 

        

2018-05-23 10:36
  371
  0

      5 ᠰᠠᠷ᠎ᠠ — ᠬᠤᠷᠴᠠ ᠤᠯᠠᠭᠠᠨ ᠴᠡᠴᠡᠭ  5 ᠰᠠᠷ᠎ᠠ ᠶᠢᠨ 8᠎ ᠤ ᠡᠲᠦᠷ᠂ ᠤᠷᠴᠦᠨ ᠦᠨᠲᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ ︽2018 ᠦᠪᠦᠷ ᠮᠤᠩᠭᠤᠯ ᠤᠨ ᠤᠷᠴᠦᠨ ᠦᠨᠲᠦᠰᠦᠳᠡᠨ ᠤ ᠦᠪᠡᠷᠳᠡᠭᠡᠨ ᠵᠠᠰᠠᠬᠤ ᠬᠤᠰᠢᠭᠤ ᠶᠢᠨ ᠬᠤᠷᠴᠠ ᠤᠯᠠᠭᠠᠨ ᠴᠡᠴᠡᠭ ᠤᠨ ᠨᠠᠶᠢᠷ︾ ᠳ᠋ᠠᠷᠪᠢᠨ ᠨᠠᠭᠤᠷ ᠤᠨ ᠬᠦᠪᠡᠭᠡᠨ ᠳᠤ ᠦᠪᠡᠳᠡᠭᠰᠢ ᠶᠡᠬᠡᠪᠡᠷ ᠡᠬᠢᠯᠡᠵᠦ᠂ 5 ᠰᠠᠷ᠎ᠠ ᠶᠢᠨ 19᠎ ᠤ ᠡᠲᠦᠷ᠂ ︽ᠦᠪᠦᠷ ᠮᠤᠩᠭᠤᠯ ᠤᠨ ᠲᠡᠯᠭᠡᠷᠡᠬᠦ ᠤᠯᠠᠷᠢᠯ ᠤᠨ ᠵᠤᠭᠠᠴᠠᠯ ᠵᠢᠴᠢ ᠷᠠᠰᠢᠶᠠᠨ ᠤ ᠬᠢᠨᠭ᠍ᠭᠠᠨ ᠬᠤᠷᠴᠠ ᠤᠯᠠᠭᠠᠨ ᠴᠡᠴᠡᠭ ᠤᠨ ᠨᠠᠶᠢᠷ︾ ᠷᠠᠰᠢᠶᠠᠨ ᠬᠤᠲᠠ ᠳᠤ ᠶᠠᠪᠤᠭᠲᠠᠯ᠎ᠠ᠃ ᠬᠤᠷᠴᠠ ᠤᠯᠠᠭᠠᠨ ᠴᠡᠴᠡᠭ ᠭᠤᠤᠯᠲᠠᠭᠤ ᠮᠠᠨ ᠤ ᠤᠯᠤᠰ ᠤᠨ ᠵᠡᠬᠦᠨ ᠬᠤᠶᠢᠲᠦ ᠬᠡᠰᠡᠭ᠂ ᠰᠤᠯᠤᠩᠭᠤᠰ ᠤᠨ ᠬᠤᠶᠢᠲᠦ ᠬᠡᠰᠡᠭ᠂ ᠶᠠᠫᠦᠨ ᠤ ᠬᠤᠶᠢᠲᠦ ᠭᠡᠰᠡᠭ ᠪᠠ ᠤᠷᠤᠰ ᠤᠨ ᠰᠢᠪᠧᠷᠢᠶ᠎ᠠ ᠤᠷᠤᠨ ᠢᠶᠠᠷ ᠲᠠᠷᠬᠠᠲᠠᠭ ᠪᠠᠶᠢᠨ᠎ᠠ᠃ ᠵᠢᠯ ᠪᠦᠷᠢ ᠶᠢᠨ 5 ᠰᠠᠷ᠎ᠠ ᠶᠢᠨ ᠡᠬᠢᠨ ᠢᠶᠠᠷ᠂ ᠡᠪᠦᠯ ᠤᠨ ᠬᠦᠨ ᠨᠦᠢᠷ ᠠᠴᠠ ᠪᠠᠨ ᠰᠠᠶ᠋ᠢᠬᠠᠨ ᠰᠡᠷᠢᠭᠰᠡᠨ ᠶᠡᠭᠡ ᠬᠢᠨᠭ᠍ᠭᠠᠨ ᠲᠠᠪᠠᠭᠠᠨ ᠤ ᠬᠦᠷᠮᠠᠨ ᠴᠢᠯᠠᠭᠤᠯᠢᠭ ᠪᠠ ᠠᠭᠤᠯᠠ ᠲᠠᠯ᠎ᠠ ᠲᠡᠬᠡᠬᠦᠷ ᠬᠤᠷᠴᠠ ᠤᠯᠠᠭᠠᠨ ᠴᠡᠴᠡᠭ ᠪᠠᠲᠠᠷᠠᠨ ᠲᠡᠯᠭᠡᠷᠡᠵᠦ᠂ ᠴᠠᠭᠠᠨ ᠬᠤᠰᠦ᠂ ᠨᠤᠭᠤᠭᠠᠨ ᠨᠠᠷᠠᠰᠦ ᠶᠢᠨ ᠲᠤᠮᠲᠠᠭᠤᠷ ᠦᠡᠭᠭᠡ ᠠᠯᠠᠬᠯᠠᠨ᠂ ᠡᠬᠡ ᠪᠠᠶᠢᠭᠠᠯᠢ ᠶᠢᠨ ᠡᠴᠢᠨ᠎ᠡ ᠬᠦᠴᠦᠨ ᠳᠤ ᠪᠦᠲᠦᠭᠡᠭᠳᠡᠭᠰᠡᠨ ᠤᠷᠠᠨ ᠵᠢᠷᠤᠭ ᠤᠨ ᠪᠦᠲᠦᠭᠡᠯ ᠮᠡᠲᠦ ᠭᠤᠶᠤ ᠪᠠᠶᠢᠲᠠᠭ᠃

      6 ᠰᠠᠷ᠎ᠠ — ᠴᠠᠨ᠎ᠠ ᠴᠡᠴᠡᠭ  ᠮᠠᠨ ᠤ ᠤᠯᠤᠰ ᠤᠨ ᠵᠢᠷᠭᠤᠭᠠᠨ ᠨᠡᠷᠡᠲᠦ ᠴᠡᠴᠡᠭ ᠤᠨ ᠨᠢᠭᠡ ᠪᠤᠯᠬᠤ ᠴᠠᠨ᠎ᠠ ᠴᠡᠴᠡᠭ ᠡᠷᠳᠡ ᠲᠡᠦᠬᠡ ᠠᠴᠠ ᠪᠠᠨ ᠠᠪᠤᠭᠠᠳ ᠢᠷᠠᠭᠤ ᠨᠠᠶᠢᠷᠠᠭ ᠰᠢᠯᠦᠭ ᠲᠠᠭᠤᠯᠠᠯ ᠳᠤ ᠮᠠᠬᠲᠠᠬᠳᠡᠨ ᠤᠶᠠᠩᠭᠠᠯᠠᠬᠲᠠᠭᠰᠠᠭᠠᠷ ᠢᠷᠡᠵᠡᠢ᠃ ᠮᠠᠨ ᠤ ᠤᠷᠤᠨ ᠲᠡᠦᠬᠡᠨ ᠠᠴᠠ ᠪᠠᠨ ᠴᠠᠨ᠎ᠠ ᠴᠡᠴᠡᠭ ᠤᠨ ᠭᠠᠷᠤᠯᠲᠠ ᠶᠢᠨ ᠤᠷᠤᠨ ᠪᠠᠶᠢᠪᠡ᠂ ᠢᠯᠠᠩᠭᠤᠶ᠎ᠠ ᠬᠤᠷᠢᠨᠭᠡᠷ ᠰᠢᠶᠠᠨ ᠨᠢ ︽ᠶᠡᠭᠡ ᠪᠠᠭ᠎ᠠ ᠴᠠᠨ᠎ᠠ ᠴᠡᠴᠡᠭ ᠤᠨ ᠭᠤᠤ︾ ᠭᠡᠮᠡᠨ ᠠᠶᠢᠯ ᠲᠤᠰᠬᠤᠨ ᠢᠶᠠᠨ ᠨᠡᠷᠡᠯᠡᠭᠰᠡᠨ ᠪᠠᠶᠢᠲᠠᠭ᠃ ᠵᠢᠯ ᠪᠦᠷᠢ ᠶᠢᠨ 6 ᠰᠠᠷ᠎ᠠ ᠳᠤ᠂ ᠬᠤᠷᠢᠨᠭᠡᠷ ᠰᠢᠶᠠᠨ ᠤ ᠱᠧᠩ ᠯᠧ ᠶᠢᠨ ᠪᠠᠢ ᠲᠢᠩ ᠶᠤᠸᠠᠨ ᠴᠠᠨ᠎ᠠ ᠴᠡᠴᠡᠭ ᠤᠨ ᠬᠦᠷᠢᠶᠡᠯᠡᠩ ᠳᠤ ᠤᠯᠠᠭᠠᠨ ᠶᠠᠭᠠᠨ ᠴᠠᠨ᠎ᠠ ᠴᠡᠴᠡᠭ ᠬᠠᠷᠠᠭ᠎ᠠ ᠪᠤᠯᠢᠶᠠᠮ᠎ᠠ ᠲᠡᠯᠭᠡᠷᠡᠵᠦ᠂ ᠦᠨᠦᠷ ᠨᠢ ᠬᠤᠯᠠ ᠠᠴᠠ ᠠᠩᠬᠢᠯᠵᠦ᠂ ᠲᠦᠷᠪᠡᠨ ᠵᠦᠭ ᠨᠠᠢᠮᠠᠨ ᠵᠤᠪᠬᠢᠰ ᠤᠨ ᠵᠤᠭᠠᠴᠠᠭᠰᠠᠳ ᠢ ᠲᠠᠲᠠᠲᠠᠭ ᠪᠢᠯᠡ᠃ ᠨᠢᠲᠤᠨᠤᠨ ᠶᠠᠪᠤᠭᠲᠠᠭᠰᠠᠨ ︽ᠦᠪᠦᠷ ᠮᠤᠩᠭᠤᠯ ᠤᠨ ᠬᠤᠷᠢᠨᠭᠡᠷ ᠤᠨ ᠨᠠᠢᠮᠠᠲᠤᠭᠠᠷ ᠬᠤᠭᠤᠴᠠᠭᠠᠨ ᠤ ᠴᠠᠨ᠎ᠠ ᠴᠡᠴᠡᠭ ᠤᠨ ᠤᠯᠠᠨ ᠤᠯᠤᠰ ᠤᠨ ᠰᠤᠶᠤᠯ ᠵᠤᠭᠠᠴᠠᠯ ᠤᠨ ᠨᠠᠶᠢᠷ︾ ᠲᠡᠭᠡᠷ᠎ᠡ ᠬᠤᠷᠢᠨᠭᠡᠷ ᠰᠢᠶᠠᠨ ᠤ ᠲᠡᠳ᠋ ᠲᠠᠷᠤᠭ᠎ᠠ ᠵᠠᠩ ᠢ ᠹᠠᠨ᠄ ︽ᠮᠠᠨ ᠤ ᠰᠢᠶᠠᠨ ᠤ ᠴᠠᠨ᠎ᠠ ᠴᠡᠴᠡᠭ ᠲᠠᠷᠢᠬᠤ ᠲᠠᠯᠠᠪᠠᠢ 30 ᠭᠠᠷᠤᠢ ᠮᠦ ᠪᠠᠶᠢᠬᠰᠠᠨ ᠠᠴᠠ ᠪᠠᠨ ᠤᠲᠤ ᠨᠡᠮᠡᠭᠳᠡᠭᠡᠳ 550 ᠮᠦ ᠪᠤᠯᠤᠬᠰᠠᠨ᠂ ᠴᠡᠴᠡᠭ ᠲᠠᠷᠢᠬᠤ ᠬᠡᠪᠴᠢᠶᠡᠵᠢᠯ ᠪᠠ ᠲᠤᠭ᠎ᠠ ᠬᠡᠮᠵᠢᠶᠡᠨ ᠠᠴᠠ ᠠᠪᠴᠦ ᠦᠵᠡᠪᠡᠯ᠂ ᠬᠤᠷᠢᠨᠭᠡᠷ ᠤᠨ ᠴᠠᠨ᠎ᠠ ᠴᠡᠴᠡᠭ ᠨᠢᠬᠡᠨᠳᠡ ᠤᠮᠠᠷᠠᠲᠦ ᠤᠷᠤᠨ ᠳᠤ ᠲᠡᠷᠢᠬᠦᠯᠡᠭᠰᠡᠨ ᠪᠠᠶᠢᠨ᠎ᠠ︾ ᠭᠡᠵᠦ ᠤᠮᠤᠭ ᠲᠡᠬᠦᠯᠳᠡᠷ ᠶᠠᠷᠢᠵᠦ ᠪᠠᠶᠢᠯ᠎ᠠ᠃

      7 ᠰᠠᠷ᠎ᠠ — ᠰᠢᠮᠡᠯᠳᠡᠭ ᠤᠨ ᠴᠡᠴᠡᠭ  7 ᠰᠠᠷ᠎ᠠ ᠳᠤ᠂ ᠮᠠᠨ ᠤ ᠤᠷᠤᠨ ᠤ ᠵᠡᠬᠦᠨ ᠬᠤᠶᠢᠲᠦ ᠭᠡᠰᠡᠭ ᠲᠤ ᠪᠠᠶᠢᠷᠢᠯᠠᠭᠰᠠᠨ ᠶᠠᠭᠰᠢ ᠬᠤᠲᠠ ᠶᠢᠨ ᠵᠤᠨ ᠤ ᠤᠯᠠᠷᠢᠯ ᠰᠠᠶ᠋ᠢ ᠵᠢᠩᠬᠢᠨᠢ ᠪᠠᠷ ᠡᠬᠢᠯᠡᠳᠡᠭ᠃ ᠰᠢᠮᠡᠯᠳᠡᠭ ᠤᠨ ᠴᠡᠴᠡᠭ ᠰᠠᠯᠬᠢᠨ ᠤ ᠠᠶ᠎ᠠ ᠪᠠᠷ ᠨᠠᠶᠢᠭᠤᠨ ᠪᠦᠵᠢᠬᠦ ᠳᠤ ᠪᠠᠯᠲᠦ ᠵᠦᠬᠡᠢ ᠴᠡᠴᠡᠭ ᠤᠨ ᠲᠤᠮᠲᠠᠭᠤᠷ ᠲᠤᠭᠤᠰᠦ ᠴᠤᠭᠯᠠᠭᠤᠯᠵᠦ ᠶᠠᠭᠠᠷᠠᠨ᠎ᠠ᠃ ᠲᠦᠮᠡᠨ ᠮᠦ ᠶᠢᠨ ᠰᠢᠮᠡᠯᠳᠡᠭ ᠤᠨ ᠴᠡᠴᠡᠭ ᠰᠢᠷᠭᠠᠯ ᠬᠡᠪᠢᠰ ᠲᠡᠯᠭᠡᠭᠰᠡᠨ ᠰᠢᠭ ᠲᠡᠭᠷᠢ ᠭᠠᠵᠠᠷ ᠢ ᠬᠤᠯᠪᠤᠵᠦ᠂ ᠬᠦᠷᠦᠭᠰᠡᠨ ᠪᠦᠬᠦᠨ ᠤ ᠪᠠᠭ᠋ᠠᠷᠬᠠᠯ ᠢ ᠲᠠᠲᠠᠨ᠎ᠠ᠃ ᠶᠠᠬᠰᠢ ᠬᠤᠲᠠ ᠪᠤᠯ ᠬᠦᠯᠦᠨ ᠪᠤᠶᠢᠷ ᠤᠨ ᠰᠢᠮᠡᠯᠳᠡᠭ ᠤᠨ ᠭᠤᠤᠯ ᠭᠠᠷᠤᠯᠲᠠ ᠶᠢᠨ ᠤᠷᠤᠨ ᠪᠤᠯᠤᠨ᠎ᠠ᠃ ᠨᠠᠯᠠᠦ ᠲᠡᠭᠰᠢᠭᠡᠨ ᠲᠠᠯ᠎ᠠ ᠭᠠᠵᠠᠷ ᠲᠡᠭᠡᠬᠦᠷ ᠰᠢᠮᠡᠯᠳᠡᠭ ᠤᠨ ᠲᠠᠷᠢᠶ᠎ᠠ᠂ ᠪᠤᠭᠤᠲᠠᠢ ᠶᠢᠨ ᠲᠠᠷᠢᠶ᠎ᠠ᠂ ᠲᠦᠮᠦᠰᠦ ᠶᠢᠨ ᠲᠠᠷᠢᠶ᠎ᠠ ᠵᠠᠯᠭᠠᠯᠲᠤᠵᠦ ᠰᠢᠷ᠎ᠠ ᠨᠤᠭᠤᠭᠠᠨ ᠦᠡᠭᠭᠡ ᠪᠠᠷ ᠠᠯᠠᠬᠯᠠᠨ᠂ ︽ᠲᠤᠮᠲᠠᠲᠦ ᠤᠯᠤᠰ ᠤᠨ ᠤᠢ ᠰᠢᠭᠤᠢ ᠶᠢᠨ ᠠᠵᠦ ᠦᠢᠯᠡᠳᠪᠦᠷᠢ ᠶᠢᠨ ᠲᠦᠪ︾ ᠭᠡᠬᠦ ᠰᠠᠶᠢᠬᠠᠨ ᠠᠯᠲᠠᠷ ᠲᠠᠢ ᠶᠠᠭᠰᠢ ᠬᠤᠲᠠ ᠲᠡᠯᠭᠡᠷᠡᠬᠦ ᠵᠤᠨ ᠤ 7 ᠰᠠᠷ᠎ᠠ ᠳᠤ ᠲᠦᠮᠡᠨ ᠮᠦ ᠶᠢᠨ ᠰᠢᠮᠡᠯᠳᠡᠭ ᠤᠨ ᠴᠡᠴᠡᠭ ᠢᠶᠠᠷ ᠢᠶᠠᠨ ᠬᠦᠮᠦᠰ ᠤᠨ ᠠᠩᠬᠠᠷᠤᠯ ᠢ ᠲᠠᠲᠠᠲᠠᠭ᠃ 2017 ᠤᠨ ᠤ ︽ᠬᠦᠯᠦᠨ ᠪᠤᠶᠢᠷ ︵ᠶᠠᠭᠰᠢ︶᠎ ᠤᠨ ᠭᠤᠷᠪᠠᠲᠤᠭᠠᠷ ᠬᠤᠭᠤᠴᠠᠭᠠᠨ ᠤ ᠰᠢᠮᠡᠯᠳᠡᠭ ᠤᠨ ᠴᠡᠴᠡᠭ ᠤᠨ ᠵᠤᠭᠠᠴᠠᠯ ᠤᠨ ᠨᠠᠶᠢᠷ︾ ᠶᠠᠭᠰᠢ ᠬᠤᠲᠠ ᠶᠢᠨ ᠮᠦᠸᠧ ᠭᠤᠸᠠᠢ ᠲᠠᠷᠢᠶᠠᠯᠠᠩ ᠤᠨ ᠲᠠᠯᠠᠪᠠᠢ ᠳᠤ ᠦᠪᠡᠳᠡᠭᠰᠢ ᠶᠡᠬᠡᠪᠡᠷ ᠡᠬᠢᠯᠡᠵᠤ᠂ ᠤᠷᠤᠨ ᠤ ᠲᠤᠲᠤᠨ᠎ᠠ ᠭᠠᠲᠠᠨᠠᠬᠢ 5000 ᠭᠠᠷᠤᠢ ᠵᠤᠭᠠᠴᠠᠭᠰᠠᠳ ᠤᠷᠤᠯᠴᠠᠬᠰᠠᠨ ᠪᠠᠶᠢᠯ᠎ᠠ᠃

      8 ᠰᠠᠷ᠎ᠠ — ᠨᠠᠷᠠᠨ ᠬᠤᠸᠠᠷ  ᠤᠮᠠᠷᠠᠲᠦ ᠦᠷᠭᠡᠷᠢᠭ ᠤᠨ 40 ᠭᠷᠠᠲᠦ᠋ᠰ ᠤᠷᠴᠢᠮ ᠪᠠᠶᠢᠷᠢᠯᠠᠲᠠᠭ ᠪᠠᠶᠠᠨᠨᠠᠭᠤᠷ ᠬᠤᠲᠠ ᠪᠤᠯ ᠨᠠᠷᠠᠨ ᠬᠤᠸᠠᠷ ᠲᠠᠷᠢᠬᠤ ᠬᠠᠮᠤᠭ ᠤᠨ ᠰᠠᠶᠢᠨ ᠪᠦᠰᠡᠨ ᠳᠤ ᠪᠠᠭᠲᠠᠨ᠎ᠠ᠃ ᠠᠳᠡᠬᠢ ᠨᠠᠷᠠᠨ ᠬᠤᠸᠠᠷ ᠤᠨ ᠦᠷ᠎ᠡ ᠨᠢ ᠲᠤᠮᠤ᠂ ᠦᠡᠭᠭᠡ ᠨᠢ ᠬᠢᠯᠦᠬᠡᠷ᠂ ᠤᠨᠠᠯᠲᠠ ᠨᠢ ᠦᠨᠲᠦᠷ ᠪᠠᠶᠢᠵᠦ᠂ ᠶᠠᠰᠦ ᠴᠢᠨᠠᠷ ᠢᠶᠠᠷ ᠢᠶᠠᠨ ᠪᠦᠬᠦ ᠤᠯᠤᠰ ᠲᠤ ᠤᠷᠦ᠋ᠢᠯᠠᠲᠠᠭ᠃ ᠪᠠᠶᠠᠨᠨᠠᠭᠤᠷ ᠬᠤᠲᠠ ᠨᠢ ᠨᠠᠷᠠᠨ ᠬᠤᠸᠠᠷ ᠢ ᠭᠠᠲᠠᠭᠰᠢ ᠪᠤᠷᠤᠯᠠᠭᠤᠯᠬᠤ᠂ ᠡᠳ᠋ᠰᠢᠬᠦᠯᠦᠨ ᠪᠤᠯᠪᠠᠰᠤᠷᠠᠭᠤᠯᠬᠤ ᠠᠵᠦ ᠦᠢᠯᠡᠰ ᠤᠨ ᠬᠦᠭᠵᠢᠯᠳᠡ ᠪᠠᠷ ᠢᠶᠠᠨ ᠬᠦᠮᠦᠰ ᠤᠨ ᠠᠩᠬᠠᠷᠤᠯ ᠢ ᠲᠠᠲᠠᠭᠰᠠᠨ ᠢᠶᠠᠷ ᠦᠯᠦ ᠪᠠᠷᠠᠮ ᠨᠠᠷᠠᠨ ᠬᠤᠸᠠᠷ ᠤᠨ ᠰᠤᠶᠤᠯ ᠢᠶᠠᠷ ᠢᠶᠠᠨ ᠵᠤᠭᠠᠴᠠᠯ ᠤᠨ ᠲᠠᠲᠠᠬᠤ ᠬᠦᠴᠦᠨ ᠢᠶᠠᠨ ᠨᠡᠮᠡᠭᠳᠡᠬᠦᠯᠵᠦ ᠪᠠᠶᠢᠨ᠎ᠠ᠃ ᠢᠯᠨᠩᠭᠤᠶ᠎ᠠ ᠪᠠᠶᠠᠨᠨᠠᠭᠤᠷ ᠬᠤᠲᠠ ᠶᠢᠨ ᠦᠶᠦᠸᠠᠨ ᠰᠢᠶᠠᠨ ᠳᠤ ᠪᠦᠬᠦ ᠤᠯᠤᠰ ᠤᠨ ᠠᠩᠬᠠᠲᠠᠭᠴᠢ ᠨᠠᠷᠠᠨ ᠬᠤᠸᠠᠷ ᠤᠨ ᠮᠡᠷᠭᠡᠵᠢᠯ ᠤᠨ ᠰᠤᠲᠤᠯᠭᠠᠨ ᠤ ᠬᠦᠷᠢᠶᠡᠯᠡᠩ ᠪᠠ ᠪᠦᠬᠦ ᠤᠯᠤᠰ ᠤᠨ ᠬᠠᠮᠤᠭ ᠤᠨ ᠶᠡᠭᠡ ᠨᠠᠷᠠᠨ ᠬᠤᠸᠠᠷ ᠤᠨ ᠦᠷ᠎ᠡ ᠶᠢᠨ ᠠᠷᠠᠯᠵᠢᠶ᠎ᠠ ᠰᠤᠯᠢᠯᠴᠠᠭᠠᠨ ᠤ ᠲᠦᠪ ᠪᠠᠶᠢᠲᠠᠭ ᠪᠤᠯᠬᠤᠷ ︽ᠨᠠᠷᠠᠨ ᠬᠤᠸᠠᠷ ᠤᠨ ᠨᠤᠲᠤᠭ︾ ᠭᠡᠬᠦ ᠠᠯᠲᠠᠷ ᠲᠠᠢ ᠪᠤᠯᠤᠬᠰᠠᠨ ᠶᠤᠮ᠃ 2017 ᠤᠨ ᠳᠤ ᠦᠶᠦᠸᠠᠨ ᠰᠢᠶᠠᠨ ᠤ ᠨᠠᠷᠠᠨ ᠬᠤᠸᠠᠷ ᠲᠠᠷᠢᠬᠰᠠᠨ ᠲᠠᠯᠠᠪᠠᠢ 125 ᠲᠦᠮᠡᠨ ᠮᠦ ᠪᠠᠶᠢᠵᠦ᠂ ᠦᠢᠯᠡᠳᠪᠦᠷᠢᠯᠡᠯ ᠤᠨ ᠪᠦᠬᠦ ᠦᠷᠳᠡᠭ ᠨᠢ 13.5 ᠳ᠋ᠦᠡᠭᠰᠢᠭᠤᠷ ᠲᠦᠬᠦᠷᠢᠭ ᠬᠦᠷᠦᠭᠰᠡᠨ ᠪᠠᠶᠢᠨ᠎ᠠ᠃ ᠡᠶᠢᠨᠬᠦ ᠦᠶᠦᠸᠠᠨ ᠰᠢᠶᠠᠨ ᠨᠢ ᠨᠠᠷᠠᠨ ᠬᠤᠸᠠᠷ ᠤᠨ ᠠᠵᠦ ᠦᠢᠯᠡᠰ ᠪᠠ ᠨᠠᠷᠠᠨ ᠬᠤᠸᠠᠷ ᠤᠨ ᠰᠤᠶᠤᠯ ᠢᠶᠠᠨ ᠠᠭᠤᠰᠤᠯᠴᠠᠭᠤᠯᠵᠦ᠂ 2017 ᠤᠨ ᠳᠤ ᠠᠩᠬᠠᠲᠤᠭᠠᠷ ᠬᠤᠭᠤᠴᠠᠭᠠᠨ ᠤ ︽ᠲᠤᠮᠲᠠᠲᠦ ᠤᠯᠤᠰ ᠤᠨ ᠪᠤᠷᠤᠲᠤᠬᠤᠢ ᠶᠢᠨ ᠨᠠᠷᠠᠨ ᠬᠤᠸᠠᠷ ᠤᠨ ᠨᠠᠶᠢᠷ︾᠎ ᠢ ᠡᠷᠬᠢᠯᠡᠵᠦ ᠨᠠᠷᠠᠨ ᠬᠤᠸᠠᠷ ᠤᠨ ᠰᠤᠶᠤᠯ ᠤᠨ ᠲᠦᠷᠦᠯ ᠲᠡᠮᠳᠡᠭ ᠢᠶᠠᠨ ᠤᠬᠠᠭᠤᠯᠤᠬᠰᠠᠨ ᠪᠠᠶᠢᠨ᠎ᠠ᠃

     9 ᠰᠠᠷ᠎ᠠ — ᠰᠠᠭᠠᠭ ᠤᠨ ᠴᠡᠴᠡᠭ  ᠲᠦᠡᠭᠯᠢᠶᠤᠤ ᠬᠤᠲᠠ ᠶᠢᠨ ᠬᠦᠷᠢᠶ᠎ᠡ ᠬᠤᠰᠢᠭᠤ ᠰᠠᠭᠠᠭ ᠲᠠᠷᠢᠭᠠᠳ ᠤᠯᠡᠨ ᠵᠢᠯ ᠤᠨ ᠲᠡᠦᠭᠡ ᠲᠠᠢ ᠪᠤᠯᠵᠠᠢ᠃ ᠰᠠᠷᠠᠯ ᠡᠯᠵᠢᠬᠡ ᠰᠠᠭᠠᠭ ᠤᠨ ᠭᠤᠯᠢᠷ ᠭᠡᠵᠦ ᠤᠷᠤᠨ ᠨᠤᠲᠤᠭ ᠤᠨ ᠤᠨᠴᠠ ᠭᠠᠷᠤᠯᠲᠠ ᠪᠠᠷ ᠢᠶᠠᠨ ᠠᠯᠲᠠᠷᠰᠢᠬᠰᠠᠨ ᠬᠦᠷᠢᠶ᠎ᠡ ᠬᠤᠰᠢᠭᠤ ᠨᠢ ᠤᠨᠴᠠᠭᠠᠢ ᠭᠠᠵᠠᠷ ᠵᠦᠢ ᠶᠢᠨ ᠤᠷᠴᠢᠨ ᠲᠤᠭᠤᠷᠢᠨ ᠪᠠ ᠬᠦᠷᠦᠰᠦ ᠰᠢᠷᠤᠢ ᠠᠭᠤᠷ ᠠᠮᠢᠰᠬᠤᠯ ᠤᠨ ᠨᠦᠬᠦᠴᠡᠯ ᠠᠴᠠ ᠪᠠᠨ ᠪᠤᠯᠵᠦ᠂ ᠰᠠᠭᠠᠭ ᠲᠠᠷᠢᠬᠤ ᠬᠠᠮᠤᠭ ᠤᠨ ᠲᠤᠬᠢᠷᠠᠮᠵᠢᠲᠠᠢ ᠪᠦᠰᠡ ᠪᠤᠯᠵᠦ᠂ ︽ᠲᠤᠮᠲᠠᠲᠦ ᠤᠯᠤᠰ ᠤᠨ ᠰᠠᠭᠠᠭ ᠤᠨ ᠨᠤᠲᠤᠭ︾ ᠭᠡᠬᠦ ᠰᠠᠶᠢᠬᠠᠨ ᠠᠯᠲᠠᠷ ᠲᠠᠢ ᠪᠤᠯᠤᠬᠰᠠᠨ ᠶᠤᠮ᠃ ᠵᠢᠯ ᠪᠦᠷᠢ ᠶᠢᠨ 9 ᠰᠠᠷ᠎ᠠ ᠳᠤ᠂ ᠬᠦᠷᠢᠶ᠎ᠡ ᠬᠤᠰᠢᠭᠤ ᠶᠢᠨ 35 ᠲᠦᠮᠡᠨ ᠮᠦ ᠲᠠᠯᠠᠪᠠᠢ ᠪᠦᠬᠦᠢ ᠭᠤᠤ ᠵᠢᠯᠠᠭ᠎ᠠ ᠡᠯᠡᠰᠦᠷᠭᠡᠭ ᠭᠠᠵᠠᠷ ᠢᠶᠠᠷ ᠰᠠᠭᠠᠭ ᠤᠨ ᠴᠡᠴᠡᠭ ᠲᠡᠯᠭᠡᠷᠡᠵᠦ᠂ ᠢᠯᠲᠠᠮᠬᠠᠨ ᠰᠤᠷᠭᠤᠭ ᠦᠨᠦᠷ ᠨᠢ ᠭᠡᠭᠡᠷ᠎ᠡ ᠲᠠᠯ᠎ᠠ ᠳᠤ ᠬᠠᠨᠭ᠍ᠬᠤᠯᠤᠨ᠎ᠠ᠃ ᠲᠠᠮᠤ ᠶᠢᠨ ᠴᠠᠭᠠᠨ ᠢ ᠬᠦᠪᠡᠭᠡᠳᠡᠵᠦ ᠪᠠᠶᠢᠷᠢᠯᠠᠬᠰᠠᠨ ᠬᠦᠷᠢᠶ᠎ᠡ ᠬᠤᠰᠢᠭᠤᠨ ᠤ ᠱᠦᠢ ᠴᠢᠦᠸᠠᠨ ᠪᠠᠯᠭᠠᠰᠦ ᠶᠢᠨ ᠬᠦᠨᠳᠡᠯᠡᠨ ᠲᠤᠰᠬᠤᠨ ᠤ ᠭᠤᠤᠯ ᠲᠠᠷᠢᠮᠠᠯ ᠪᠤᠯ ᠲᠠᠷᠤᠢ ᠰᠠᠭᠠᠭ ᠪᠤᠯᠤᠨ᠎ᠠ᠃ ᠨᠠᠮᠤᠷ ᠤᠨ ᠦᠶ᠎ᠡ ᠪᠠᠷ᠂ ᠬᠤᠯᠠ ᠠᠴᠠ ᠪᠠᠷᠠᠯᠠᠪᠠᠯ ᠰᠠᠭᠠᠭ ᠤᠨ ᠴᠡᠴᠡᠭ ᠲᠠᠯ᠎ᠠ ᠲᠦᠬᠦᠷᠡᠩ ᠴᠠᠶᠢᠷᠠᠨ ᠬᠠᠷᠠᠭᠲᠠᠵᠦ᠂ ᠬᠤᠯᠠ ᠤᠢᠢᠷ᠎ᠠ ᠶᠢᠨ ᠬᠦᠮᠦᠰ ᠡᠨᠡᠬᠦ ᠭᠤᠶᠤ ᠦᠵᠡᠮᠵᠢ ᠶᠢ ᠰᠡᠬᠦᠳᠡᠷᠯᠡᠬᠦ ᠪᠠᠷ ᠬᠦᠨᠳᠡᠯᠡᠨ ᠲᠤᠰᠬᠤᠨ ᠢ ᠵᠤᠷᠢᠨ᠎ᠠ᠃

      10 ᠰᠠᠷ᠎ᠠ — ᠤᠳ᠋ᠪᠠᠯ᠎ᠠ ᠴᠡᠴᠡᠭ  ᠵᠢᠯ ᠪᠦᠷᠢ ᠶᠢᠨ ᠠᠷᠪᠠᠨ ᠰᠠᠷ᠎ᠠ ᠶᠢᠨ ᠨᠢᠬᠡᠨ ᠤ ᠠᠮᠠᠷᠠᠯᠲᠠ ᠶᠢᠨ ᠬᠡᠲᠦᠨ ᠡᠲᠦᠷ ᠲᠤ ᠤᠳ᠋ᠪᠠᠯ᠎ᠠ ᠴᠡᠴᠡᠭ ᠤᠨ ᠦᠵᠡᠰᠬᠦᠯᠡᠩ ᠤᠷᠤᠨ ᠤ ᠲᠦᠪ ᠬᠦᠬᠡᠬᠤᠲᠠ ᠪᠠ ᠤᠷᠲᠤᠰ ᠬᠤᠲᠠ ᠳᠤ ᠶᠠᠪᠤᠭᠲᠠᠵᠦ᠂ ᠬᠤᠲᠠ ᠶᠢᠨ ᠬᠦᠮᠦᠰ ᠤᠨ ᠵᠤᠭᠠᠴᠠᠵᠦ ᠲᠤᠭᠤᠷᠢᠬᠤ ᠲᠡᠷᠢᠬᠦᠨ ᠤ ᠰᠤᠩᠭᠤᠯᠲᠠ ᠪᠤᠯᠲᠠᠭ ᠪᠢᠯᠡ᠃ ᠬᠦᠬᠡᠬᠤᠲᠠ ᠶᠢᠨ ᠤᠳ᠋ᠪᠠᠯ᠎ᠠ ᠴᠡᠴᠡᠭ ᠤᠨ ᠦᠵᠡᠰᠬᠦᠯᠡᠩ 8 ᠰᠠᠷ᠎ᠠ ᠠᠴᠠ 10 ᠰᠠᠷ᠎ᠠ ᠪᠤᠯᠲᠠᠯ᠎ᠠ ᠶᠠᠪᠤᠬᠳᠠᠳᠠᠭ᠃ ᠨᠢᠲᠤᠨᠤᠨ ᠪᠤᠯᠤᠬᠰᠠᠨ ᠠᠷᠪᠠᠨ ᠨᠢᠬᠡᠲᠦᠭᠡᠷ ᠬᠤᠭᠤᠴᠠᠭᠠᠨ ᠤ ᠤᠳ᠋ᠪᠠᠯ᠎ᠠ ᠴᠡᠴᠡᠭ ᠤᠨ ᠨᠠᠶᠢᠷ ᠨᠢ ᠬᠦᠬᠡᠬᠤᠲᠠ ᠶᠢᠨ ᠠᠷᠲᠠᠢ ᠴᠡᠴᠡᠷᠯᠢᠭ ᠲᠤ ᠶᠠᠪᠤᠬᠲᠠᠵᠦ᠂ ᠤᠯᠠᠨ ᠵᠦᠢᠯ ᠤᠨ ᠬᠡᠯᠪᠡᠷᠢ ᠲᠦᠷᠰᠦ ᠰᠢᠨᠵᠢ ᠪᠠᠶᠢᠲᠠᠯ ᠲᠠᠢ ᠤᠷᠭᠤᠮᠠᠯ ᠱᠤᠭᠤᠮᠠᠯ᠂ ᠵᠡᠬᠦᠨ ᠠᠴᠠ ᠪᠠᠷᠠᠭᠤᠨᠰᠢ ᠤᠷᠲᠤᠯᠵᠠᠨ ᠰᠤᠨᠤᠯᠵᠠᠬᠰᠠᠨ ᠦᠵᠡᠮᠵᠢ ᠰᠤᠨᠢᠷᠬᠠᠬᠤ ᠬᠤᠨᠭ᠍ᠬᠢᠯ ᠵᠡᠷᠭᠡ ᠶᠢ ᠪᠠᠶᠢᠭᠤᠯᠵᠦ᠂ ᠬᠤᠲᠠ ᠶᠢᠨ ᠠᠷᠠᠳ ᠤᠨ ᠵᠤᠭᠠᠴᠠᠨ ᠲᠤᠭᠤᠷᠢᠬᠤ ᠰᠠᠶᠢᠬᠠᠨ ᠭᠠᠵᠠᠷ ᠪᠤᠯᠤᠬᠰᠠᠨ ᠪᠠᠶᠢᠨ᠎ᠠ᠃ ᠨᠢᠲᠤᠨᠤᠨ ᠤ ︽10.1︾᠎ ᠤ ᠠᠮᠠᠷᠠᠯᠲᠠ ᠶᠢᠨ ᠬᠤᠭᠤᠴᠠᠭᠠᠨ ᠳᠤ᠂ ᠤᠷᠲᠤᠰ ᠤᠨ ᠠᠩᠬᠠᠲᠤᠭᠠᠷ ᠬᠤᠭᠤᠴᠠᠭᠠᠨ ᠤ ᠠᠯᠲᠠᠨ ᠤᠳ᠋ᠪᠠᠯ᠎ᠠ ᠶᠢᠨ ᠦᠵᠡᠰᠬᠦᠯᠡᠩ ᠬᠢᠶ᠎ᠠ ᠪᠠᠭᠰᠢ ᠲᠤᠭᠤᠷᠢᠭ ᠲᠤ ᠦᠪᠡᠳᠡᠭᠰᠢ ᠶᠡᠬᠡᠪᠡᠷ ᠡᠬᠢᠯᠡᠭᠰᠡᠨ ᠶᠤᠮ᠃ ᠲᠤᠰ ᠤᠳᠠᠭ᠎ᠠ ᠶᠢᠨ ᠦᠵᠡᠰᠬᠦᠯᠡᠩ ᠨᠢ ᠤᠯᠤᠰ ᠪᠠᠶᠢᠭᠤᠯᠤᠬᠲᠠᠬᠰᠠᠨ ᠪᠠᠶᠠᠷ ᠤᠨ ᠡᠳᠦᠷ ᠢ ᠪᠡᠯᠭᠡᠯᠡᠬᠦ ᠪᠠᠷ ᠭᠤᠤᠯ ᠠᠭᠤᠯᠭ᠎ᠠ ᠪᠤᠯᠭᠠᠵᠦ᠂ ᠠᠳᠠᠯᠢ ᠪᠤᠰᠤ ᠦᠵᠡᠬᠦᠯᠦᠯᠬᠡ ᠶᠢᠨ ᠲᠤᠭᠤᠷᠢᠭ ᠢᠶᠠᠷ ᠤᠳ᠋ᠪᠠᠯ᠎ᠠ ᠴᠡᠴᠡᠭ ᠤᠨ ᠲᠡᠦᠭᠡ ᠶᠢ ᠲᠠᠨᠢᠯᠴᠠᠭᠤᠯᠵᠦ᠂ ᠤᠳ᠋ᠪᠠᠯ᠎ᠠ ᠴᠡᠴᠡᠭ ᠤᠨ ᠠᠳᠠᠯᠢ ᠪᠤᠰᠤ ᠲᠦᠷᠦᠯ ᠵᠦᠢᠯ ᠢ ᠲᠡᠯᠭᠡᠨ ᠦᠵᠡᠬᠦᠯᠵᠡᠢ᠃ ᠦᠵᠡᠰᠬᠦᠯᠡᠩ ᠤᠨ ᠬᠤᠭᠤᠴᠠᠭᠠᠨ ᠳᠤ ᠪᠠᠰᠠ ᠤᠳ᠋ᠪᠠᠯ᠎ᠠ ᠴᠡᠴᠡᠭ ᠤᠨ ᠭᠡᠷᠡᠯ ᠵᠢᠷᠤᠭ ᠤᠨ ᠦᠵᠡᠰᠬᠦᠯᠡᠩ᠂ ᠴᠡᠴᠡᠭᠲᠦ ᠶᠤᠭ᠎ᠠ᠂ ᠴᠡᠴᠡᠭᠲᠦ ᠳ᠋ᠧᠩ ᠵᠤᠬᠢᠶᠠᠬᠤ᠂ ᠵᠢᠭᠠᠰᠦ ᠬᠦᠬᠢᠳᠡᠬᠦ ᠵᠡᠷᠭᠡ ᠪᠠᠶᠠᠯᠢᠭ ᠤᠯᠠᠨ ᠠᠭᠤᠯᠭ᠎ᠠ ᠲᠠᠢ ᠵᠤᠭᠠᠴᠠᠯ ᠤᠨ ᠠᠵᠢᠯᠯᠠᠭ᠎ᠠ ᠲᠤᠬᠢᠷᠠᠭᠤᠯᠤᠬᠰᠠᠨ ᠪᠠᠶᠢᠨ᠎ᠠ᠃   



  
     
     