-
2154171
ᠪᠠᠶᠢᠴᠠᠭᠠᠬᠤ ︵ᠬᠤᠪᠢᠶᠠᠷᠢ︶ ᠬᠤᠷᠢᠶ᠎ᠠ ᠳᠤ ᠴᠠᠭᠳᠠᠨ ᠪᠠᠶᠢᠴᠠᠭᠠᠯᠳᠠ ᠬᠢᠬᠦ ᠪᠠᠷ ᠪᠤᠢ
2019-10-10 11:29
344
0
10 ᠰᠠᠷ᠎ᠠ ᠶᠢᠨ 9 ᠤ ᠡᠳᠦᠷ᠂ ᠦᠪᠡᠷᠳᠡᠬᠡᠨ ᠵᠠᠰᠠᠬᠤ ᠤᠷᠤᠨ ᠤ ᠪᠠᠶᠢᠴᠠᠭᠠᠬᠤ ᠬᠤᠷᠢᠶ᠎ᠠ ᠬᠤᠶᠠᠳᠤᠭᠠᠷ ᠡᠬᠡᠯᠵᠢ ᠶᠢᠨ ᠴᠠᠭᠳᠠᠨ ᠪᠠᠶᠢᠴᠠᠭᠠᠬᠤ ᠠᠵᠢᠯ ᠤᠨ ᠲᠠᠶᠢᠴᠢᠯᠠᠯᠳᠠ ᠪᠠᠶᠢᠷᠢᠯᠠᠭᠤᠯᠤᠯᠳᠠ ᠶᠢᠨ ᠬᠤᠷᠠᠯ ᠬᠢᠪᠡ᠃ ᠤᠢᠢᠷ᠎ᠠ ᠶᠢᠨ ᠬᠤᠭᠤᠴᠠᠭᠠᠨ ᠳᠤ 3 ᠴᠠᠭᠳᠠᠨ ᠪᠠᠶᠢᠴᠠᠭᠠᠬᠤ ᠲᠤᠭᠤᠢᠢᠯᠠᠩ ᠲᠤᠮᠢᠯᠠᠨ ᠬᠦᠬᠡᠬᠤᠳᠠ᠂ ᠪᠤᠭᠤᠳᠤ᠂ ᠰᠢᠯᠢ ᠶᠢᠨ ᠭᠤᠤᠯ᠂ ᠤᠯᠠᠭᠠᠠᠴᠠᠪ᠂ ᠪᠠᠶᠠᠨᠨᠠᠭᠤᠷ ᠵᠢᠴᠢ ᠪᠠᠭ᠎ᠠ ᠲᠦᠷᠭᠡᠨ ᠭᠤᠣᠯ ᠵᠡᠷᠭᠡ 6 ᠠᠶᠢᠮᠠᠬ ᠬᠤᠳᠠ ᠭᠠᠵᠠᠷ ᠤᠷᠤᠨ ᠤ ᠪᠠᠶᠢᠴᠠᠭᠠᠬᠤ ︵ᠬᠤᠪᠢᠶᠠᠷᠢ︶ ᠬᠤᠷᠢᠶ᠎ᠠ ᠳᠤ ᠴᠠᠭᠳᠠᠨ ᠪᠠᠶᠢᠴᠠᠭᠠᠯᠳᠠ ᠦᠷᠨᠢᠭᠦᠯᠵᠦ᠂ ᠬᠡᠯᠪᠡᠷᠢᠴᠢ ᠦᠵᠡᠯ᠂ ᠨᠤᠶᠠᠨᠴᠢ ᠰᠣᠷᠳᠠᠯ ᠢ ᠳᠣᠰᠬᠠᠢ ᠴᠡᠭᠴᠡᠯᠡᠨ ᠵᠠᠰᠠᠬᠤ ᠪᠠᠷ ᠪᠣᠢ᠃
ᠦᠪᠡᠷᠲᠡᠭᠡᠨ ᠵᠠᠰᠠᠬᠤ ᠤᠷᠤᠨ ᠤ ᠪᠠᠶᠢᠴᠠᠭᠠᠬᠤ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ᠂ ᠪᠠᠶᠢᠴᠠᠭᠠᠬᠤ ᠳᠠᠷᠤᠭ᠎ᠠ ᠯᠢ ᠴᠢ ᠯᠢᠨ ᠳᠠᠶᠢᠴᠢᠯᠠᠯᠲᠠ ᠶᠢᠨ ᠬᠤᠷᠠᠯ ᠳᠤ ᠤᠷᠤᠯᠴᠠᠬᠤ ᠶᠢᠨ ᠬᠠᠮᠲᠤ ᠶᠠᠷᠢᠶ᠎ᠠ ᠲᠠᠯᠪᠢᠪᠠ᠃
ᠯᠢ ᠴᠢ ᠯᠢᠨ᠂ ᠤᠯᠤᠰ ᠲᠦᠷᠦ ᠶᠢᠨ ᠵᠤᠬᠰᠤᠴᠠ ᠪᠠᠨ ᠲᠡᠭᠡᠭᠰᠢᠯᠡᠬᠦᠯᠦᠨ᠂ ᠲᠤᠰᠬᠠᠢ ᠴᠠᠭᠳᠠᠨ ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠤᠬᠳᠠᠯ ᠢ ᠬᠦᠨᠵᠡᠬᠡᠢ ᠲᠠᠨᠢᠬᠤ ᠬᠡᠷᠡᠭᠳᠡᠢ᠃ ᠠᠰᠠᠭᠤᠳᠠᠯ ᠢᠶᠠᠷ ᠣᠳᠣᠷᠢᠳᠣᠮᠵᠢ ᠪᠣᠯᠭᠠᠬᠤ ᠶᠢ ᠪᠠᠷᠢᠮᠳᠠᠯᠠᠵᠣ᠂ ︽ᠲᠠᠪᠤ ᠶᠢ ᠯᠠᠪᠳᠠᠭᠤᠨ ᠪᠠᠳᠤᠳᠠᠢ ᠡᠵᠡᠮᠰᠢᠬᠦ︾ ᠪᠤᠯᠤᠨ ︽ᠲᠦᠷᠪᠡ ᠳᠤ ᠠᠩᠬᠠᠷᠤᠯ ᠢᠶᠠᠨ ᠲᠦᠪᠯᠡᠷᠡᠬᠦᠯᠬᠦ︾ ᠶᠢᠨ ᠳᠣᠭᠤᠷᠢᠨ ᠳᠤ ᠬᠡᠯᠪᠡᠷᠢᠴᠢ ᠦᠵᠡᠯ᠂ ᠨᠤᠶᠠᠨᠴᠢ ᠰᠣᠷᠳᠠᠯ ᠤᠨ ᠠᠰᠠᠭᠤᠳᠠᠯ ᠢ ᠴᠡᠭᠴᠡᠯᠡᠨ ᠵᠠᠰᠠᠬᠤ ᠬᠡᠷᠡᠭᠳᠡᠢ᠃ ᠵᠤᠷᠢᠬᠳᠠᠢ ᠪᠠᠷ ᠬᠠᠷᠢᠭᠤᠴᠠᠯᠭ᠎ᠠ ᠡᠬᠦᠷᠬᠡᠯᠡᠨ ᠬᠠᠷᠢᠭᠤᠴᠠᠵᠣ᠂ ᠴᠠᠭᠳᠠᠨ ᠪᠠᠶᠢᠴᠠᠭᠠᠵᠤ ᠬᠢᠨᠠᠯᠳᠠ ᠲᠠᠯᠪᠢᠬᠤ ᠬᠠᠮᠳᠤᠷᠠᠯ ᠬᠦᠴᠦᠨ ᠢ ᠦᠨᠡᠨ ᠬᠦ ᠴᠢᠩᠭᠠᠷᠠᠭᠤᠯᠬᠤ ᠬᠡᠷᠡᠭᠳᠡᠢ᠃ ᠴᠠᠭᠳᠠᠨ ᠪᠠᠶᠢᠴᠠᠭᠠᠬᠤ ᠠᠵᠢᠯ ᠪᠤᠯᠤᠨ ︽ᠤᠬ ᠰᠠᠨᠠᠭ᠎ᠠ ᠪᠠᠨ ᠦᠯᠦ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠬᠦ︾ ᠭᠤᠤᠯ ᠰᠡᠳᠦᠪᠳᠦ ᠬᠦᠮᠦᠵᠢᠯ ᠢ ᠨᠢᠬᠳᠠ ᠤᠶᠠᠯᠳᠤᠭᠤᠯᠤᠨ᠂ ᠡᠯ᠎ᠡ ᠵᠦᠢᠯ ᠤᠨ ᠪᠠᠶᠢᠴᠠᠭᠠᠬᠤ ᠠᠵᠢᠯ ᠤᠨ ᠪᠦᠬᠦ ᠲᠠᠯ᠎ᠠ ᠪᠠᠷ ᠵᠤᠬᠢᠴᠠᠩᠭᠤᠢ ᠪᠠᠷ ᠬᠦᠢᠴᠡᠳ ᠬᠦᠭᠵᠢᠬᠦ ᠶᠢ ᠠᠬᠢᠭᠤᠯᠬᠤ ᠬᠡᠷᠡᠭᠳᠡᠢ ᠬᠡᠵᠦ ᠵᠢᠭᠠᠵᠤ ᠭᠠᠷᠭᠠᠵᠠᠢ᠃
ᠯᠢ ᠴᠢ ᠯᠢᠨ᠂ ᠴᠠᠭᠳᠠᠨ ᠪᠠᠶᠢᠴᠠᠭᠠᠬᠤ ᠠᠵᠢᠯ ᠤᠨ ᠦᠨᠳᠦᠰᠦᠨ ᠵᠠᠷᠴᠢᠮ ᠢ ᠬᠦᠨᠵᠡᠬᠡᠢ ᠤᠢᠢᠯᠠᠭᠠᠨ ᠰᠠᠶᠢᠳᠤᠷ ᠡᠵᠡᠮᠰᠢᠵᠦ᠂ ᠨᠠᠮ ᠤᠨ ᠣᠯᠣᠰ ᠲᠦᠷᠦ ᠶᠢᠨ ᠪᠠᠶᠢᠭᠤᠯᠣᠯᠳᠠ᠂ ᠨᠠᠮ ᠤᠨ ᠵᠣᠬᠢᠶᠠᠨ ᠪᠠᠶᠢᠭᠤᠯᠣᠯᠳᠠ ᠶᠢᠨ ᠴᠣᠭᠴᠠᠯᠠᠯᠳᠠ᠂ ᠪᠦᠬᠦ ᠳᠠᠯ᠎ᠠ ᠪᠠᠷ ᠨᠠᠮ ᠢ ᠴᠢᠩᠭ᠎ᠠ ᠵᠠᠰᠠᠬᠤ᠂ ᠪᠠᠶᠢᠴᠠᠭᠠᠬᠤ ᠭᠤᠣᠯ ᠠᠵᠢᠯ ᠳᠤ ᠠᠩᠬᠠᠷᠣᠯ ᠢᠶᠠᠨ ᠲᠦᠪᠯᠡᠷᠡᠭᠦᠯᠬᠦ ᠶᠢ ᠳᠣᠪᠤᠶᠢᠯᠭᠠᠵᠣ᠂ ᠠᠰᠠᠭᠤᠳᠠᠯ ᠢ ᠣᠨᠣᠴᠠᠳᠠᠢ ᠢᠯᠡᠷᠡᠭᠦᠯᠬᠦ ᠬᠡᠷᠡᠭᠳᠡᠢ᠃ ᠭᠤᠣᠯᠳᠠᠯᠭ᠎ᠠ ᠲᠠᠢ ᠭᠤᠭᠴᠤᠭ᠎ᠠ ᠶᠢ ᠠᠳᠬᠤᠨ ᠠᠰᠠᠭᠤᠳᠠᠯ ᠢ ᠢᠯᠡᠷᠡᠭᠦᠯᠬᠦ ᠶᠠᠰᠣ ᠴᠢᠨᠠᠷ ᠦᠷ᠎ᠡ ᠪᠦᠳᠦᠮᠵᠢ ᠶᠢ ᠳᠡᠭᠡᠭᠰᠢᠯᠡᠭᠦᠯᠵᠦ᠂ ︽ᠣᠷᠣᠵᠣ ᠰᠠᠭᠤᠨ ᠪᠡᠯᠡᠳᠭᠡᠬᠦ︾ ᠡᠨᠡ ᠬᠦ ᠰᠠᠭᠤᠷᠢ᠂ ︽ᠠᠰᠠᠭᠤᠳᠠᠯ ᠢ ᠢᠯᠡᠷᠡᠭᠦᠯᠬᠦ︾ ᠡᠨᠡ ᠬᠦ ᠠᠮᠢᠨ ᠰᠣᠳᠠᠰᠣ᠂ ︽ᠠᠰᠠᠭᠤᠳᠠᠯ ᠢ ᠵᠠᠳᠠᠯᠬᠤ︾ ᠡᠨᠡ ᠬᠦ ᠵᠠᠩᠬᠢᠯᠠᠭ᠎ᠠ ᠶᠢ ᠦᠨᠡᠨ ᠬᠦ ᠰᠠᠶᠢᠳᠣᠷ ᠠᠳᠬᠤᠬᠤ ᠬᠡᠷᠡᠭᠳᠡᠢ ᠬᠡᠵᠦ ᠴᠢᠬᠤᠯᠠᠴᠢᠯᠠᠪᠠ᠃ ᠵᠣᠬᠢᠶᠠᠭᠴᠢ᠄ ᠰᠢᠨᠡᠪᠢᠯᠢᠭ