᠯᠳᠤᠭᠤᠯᠤᠭᠰᠠᠨ ᠤ ᠳ᠋ᠦᠡᠭ ᠳᠤ᠂ Y ᠭᠠᠴᠠᠭᠠᠨ ᠤ ᠪᠠᠨ ᠮᠠᠯᠴᠢᠳ ᠤᠨ ᠲᠦᠯᠦᠭᠡᠯᠡᠭᠴᠢᠳ ᠤᠨ ᠬᠤᠷᠠᠯ ᠨᠢ ᠲᠤᠰ 32145 ᠮᠦ ᠨᠤᠲᠤᠭ ᠪᠡᠯᠴᠢᠭᠡᠷ ᠢ ᠵᠠᠭᠠᠯᠳᠤᠭᠴᠢ XX ᠪᠤᠯᠤᠨ ᠲᠠᠪᠤᠨ ᠭᠤᠷᠪᠠᠳᠠᠭᠴᠢ ᠬᠦᠮᠦᠨ ᠡᠷᠬᠡ ᠲᠡᠭᠰᠢ ᠪᠠᠷ ᠬᠤᠪᠢᠶᠠᠷᠢᠯᠠᠵᠦ ᠳᠠᠭᠠᠭᠠᠴᠢᠯᠠᠨ ᠡᠵᠡᠩᠨᠡᠪᠡᠯ ᠵᠤᠬᠢᠨ᠎ᠠ ᠭᠡᠳᠡᠭ ︽ᠬᠤᠷᠠᠯ ᠤᠨ ᠰᠢᠢᠳᠪᠦᠷᠢ︾ ᠭᠠᠷᠭᠠᠵᠠᠢ᠃ ᠵᠠᠭᠠᠯᠳᠤᠭᠴᠢ XX ᠳᠡᠭᠡᠷᠡᠬᠢ ᠬᠤᠷᠠᠯ ᠤᠨ ᠰᠢᠢᠳᠪᠦᠷᠢ ᠶᠢ ᠦᠯᠦ ᠳᠠᠭᠠᠬᠤ ᠲᠤᠯᠠ ᠠᠷᠠᠳ ᠤᠨ ᠰᠢᠬᠦᠬᠦ ᠬᠤᠷᠢᠶᠠᠨ ᠳᠤ ᠵᠠᠭᠠᠯᠳᠤᠵᠦ ᠬᠦᠴᠦᠨ ᠦᠭᠡᠢ ᠪᠤᠯᠭᠠᠬᠤ ᠶᠢ ᠵᠤᠷᠢᠪᠠ᠃
     ᠬᠠᠤᠯᠢᠴᠢ ᠶᠢᠨ ᠵᠠᠳᠠᠯᠤᠯᠲᠠ  ᠲᠤᠰ ᠬᠡᠷᠡᠭ ᠢ ᠲᠢᠩᠬᠢᠮ ᠤᠨ ᠰᠢᠭᠦᠯᠲᠡ ᠬᠢᠬᠦ ᠪᠠᠷ ᠳᠠᠮᠵᠢᠨ ᠬᠡᠷᠡᠭ ᠤᠨ ᠪᠠᠶᠢᠳᠠᠯ ᠢ ᠨᠠᠷᠢᠨ ᠵᠠᠳᠠᠯᠵᠦ ᠬᠠᠤᠯᠢᠴᠢ ᠠᠴᠠ᠂ Y ᠭᠠᠴᠠᠭᠠᠨ ᠤ ᠮᠠᠯᠴᠢᠳ ᠤᠨ ᠲᠦᠯᠦᠭᠡᠯᠡᠭᠴᠢᠳ ᠤᠨ ᠬᠤᠷᠠᠯ ᠤᠨ ︽ᠬᠤᠷᠠᠯ ᠤᠨ ᠰᠢᠢᠳᠪᠦᠷᠢ︾᠎ ᠶᠢ ᠭᠠᠷᠭᠠᠭᠰᠠᠨ ᠪᠡᠶᠡᠴᠢ ᠴᠤᠭᠴᠠ ᠨᠢ Y ᠭᠠᠴᠠᠭᠠᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠪᠤᠯᠬᠤ ᠠᠴᠠ ᠪᠢᠰᠢ᠂ ᠬᠠᠷᠢᠨ Y ᠭᠠᠴᠠᠭᠠᠨ ᠤ ᠠᠷᠠᠳ ᠤᠨ ᠵᠦᠪᠯᠡᠯ ᠪᠢᠰᠢ᠂ ᠮᠠᠨ ᠤ ᠤᠯᠤᠰ ᠤᠨ ︽ᠳᠤᠰᠬᠤᠨ ᠤ ᠠᠷᠠᠳ ᠤᠨ ᠵᠦᠪᠯᠡᠯ ᠤᠨ ᠵᠤᠬᠢᠶᠠᠨ ᠪᠠᠶᠢᠭᠤᠯᠬᠤ ᠬᠠᠤᠯᠢ︾᠎ ᠶᠢᠨ ᠬᠤᠷᠢᠨ ᠵᠢᠷᠭᠤᠳᠤᠭᠠᠷ ᠵᠦᠢᠯ ᠳᠤ᠂ ︽ᠳᠤᠰᠬᠤᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠢ ᠳᠤᠰᠬᠤᠨ ᠤ ᠠᠷᠠᠳ ᠤᠨ ᠵᠦᠪᠯᠡᠯ ᠠᠴᠠ ᠴᠤᠭᠯᠠᠭᠤᠯᠤᠨ ᠬᠤᠷᠠᠯᠳᠤᠭᠤᠯᠤᠨ᠎ᠠ︾ ᠭᠡᠵᠤ ᠲᠤᠭᠲᠠᠭᠠᠵᠠᠢ᠃ ᠲᠤᠰ ᠬᠡᠷᠡᠭ ᠲᠤ᠂ Y ᠭᠠᠴᠠᠭᠠᠨ ᠤ ᠠᠷᠠᠳ ᠤᠨ ᠵᠦᠪᠯᠡᠯ ᠨᠢ ᠵᠦᠪᠬᠡᠨ ᠲᠤᠰ ᠭᠠᠴᠠᠭᠠᠨ ᠤ ᠮᠠᠯᠴᠢᠳ ᠤᠨ ᠲᠦᠯᠦᠭᠡᠯᠡᠭᠴᠢᠳ ᠢ ᠴᠤᠭᠯᠠᠭᠤᠯᠤᠭᠰᠠᠨ ᠪᠠᠶᠢᠵᠦ᠂ ᠡᠴᠦᠰ ᠤᠨ ᠬᠤᠷᠠᠯ ᠤᠨ ᠰᠢᠢᠳᠪᠦᠷᠢ ᠶᠢ ᠪᠤᠯ Y ᠭᠠᠴᠠᠭᠠᠨ ᠤ ᠮᠠᠯᠴᠢᠳ ᠤᠨ ᠲᠦᠯᠦᠭᠡᠯᠡᠭᠴᠢᠳ ᠤᠨ ᠬᠤᠷᠠᠯ ᠠᠴᠠ ᠭᠠᠷᠭᠠᠭᠰᠠᠨ ᠪᠠᠶᠢᠨ᠎ᠠ᠃ ᠡᠶᠢᠮᠦ ᠠᠴᠠ ᠮᠠᠨ ᠤ ᠤᠯᠤᠰ ᠤᠨ ︽ ᠳᠤᠰᠬᠤᠨ ᠤ ᠠᠷᠠᠳ ᠤᠨ ᠵᠦᠪᠯᠡᠯ ᠤᠨ ᠵᠤᠬᠢᠶᠠᠨ ᠪᠠᠶᠢᠭᠤᠯᠬᠤ ᠬᠠᠤᠯᠢ︾᠎ ᠶᠢᠨ ᠬᠤᠷᠢᠨ ᠵᠢᠷᠭᠤᠳᠤᠭᠠᠷ ᠵᠦᠢᠯ ᠤᠨ ᠲᠤᠭᠲᠠᠭᠠᠯ ᠶᠤᠰᠤᠭᠠᠷ ᠠᠷᠠᠳ ᠤᠨ ᠰᠢᠭᠦᠬᠦ ᠬᠤᠷᠢᠶᠠᠨ ᠳᠤ ᠬᠦᠴᠦᠨ ᠦᠭᠡᠢ ᠪᠤᠯᠭᠠᠬᠤ ᠪᠠᠷ ᠭᠤᠶᠤᠴᠢᠯᠠᠵᠦ ᠪᠤᠯᠬᠤ ᠦᠭᠡᠢ᠂ ᠬᠠᠷᠢᠨ ᠲᠤᠰ ᠬᠠᠤᠯᠢ ᠶᠢᠨ ᠬᠤᠷᠢᠨ ᠳᠤᠯᠤᠳᠤᠭᠠᠷ ᠵᠦᠢᠯ ᠤᠨ ᠭᠤᠷᠪᠠᠳᠤᠭᠠᠷ ᠪᠦᠯᠦᠭ ᠤᠨ ᠲᠤᠭᠲᠠᠭᠠᠯ ᠶᠤᠰᠤᠭᠠᠷ ᠤᠴᠢᠵᠦ ᠰᠢᠢᠳᠪᠦᠷᠢᠯᠡᠪᠡᠯ ᠵᠤᠬᠢᠨ᠎ᠠ ᠭᠡᠵᠠᠢ᠃ ᠲᠢᠩᠬᠢᠮ ᠤᠨ ᠰᠢᠭᠦᠯᠲᠡ ᠳᠤ᠂ ᠲᠤᠰ ᠬᠡᠷᠡᠭ ᠤᠨ ᠭᠤᠷᠪᠠᠳᠠᠭᠴᠢ ᠬᠦᠮᠦᠨ ᠤ ᠵᠤᠭᠰᠤᠴᠠ ᠶᠢ ᠲᠦᠯᠦᠭᠡᠯᠡᠨ ᠤᠷᠤᠯᠴᠠᠭᠴᠢ ᠬᠠᠤᠯᠢᠴᠢ ᠠᠴᠠ᠂ ︽ᠨᠤᠲᠤᠭ ᠪᠡᠯᠴᠢᠭᠡᠷ ᠪᠤᠯ ᠡᠷᠦᠬᠡ ᠪᠠᠷ ᠨᠢᠭᠡᠴᠢᠯᠡᠨ ᠳᠠᠭᠠᠭᠠᠴᠢᠯᠠᠨ ᠡᠵᠡᠩᠨᠡᠵᠦ᠂ ᠡᠷᠦᠬᠡ ᠶᠢᠨ ᠪᠦᠷᠢᠯᠳᠦᠭᠦᠨ ᠨᠦᠭᠦᠳ ᠨᠢ ᠡᠷᠬᠡ ᠲᠡᠭᠰᠢ ᠪᠠᠷ ᠡᠵᠡᠩᠨᠡᠬᠦ ᠡᠷᠬᠡ ᠪᠠ ᠠᠰᠢᠭ ᠬᠦᠷᠲᠡᠬᠦ ᠡᠷᠬᠡ ᠶᠢ ᠡᠳ᠋ᠯᠡᠬᠦ ᠪᠤᠯᠤᠨ᠎ᠠ᠃ ᠡᠷᠦᠬᠡ ᠶᠢᠨ ᠡᠵᠡᠡ ᠪᠤᠶᠤ ᠡᠷᠦᠬᠡ ᠶᠢᠨ ᠠᠯᠢ ᠨᠢᠭᠡᠨ ᠪᠦᠷᠢᠯᠳᠦᠭᠦᠨ ᠨᠢ ᠳᠠᠭᠠᠭᠠᠴᠢᠯᠠᠭᠰᠠᠨ ᠨᠤᠲᠤᠭ ᠪᠡᠯᠴᠢᠭᠡᠷ ᠢ ᠭᠠᠭᠴᠠᠭᠠᠷ ᠢᠶᠠᠨ ᠡᠷᠬᠡ ᠮᠡᠳᠡᠨ ᠬᠡᠰᠡᠭᠯᠡᠨ ᠬᠤᠪᠢᠶᠠᠬᠤ ᠪᠤᠶᠤ ᠭᠠᠳᠠᠭᠤᠷᠴᠢᠯᠠᠯ ᠤᠨ ᠠᠷᠭ᠎ᠠ ᠪᠠᠷᠢᠯ ᠢᠶᠠᠷ ᠳᠠᠮᠵᠢᠨ ᠡᠷᠦᠬᠡ ᠶᠢᠨ ᠪᠤᠰᠤᠳ ᠪᠦᠷᠢᠯᠳᠦᠭᠦᠨ ᠤ ᠬᠠᠤᠯᠢ ᠶᠤᠰᠤᠨ ᠤ ᠡᠵᠡᠩᠨᠡᠬᠦ ᠡᠷᠬᠡ ᠪᠠ ᠠᠰᠢᠭ ᠬᠦᠷᠲᠡᠬᠦ ᠡᠷᠬᠡ ᠳᠤ ᠬᠠᠯᠳᠠᠵᠦ ᠪᠤᠯᠬᠤ ᠦᠭᠡᠢ᠃ Y ᠭᠠᠴᠠᠭᠠᠨ ᠤ ᠮᠠᠯᠴᠢᠳ ᠤᠨ ᠲᠦᠯᠦᠭᠡᠯᠡᠭᠴᠢᠳ ᠤᠨ ᠬᠤᠷᠠᠯ ᠤᠨ ᠰᠢᠢᠳᠪᠦᠷᠢ ᠨᠢ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠲᠤᠭᠲᠠᠭᠠᠯ ᠳᠤ ᠨᠡᠶᠢᠴᠡᠵᠦ᠂ ᠠᠷᠠᠳᠴᠢᠯᠠᠯ ᠢᠶᠠᠷ ᠦᠡᠭᠭᠡᠷᠡᠭᠦᠯᠦᠭᠰᠡᠨ ᠰᠢᠢᠳᠪᠦᠷᠢ ᠪᠠᠶᠢᠵᠦ᠂ ᠵᠠᠭᠠᠯᠳᠤᠭᠴᠢ XX᠎ ᠤᠨ ᠬᠠᠤᠯᠢ ᠶᠤᠰᠤᠨ ᠤ ᠡᠷᠬᠡ ᠠᠰᠢᠭ ᠢ ᠬᠤᠬᠢᠷᠠᠭᠤᠯᠤᠭᠰᠠᠨ ᠪᠤᠳᠠᠳᠤ ᠶᠠᠪᠤᠳᠠᠯ ᠤᠷᠤᠰᠢᠬᠤ ᠦᠭᠡᠢ︾ ᠭᠡᠵᠦ ᠬᠠᠷᠢᠭᠤ ᠮᠠᠷᠭᠤᠵᠠᠢ᠃  ᠨᠢᠭᠡᠳᠦᠭᠡᠷ ᠰᠢᠭᠦᠯᠲᠡ ᠶᠢᠨ ᠰᠢᠭᠦᠨ ᠲᠠᠰᠤᠯᠤᠯᠲᠠ ᠳᠤ ᠵᠠᠭᠠᠯᠳᠤᠭᠴᠢ XX᠎ ᠤᠨ ᠵᠠᠭᠠᠯᠳᠤᠯᠭ᠎ᠠ ᠶᠢ ᠨᠢᠴᠤᠭᠠᠪᠠ᠃ ᠵᠠᠭᠠᠯᠳᠤᠭᠴᠢ XX᠎ ᠨᠢ ᠨᠢᠭᠡᠳᠦᠭᠡᠷ ᠰᠢᠭᠦᠯᠲᠡ ᠶᠢᠨ ᠰᠢᠬᠦᠨ ᠲᠠᠰᠣᠯᠣᠯᠳᠠ ᠶᠢ ᠦᠯᠦ ᠳᠠᠭᠠᠬᠤ ᠲᠤᠯᠠ ᠳᠡᠭᠡᠭᠰᠢ ᠵᠠᠭᠠᠯᠳᠤᠪᠠ᠃ ᠬᠤᠶᠠᠳᠤᠭᠠᠷ ᠰᠢᠭᠦᠯᠲᠡ ᠶᠢᠨ ᠰᠢᠭᠦᠨ ᠲᠠᠰᠤᠯᠤᠯᠲᠠ ᠳᠤ᠂ ᠵᠠᠭᠠᠯᠳᠤᠭᠴᠢ XX᠎ ᠤᠨ ᠳᠡᠭᠡᠭᠰᠢ ᠵᠠᠭᠠᠯᠳᠤᠯᠭ᠎ᠠ ᠶᠢ ᠨᠢᠴᠤᠭᠠᠵᠦ ᠤᠤᠯ ᠰᠢᠬᠦᠨ ᠲᠠᠰᠣᠯᠣᠯᠳᠠ ᠶᠢ ᠪᠠᠷᠢᠮᠲᠠᠯᠠᠪᠠ᠃
      ᠬᠠᠤᠯᠢᠴᠢ ᠶᠢᠨ ᠳ᠋ᠦᠡᠭᠨᠡᠯᠲᠡ  ᠲᠤᠰ ᠬᠡᠷᠡᠭ ᠲᠤ᠂ ᠵᠠᠭᠠᠯᠳᠤᠭᠴᠢ XX ᠪᠤᠯᠤᠨ ᠲᠠᠪᠤᠨ ᠭᠤᠷᠪᠠᠳᠠᠭᠴᠢ ᠬᠦᠮᠦᠨ ᠤ ᠬᠤᠭᠤᠷᠤᠨᠳᠤᠬᠢ ᠨᠤᠲᠤᠭ ᠪᠡᠯᠴᠢᠭᠡᠷ ᠳᠠᠭᠠᠭᠠᠴᠢᠯᠠᠨ ᠡᠵᠡᠩᠨᠡᠬᠦ ᠡᠷᠬᠡ ᠶᠢᠨ ᠵᠢᠭᠤᠷᠠᠭᠠᠨ ᠡᠭᠦᠰᠦᠭᠰᠡᠨ ᠠᠴᠠ ᠨᠠᠰᠢ᠂ ᠲᠠᠪᠤᠨ ᠭᠤᠷᠪᠠᠳᠠᠭᠴᠢ ᠬᠦᠮᠦᠨ ᠤᠯᠠᠨᠳᠠ Y ᠭᠠᠴᠠᠭᠠᠨ ᠤ ᠠᠷᠠᠳ ᠤᠨ ᠵᠦᠪᠯᠡᠯ ᠳᠤ ᠭᠤᠶᠤᠴᠢᠯᠠᠵᠦ ᠰᠢᠢᠳᠪᠦᠷᠢᠯᠡᠬᠦ ᠠᠷᠭ᠎ᠠ ᠠᠪᠴᠠᠯ ᠢ ᠡᠷᠢᠪᠡ᠃ ᠡᠶᠢᠨᠬᠦ Y ᠭᠠᠴᠠᠭᠠᠨ ᠤ ᠠᠷᠠᠳ ᠤᠨ ᠵᠦᠪᠯᠡᠯ ᠨᠢ ᠭᠠᠴᠠᠭᠠᠨ ᠤ ᠠᠷᠠᠳ ᠤᠨ ᠬᠤᠷᠠᠯ ᠤᠨ ᠡᠷᠬᠡ ᠤᠯᠭᠤᠭᠰᠠᠨ ᠬᠡᠪᠴᠢᠶᠡᠨ ᠲᠤᠲᠤᠷ᠎ᠠ ᠬᠠᠤᠯᠢ ᠶᠤᠰᠤᠭᠠᠷ ᠮᠠᠯᠴᠢᠳ ᠤᠨ ᠲᠦᠯᠦᠭᠡᠯᠡᠭᠴᠢᠳ ᠤᠨ ᠬᠤᠷᠠᠯ ᠢ ᠴᠤᠭᠯᠠᠭᠤᠯᠤᠨ ᠬᠤᠷᠠᠯᠳᠤᠭᠤᠯᠵᠦ᠂ ᠠᠷᠠᠳᠴᠢᠯᠠᠯ ᠢᠶᠠᠷ ᠰᠠᠨᠠᠯ ᠬᠠᠶᠠᠯᠴᠠᠨ ᠪᠠᠲᠤᠯᠠᠨ ᠦᠡᠭᠭᠡᠷᠡᠭᠦᠯᠦᠭᠰᠡᠨ ᠮᠦᠷᠲᠡᠭᠡᠨ Z ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠪᠡ᠃ Z ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠠᠴᠠ ᠬᠢᠨᠡᠨ ᠪᠠᠶᠢᠴᠠᠭᠠᠭᠰᠠᠨ ᠤ ᠳᠠᠷᠠᠭ᠎ᠠ ᠲᠤᠰ ︽ᠬᠤᠷᠠᠯ ᠤᠨ ᠰᠢᠢᠳᠪᠦᠷᠢ︾᠎ ᠶᠢ ᠵᠦᠪᠰᠢᠶᠡᠷᠡᠪᠡ᠃ ᠤᠴᠢᠷ ᠨᠢ ︽ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠳᠦᠷᠢᠮ︾᠎ ᠤᠨ ᠠᠷᠪᠠᠳᠤᠭᠠᠷ ᠵᠦᠢᠯ ᠤᠨ ᠬᠤᠶᠠᠳᠤᠭᠠᠷ ᠵᠣᠷᠪᠣᠰ ᠲᠤ ᠲᠤᠳᠤᠷᠬᠠᠢ ᠲᠤᠭᠲᠠᠭᠠᠭᠰᠠᠨ ᠨᠢ᠂ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢᠨ ᠬᠤᠭᠤᠴᠠᠭᠠᠠ ᠳᠤ᠂ ᠳᠠᠭᠠᠭᠠᠴᠢᠯᠠᠭᠴᠢ ᠶᠢᠨ ᠬᠡᠷᠡᠭᠯᠡᠵᠦ ᠪᠠᠶᠢᠭ᠎ᠠ ᠨᠤᠲᠤᠭ ᠪᠡᠯᠴᠢᠭᠡᠷ ᠲᠤ ᠲᠤᠬᠢᠷᠠᠭᠤᠯᠤᠯᠲᠠ ᠬᠢᠵᠦ ᠪᠤᠯᠬᠤ ᠦᠭᠡᠢ  ᠤᠨᠴᠠ ᠨᠢᠭᠡ ᠪᠦᠯᠦᠭ ᠳᠠᠭᠠᠭᠠᠴᠢᠯᠠᠭᠴᠢ ᠶᠢᠨ ᠨᠤᠲᠤᠭ ᠪᠡᠯᠴᠢᠭᠡᠷ ᠲᠤ ᠲᠤᠬᠢᠷᠠᠮᠵᠢᠲᠠᠢ ᠲᠤᠬᠢᠷᠠᠭᠤᠯᠤᠯᠲᠠ ᠬᠢᠬᠦ ᠴᠢᠬᠤᠯᠠᠲᠠᠢ ᠪᠤᠯ᠂ ᠡᠷᠬᠡᠪᠰᠢ ᠲᠤᠰ ᠬᠠᠮᠲᠤ ᠶᠢᠨ ᠠᠵᠦ ᠠᠬᠤᠢ ᠶᠢᠨ ᠵᠤᠬᠢᠶᠠᠨ ᠪᠠᠶᠢᠭᠤᠯᠤᠯᠲᠠ ᠶᠢᠨ ᠪᠦᠷᠢᠯᠳᠦᠭᠦᠨ ᠤ ᠠᠷᠠᠳ ᠤᠨ ᠬᠤᠷᠠᠯ ᠤᠨ ᠭᠤᠷᠪᠠᠨ ᠤ ᠬᠤᠶᠠᠷ ᠠᠴᠠ ᠳᠡᠭᠡᠭᠰᠢᠬᠢ ᠪᠦᠷᠢᠯᠳᠦᠭᠦᠨ ᠪᠤᠶᠤ ᠠᠷᠠᠳ ᠤᠨ ᠲᠦᠯᠦᠭᠡᠯᠡᠭᠴᠢᠳ ᠤᠨ ᠬᠤᠷᠠᠯ ᠤᠨ ᠭᠤᠷᠪᠠᠨ ᠤ ᠬᠤᠶᠠᠷ ᠠᠴᠠ ᠳᠡᠭᠡᠭᠰᠢᠬᠢ ᠲᠦᠯᠦᠭᠡᠯᠡᠭᠴᠢ ᠪᠠᠷ ᠵᠦᠪᠰᠢᠶᠡᠷᠡᠭᠦᠯᠦᠭᠰᠡᠨ ᠪᠠᠶᠢᠬᠤ ᠬᠡᠷᠡᠭᠲᠠᠢ ᠮᠦᠷᠲᠡᠭᠡᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠪᠠᠶᠢᠬᠤ ᠬᠡᠷᠡᠭᠲᠠᠢ ᠭᠡᠵᠠᠢ᠃ ᠭᠠᠴᠠᠭᠠᠨ ᠤ ᠠᠷᠠᠳ ᠤᠨ ᠲᠦᠯᠦᠭᠡᠯᠡᠭᠴᠢᠳ ᠤᠨ ᠬᠤᠷᠠᠯ ᠨᠢ ᠭᠠᠴᠠᠭᠠᠨ ᠤ ᠠᠷᠠᠳ ᠤᠨ ᠬᠤᠷᠠᠯ ᠤᠨ ᠡᠷᠬᠡ ᠤᠯᠭᠤᠭᠰᠠᠨ ᠬᠡᠪᠴᠢᠶᠡᠨ ᠲᠤᠳᠤᠷ᠎ᠠ ᠤᠨᠴᠠ ᠨᠢᠭᠡ ᠪᠦᠯᠦᠭ ᠳᠠᠭᠠᠭᠠᠴᠢᠯᠠᠭᠴᠢ ᠶᠢᠨ ᠨᠤᠲᠤᠭ ᠪᠡᠯᠴᠢᠭᠡᠷ ᠲᠤ ᠲᠤᠬᠢᠷᠠᠮᠵᠢᠲᠠᠢ ᠲᠤᠬᠢᠷᠠᠭᠤᠯᠤᠯᠲᠠ ᠬᠢᠬᠦ ᠴᠢᠬᠤᠯᠠᠲᠠᠢ ᠪᠤᠯ᠂ ᠬᠠᠤᠯᠢ ᠶᠤᠰᠤᠭᠠᠷ ᠠᠷᠠᠳ ᠤᠨ ᠲᠦᠯᠦᠭᠡᠯᠡᠭᠴᠢᠳ ᠤᠨ ᠬᠤᠷᠠᠯ ᠢ ᠬᠤᠷᠠᠯᠳᠤᠭᠤᠯᠵᠦ᠂ ᠠᠷᠠᠳᠴᠢᠯᠠᠯ ᠢᠶᠠᠷ ᠰᠠᠨᠠᠯ ᠬᠠᠶᠠᠯᠴᠠᠨ ᠪᠠᠲᠤᠯᠠᠨ ᠦᠡᠭᠭᠡᠷᠡᠭᠦᠯᠦᠭᠰᠡᠨ ᠪᠠᠶᠢᠬᠤ ᠬᠡᠷᠡᠭᠲᠠᠢ ᠮᠦᠷᠲᠡᠭᠡᠨ ᠲᠤᠬᠠᠢ ᠶᠢᠨ ᠭᠠᠵᠠᠷ ᠤᠨ ᠢᠶᠠᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠳᠤ ᠮᠡᠳᠡᠭᠦᠯᠦᠨ ᠵᠦᠪᠰᠢᠶᠡᠷᠡᠭᠦᠯᠦᠭᠰᠡᠨ ᠤ ᠳᠠᠷᠠᠭ᠎ᠠ ᠪᠠᠭ᠎ᠠ ᠬᠡᠮᠵᠢᠶᠡᠨ ᠤ ᠲᠤᠬᠢᠷᠠᠭᠤᠯᠤᠯᠲᠠ ᠬᠢᠵᠦ ᠪᠤᠯᠤᠨ᠎ᠠ᠃ ︵ ᠽᠧ ᠮᠢᠩ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠤᠨ ᠬᠠᠤᠯᠢᠴᠢ︶ 



  
     
     