 

ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠲᠡᠭᠡᠷᠡᠬᠢ ᠶᠠᠷᠢᠶ᠎ᠠ

2019-09-30 09:53
  446
  0
︵2019 ᠤᠨ ᠤ 9 ᠰᠠᠷ᠎ᠠ ᠶᠢᠨ 27 ᠤ ᠡᠳᠤᠷ︶
             ᠰᠢ ᠶᠢᠨ ᠫᠢᠩ
ᠨᠦᠬᠦᠳ ᠡ᠂ ᠨᠠᠶᠢᠵᠠ ᠨᠠᠷ ᠡ᠄
  ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠪᠠᠶᠢᠭᠤᠯᠤᠭᠳᠠᠭᠰᠠᠠ 70 ᠵᠢᠯ ᠤᠨ ᠤᠢ ᠠᠴᠠ ᠡᠮᠤᠨᠡᠬᠡᠨ᠂ ᠪᠢᠳᠡ ᠪᠦᠬᠦ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠬᠦᠬᠢᠬᠦᠯᠦᠨ ᠰᠠᠶᠢᠰᠢᠶᠠᠬᠤ ᠶᠡᠭᠡ ᠬᠤᠷᠠᠯ ᠢ ᠦᠪᠡᠳᠡᠭᠰᠢ ᠶᠡᠭᠡ ᠪᠠᠷ ᠬᠤᠷᠡᠯᠳᠤᠭᠤᠯᠵᠥ ᠪᠠᠶᠢᠨ᠎ᠠ᠃ ᠡᠩ ᠲᠡᠷᠢᠬᠦᠨ ᠳᠤ᠂ ᠪᠢ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠡᠨ ᠤ ᠡᠮᠤᠨ᠎ᠡ ᠠᠴᠠ᠂ ᠬᠦᠬᠢᠬᠦᠯᠦᠭᠳᠡᠨ ᠰᠠᠶᠢᠰᠢᠶᠠᠬᠳᠠᠭᠰᠠᠨ ᠵᠢᠱᠢᠶᠡᠴᠢ ᠬᠠᠮᠳᠦ ᠪᠠ ᠬᠤᠪᠢ ᠬᠦᠮᠦᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠪᠦᠬᠦ ᠤᠯᠤᠰ ᠤᠨ ᠦᠨᠳᠦᠰᠦᠳᠡᠨ ᠤ ᠠᠵᠢᠯ ᠤᠨ ᠹᠷᠤᠨᠲ ᠤᠨ ᠨᠦᠬᠦᠳ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠬᠠᠯᠠᠮᠵᠢᠯᠠᠨ ᠲᠡᠮᠵᠢᠵᠦ ᠪᠠᠶᠢᠭ᠎ᠠ ᠡᠯ᠎ᠠ ᠡᠳᠡᠭᠡᠳ ᠤᠨ ᠬᠦᠮᠤᠰ ᠲᠤ ᠴᠢᠩ ᠰᠡᠳᠬᠢᠯ ᠤᠨ ᠮᠡᠨᠳᠤᠴᠢᠯᠡᠯ ᠲᠡᠪᠰᠢᠭᠦᠯᠵᠤ ᠪᠠᠶᠢᠨ᠎ᠠ︕ ᠭᠦᠬᠢᠭᠦᠯᠦᠭᠳᠡᠨ ᠰᠠᠶᠢᠰᠢᠶᠠᠬᠳᠠᠬᠰᠡᠨ ᠨᠦᠬᠦᠳ ᠢᠷᠠᠭᠤ ᠠᠯᠳᠠᠷ ᠢᠶᠠᠨ ᠨᠠᠨᠳᠢᠩᠨᠡᠵᠥ᠂ ᠠᠮᠵᠢᠯᠳᠠ ᠪᠠᠨ ᠪᠠᠳᠠᠷᠠᠭᠤᠯᠵᠥ᠂ ᠲᠤᠮᠳᠠᠳᠤ ᠶᠢᠨ ᠦᠨᠳᠦᠰᠦᠳᠡᠨ ᠤ ᠶᠡᠭᠡ ᠪᠦᠯᠬᠦᠮᠳᠡᠯ ᠢ ᠲᠠᠰᠤᠷᠠᠯᠳᠡ ᠦᠭᠡᠢ ᠪᠠᠬᠢᠵᠢᠬᠦᠯᠥᠨ ᠬᠦᠭᠵᠢᠬᠦᠯᠬᠦ ᠳᠤ ᠲᠠᠬᠢᠨ ᠰᠢᠨ᠎ᠡ ᠭᠠᠪᠢᠶ᠎ᠠ ᠪᠠᠶᠢᠭᠤᠯᠬᠤ ᠶᠢ ᠬᠦᠰᠡᠵᠥ ᠪᠠᠶᠢᠨ᠎ᠠ︕ 
  70 ᠵᠢᠯ ᠤᠨ ᠡᠮᠦᠨ᠎ᠠ᠂ ᠮᠠᠨ ᠤ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠤᠳᠤᠷᠢᠳᠤᠯᠭ᠎ᠠ ᠳᠤᠤᠷ᠎ᠠ᠂ ᠰᠢᠨ᠎ᠠ ᠳᠤᠮᠳᠠᠳᠤ ᠤᠯᠤᠰ ᠢ ᠬᠠᠮᠳᠤ ᠪᠠᠷ ᠴᠤᠬᠴᠠᠯᠠᠨ ᠪᠠᠶᠢᠭᠤᠯᠪᠠ᠃ ᠮᠠᠨ ᠤ ᠨᠠᠮ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢ ᠪᠦᠳᠦᠭᠡᠯᠴᠢ ᠴᠢᠨᠠᠷᠳᠠᠢ ᠪᠠᠷ ᠳᠤᠮᠳᠠᠳᠤ ᠤᠯᠤᠰ ᠤᠨ ᠦᠨᠳᠦᠰᠦᠳᠡᠨ ᠤ ᠠᠰᠠᠭᠤᠳᠠᠯ ᠤᠨ ᠪᠤᠳᠠᠳᠠᠢ ᠪᠠᠶᠢᠳᠠᠯ ᠲᠠᠢ ᠤᠶᠠᠯᠳᠤᠭᠤᠯᠵᠦ᠂ ᠳᠤᠮᠳᠠᠳᠤ ᠤᠯᠤᠰ ᠤᠨ ᠤᠨᠴᠠᠯᠢᠭ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠵᠠᠮᠨᠠᠵᠦ᠂ ᠨᠠᠮ ᠤᠨ ᠦᠨᠳᠦᠰᠦᠳᠡᠨ ᠤ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠲᠤᠭᠳᠠᠭᠠᠨ᠂ ᠦᠨᠳᠦᠰᠦᠳᠡᠨ ᠤ ᠡᠷᠭᠡ ᠲᠡᠭᠰᠢ ᠶᠢ ᠤᠯᠤᠰ ᠪᠠᠶᠢᠭᠤᠯᠬᠤ ᠶᠢᠨ ᠦᠨᠳᠦᠰᠦᠨ ᠵᠠᠷᠴᠢᠮ ᠤᠨ ᠨᠢᠭᠡ ᠪᠤᠯᠭᠠᠵᠦ᠂ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠲᠤᠭᠳᠠᠭᠠᠨ᠂ ᠦᠨᠳᠦᠰᠦᠳᠡᠨ ᠨᠦᠭᠦᠳ ᠤᠨ ᠠᠷᠠᠳ ᠲᠦᠮᠡᠨ ᠲᠡᠦᠭᠡᠨ ᠳᠤ ᠠᠩᠬ᠎ᠠ ᠤᠳᠠᠭ᠎ᠠ ᠡᠷᠭᠡ ᠲᠡᠭᠰᠢ ᠤᠯᠤᠰ ᠲᠦᠷᠦ ᠶᠢᠨ ᠡᠷᠭᠡ ᠶᠢ ᠤᠯᠵᠦ᠂ ᠬᠠᠮᠳᠤ ᠪᠠᠷ ᠡᠷᠭᠡ ᠮᠡᠳᠡᠨ ᠡᠵᠡᠨ ᠰᠠᠭᠤᠵᠦ᠂ ᠬᠠᠭᠤᠴᠢᠨ ᠳᠤᠮᠳᠠᠳᠤ ᠤᠯᠤᠰ ᠤᠨ ᠦᠨᠳᠦᠰᠦᠳᠡᠨ ᠤ ᠳᠠᠷᠤᠯᠠᠯ᠂ ᠵᠦᠷᠢᠯᠳᠦᠭᠡᠨ ᠪᠦᠬᠦᠢ ᠬᠠᠷᠠᠰᠠᠯᠳᠦ ᠲᠡᠦᠭᠡ ᠶᠢ ᠡᠴᠦᠰᠯᠡᠬᠦᠯᠦᠨ᠂ ᠦᠨᠳᠦᠰᠦᠳᠡᠨ ᠨᠦᠭᠦᠳ ᠡᠷᠭᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ ᠵᠤᠬᠢᠴᠠᠩᠭᠤᠢ ᠬᠠᠷᠢᠴᠠᠭ᠎ᠠ ᠶᠢ ᠬᠦᠭᠵᠢᠬᠦᠯᠦᠭᠰᠡᠨ ᠰᠢᠨ᠎ᠠ ᠡᠷᠢᠨ ᠢ ᠨᠡᠭᠡᠭᠡᠵᠡᠢ᠃ ᠪᠢᠳᠡ ᠴᠦᠬᠡᠨ ᠲᠤᠭᠠᠳᠤ ᠦᠨᠳᠦᠰᠦᠳᠡᠨ ᠪᠤᠯᠤᠨ ᠦᠨᠳᠦᠰᠦᠳᠡᠨ ᠤ ᠤᠷᠤᠨ ᠢ ᠪᠦᠬᠦ ᠬᠦᠴᠦ ᠪᠠᠷ ᠢᠶᠠᠨ ᠬᠠᠪᠰᠤᠷᠤᠨ ᠲᠦᠷᠬᠡᠨ ᠬᠦᠭᠵᠢᠬᠦᠯᠵᠥ᠂ ᠦᠨᠳᠦᠰᠦᠳᠡᠨ ᠨᠦᠭᠦᠳ ᠤᠨ ᠰᠢᠯᠢᠳᠡᠭ ᠤᠯᠠᠮᠵᠢᠯᠠᠯᠳᠤ ᠰᠤᠶᠤᠯ ᠢ ᠬᠠᠮᠠᠭᠠᠯᠠᠨ ᠵᠠᠯᠭᠠᠮᠵᠢᠯᠠᠵᠥ᠂ ᠴᠦᠭᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠠᠮᠢᠳᠤᠷᠠᠯ ᠪᠤᠯᠤᠨ ᠦᠨᠳᠦᠰᠦᠳᠡᠨ ᠤ ᠭᠠᠵᠠᠷ ᠤᠷᠤᠨ ᠤ ᠠᠵᠥ ᠠᠬᠤᠢ ᠨᠡᠶᠢᠬᠡᠮ ᠤᠨ ᠬᠦᠭᠵᠢᠯᠳᠡ ᠲᠡᠤᠬᠡᠨ ᠳᠤ ᠤᠷᠢᠤᠨ ᠡᠮᠤᠨ᠎ᠡ ᠪᠠᠶᠢᠭ᠎ᠠ ᠦᠬᠡᠢ ᠲᠠᠪᠰᠢᠯᠳᠠ ᠲᠠᠢ ᠪᠤᠯᠪᠠ᠃
  ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠭᠠᠰᠢ᠂ ᠨᠠᠮ ᠤᠨ ᠲᠦᠪ ᠬᠤᠷᠢᠶ᠎ᠡ ᠦᠨᠳᠦᠰᠦᠳᠡᠨ ᠤ ᠠᠵᠢᠯ ᠤᠨ ᠲᠤᠬᠠᠢ ᠠᠯᠢ ᠤᠯᠠᠨ ᠴᠢᠬᠤᠯᠠ ᠶᠡᠭᠡ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠡ ᠬᠢᠵᠥ᠂ ᠮᠠᠨ ᠤ ᠤᠯᠤᠰ ᠤᠨ ᠦᠨᠳᠦᠰᠦᠳᠡᠡ ᠤ ᠪᠦᠯᠬᠦᠮᠳᠡᠯ ᠲᠡᠪᠰᠢᠯᠳᠠ ᠶᠢᠨ ᠦᠢᠯᠡᠰ ᠰᠢᠨ᠎ᠡ ᠲᠡᠤᠬᠡᠳᠤ ᠴᠢᠨᠠᠷᠳᠠᠢ ᠠᠮᠵᠢᠯᠳᠡ ᠤᠯᠬᠤ ᠶᠢ ᠠᠬᠢᠭᠤᠯᠪᠠ᠃ 7 ᠵᠢᠯ ᠤᠨ ᠲᠤᠷᠰᠢ᠂ ᠪᠢ ᠠᠷᠪᠠᠨ ᠬᠡᠳᠤ ᠤᠳᠠᠭ᠎ᠠ ᠦᠨᠳᠦᠰᠦᠳᠡᠨ ᠤ ᠭᠠᠵᠠᠷ ᠤᠷᠤᠨ ᠳᠤ ᠪᠠᠶᠢᠴᠠᠭᠠᠨ ᠰᠤᠳᠤᠯᠤᠯᠳᠡ ᠬᠢᠵᠥ᠂ ᠴᠠᠰᠤᠳᠤ ᠦᠨᠳᠦᠷᠯᠢᠭ᠂ ᠪᠤᠬᠳᠠ ᠠᠭᠤᠯᠠ ᠶᠢᠨ ᠡᠮᠤᠨ᠎ᠡ ᠤᠮᠠᠷ᠎ᠠ ᠳᠤ᠂ ᠡᠬᠡ ᠤᠯᠤᠰ ᠤᠨ ᠤᠮᠠᠷᠠᠳᠤ ᠬᠢᠯᠢ᠂ ᠪᠠᠷᠠᠭᠤᠨ ᠡᠮᠤᠨᠡᠳᠤ ᠶᠢᠨ ᠬᠢᠯᠢ ᠶᠢᠨ ᠤᠷᠤᠨ ᠳᠤ ᠬᠦᠷᠴᠦ᠂ ᠦᠨᠳᠦᠰᠦᠳᠡᠨ ᠤ ᠭᠠᠵᠠᠷ ᠤᠷᠤᠨ ᠤ ᠲᠦᠷᠰᠦ ᠪᠠᠶᠢᠳᠠᠯ ᠰᠢᠨᠡᠳᠤᠨ ᠬᠤᠪᠢᠷᠡᠵᠥ᠂ ᠴᠦᠬᠡᠨ ᠲᠤᠭᠠᠳᠤ ᠦᠨᠳᠦᠰᠦᠳᠡᠨ ᠤ ᠤᠯᠠᠨ ᠲᠦᠮᠡᠨ ᠤ ᠠᠮᠢᠳᠤᠷᠠᠯ ᠡᠳᠤᠷ ᠠᠴᠠ ᠡᠳᠤᠷ ᠰᠠᠶᠢᠵᠢᠷᠠᠵᠥ ᠪᠠᠶᠢᠬᠤ ᠶᠢ ᠨᠢᠳᠤ ᠪᠠᠷ ᠢᠶᠠᠨ ᠤᠯᠵᠥ ᠦᠵᠡᠪᠡ᠃ 7 ᠵᠢᠯ ᠤᠨ ᠲᠤᠷᠰᠢ᠂ ᠦᠨᠳᠦᠰᠦᠳᠡᠨ ᠤ ᠭᠠᠵᠠᠷ ᠤᠷᠤᠨ ᠳᠤ ᠨᠡᠶᠢᠳᠡ 2500 ᠭᠠᠷᠤᠢ ᠲᠦᠮᠡᠨ ᠬᠦᠮᠥᠨ ᠶᠠᠳᠠᠭᠤ ᠠᠴᠠ ᠠᠩᠬᠢᠵᠢᠷᠡᠵᠥ᠂ ᠶᠠᠳᠠᠭᠤ ᠬᠦᠴᠢᠷᠳᠡᠯ ᠡᠬᠦᠰᠬᠦ ᠨᠤᠷᠮ᠎ᠠ 21% ᠪᠠᠶᠢᠭᠰᠠᠠ ᠠᠴᠠ ᠪᠠᠨ ᠲᠤᠷᠤᠭᠰᠢᠯᠠᠭᠠᠳ 4% ᠪᠤᠯᠪᠠ᠃ 7 ᠵᠢᠯ ᠤᠨ ᠲᠤᠷᠰᠢ᠂ ᠪᠢ ᠤᠯᠠᠨ ᠤᠳᠠᠭ᠎ᠠ ᠦᠨᠳᠦᠰᠦᠳᠡᠨ ᠨᠦᠭᠦᠳ ᠤᠨ ᠤᠯᠠᠨ ᠲᠦᠮᠡᠨ ᠲᠠᠢ ᠨᠢᠭᠤᠷᠳᠠᠨ ᠰᠠᠨᠠᠯ ᠢᠶᠠᠨ ᠰᠤᠯᠢᠯᠴᠠᠵᠥ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠢᠷᠡᠬᠦᠯᠥᠭᠰᠡᠡ ᠮᠠᠰᠢ ᠤᠯᠠᠨ ᠵᠠᠬᠢᠳᠠᠯ ᠢ ᠲᠤᠰᠪᠠ᠃ ᠲᠤᠮᠳᠠᠳᠤ ᠶᠢᠨ ᠦᠨᠳᠦᠰᠦᠳᠡᠨ ᠨᠢᠬᠡ ᠬᠡᠷ ᠮᠠᠳᠤ ᠲᠤᠳᠤᠨᠤ ᠪᠠᠶᠢᠵᠥ᠂ ᠰᠡᠳᠬᠢᠯ ᠨᠢᠬᠡᠳᠤᠨ ᠲᠤᠮᠳᠠᠳᠤ ᠶᠢᠨ ᠵᠡᠬᠦᠳᠤ ᠶᠢ ᠬᠠᠮᠳᠤ ᠪᠠᠷ ᠲᠡᠷᠬᠡᠯᠰᠢᠬᠦᠯᠥᠨ᠎ᠡ᠂ ᠡᠨᠡ ᠪᠤᠯ ᠰᠢᠨ᠎ᠡ ᠴᠠᠭ ᠦᠶ᠎ᠡ ᠶᠢᠨ ᠮᠠᠨ ᠤ ᠤᠯᠤᠰ ᠤᠨ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠠᠮᠢᠳᠤᠯᠢᠭ ᠵᠢᠷᠤᠭᠯᠠᠯ ᠪᠤᠯᠤᠨ᠎ᠠ᠂ ᠪᠠᠰᠠ ᠴᠦ ᠰᠢᠨ᠎ᠡ ᠴᠠᠭ ᠦᠶ᠎ᠡ ᠶᠢᠨ ᠦᠨᠳᠦᠰᠦᠳᠡᠨ ᠤ ᠠᠵᠢᠯ ᠤᠨ ᠰᠢᠨ᠎ᠡ ᠶᠢ ᠡᠬᠦᠳᠦᠨ ᠠᠬᠢᠭᠰᠠᠠ ᠤ ᠢᠯᠡ ᠲᠤᠳᠤ ᠤᠨᠴᠠᠯᠢᠭ ᠪᠤᠯᠤᠨ᠎ᠠ᠃
  70 ᠵᠢᠯ ᠤᠨ ᠬᠦᠭᠵᠢᠯ ᠬᠤᠪᠢᠰᠤᠯ᠂ ᠦᠷᠨᠢᠭᠦᠨ ᠬᠦᠭᠵᠢᠯᠳᠡ ᠪᠠᠷ ᠳᠠᠮᠵᠢᠵᠦ᠂ ᠴᠦᠭᠡᠨ ᠲᠤᠭᠠᠳᠦ ᠦᠨᠳᠦᠰᠦᠳᠡᠨ ᠤ ᠲᠦᠷᠰᠦ ᠪᠠᠶᠢᠳᠠᠯ᠂ ᠦᠨᠳᠦᠰᠦᠳᠡᠨ ᠤ ᠭᠠᠵᠠᠷ ᠤᠷᠤᠨ ᠤ ᠲᠦᠷᠰᠦ ᠪᠠᠶᠢᠳᠠᠯ᠂ ᠦᠨᠳᠦᠰᠦᠳᠡᠨ ᠤ ᠬᠠᠷᠢᠴᠠᠭᠠᠨ ᠤ ᠲᠦᠷᠰᠦ ᠪᠠᠶᠢᠳᠠᠯ᠂ ᠳᠤᠮᠳᠠᠳᠤ ᠶᠢᠨ ᠦᠨᠳᠦᠰᠦᠳᠡᠨ ᠤ ᠲᠦᠷᠰᠦ ᠪᠠᠶᠢᠳᠠᠯ ᠳᠤ ᠴᠦᠮ ᠲᠡᠭᠷᠢ ᠭᠠᠵᠠᠷ ᠢ ᠲᠤᠩᠰᠤᠯᠭᠠᠮ᠎ᠠ ᠲᠡᠦᠭᠡᠳᠦ ᠴᠢᠨᠠᠷᠳᠠᠢ ᠯᠤᠳᠤ ᠶᠡᠭᠡ ᠬᠤᠪᠢᠷᠠᠯᠳᠠ ᠭᠠᠷᠴᠠᠢ᠃
  70 ᠵᠢᠯ ᠤᠨ ᠠᠮᠵᠢᠯᠳᠠ ᠪᠦᠳᠦᠮᠵᠢ ᠳᠡᠭᠡᠨ ᠤᠮᠤᠬᠰᠢᠯᠳᠠᠢ ᠪᠠᠶᠢᠨ᠎ᠠ᠂ 70 ᠵᠢᠯ ᠤᠨ ᠲᠤᠷᠰᠢᠯᠭ᠎ᠠ ᠪᠠᠨ ᠨᠡᠩ ᠴᠦ ᠪᠠᠳᠤ ᠴᠡᠭᠡᠵᠢᠯᠡᠬᠦ  ᠭᠡᠷᠡᠭᠲᠡᠢ᠃ ᠪᠢᠳᠠ ᠮᠠᠨ ᠤ ᠤᠯᠤᠰ ᠤᠨ ᠨᠢᠭᠡᠳᠦᠭᠰᠡᠨ ᠤᠯᠠᠨ ᠦᠨᠳᠦᠰᠦᠳᠡᠨ ᠲᠠᠢ ᠤᠯᠤᠰ ᠤᠨ ᠦᠨᠳᠦᠰᠦᠨ ᠤᠯᠤᠰ ᠤᠨ ᠪᠠᠶᠢᠳᠠᠯ ᠢ ᠤᠨᠤᠪᠴᠢᠳᠠᠢ ᠡᠵᠡᠮᠳᠡᠬᠦ ᠶᠢ ᠪᠠᠷᠢᠮᠳᠠᠯᠠᠵᠦ᠂ ᠤᠯᠤᠰ ᠤᠨ ᠨᠢᠭᠡᠳᠦᠯ ᠪᠠ ᠦᠨᠳᠦᠰᠦᠳᠡᠨ ᠤ ᠪᠦᠯᠬᠦᠮᠳᠡᠯ ᠢ ᠬᠠᠮᠠᠭᠠᠯᠠᠬᠤ ᠪᠠᠷ ᠦᠨᠳᠦᠰᠦᠳᠡᠨ ᠨᠦᠭᠦᠳ ᠤᠨ ᠬᠠᠮᠤᠭ ᠤᠨ ᠳᠡᠭᠡᠳᠦ ᠠᠰᠢᠬ ᠲᠤᠰᠠ ᠪᠤᠯᠭᠠᠪᠠ︔ ᠮᠠᠷᠺᠰ ᠤᠨ ᠦᠵᠡᠯ ᠤᠨ ᠦᠨᠳᠦᠰᠦᠳᠡᠨ ᠤ ᠤᠨᠤᠯ ᠢ ᠳᠤᠮᠳᠠᠳᠤ ᠤᠯᠤᠰᠴᠢᠯᠠᠬᠤ ᠶᠢ ᠪᠠᠷᠢᠮᠳᠠᠯᠠᠵᠦ᠂ ᠳᠤᠮᠳᠠᠳᠤ ᠤᠯᠤᠰ ᠤᠨ ᠤᠨᠴᠠᠯᠢᠬ ᠲᠠᠢ ᠦᠨᠳᠦᠰᠦᠳᠡᠨ ᠤ ᠠᠰᠠᠭᠤᠳᠠᠯ ᠢ ᠰᠢᠢᠳᠪᠤᠷᠢᠯᠡᠬᠦ ᠵᠦᠪ ᠵᠠᠮ ᠢᠶᠠᠷ ᠡᠷᠡᠰ ᠪᠠᠳᠤ ᠵᠠᠮᠨᠠᠪᠠ︔ ᠦᠨᠳᠦᠰᠦᠳᠡᠨ ᠤ ᠤᠷᠤᠨ ᠤ ᠦᠪᠡᠷᠲᠡᠭᠡᠨ ᠵᠠᠰᠠᠬᠤ ᠪᠠᠶᠢᠭᠤᠯᠤᠯ ᠢ ᠪᠠᠷᠢᠮᠳᠠᠯᠠᠨ ᠳᠡᠬᠦᠯᠳᠡᠷᠵᠢᠬᠦᠯᠵᠦ᠂ ᠨᠢᠭᠡᠳᠦᠯ ᠲᠠᠢ ᠪᠠᠶᠢᠬᠤ ᠪᠠ ᠦᠪᠡᠷᠲᠡᠭᠡᠨ ᠵᠠᠰᠠᠬᠤ ᠶᠢ ᠤᠶᠠᠯᠳᠤᠭᠤᠯᠬᠤ᠂ ᠦᠨᠳᠦᠰᠦᠳᠡᠨ ᠤ ᠡᠯᠧᠮᠧᠨ᠋ᠲ ᠪᠠ ᠭᠠᠵᠠᠷ ᠤᠷᠤᠨ ᠤ ᠡᠯᠧᠮᠧᠨ᠋ᠲ ᠢ ᠤᠶᠠᠯᠳᠤᠭᠤᠯᠬᠤ ᠶᠢ ᠪᠠᠶᠡᠯᠡᠬᠦᠯᠪᠡ︔ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠶᠢ ᠪᠠᠷᠢᠮᠳᠠᠯᠠᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠴᠤᠬᠴᠠ ᠶᠢᠨ ᠤᠬᠠᠮᠰᠠᠷ ᠢ ᠳᠠᠰᠤᠷᠠᠯᠳᠠ ᠦᠭᠡᠢ ᠪᠠᠬᠢᠵᠢᠭᠦᠯᠤᠨ ᠴᠢᠩᠭᠠᠳᠬᠠᠪᠠ︔ ᠴᠦᠭᠡᠨ ᠲᠤᠭᠠᠳᠦ ᠦᠨᠳᠦᠰᠦᠳᠡᠨ ᠪᠠ ᠦᠨᠳᠦᠰᠦᠳᠡᠨ ᠤ ᠭᠠᠵᠠᠷ ᠤᠷᠤᠨ ᠤ ᠬᠦᠭᠵᠢᠯᠳᠠ ᠶᠢ ᠲᠦᠷᠭᠡᠳᠭᠡᠬᠦ ᠶᠢ ᠪᠠᠷᠢᠮᠳᠠᠯᠠᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠳᠠᠰᠤᠷᠠᠯᠳᠠ ᠦᠭᠡᠢ ᠬᠠᠩᠭᠠᠪᠠ︔ ᠰᠤᠶᠤᠯ ᠤᠨ ᠬᠠᠮᠳᠦ ᠶᠢᠨ ᠲᠠᠨᠢᠯᠳᠠ ᠪᠤᠯ ᠬᠠᠮᠤᠬ ᠤᠨ ᠬᠦᠨ ᠳᠠᠪᠬᠤᠷᠭ᠎ᠠ ᠶᠢᠨ ᠬᠠᠮᠳᠦ ᠶᠢᠨ ᠲᠠᠨᠢᠯᠳᠠ ᠪᠤᠯᠬᠤ ᠶᠢ ᠪᠠᠷᠢᠮᠳᠠᠯᠠᠵᠦ᠂ ᠳᠤᠮᠳᠠᠳᠤ ᠶᠢᠨ ᠦᠨᠳᠦᠰᠦᠳᠡᠨ ᠤ ᠬᠠᠮᠳᠦ ᠶᠢᠨ ᠤᠶᠤᠨ ᠰᠠᠨᠠᠭᠠᠨ ᠤ ᠭᠡᠷ ᠤᠷᠤᠨ ᠢ ᠴᠤᠬᠴᠠᠯᠠᠨ ᠪᠠᠶᠢᠭᠤᠯᠪᠠ︔ ᠦᠨᠳᠦᠰᠦᠳᠡᠨ ᠨᠦᠭᠦᠳ ᠬᠠᠤᠯᠢ ᠴᠠᠭᠠᠵᠠ ᠶᠢᠨ ᠡᠮᠦᠨ᠎ᠠ ᠪᠦᠷ ᠡᠷᠭᠡ ᠲᠡᠭᠰᠢ ᠪᠠᠶᠢᠬᠤ ᠶᠢ ᠪᠠᠷᠢᠮᠳᠠᠯᠠᠵᠦ᠂ ᠬᠠᠤᠯᠢ ᠴᠠᠭᠠᠵᠠ ᠪᠠᠷ ᠦᠨᠳᠦᠰᠦᠳᠡᠨ ᠤ ᠪᠦᠯᠬᠦᠮᠳᠡᠯ ᠢ ᠪᠠᠳᠤᠯᠠᠪᠠ︔ ᠤᠯᠠᠮᠵᠢᠯᠠᠬᠤ ᠶᠠᠪᠤᠴᠠ ᠳᠤ ᠬᠦᠭᠵᠢᠬᠦᠯᠬᠦ᠂ ᠬᠦᠭᠵᠢᠬᠦᠯᠬᠦ ᠶᠠᠪᠤᠴᠠ ᠳᠤ ᠰᠢᠨ᠎ᠠ ᠶᠢ ᠡᠬᠦᠳᠬᠦ ᠶᠢ ᠪᠠᠷᠢᠮᠳᠠᠯᠠᠵᠦ᠂ ᠨᠠᠮ ᠤᠨ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠤᠯᠠᠮᠵᠢᠯᠠᠯ ᠨᠢᠭᠡᠳᠠᠢ ᠪᠤᠯᠭᠠᠬᠤ ᠶᠢᠨ ᠬᠠᠮᠳᠦ ᠴᠠᠭ ᠦᠶ᠎ᠠ ᠶᠢ ᠲᠠᠭᠠᠨ ᠪᠦᠬᠦ ᠲᠠᠯ᠎ᠠ ᠪᠠᠷ ᠤᠷᠤᠬᠰᠢᠯᠠᠭᠤᠯᠪᠠ︔ ᠦᠨᠳᠦᠰᠦᠳᠡᠨ ᠤ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠳᠠᠯᠠᠵᠦ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠤᠨ ᠬᠦᠭᠵᠢᠯᠳᠠ ᠶᠢ ᠠᠬᠢᠭᠤᠯᠬᠤ ᠪᠠᠶᠢᠭᠤᠯᠤᠮᠵᠢ ᠲᠤᠬᠳᠠᠴᠠ ᠶᠢ ᠳᠠᠰᠤᠷᠠᠯᠳᠠ ᠦᠭᠡᠢ ᠪᠦᠷᠢᠨᠰᠢᠬᠦᠯᠪᠡ᠃
  ᠨᠦᠬᠦᠳ ᠡ᠂ ᠨᠠᠶᠢᠵᠠ ᠨᠠᠷ ᠡ︕
  ᠮᠠᠨ ᠤ ᠠᠭᠤᠤ ᠶᠡᠭᠡ ᠡᠭᠡ ᠤᠯᠤᠰ᠂ ᠨᠤᠳᠤᠭ ᠲᠡᠪᠢᠰᠭᠡᠷ ᠦᠷᠭᠡᠨ ᠠᠭᠤᠳᠠᠮ᠂ ᠦᠨᠢ ᠤᠳᠠᠭᠠᠨ ᠤ ᠪᠤᠯᠪᠠᠰᠤᠨ ᠲᠡᠤᠬᠡ ᠲᠠᠢ ᠶᠤᠮ᠂ ᠳᠤᠮᠳᠠᠳᠤ ᠶᠢᠨ ᠦᠨᠳᠦᠰᠦᠳᠡᠨ ᠤ ᠤᠯᠠᠨ ᠡᠰᠢᠵᠢᠭᠰᠡᠨ ᠨᠢᠭᠡ ᠴᠤᠬᠴᠠ ᠪᠤᠯ ᠤᠷᠢᠳᠤᠰ ᠤᠨ ᠪᠢᠳᠡᠨ ᠳᠤ ᠦᠯᠡᠳᠡᠭᠡᠵᠦ ᠦᠭᠬᠦᠭᠰᠡᠨ ᠡᠷᠬᠢᠮ ᠨᠠᠨᠳᠢᠨ ᠦᠪ ᠬᠦᠷᠦᠩᠭᠡ ᠪᠤᠯᠬᠤ ᠶᠤᠮ᠂ ᠪᠠᠰᠠ ᠴᠤ ᠮᠠᠨ ᠤ ᠤᠯᠤᠰ ᠤᠨ ᠬᠦᠭᠵᠢᠯᠳᠠ ᠶᠢᠨ ᠯᠤᠳᠤ ᠶᠡᠭᠡ ᠲᠠᠪᠠᠭᠤᠯᠢᠭ ᠪᠤᠯᠤᠨ᠎ᠠ᠃
  — ᠮᠠᠨ ᠤ ᠦᠷᠬᠡᠨ ᠠᠭᠤᠳᠠᠮ ᠨᠤᠳᠤᠭ ᠲᠡᠪᠢᠰᠬᠡᠷ ᠢ ᠦᠨᠳᠦᠰᠦᠳᠡᠨ ᠨᠦᠭᠦᠳ ᠬᠠᠮᠳᠤ ᠪᠠᠷ ᠨᠡᠬᠡᠬᠡᠭᠰᠡᠡ ᠶᠤᠮ᠃ ︽ᠤᠯᠤᠰ ᠤᠨ ᠬᠢᠯᠢ ᠮᠢᠩᠭᠠᠨ ᠭᠠᠵᠠᠷ ᠪᠠᠶᠢᠬᠤ ᠪᠦᠯᠦᠭᠡ᠂ ᠠᠷᠠᠳ ᠢᠷᠬᠡᠳ ᠠᠳᠡ ᠠᠮᠤᠷ ᠲᠠᠶᠢᠪᠤᠩ ᠠᠮᠢᠳᠤᠷᠠᠮᠤᠢ︾᠃ ᠦᠨᠳᠦᠰᠦᠳᠡᠨ ᠨᠦᠭᠦᠳ ᠤᠨ ᠤᠷᠢᠳᠤᠰ ᠰᠢᠷᠭᠠᠭᠤ ᠬᠠᠳᠠᠭᠤᠵᠢᠯᠳᠠᠢ ᠬᠦᠳᠡᠯᠮᠤᠷᠢᠯᠡᠵᠤ᠂ ᠬᠠᠷᠰᠢ ᠰᠠᠭᠠᠳ ᠢ ᠢᠯᠡᠨ ᠲᠠᠪᠠᠵᠤ᠂ ᠡᠬᠡ ᠤᠯᠤᠰ ᠤᠨ ᠢᠶᠠᠨ ᠦᠵᠡᠰᠭᠦᠯᠡᠩᠳᠦ ᠰᠠᠶᠢᠬᠠᠨ ᠠᠭᠤᠯᠠ ᠤᠰᠤ ᠶᠢ ᠬᠠᠮᠳᠤ ᠪᠠᠷ ᠨᠡᠬᠡᠭᠡᠨ ᠠᠰᠢᠬᠯᠠᠬᠰᠠᠨ ᠶᠤᠮ᠃ ᠡᠷᠳᠡᠨ ᠠᠴᠠ ᠨᠠᠭᠠᠰᠢ᠂ ᠲᠤᠮᠳᠠᠳᠤ ᠤᠷᠤᠨ ᠪᠤᠯᠤᠨ ᠬᠢᠯᠢ ᠬᠢᠵᠠᠭᠠᠷ ᠤᠷᠤᠨ ᠤ ᠠᠷᠠᠳ ᠲᠦᠮᠡᠨ ᠶᠠᠪᠤᠯᠴᠠᠭ᠎ᠠ ᠰᠤᠯᠢᠯᠴᠠᠭ᠎ᠠ ᠬᠢᠵᠥ᠂ ᠤᠯᠠᠨᠳᠠ ᠬᠤᠷᠰᠢᠯᠴᠠᠵᠥ ᠪᠠᠶᠢᠭᠰᠠᠠ ᠶᠤᠮ᠃ ᠢᠯᠠᠩᠭᠤᠶ᠎ᠠ ᠴᠢᠨ ᠤᠯᠤᠰ ᠤᠨ ᠦᠶ᠎ᠡ ᠠᠴᠠ ᠨᠠᠭᠠᠰᠢ᠂ ᠬᠢᠳᠠᠳ ᠠᠷᠠᠳ ᠬᠢᠯᠢ ᠬᠢᠵᠠᠭᠠᠷ ᠤᠷᠤᠨ ᠳᠤ ᠰᠠᠭᠤᠷᠢᠰᠢᠵᠥ᠂ ᠬᠢᠯᠢ ᠶᠢᠨ ᠠᠷᠠᠳ ᠲᠤᠳᠤᠷ᠎ᠠ ᠭᠠᠵᠠᠷ ᠲᠤ ᠨᠡᠬᠦᠵᠥ᠂ ᠬᠡᠳᠤ ᠤᠳᠠᠭ᠎ᠠ ᠶᠢᠨ ᠦᠨᠳᠦᠰᠤᠳᠡᠨ ᠤ ᠶᠡᠭᠡ ᠠᠭᠤᠰᠤᠯᠴᠠᠯ ᠢ ᠦᠩᠬᠡᠷᠡᠬᠦᠯᠵᠥ᠂ ᠦᠨᠳᠦᠰᠦᠳᠡᠨ ᠨᠦᠭᠦᠳ ᠬᠡᠨ ᠠᠯᠢᠨ ᠠᠴᠠ ᠪᠠᠨ ᠰᠠᠯᠵᠥ ᠴᠢᠳᠠᠬᠤ ᠦᠬᠡᠢ ᠪᠤᠯᠵᠥ᠂ ᠨᠤᠳᠤᠭ ᠲᠡᠪᠢᠰᠬᠡᠷ ᠢᠶᠠᠨ ᠬᠠᠮᠳᠤ ᠪᠠᠷ ᠨᠡᠬᠡᠬᠡᠨ ᠠᠰᠢᠬᠯᠠᠪᠠ᠃ ᠴᠢᠨ ᠤᠯᠤᠰ ᠤᠨ ᠦᠶ᠎ᠡ ᠳᠤ ᠡᠮᠤᠨᠡᠳᠤ ᠲᠠᠩᠬᠢᠰ ᠤᠨ ᠵᠢᠶᠦ᠋ᠨ᠂ ᠬᠦᠢᠯᠢᠨ ᠤ ᠵᠢᠶᠦ᠋ᠨ ᠢ ᠪᠠᠶᠢᠭᠤᠯᠵᠥ ᠲᠠᠪᠠᠭᠠᠨ ᠤ ᠦᠪᠤᠷ ᠤᠨ ᠭᠠᠵᠠᠷ ᠤᠷᠤᠨ ᠢ ᠬᠠᠮᠢᠶᠠᠷᠤᠭᠤᠯᠵᠥ᠂ ᠬᠠᠨ ᠤᠯᠤᠰ ᠤᠨ ᠦᠶ᠎ᠡ ᠳᠤ ᠪᠠᠷᠠᠭᠤᠨ ᠬᠢᠵᠠᠭᠠᠷ ᠤᠨ ᠳᠤ ᠬᠤ᠋ ᠹᠦ᠋ ᠵᠠᠬᠢᠷᠭᠠᠨ ᠢ ᠪᠠᠶᠢᠭᠤᠯᠵᠥ ᠰᠢᠨᠵᠢᠶᠠᠩ ᠢ ᠵᠠᠬᠢᠷᠤᠭᠤᠯᠵᠥ᠂ ᠲᠠᠩ ᠤᠯᠤᠰ ᠤᠨ ᠦᠶ᠎ᠡ ᠳᠤ 800 ᠭᠠᠷᠤᠢ ᠢᠯᠪᠢᠬᠦ ᠵᠸᠥ ᠶᠢᠨ ᠵᠠᠬᠢᠷᠭᠠᠨ ᠢ ᠪᠠᠶᠢᠭᠤᠯᠵᠥ ᠬᠢᠯᠢ ᠬᠢᠵᠠᠭᠠᠷ ᠤᠷᠤᠨ ᠢ ᠡᠪᠯᠡᠨ ᠵᠠᠰᠠᠵᠥ᠂ ᠶᠤᠸᠠᠨ ᠤᠯᠤᠰ ᠤᠨ ᠦᠶ᠎ᠡ ᠳᠤ ᠲᠡᠯᠭᠡᠷᠡᠩᠭᠦᠢ ᠵᠠᠰᠠᠭ ᠤᠨ ᠬᠦᠷᠢᠶᠡᠯᠡᠩ ᠢ ᠪᠠᠶᠢᠭᠤᠯᠵᠥ ᠲᠦᠪᠡᠳ ᠢ ᠬᠠᠮᠢᠶᠠᠷᠤᠭᠤᠯᠵᠥ᠂ ᠮᠢᠩ ᠤᠯᠤᠰ ᠴᠢᠩ ᠤᠯᠤᠰ ᠤᠨ ᠦᠶ᠎ᠡ ᠳᠤ ᠪᠠᠷᠠᠭᠤᠨ ᠡᠮᠤᠨᠡᠳᠤ ᠤᠷᠤᠨ ᠳᠤ ᠬᠦᠷᠦᠰᠦ ᠰᠢᠷᠤᠢ ᠶᠢ ᠰᠠᠶᠢᠵᠢᠷᠠᠭᠤᠯᠤᠨ ᠤᠷᠤᠰᠬᠠᠯ ᠢ ᠪᠤᠴᠠᠭᠠᠵᠥ᠂ ᠦᠩᠬᠡᠷᠡᠭᠰᠡᠡ ᠲᠦᠷᠦ ᠨᠦᠭᠦᠳ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠪᠦᠷ ᠦᠨᠦᠳᠦᠷ ᠤᠨ ᠲᠤᠮᠳᠠᠳᠤ ᠤᠯᠤᠰ ᠤᠨ ᠨᠤᠳᠤᠭ ᠲᠡᠪᠢᠰᠬᠡᠷ ᠤᠨ ᠪᠦᠷᠢᠯᠳᠦᠬᠦ ᠳᠤ ᠴᠢᠬᠤᠯᠠ ᠬᠤᠪᠢ ᠨᠡᠮᠡᠷᠢ ᠦᠵᠡᠬᠦᠯᠥᠭᠰᠡᠡ ᠶᠤᠮ᠃ ᠡᠳᠦᠭᠡ᠂ 960 ᠭᠠᠷᠤᠢ ᠲᠦᠮᠡᠨ ᠲᠡᠭᠰᠢ ᠲᠦᠷᠪᠡᠯᠵᠢᠨ ᠺᠢᠯᠥᠮᠧᠲᠷ ᠤᠨ ᠤᠯᠤᠰ ᠤᠨ ᠨᠤᠳᠤᠭ ᠲᠡᠪᠢᠰᠬᠡᠷ ᠦᠨᠢᠷ ᠪᠠᠶᠠᠯᠢᠭ ᠦᠷᠬᠡᠨ ᠠᠭᠤᠳᠠᠮ ᠪᠠᠶᠢᠨ᠎ᠠ᠂ ᠡᠨᠡ ᠪᠤᠯ ᠦᠨᠳᠦᠰᠦᠳᠡᠨ ᠨᠦᠭᠦᠳ ᠤᠨ ᠤᠷᠢᠳᠤᠰ ᠤᠨ ᠪᠢᠳᠡᠨ ᠳᠤ ᠦᠯᠡᠳᠡᠬᠡᠵᠥ ᠦᠭᠬᠦᠭᠰᠡᠡ ᠲᠠᠷᠬᠠᠨ ᠨᠤᠳᠤᠭ ᠲᠡᠪᠢᠰᠬᠡᠷ ᠪᠤᠯᠬᠤ ᠪᠦᠬᠡᠳ ᠲᠤᠮᠳᠠᠳᠤ ᠶᠢᠨ ᠦᠨᠳᠦᠰᠦᠳᠡᠨ ᠤ ᠤᠷᠤᠰᠢᠨ ᠠᠮᠢᠳᠤᠷᠠᠵᠥ ᠬᠦᠭᠵᠢᠬᠦ ᠦᠵᠡᠰᠬᠦᠯᠡᠩᠳᠤ ᠰᠠᠶᠢᠬᠠᠨ ᠬᠡᠷ ᠤᠷᠤᠨ ᠪᠤᠯᠤᠨ᠎ᠠ᠃
  — ᠮᠠᠨ ᠤ ᠦᠨᠢ ᠤᠳᠠᠭᠠᠨ ᠤ ᠲᠡᠤᠬᠡ ᠶᠢ ᠦᠨᠳᠦᠰᠦᠳᠡᠨ ᠨᠦᠭᠦᠳ ᠬᠠᠮᠳᠤ ᠪᠠᠷ ᠪᠢᠴᠢᠭᠯᠡᠭᠰᠡᠡ ᠶᠤᠮ᠃ ᠠᠯᠢ ᠡᠷᠳᠡ ᠴᠢᠨ ᠤᠯᠤᠰ ᠠᠴᠠ ᠡᠮᠤᠨ᠎ᠡ᠂ ᠮᠠᠨ ᠤ ᠤᠯᠤᠰ ᠶᠠᠨᠳᠢ ᠬᠤᠸᠠᠩᠳᠢ ᠪᠠᠷ ᠨᠢᠬᠳᠠᠷᠠᠯ ᠤᠨ ᠲᠦᠪ ᠪᠤᠯᠭᠠᠬᠤ᠂ ︽ᠲᠠᠪᠤᠨ ᠵᠦᠭ ᠤᠨ ᠠᠷᠠᠳ︾ ᠬᠠᠮᠳᠤ ᠪᠠᠷ ᠵᠠᠬᠢᠷᠬᠤ ᠰᠤᠯᠪᠢᠴᠠᠭᠰᠠᠠ ᠪᠠᠶᠢᠷᠢᠰᠢᠯ ᠢ ᠠᠯᠬᠤᠮ ᠠᠯᠬᠤᠮ ᠢᠶᠠᠷ ᠪᠦᠷᠢᠯᠳᠦᠬᠦᠯᠪᠡ᠃ ᠴᠢᠨ ᠤᠯᠤᠰ ᠤᠨ ︽ᠦᠰᠦᠭ ᠪᠢᠴᠢᠭ ᠠᠳᠠᠯᠢ᠂ ᠲᠡᠷᠬᠡᠨ ᠵᠠᠮ ᠠᠳᠠᠯᠢ᠂ ᠬᠡᠮᠵᠢᠬᠦᠷ ᠠᠳᠠᠯᠢ᠂ ᠬᠠᠤᠯᠢ ᠶᠤᠰᠤ ᠠᠳᠠᠯᠢ︾ ᠪᠠᠶᠢᠬᠤ ᠪᠠᠶᠢᠳᠠᠯ ᠨᠢ ᠲᠤᠮᠳᠠᠳᠤ ᠤᠯᠤᠰ ᠤᠨ ᠨᠢᠬᠡᠳᠦᠭᠰᠡᠡ ᠤᠯᠠᠨ ᠦᠨᠳᠦᠰᠦᠳᠡᠨ ᠲᠠᠢ ᠤᠯᠤᠰ ᠤᠨ ᠬᠦᠭᠵᠢᠯᠳᠡ ᠶᠢᠨ ᠶᠠᠪᠤᠴᠠ ᠶᠢ ᠡᠬᠢᠯᠡᠭᠦᠯᠦᠭᠰᠡᠨ ᠶᠤᠮ᠃ ᠡᠬᠦᠨ ᠤ ᠲᠠᠷᠠᠭ᠎ᠠ ᠪᠠᠷ᠂ ᠠᠯᠢ ᠦᠨᠳᠦᠰᠦᠳᠡᠨ ᠲᠤᠮᠳᠠᠳᠤ ᠤᠷᠤᠨ ᠳᠤ ᠨᠤᠳᠤᠬᠰᠢᠬᠰᠠᠨ ᠴᠦ ᠲᠡᠷᠡ᠂ ᠪᠦᠷ ᠲᠦᠷᠦ ᠬᠦᠷᠦᠨ ᠢ ᠨᠢᠬᠡᠳᠬᠡᠬᠦ ᠪᠠᠷ ᠡᠬᠦᠷᠬᠡ ᠪᠠᠨ ᠪᠤᠯᠭᠠᠵᠥ᠂ ᠪᠦᠷ ᠲᠤᠮᠳᠠᠳᠤ ᠶᠢᠨ ᠰᠤᠶᠤᠯ ᠢ ᠤᠳᠤᠮᠰᠢᠯᠠᠨ ᠰᠠᠭᠤᠷᠢᠰᠢᠵᠥ ᠪᠠᠶᠢᠪᠠ᠃ ᠰᠠᠯᠤᠭᠰᠠᠠ ᠢᠶᠠᠷ ᠵᠢᠱᠢᠶᠡᠯᠡᠪᠡᠯ ᠡᠮᠤᠨᠡᠳᠤ ᠤᠮᠠᠷᠠᠳᠤ ᠲᠦᠷᠦ ᠶᠢᠨ ᠦᠶ᠎ᠡ ᠳᠤ᠂ ᠪᠦᠷ ᠲᠤᠮᠳᠠᠳᠤ ᠶᠢᠨ ᠤᠳᠤᠮᠰᠢᠯ ᠢ ᠮᠠᠭᠳᠠᠵᠥ ᠪᠠᠶᠢᠪᠠ︔ ᠡᠰᠡᠷᠬᠦᠴᠡᠯᠳᠦᠭᠰᠡᠡ ᠢᠶᠠᠷ ᠵᠢᠱᠢᠶᠡᠯᠡᠪᠡᠯ ᠰᠦᠩ ᠯᠢᠶᠤᠤ ᠰᠢᠶᠠ ᠶᠢᠨ ᠤᠯᠤᠰ ᠤᠨ ᠦᠶ᠎ᠡ ᠳᠤ᠂ ᠪᠦᠷ ︽ᠤᠷᠴᠢᠯᠠᠩ ᠤᠨ ᠭᠠᠳᠠᠨᠠᠬᠢ ᠲᠤᠭᠤᠷ ᠤᠨ ᠬᠦᠷᠢᠶᠡᠯᠡᠩ︾ ᠬᠡᠮᠡᠭᠳᠡᠵᠥ ᠪᠠᠶᠢᠪᠠ︔ ᠨᠢᠬᠡᠳᠦᠭᠰᠡᠡ ᠢᠶᠠᠷ ᠵᠢᠱᠢᠶᠡᠯᠡᠪᠡᠯ ᠴᠢᠨ ᠬᠠᠨ᠂ ᠰᠦᠢ ᠲᠠᠩ᠂ ᠶᠤᠸᠠᠨ ᠮᠢᠩ ᠴᠢᠩ ᠤᠯᠤᠰ ᠤᠨ ᠦᠶ ᠎ᠡ ᠳᠤ᠂ ᠨᠡᠩ ᠴᠦ ︽ᠵᠠᠩ ᠵᠠᠩᠰᠢᠯ ᠠᠳᠠᠯᠢ᠂ ᠵᠠᠷᠯᠢᠭ ᠵᠢᠭᠠᠪᠤᠷᠢ ᠨᠢᠬᠡᠳᠤᠯᠳᠡᠢ︾ ᠪᠠᠶᠢᠪᠠ᠃ ᠴᠢᠨ ᠤᠯᠤᠰ ᠬᠠᠨ ᠤᠯᠤᠰ ᠤᠨ ᠰᠦᠷ ᠵᠢᠪᠬᠤᠭ᠎ᠠ᠂ ᠶᠡᠭᠡ ᠲᠠᠩ ᠤᠯᠤᠰ ᠤᠨ ᠬᠦᠭᠵᠢᠯ᠂ ᠡᠩᠬᠡ ᠠᠮᠤᠭᠤᠯᠠᠩ ᠲᠡᠭᠷᠢ ᠲᠡᠳᠬᠦᠭᠴᠢ ᠶᠢᠨ ᠪᠠᠳᠠᠷᠠᠯ ᠪᠤᠯ ᠪᠦᠷ ᠦᠨᠳᠦᠰᠦᠳᠡᠨ ᠨᠦᠭᠦᠳ ᠤᠨ ᠬᠠᠮᠳᠤ ᠪᠠᠷ ᠪᠦᠳᠦᠬᠡᠭᠰᠡᠡ ᠲᠡᠤᠬᠡ ᠪᠤᠯᠤᠨ᠎ᠠ᠃ ᠡᠳᠦᠭᠡ᠂ ᠪᠢᠳᠡ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠬᠦᠴᠦᠨ ᠴᠢᠳᠠᠯ ᠳᠤ ᠨᠢᠬᠳᠠ ᠲᠦᠰᠢᠭᠯᠡᠬᠦ ᠬᠡᠷᠡᠭᠳᠡᠢ᠃
  — ᠮᠠᠨ ᠤ ᠭᠡᠷᠡᠯ ᠰᠠᠴᠤᠷᠠᠩᠭᠤᠢ ᠰᠤᠶᠤᠯ ᠢ ᠦᠨᠳᠦᠰᠦᠳᠡᠨ ᠨᠦᠭᠦᠳ ᠬᠠᠮᠳᠤ ᠪᠠᠷ ᠡᠬᠦᠳᠦᠭᠰᠡᠨ ᠶᠤᠮ᠃ ᠲᠤᠮᠳᠠᠳᠤ ᠶᠢᠨ ᠰᠤᠶᠤᠯ ᠪᠤᠯ ᠦᠨᠳᠦᠰᠦᠳᠡᠨ ᠨᠦᠭᠦᠳ ᠤᠨ ᠰᠤᠶᠤᠯ ᠤᠨ ᠴᠤᠬᠯᠠᠷᠠᠯ ᠮᠦᠨ᠃ ᠮᠠᠨ ᠤ ᠤᠯᠤᠰ ᠤᠨ ᠦᠨᠳᠤᠰᠤᠳᠠᠨ ᠨᠦᠭᠦᠳ ᠰᠢᠯᠦᠭᠯᠡᠯᠳᠤ ᠨᠤᠮ᠂ ᠴᠦ᠋ ᠤᠯᠤᠰ ᠤᠨ ᠤᠶᠠᠩᠭ᠎ᠠ᠂ ᠬᠠᠨ ᠤᠯᠤᠰ ᠤᠨ ᠮᠠᠬᠳᠠᠭᠠᠯ᠂ ᠲᠠᠩ ᠤᠯᠤᠰ ᠤᠨ ᠰᠢᠯᠦᠭ᠂ ᠰᠦᠩ ᠤᠯᠤᠰ ᠤᠨ ᠲᠠᠭᠤᠯᠠᠯ᠂ ᠶᠤᠸᠠᠨ ᠤᠯᠤᠰ ᠤᠨ ᠲᠠᠭᠤᠷᠢᠯᠢᠭ᠂ ᠮᠢᠩ ᠴᠢᠩ ᠤᠨ ᠦᠯᠢᠭᠡᠷ ᠤᠨ ᠵᠤᠬᠢᠶᠠᠯ ᠵᠡᠷᠭᠡ ᠠᠭᠤᠤ ᠶᠡᠭᠡ ᠪᠦᠳᠦᠭᠡᠯ ᠢ ᠡᠬᠦᠳᠴᠤ᠂ ᠭᠡᠰᠡᠷ ᠤᠨ ᠲᠤᠭᠤᠵᠢ᠂ ᠮᠠᠨᠠᠰ᠂ ᠵᠠᠩᠭᠠᠷ ᠵᠡᠷᠭᠡ ᠬᠦᠮᠦᠰ ᠤᠨ ᠰᠡᠳᠬᠢᠯ ᠢ ᠲᠤᠩᠰᠤᠯᠭᠠᠮ᠎ᠡ ᠠᠭᠤᠤ ᠶᠡᠭᠡ ᠲᠤᠤᠯᠢ ᠶᠢ ᠵᠠᠯᠭᠠᠮᠵᠢᠯᠠᠵᠤ᠂ ᠲᠦᠮᠡᠨ ᠭᠠᠵᠠᠷ ᠤᠨ ᠤᠷᠳᠤ ᠴᠠᠭᠠᠨ ᠭᠡᠷᠡᠮ᠂ ᠳ᠋ᠦ᠋ ᠵᠢᠶᠠᠩ ᠶᠠᠨ ᠬᠠᠰᠢᠯᠭ᠎ᠠ᠂ ᠶᠡᠭᠡ ᠲᠠᠳᠠᠮᠠᠯ ᠭᠤᠤᠯ᠂ ᠬᠠᠭᠠᠨ ᠤ ᠤᠷᠳᠤᠨ᠂ ᠪᠤᠳᠠᠯᠠᠩ ᠤᠷᠳᠤᠨ᠂ ᠲᠠᠯᠳᠠ ᠰᠤᠪᠠᠭ ᠵᠡᠷᠭᠡ ᠠᠭᠤᠤ ᠶᠡᠭᠡ ᠢᠨᠵᠧᠨᠧᠷᠢᠩ ᠢ ᠪᠦᠳᠦᠭᠡᠨ ᠪᠠᠶᠢᠭᠤᠯᠪᠠ᠃ ᠲᠤᠮᠳᠠᠳᠤ ᠶᠢᠨ ᠰᠤᠶᠤᠯ ᠡᠶᠢᠮᠤ ᠭᠤᠶᠢᠳᠠ ᠰᠠᠶᠢᠬᠠᠨ᠂ ᠦᠷᠭᠡᠨ ᠲᠡᠯᠭᠡᠷ ᠬᠦᠨ ᠬᠦᠨᠵᠡᠭᠡᠢ ᠪᠠᠶᠢᠳᠠᠭ ᠤᠨ ᠰᠢᠯᠳᠠᠭᠠᠨ ᠨᠢ ᠲᠡᠬᠦᠨ ᠤ ᠪᠦᠬᠦᠨ ᠢ ᠠᠪᠴᠤ ᠪᠠᠶᠢᠳᠠᠭ ᠢ ᠬᠠᠳᠠᠭᠠᠯᠠᠬᠤ ᠪᠠᠭᠳᠠᠭᠠᠮᠵᠢᠳᠤ ᠴᠢᠨᠠᠷ ᠲᠤ ᠨᠢ ᠪᠠᠶᠢᠭ᠎ᠠ ᠶᠤᠮ᠃ ᠲᠡᠤᠭᠡ ᠶᠢᠨ ᠤᠷᠳᠤ ᠬᠠᠭᠤᠳᠠᠰᠤ ᠶᠢ ᠲᠡᠯᠭᠡᠬᠦᠶ᠎ᠡ᠂ ᠵᠤᠤ ᠡᠤ ᠯᠢᠩ ᠸᠠᠩ ᠮᠤᠷᠢᠨ ᠲᠡᠭᠡᠷ᠎ᠡ ᠠᠴᠠ ᠬᠠᠷᠪᠤᠵᠤ ᠨᠠᠮᠨᠠᠬᠤ ᠠᠴᠠ ᠤᠮᠠᠷᠠᠳᠤ ᠸᠧᠢ ᠤᠯᠤᠰ ᠤᠨ ᠰᠢᠶᠤᠤ ᠸᠧᠨ ᠳ᠋ᠢ ᠬᠠᠭᠠᠨ ᠤ ᠬᠢᠳᠡᠳᠴᠢᠯᠡᠬᠤ ᠦᠭᠡᠷᠡᠴᠢᠯᠡᠯᠳᠠ ᠬᠦᠷᠳᠡᠯ᠎ᠡ︔ ︽ᠯᠦᠸᠧᠶᠠᠩ ᠤᠨ ᠠᠶᠢᠯ ᠪᠤᠯᠭᠠᠨ ᠬᠤ᠋ ᠶᠢᠨ ᠬᠦᠭᠵᠢᠮ ᠰᠤᠷᠤᠬᠰᠡᠨ︾ ᠠᠴᠠ ︽ᠲᠦᠮᠡᠨ ᠭᠠᠵᠠᠷ ᠤᠨ ᠴᠢᠶᠠᠩ ᠦᠨᠳᠦᠰᠦᠳᠡᠨ ᠪᠦᠬᠦᠨ ᠢᠶᠠᠷ ᠢᠶᠠᠨ ᠬᠢᠳᠡᠳ ᠲᠠᠭᠤᠤ ᠰᠤᠷᠤᠬᠰᠡᠨ︾ ᠬᠦᠷᠳᠡᠯ᠎ᠡ︔ ᠬᠢᠯᠢ ᠬᠢᠵᠠᠭᠠᠷ ᠤᠨ ᠦᠨᠳᠦᠰᠤᠳᠡᠨ ︽ᠬᠦᠷᠮ᠎ᠡ ᠬᠡᠳᠡᠷᠴᠦ ᠪᠠᠩᠵᠠᠯ ᠡᠮᠦᠰᠬᠦ︾᠂ ︽ᠢᠷᠠᠭᠤ ᠲᠠᠭᠤᠤ ᠪᠢᠴᠢᠭ ᠤᠨ ᠬᠦᠮᠦᠨ ᠤ ᠬᠤᠪᠴᠠᠰᠤ︾ ᠶᠢ ᠭᠡᠷᠡᠭᠯᠡᠵᠤ ᠰᠤᠷᠤᠬᠰᠡᠨ ᠠᠴᠠ ᠲᠤᠮᠳᠠᠳᠤ ᠤᠷᠤᠨ ᠳᠤ ︽ᠬᠦᠷᠮ᠎ᠡ ᠬᠡᠳᠡᠷᠴᠦ ᠦᠮᠤᠳᠤ ᠡᠮᠦᠰᠬᠦ︾᠂ ᠬᠤ᠋ ᠶᠢᠨ ᠬᠦᠷᠮ᠎ᠡ ᠬᠤ᠋ ᠶᠢᠨ ᠮᠠᠯᠠᠭᠠᠢ ᠲᠡᠯᠭᠡᠷᠡᠭᠰᠡᠨ ᠵᠢᠴᠢ ᠦᠨᠤᠳᠤᠷ ᠤᠨ ᠭᠠᠵᠠᠷ ᠪᠤᠯᠭᠠᠨ ᠳᠤ ᠬᠠᠷᠠᠬᠳᠠᠬᠤ ᠠᠷᠰᠯᠠᠨ ᠪᠦᠵᠢᠭ᠂ ᠬᠤᠭᠤᠷ᠂ ᠮᠠᠨᠵᠤ ᠲᠠᠪᠠᠯ ᠵᠡᠷᠭᠡ ᠬᠦᠷᠳᠡᠯ᠎ᠡ ᠦᠨᠳᠦᠰᠦᠳᠡᠨ ᠨᠦᠭᠦᠳ ᠤᠨ ᠰᠤᠶᠤᠯ ᠤᠨ ᠬᠠᠷᠢᠯᠴᠠᠨ ᠲᠤᠯᠢᠳᠡᠯ ᠠᠭᠤᠰᠤᠯᠴᠠᠯ ᠨᠡᠪᠳᠡᠷᠡᠯᠴᠠᠯ ᠢ ᠢᠯᠡᠷᠡᠬᠦᠯᠪᠡ᠃ ᠦᠨᠳᠦᠰᠦᠳᠡᠨ ᠨᠦᠭᠦᠳ ᠤᠨ ᠰᠤᠶᠤᠯ ᠰᠤᠯᠪᠢᠴᠠᠨ ᠭᠡᠷᠡᠯᠳᠦᠵᠤ᠂ ᠲᠤᠮᠳᠠᠳᠤ ᠶᠢᠨ ᠰᠤᠶᠤᠯ ᠶᠠᠪᠤᠬᠤ ᠲᠤᠳᠤᠮ ᠬᠤᠪᠢᠷᠠᠨ ᠰᠢᠨᠡᠳᠪᠠ᠂ ᠡᠨᠡ ᠪᠤᠯ ᠦᠨᠤᠳᠤᠷ ᠤᠨ ᠮᠠᠨ ᠤ ᠬᠦᠴᠦᠷᠭᠡᠭ ᠶᠡᠭᠡ ᠰᠤᠶᠤᠯ ᠤᠨ ᠢᠳᠡᠭᠡᠯ ᠤᠨ ᠦᠨᠳᠦᠰᠤ ᠰᠤᠷᠪᠤᠯᠵᠢ ᠮᠦᠨ᠃
  — ᠮᠠᠨ ᠤ ᠠᠭᠤᠤ ᠶᠡᠭᠡ ᠵᠤᠷᠢᠭ ᠰᠠᠨᠠᠭ᠎ᠠ ᠶᠢ ᠦᠨᠳᠦᠰᠦᠳᠡᠨ ᠨᠦᠭᠦᠳ ᠬᠠᠮᠳᠤ ᠪᠠᠷ ᠪᠤᠶᠢᠵᠢᠭᠤᠯᠤᠬᠰᠡᠨ ᠶᠤᠮ᠃ ᠲᠡᠤᠭᠡ ᠶᠢᠨ ᠤᠷᠳᠤ ᠠᠶᠠᠨ ᠳᠤ᠂ ᠲᠠᠷᠢᠶᠠᠯᠠᠬᠤ ᠰᠤᠶᠤᠯ ᠤᠨ ᠪᠤᠯᠪᠠᠰᠤᠨ ᠤ ᠰᠢᠷᠭᠠᠭᠤ ᠬᠠᠳᠠᠭᠤᠵᠢᠯᠳᠠᠢ ᠡᠭᠡᠯ ᠪᠤᠷᠤᠬᠵᠢᠭᠤᠨ᠂ ᠶᠤᠰᠤ ᠶᠢ ᠡᠷᠬᠢᠮᠯᠡᠵᠤ ᠡᠨᠡᠷᠢᠯ ᠢ ᠲᠤᠳᠤᠨᠤᠴᠢᠯᠠᠬᠤ᠂ ᠲᠠᠯ᠎ᠡ ᠨᠤᠳᠤᠭ ᠤᠨ ᠰᠤᠶᠤᠯ ᠤᠨ ᠤᠷᠬᠢᠯᠤᠮ᠎ᠡ ᠬᠠᠯᠠᠭᠤᠨ᠂ ᠡᠷᠡᠯᠭᠡᠭ ᠪᠠᠭᠠᠳᠤᠷᠯᠢᠭ ᠢᠳᠡ ᠬᠦᠴᠦ᠂ ᠲᠠᠯᠠᠢ ᠲᠠᠩᠭᠢᠰ ᠤᠨ ᠰᠤᠶᠤᠯ ᠤᠨ ᠪᠤᠯᠪᠠᠰᠤᠨ ᠤ ᠪᠦᠬᠦᠨ ᠢ ᠪᠠᠭᠳᠠᠭᠠᠵᠤ᠂ ᠵᠤᠷᠢᠬᠳᠠᠢ ᠲᠡᠮᠡᠴᠡᠪᠡᠯ ᠢᠯᠠᠯᠳᠠ ᠤᠯᠬᠤ ᠵᠡᠷᠭᠡ ᠨᠢ ᠲᠤᠮᠳᠠᠳᠤ ᠶᠢᠨ ᠦᠨᠳᠦᠰᠦᠳᠡᠨ ᠤ ᠤᠨᠴᠠᠯᠢᠭ ᠰᠢᠨᠵᠢ ᠪᠠ ᠠᠪᠢᠶᠠᠰ ᠪᠢᠯᠢᠭ ᠢ ᠪᠦᠷᠢᠯᠳᠦᠭᠦᠯᠵᠤ᠂ ᠬᠠᠮᠳᠤ ᠪᠠᠷ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠤᠯ ᠪᠤᠯᠭᠠᠬᠰᠡᠨ ᠠᠭᠤᠤ ᠶᠡᠭᠡ ᠦᠨᠳᠦᠰᠦᠳᠡᠨ ᠤ ᠵᠤᠷᠢᠭ ᠰᠠᠨᠠᠭ᠎ᠠ ᠶᠢ ᠪᠤᠢ ᠪᠤᠯᠭᠠᠪᠠ᠃ ᠵᠤᠤ ᠵᠢᠶᠦ᠋ᠨ ᠠᠷᠤ ᠭᠠᠵᠠᠷ ᠲᠤ ᠮᠤᠷᠳᠠᠬᠰᠡᠨ᠂ ᠸᠧᠨ ᠴᠧᠩ ᠬᠦᠡᠭᠵᠤ ᠲᠦᠪᠡᠳ ᠲᠤ ᠤᠴᠢᠬᠰᠡᠨ᠂ ᠯᠢᠶᠠᠩᠵᠸᠤ ᠶᠢᠨ ᠴᠢᠭᠤᠯᠭᠠᠨ᠂ ᠸᠨ ᠤᠪᠤᠬᠳᠤ ᠬᠠᠳᠤᠨ ᠶᠠᠫᠤᠨ ᠲᠡᠭᠡᠷᠡᠮ ᠢ ᠡᠰᠡᠷᠬᠦᠴᠡᠭᠰᠡᠨ᠂ ᠲᠤᠷᠭᠤᠳᠴᠤᠳ ᠲᠦᠮᠡᠨ ᠭᠠᠵᠠᠷ ᠤᠨ ᠬᠤᠯᠠ ᠠᠴᠠ ᠲᠤᠷᠤᠨᠠᠰᠢ ᠪᠤᠴᠠᠬᠰᠡᠨ᠂ ᠰᠢᠪᠡᠭᠡ ᠦᠨᠳᠦᠰᠦᠳᠡᠨ ᠲᠦᠮᠡᠨ ᠭᠠᠵᠠᠷ ᠤᠨ ᠬᠢᠯᠢ ᠶᠢ ᠰᠠᠬᠢᠬᠰᠡᠨ ᠵᠡᠷᠭᠡ ᠪᠤᠯ ᠲᠡᠤᠭᠡ ᠶᠢᠨ ᠰᠠᠶᠢᠬᠠᠨ ᠦᠯᠢᠭᠡᠷ ᠪᠤᠯᠤᠨ᠎ᠠ᠃ ᠤᠢᠢᠷ᠎ᠡ ᠦᠶ᠎ᠡ ᠠᠴᠠ ᠬᠤᠶᠢᠰᠢ᠂ ᠤᠯᠤᠰ ᠮᠦᠬᠦᠵᠤ ᠤᠬᠰᠠᠭ᠎ᠠ ᠰᠦᠨᠤᠬᠦ ᠤᠷᠢᠳ ᠡᠮᠤᠨ᠎ᠡ ᠪᠠᠶᠢᠭ᠎ᠠ ᠦᠭᠡᠢ ᠠᠶᠤᠯ ᠲᠦᠭᠰᠢᠬᠦᠷᠢ ᠶᠢᠨ ᠡᠮᠤᠨ᠎ᠡ᠂ ᠦᠨᠳᠦᠰᠦᠳᠡᠨ ᠨᠦᠭᠦᠳ ᠤᠨ ᠠᠷᠠᠳ ᠲᠦᠮᠡᠨ ᠭᠠᠳᠠᠭᠠᠳᠤ ᠶᠢᠨ ᠲᠤᠷᠤᠮᠵᠢᠯᠠᠯ ᠢ ᠬᠠᠮᠳᠤ ᠪᠠᠷ ᠡᠰᠡᠷᠬᠦᠴᠡᠵᠤ᠂ ᠤᠯᠤᠰ ᠤᠷᠤᠨ ᠤ ᠬᠦᠴᠢᠷ ᠵᠤᠪᠠᠯᠠᠩ ᠢ ᠬᠠᠮᠳᠤ ᠪᠠᠷ ᠲᠤᠭᠤᠯᠵᠤ᠂ ᠲᠡᠷᠢᠬᠦᠨ ᠢᠶᠠᠨ ᠤᠨᠠᠭᠠᠵᠤ᠂ ᠬᠠᠯᠠᠭᠤᠨ ᠴᠢᠰᠤ ᠪᠠᠨ ᠤᠷᠤᠰᠬᠠᠵᠤ᠂ ᠲᠤᠮᠳᠠᠳᠤ ᠶᠢᠨ ᠦᠨᠳᠦᠰᠦᠳᠡᠨ ᠤ ᠲᠦᠢᠯ ᠤᠨ ᠪᠡᠷᠬᠡ ᠬᠠᠳᠠᠭᠤᠵᠢᠯᠳᠠᠢ᠂ ᠰᠦᠷ ᠵᠢᠪᠬᠤᠯᠠᠩᠳᠤ ᠠᠭᠤᠤ ᠶᠡᠭᠡ ᠲᠤᠤᠯᠢᠰ ᠢ ᠪᠢᠴᠢᠭᠯᠡᠪᠠ᠃ ᠡᠬᠦᠨ ᠳᠤ ᠦᠯᠡᠮᠵᠢᠭᠡᠨ ᠴᠦᠭᠡᠨ ᠲᠤᠭᠠᠳᠤ ᠦᠨᠳᠦᠰᠦᠳᠡᠨ ᠤ ᠤᠯᠤᠰ ᠢᠶᠠᠨ ᠬᠠᠮᠠᠭᠠᠯᠠᠬᠰᠡᠨ ᠦᠷᠡᠭᠳᠡᠭᠰᠡᠨ ᠪᠠᠭᠠᠳᠤᠷ᠂ ᠨᠠᠮ ᠪᠠᠶᠢᠭᠤᠯᠤᠬᠰᠡᠨ ᠤᠷᠢᠳᠤᠰ᠂ ᠠᠵᠢᠯᠴᠢᠨ ᠲᠠᠷᠢᠶᠠᠴᠢᠨ ᠤ ᠬᠦᠳᠡᠯᠭᠡᠭᠡᠨ ᠤ ᠤᠳᠤᠷᠢᠳᠤᠬᠴᠢ᠂ ᠶᠠᠫᠤᠨ ᠢ ᠡᠰᠡᠷᠬᠦᠴᠡᠭᠰᠡᠨ ᠪᠠᠭᠠᠳᠤᠷ᠂ ᠲᠤᠯᠭᠤᠷ ᠲᠦᠷᠦ ᠶᠢᠨ ᠵᠠᠩᠵᠤᠨ ᠴᠤᠯᠭᠤᠷᠠᠨ ᠭᠠᠷᠴᠤ᠂ ᠦᠨᠳᠦᠰᠦᠳᠡᠨ ᠤ ᠲᠤᠰᠠᠭᠠᠷ ᠲᠤᠬᠳᠠᠨᠢᠯ ᠪᠠ ᠠᠷᠠᠳ ᠲᠦᠮᠡᠨ ᠤ ᠴᠢᠯᠦᠭᠡᠯᠡᠯᠳᠠ ᠶᠢᠨ ᠲᠦᠯᠦᠭᠡ ᠪᠠᠯᠠᠷᠠᠰᠢ ᠦᠭᠡᠢ ᠲᠡᠤᠬᠡᠳᠤ ᠬᠤᠪᠢ ᠨᠠᠮᠠᠷᠢ ᠦᠵᠡᠬᠦᠯᠪᠡ᠃ ︽ᠠᠷᠠᠳ ᠤᠨ ᠰᠡᠳᠬᠢᠯ ᠤᠨ ᠬᠠᠨᠳᠤᠰᠢ ᠠᠨᠤ ᠭᠠᠭᠴᠠ ᠬᠦ ᠶᠤᠰᠤ ᠵᠢᠷᠤᠮ ᠳᠤᠷ  ᠠᠮᠤᠢ︾᠃ ᠵᠠᠭᠤᠨ ᠵᠢᠯ ᠤᠨ ᠲᠡᠮᠡᠴᠡᠯ ᠲᠤᠮᠳᠠ᠂ ᠦᠨᠳᠦᠰᠦᠳᠡᠨ ᠨᠦᠭᠦᠳ ᠤᠨ ᠠᠷᠠᠳ ᠲᠦᠮᠡᠨ ᠤ ᠴᠢᠰᠤ ᠨᠡᠶᠢᠯᠡᠵᠤ᠂ ᠰᠡᠳᠬᠢᠯ ᠨᠢᠭᠡᠳᠴᠤ᠂ ᠬᠠᠮᠳᠤ ᠶᠢᠨ ᠴᠤᠬᠴᠠ ᠶᠢᠨ ᠤᠬᠠᠮᠰᠠᠷ ᠤᠷᠢᠳ ᠡᠮᠤᠨ᠎ᠡ ᠪᠠᠶᠢᠭ᠎ᠠ ᠦᠭᠡᠢ ᠴᠢᠩᠭᠠᠷᠠᠵᠤ᠂ ᠲᠤᠮᠳᠠᠳᠤ ᠶᠢᠨ ᠦᠨᠳᠦᠰᠦᠳᠡᠨ ᠤᠬᠠᠮᠰᠠᠷᠠᠭᠠᠳᠤᠢ ᠪᠠᠶᠢᠬᠰᠡᠨ ᠠᠴᠠ ᠪᠠᠨ ᠤᠬᠠᠮᠰᠠᠷ ᠲᠠᠢ ᠪᠤᠯᠤᠬᠰᠡᠨ ᠠᠭᠤᠤ ᠶᠡᠭᠡ ᠬᠤᠪᠢᠷᠠᠯᠳᠠ ᠶᠢ ᠪᠠᠶᠠᠯᠡᠬᠦᠯᠪᠡ᠃ ᠲᠤᠮᠳᠠᠳᠤ ᠶᠢᠨ ᠦᠨᠳᠦᠰᠦᠳᠡᠨ ᠤ ᠵᠤᠷᠢᠭ ᠰᠠᠨᠠᠭ᠎ᠠ ᠶᠢ ᠦᠨᠳᠦᠰᠦᠳᠡᠨ ᠨᠦᠭᠦᠳ ᠤᠨ ᠠᠷᠠᠳ ᠲᠦᠮᠡᠨ ᠬᠠᠮᠳᠤ ᠪᠠᠷ ᠪᠤᠶᠢᠵᠢᠭᠤᠯᠵᠤ᠂ ᠵᠠᠯᠭᠠᠮᠵᠢᠯᠠᠵᠤ᠂ ᠬᠦᠭᠵᠢᠭᠦᠯᠦᠭᠰᠡᠨ ᠶᠤᠮ᠂ ᠨᠢᠭᠡᠨᠳᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠴᠢᠰᠤ ᠮᠢᠬ᠎ᠠ ᠪᠠ ᠰᠦᠭ ᠰᠦᠨᠡᠰᠤᠨ ᠳᠤ ᠬᠦᠨᠵᠡᠭᠡᠢ ᠠᠭᠤᠰᠤᠯᠴᠠᠵᠤ᠂ ᠲᠤᠮᠳᠠᠳᠤ ᠤᠯᠤᠰ ᠤᠨ ᠬᠦᠭᠵᠢᠯᠳᠠ ᠲᠠᠪᠰᠢᠯᠳᠠ ᠶᠢ ᠠᠬᠢᠭᠤᠯᠬᠤ ᠬᠦᠴᠦᠷᠭᠡᠭ ᠶᠡᠭᠡ ᠤᠶᠤᠨ ᠰᠠᠨᠠᠭᠠᠨ ᠤ ᠬᠦᠳᠡᠯᠭᠡᠬᠦ ᠬᠦᠴᠤᠨ ᠪᠤᠯᠪᠠ᠃
  ᠳᠤᠮᠳᠠᠳᠤ ᠤᠯᠤᠰ ᠤᠨ ᠲᠡᠦᠭᠡ ᠪᠤᠯ ᠦᠨᠳᠦᠰᠦᠳᠡᠨ ᠨᠦᠭᠦᠳ ᠠᠭᠤᠰᠤᠯᠴᠠᠵᠦ ᠤᠯᠠᠨ ᠡᠰᠢᠵᠢᠨ ᠨᠢᠭᠡ ᠴᠤᠬᠴᠠᠵᠢᠭᠰᠠᠨ ᠳᠤᠮᠳᠠᠳᠤ ᠶᠢᠨ ᠦᠨᠳᠦᠰᠦᠳᠡᠨ ᠤ ᠲᠡᠦᠭᠡ ᠮᠦᠨ᠂ ᠦᠨᠳᠦᠰᠦᠳᠡᠨ ᠨᠦᠭᠦᠳ ᠤᠨ ᠬᠠᠮᠳᠤ ᠪᠠᠷ ᠪᠠᠶᠢᠭᠤᠯᠵᠤ᠂ ᠬᠦᠭᠵᠢᠬᠦᠯᠵᠦ᠂ ᠪᠠᠬᠢᠵᠢᠬᠦᠯᠦᠭᠰᠡᠨ ᠨᠢᠭᠡᠳᠦᠭᠰᠡᠨ ᠠᠭᠤᠤ ᠶᠡᠭᠡ ᠡᠭᠡ ᠤᠯᠤᠰ ᠤᠨ ᠲᠡᠦᠭᠡ ᠮᠦᠨ᠃ ᠦᠨᠳᠦᠰᠦᠳᠡᠨ ᠨᠦᠭᠦᠳ ᠪᠦᠯᠬᠦᠮᠳᠡᠨ ᠠᠭᠤᠰᠤᠯᠴᠠᠵᠤ᠂ ᠤᠯᠠᠨ ᠡᠰᠢᠵᠢᠨ ᠨᠢᠭᠡ ᠴᠤᠬᠴᠠᠵᠢᠬᠰᠠᠨ ᠤ ᠰᠢᠯᠳᠠᠭᠠᠨ ᠨᠢ ᠦᠨᠳᠦᠰᠦᠳᠡᠨ ᠨᠦᠭᠦᠳ ᠰᠤᠶᠤᠯ ᠤᠨ ᠲᠡᠯ᠎ᠡ ᠪᠠᠷ ᠪᠦᠬᠦᠨ ᠢ ᠠᠪᠴᠤ ᠪᠠᠶᠢᠳᠠᠭ ᠢ ᠬᠠᠳᠠᠭᠠᠯᠠᠬᠤ᠂ ᠠᠵᠤ ᠠᠬᠤᠢ ᠶᠢᠨ ᠲᠠᠯ᠎ᠡ ᠪᠠᠷ ᠬᠠᠷᠢᠯᠴᠠᠨ ᠲᠦᠰᠢᠭᠯᠡᠯᠴᠡᠨ ᠤᠷᠤᠰᠢᠵᠤ᠂ ᠬᠠᠶᠢᠷ᠎ᠡ ᠰᠡᠳᠬᠢᠯᠭᠡ ᠶᠢᠨ ᠲᠠᠯ᠎ᠡ ᠪᠠᠷ ᠬᠠᠷᠢᠯᠴᠠᠨ ᠲᠤᠳᠤᠨᠤᠴᠢᠯᠠᠬᠤ ᠠᠴᠠ ᠢᠷᠡᠯᠳᠡ ᠲᠠᠢ ᠶᠤᠮ᠂ ᠲᠤᠮᠳᠠᠳᠤ ᠶᠢᠨ ᠦᠨᠳᠦᠰᠤᠳᠡᠨ ᠤ ᠪᠦᠯᠬᠦᠮᠳᠡᠯ ᠨᠢᠭᠡᠳᠦᠯ ᠢ ᠬᠦᠭᠡᠭᠡᠴᠡᠯᠳᠦᠭᠰᠡᠨ ᠲᠤᠳᠤᠭᠠᠳᠤ ᠬᠦᠳᠡᠯᠭᠡᠬᠦ ᠬᠦᠴᠦ ᠠᠴᠠ ᠢᠷᠡᠯᠳᠡ ᠲᠠᠢ ᠶᠤᠮ᠃ ᠡᠶᠢᠮᠤ ᠤᠴᠢᠷ ᠠᠴᠠ᠂ ᠲᠤᠮᠳᠠᠳᠤ ᠶᠢᠨ ᠪᠤᠯᠪᠠᠰᠤᠨ ᠰᠠᠶᠢ ᠵᠦᠢᠷᠯᠡᠰᠢ ᠦᠭᠡᠢ ᠪᠠᠭᠳᠠᠭᠠᠮᠵᠢᠳᠤ ᠴᠢᠨᠠᠷ ᠪᠠ ᠰᠢᠩᠭᠡᠭᠡᠬᠦ ᠴᠢᠳᠠᠪᠤᠷᠢ ᠲᠠᠢ ᠪᠠᠶᠢᠵᠤ᠂ ᠤᠷᠳᠤ ᠬᠤᠭᠤᠴᠠᠭ᠎ᠠ ᠪᠠᠳᠠᠷᠠᠨ ᠬᠦᠭᠵᠢᠵᠤ᠂ ᠦᠨᠳᠦᠰᠤ ᠬᠦᠨ ᠨᠠᠪᠴᠢ ᠰᠠᠬᠤᠯᠢᠭ ᠪᠤᠯᠤᠬᠰᠠᠨ ᠶᠤᠮ᠃
  ᠨᠦᠬᠦᠳ ᠡ᠂ ᠨᠠᠶᠢᠵᠠ ᠨᠠᠷ ᠡ︕
  ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠪᠠ᠂ ᠳᠤᠮᠳᠠᠳᠤ ᠶᠢᠨ ᠦᠨᠳᠦᠰᠦᠳᠡᠨ ᠴᠦ ᠲᠡᠤᠬᠡᠨ ᠳᠠᠬᠢ ᠬᠠᠮᠤᠭ ᠤᠨ ᠰᠠᠶᠢᠨ ᠬᠦᠭᠵᠢᠯᠳᠠ ᠶᠢᠨ ᠬᠤᠭᠤᠴᠠᠭ᠎ᠠ ᠶᠢ ᠤᠬᠳᠤᠨ ᠠᠪᠴᠠᠢ᠃ ᠡᠬᠦᠨ ᠤ ᠵᠡᠷᠭᠡ ᠪᠠᠷ᠂ ᠨᠠᠷᠢᠨ ᠪᠤᠳᠤᠯᠢᠶᠠᠨᠳᠠᠢ ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠤᠨ ᠡᠮᠦᠨ᠎ᠠ᠂ ᠪᠢᠳᠠ ᠨᠡᠩ ᠴᠦ ᠪᠦᠯᠬᠦᠮᠳᠡᠨ ᠨᠢᠭᠡᠳᠴᠦ᠂ ᠬᠦᠴᠦ ᠪᠠᠨ ᠨᠢᠬᠳᠠᠷᠠᠭᠤᠯᠵᠤ᠂ ᠲᠤᠮᠳᠠᠳᠤ ᠤᠯᠤᠰ ᠤᠨ ᠬᠦᠭᠵᠢᠯᠳᠠ ᠶᠢᠨ ᠲᠤᠮᠤ ᠬᠦᠯᠭᠡ ᠤᠡᠭᠭᠤᠴᠠ ᠶᠢᠨ ᠢᠯᠡᠯᠳᠠ ᠲᠠᠢ ᠤᠷᠤᠬᠰᠢᠯᠠᠬᠤ ᠶᠢ ᠦᠨᠡᠨ ᠬᠦ ᠪᠠᠳᠤᠯᠠᠬᠤ ᠭᠡᠷᠡᠭᠳᠠᠢ᠃
  ᠦᠨᠳᠦᠰᠦᠳᠡᠨ ᠨᠦᠭᠦᠳ ᠤᠨ ᠠᠷᠠᠳ ᠲᠦᠮᠡᠨ ᠨᠢᠭᠡ ᠭᠡᠷ ᠮᠠᠳᠤ ᠲᠤᠳᠤᠨᠤ ᠪᠠᠶᠢᠬᠤ ᠪᠤᠯ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠯᠠᠪᠳᠠᠢ ᠪᠠᠶᠠᠯᠡᠭᠳᠡᠬᠦ ᠶᠢᠨ ᠦᠨᠳᠦᠰᠤᠨ ᠪᠠᠳᠤᠯᠠᠭ᠎ᠠ ᠮᠦᠨ᠃ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠳᠤ ᠲᠤᠮᠳᠠᠳᠤ ᠶᠢᠨ ᠦᠨᠳᠦᠰᠦᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠪᠤᠢ ᠪᠤᠯᠭᠠᠬᠤ ᠪᠠᠷ ᠭᠤᠤᠯ ᠰᠢᠵᠢᠮ ᠪᠤᠯᠭᠠᠵᠤ᠂ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠦᠢᠯᠡᠰ ᠢ ᠰᠠᠭᠤᠷᠢ ᠴᠢᠨᠠᠷᠳᠠᠢ ᠦᠢᠯᠡᠰ ᠪᠤᠯᠭᠠᠨ ᠴᠢᠩᠭ᠎ᠠ ᠰᠠᠶᠢᠳᠤᠷ ᠠᠳᠬᠤᠬᠤ ᠭᠡᠷᠡᠭᠳᠠᠢ᠃ ᠪᠢᠳᠠ ᠨᠠᠮ ᠤᠨ ᠦᠨᠳᠦᠰᠦᠳᠡᠨ ᠤ ᠤᠨᠤᠯ ᠪᠠ ᠦᠨᠳᠦᠰᠦᠳᠡᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠡ ᠪᠠᠷ ᠲᠤᠭᠤᠰᠢᠯᠠᠭᠤᠯᠵᠤ᠂ ᠬᠠᠮᠳᠤ ᠪᠠᠷ ᠪᠦᠯᠬᠦᠮᠳᠡᠨ ᠲᠡᠮᠡᠴᠡᠵᠤ᠂ ᠬᠠᠮᠳᠤ ᠪᠠᠷ ᠴᠡᠴᠡᠭᠯᠡᠨ ᠬᠦᠭᠵᠢᠬᠦ ᠶᠢ ᠪᠠᠷᠢᠮᠳᠠᠯᠠᠵᠤ᠂ ᠦᠨᠳᠦᠰᠦᠳᠡᠨ ᠨᠦᠭᠦᠳ ᠠᠨᠷ ᠤᠨ ᠦᠷ᠎ᠡ ᠰᠢᠭ ᠪᠦᠯᠬᠦᠮᠳᠡᠨ ᠨᠢᠬᠳᠠᠷᠠᠬᠤ ᠶᠢ ᠠᠬᠢᠭᠤᠯᠵᠤ᠂ ᠲᠤᠮᠳᠠᠳᠤ ᠶᠢᠨ ᠦᠨᠳᠦᠰᠦᠳᠡᠨ ᠤ ᠪᠠᠭᠳᠠᠭᠠᠮᠵᠢᠳᠤ ᠴᠢᠨᠠᠷ ᠨᠡᠩ ᠴᠢᠩᠭ᠎ᠠ᠂ ᠨᠢᠬᠳᠠᠷᠠᠯ ᠤᠨ ᠬᠦᠴᠤᠨ ᠨᠡᠩ ᠶᠡᠭᠡ ᠬᠤᠪᠢ ᠵᠠᠶᠠᠭᠠᠨ ᠤ ᠬᠠᠮᠳᠤ ᠶᠢᠨ ᠴᠤᠬᠴᠠ ᠲᠠᠶᠢᠰᠢ ᠤᠷᠤᠬᠰᠢᠯᠠᠬᠤ ᠶᠢ ᠠᠬᠢᠭᠤᠯᠬᠤ ᠭᠡᠷᠡᠭᠳᠠᠢ᠃
  ᠨᠢᠭᠡᠳᠤᠭᠡᠷ ᠲᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠵᠠᠮ ᠢᠶᠠᠷ ᠡᠷᠡᠰ ᠪᠠᠲᠤ ᠵᠡᠮᠨᠠᠬᠤ ᠬᠡᠷᠡᠭᠲᠡᠢ᠃ ᠳᠤᠮᠳᠠᠳᠤ ᠤᠯᠤᠰ ᠤᠨ ᠡᠪ ᠬᠠᠮᠲᠤ ᠨᠠᠮ ᠯᠡ ᠰᠠᠶᠢ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠢ ᠪᠡᠶᠡᠯᠡᠭᠦᠯᠵᠤ ᠴᠢᠳᠠᠨ᠎ᠠ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠯᠡ ᠰᠠᠶᠢ ᠦᠨᠳᠦᠰᠦᠲᠡᠨ ᠨᠦᠭᠦᠳ ᠢ ᠨᠢᠬᠲᠠᠷᠠᠭᠤᠯᠵᠤ᠂ ᠦᠨᠳᠦᠰᠦᠲᠡᠨ ᠨᠦᠭᠦᠳ ᠢ ᠬᠦᠭᠵᠢᠭᠦᠯᠵᠦ᠂ ᠦᠨᠳᠦᠰᠦᠲᠡᠨ ᠨᠦᠭᠦᠳ ᠢ ᠴᠡᠴᠡᠭᠯᠡᠭᠦᠯᠵᠦ ᠴᠢᠳᠠᠨ᠎ᠠ ᠭᠡᠳᠡᠭ ᠢ ᠦᠢᠯᠡᠳᠦᠯᠭᠡ ᠭᠡᠷᠡᠴᠢᠯᠡᠵᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠦᠨᠳᠦᠰᠦᠲᠡᠨ ᠤ ᠤᠨᠤᠯ ᠪᠤᠯᠤᠨ ᠦᠨᠳᠦᠰᠦᠲᠡᠨ ᠤ ᠲᠦᠷᠦ ᠶᠢᠨ ᠪᠤᠳᠤᠯᠭ᠎ᠠ ᠶᠢᠨ ᠰᠤᠷᠤᠯᠴᠠᠯᠭ᠎ᠠ ᠵᠢᠴᠢ ᠦᠨᠳᠦᠰᠦᠲᠡᠨ ᠤ ᠪᠦᠯᠬᠦᠮᠳᠡᠯ ᠤᠨ ᠬᠦᠮᠦᠵᠢᠯ ᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠡᠯ᠎ᠠ ᠲᠦᠷᠦᠯ ᠤᠨ ᠠᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ ᠤ ᠦᠵᠡᠯ ᠰᠠᠨᠠᠭ᠎ᠠ ᠠᠵᠢᠯᠯᠠᠭ᠎ᠠ ᠶᠢ ᠨᠠᠮ ᠤᠨ ᠲᠦᠪ ᠬᠤᠷᠢᠶᠠᠨ ᠤ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠲᠠᠢ ᠨᠢᠭᠡᠲᠦᠯᠲᠡᠢ ᠪᠠᠶᠢᠯᠭᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠤᠶᠤᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠲᠤᠬᠠᠢ ᠬᠠᠮᠳᠦ ᠶᠢᠨ ᠲᠠᠨᠢᠯᠳᠠ ᠶᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃
  ᠬᠤᠶᠠᠲᠤᠭᠠᠷ ᠲᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠠ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠲᠡᠮᠡᠴᠡᠬᠦ ᠬᠠᠷᠠᠯᠲᠠ ᠪᠤᠯᠭᠠᠵᠤ᠂ ᠴᠦᠬᠡᠨ ᠲᠤᠭᠠᠳᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠪᠦᠬᠦ ᠤᠯᠤᠰ ᠲᠠᠢ ᠬᠠᠮᠲᠤ ᠪᠠᠷ ᠴᠢᠨᠡᠭᠡᠯᠢᠭ ᠨᠡᠶᠢᠭᠡᠮ ᠢ ᠪᠦᠬᠦ ᠲᠠᠯ ᠎ᠠ ᠪᠠᠷ ᠪᠡᠶᠡᠯᠡᠭᠦᠯᠵᠦ ᠤᠳᠤᠬᠢᠴᠢᠯᠠᠯᠲᠠ ᠶᠢ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠢ᠃ ᠳᠤᠮᠳᠠᠳᠤ ᠶᠢᠨ ᠦᠨᠳᠦᠰᠦᠲᠡᠨ ᠪᠤᠯ ᠲᠤᠮᠤ ᠭᠡᠷ ᠪᠦᠯᠢ ᠮᠦᠨ᠂ ᠭᠡᠷ ᠬᠤᠳᠠᠯᠠᠭᠠᠷ ᠢᠶᠠᠨ ᠪᠦᠷ ᠰᠠᠶᠢᠨ ᠠᠮᠢᠳᠤᠷᠠᠯ ᠢ ᠡᠳ᠋ᠯᠡᠬᠦ ᠬᠡᠷᠡᠭᠲᠡᠢ᠃ ᠦᠨᠲᠦᠰᠦᠲᠡᠡ ᠤ ᠭᠠᠵᠠᠷ ᠤᠷᠤᠨ ᠤ ᠪᠦᠬᠦ ᠲᠠᠯ᠎ᠠ ᠶᠢᠨ ᠴᠢᠨᠡᠭᠡᠯᠢᠭᠵᠢᠯ ᠪᠤᠯᠤᠨ ᠤᠲᠤᠬᠢᠴᠢᠯᠠᠯᠲᠠ ᠪᠠᠶᠢᠬᠤ ᠦᠭᠡᠢ ᠪᠤᠯ᠂ ᠪᠦᠬᠦ ᠤᠯᠤᠰ ᠤᠨ ᠪᠦᠬᠦ ᠲᠠᠯ᠎ᠠ ᠶᠢᠨ ᠴᠢᠨᠡᠭᠡᠯᠢᠭᠵᠢᠯ ᠪᠠ ᠤᠲᠤᠬᠢᠴᠢᠯᠠᠯᠲᠠ ᠪᠠᠶᠢᠵᠦ ᠴᠢᠲᠠᠬᠤ ᠦᠭᠡᠢ᠃ ᠪᠢᠲᠡ ᠴᠦᠬᠡᠨ ᠲᠤᠭᠠᠲᠤ ᠦᠨᠳᠦᠰᠦᠲᠡᠨ ᠪᠤᠯᠤᠨ ᠦᠨᠳᠦᠰᠦᠲᠡᠨ ᠤ ᠭᠠᠵᠠᠷ ᠤᠷᠤᠨ ᠤ ᠬᠦᠭᠵᠢᠯᠲᠡ ᠶᠢ ᠲᠦᠷᠭᠡᠳᠭᠡᠵᠦ᠂ ᠦᠨᠳᠦᠰᠦᠨ ᠤᠯᠠᠨ ᠨᠡᠶᠢᠲᠡ ᠶᠢᠨ ᠦᠢᠯᠡᠴᠢᠯᠡᠭᠡ ᠶᠢ ᠳᠡᠩᠴᠡᠬᠦᠷᠢᠰᠢᠬᠦᠯᠬᠦ ᠶᠢ ᠠᠬᠢᠭᠤᠯᠵᠤ᠂ ︽ᠬᠦᠬᠡᠮᠳᠦᠭ ᠨᠤᠭᠤᠭᠠᠨ ᠠᠭᠤᠯᠠ ᠤᠰᠤ︾ ᠶᠢ ︽ᠠᠯᠲᠠ ᠮᠦᠡᠭᠭᠦᠨ ᠠᠭᠤᠯᠠ︾ ᠪᠤᠯᠭᠠᠨ ᠬᠤᠪᠢᠷᠠᠭᠤᠯᠬᠤ ᠴᠢᠳᠠᠪᠤᠷᠢ ᠪᠠᠨ ᠳᠡᠭᠡᠭᠰᠢᠯᠡᠭᠦᠯᠵᠦ᠂ ᠦᠭᠡᠷᠡᠴᠢᠯᠡᠯᠲᠡ ᠬᠦᠭᠵᠢᠯᠲᠡ ᠶᠢᠨ ᠦᠷ᠎ᠠ ᠪᠦᠲᠦᠭᠡᠯ ᠢ ᠦᠨᠳᠦᠰᠦᠲᠡᠨ ᠨᠦᠭᠦᠳ ᠤᠨ ᠠᠷᠠᠳ ᠲᠦᠮᠡᠨ ᠳᠤ ᠨᠡᠩ ᠤᠯᠠᠨ ᠨᠡᠩ ᠡᠷᠬᠡ ᠲᠡᠭᠰᠢ ᠪᠠᠷ ᠬᠦᠷᠲᠡᠭᠡᠵᠦ᠂ ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠢ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠢᠯᠭᠠᠭ᠎ᠠ ᠲᠠᠢ ᠪᠠᠶᠢᠬᠤ ᠤᠷᠤᠨ ᠪᠦᠰᠡ ᠶᠢᠨ ᠲᠦᠷᠦ ᠶᠢᠨ ᠪᠤᠲᠤᠯᠭ᠎ᠠ ᠶᠢ ᠲᠡᠭᠦᠯᠲᠡᠷᠵᠢᠭᠦᠯᠵᠦ᠂ ᠰᠢᠯᠵᠢᠭᠦᠯᠤᠨ ᠦᠭᠬᠦ ᠪᠠ ᠠᠵᠢᠯ ᠰᠢᠰᠲ᠋ᠧᠮ ᠢᠶᠠᠷ ᠢᠶᠠᠨ ᠲᠡᠮᠵᠢᠬᠦ ᠲᠤᠭᠲᠠᠴᠠ ᠶᠢ ᠰᠢᠯᠢᠲᠡᠭᠵᠢᠭᠦᠯᠵᠦ᠂ ᠦᠨᠲᠦᠰᠦᠲᠡᠡ ᠤ ᠭᠠᠵᠠᠷ ᠤᠷᠤᠨ ᠪᠤᠯᠤᠨ ᠬᠦᠮᠦᠨ ᠠᠮᠠ ᠴᠦᠬᠡᠪᠳᠦᠷ ᠴᠦᠭᠡᠡ ᠲᠤᠭᠠᠳᠤ ᠦᠨᠲᠦᠰᠦᠲᠡᠡ ᠤ ᠬᠦᠭᠵᠢᠯᠲᠠ ᠶᠢ ᠠᠬᠢᠭᠤᠯᠬᠤ᠂ ᠬᠢᠯᠢ ᠬᠢᠵᠠᠭᠠᠷ ᠤᠷᠤᠨ ᠢᠶᠠᠨ ᠬᠦᠭᠵᠢᠭᠦᠯᠵᠦ ᠠᠷᠠᠳ ᠢ ᠪᠠᠶᠠᠵᠢᠭᠤᠯᠬᠤ ᠠᠵᠢᠯᠯᠠᠭ᠎ᠠ ᠵᠡᠷᠭᠡ ᠲᠦᠯᠦᠪᠵᠢᠭᠦᠯᠭᠡ ᠶᠢ ᠰᠠᠶᠢᠲᠤᠷ ᠭᠡᠷᠡᠭᠵᠢᠭᠦᠯᠵᠦ᠂ ︽ᠠᠷᠪᠠᠠ ᠲᠦᠷᠪᠡᠲᠦᠭᠡᠷ ᠲᠠᠪᠤᠠ ᠵᠢᠯ ᠤᠨ ᠲᠦᠯᠦᠪᠵᠢᠭᠦᠯᠭᠡ︾ ᠶᠢᠨ ᠬᠤᠭᠤᠴᠠᠭᠠᠠ ᠤ ᠴᠦᠭᠡᠡ ᠲᠤᠭᠠᠲᠦ ᠦᠨᠲᠦᠰᠦᠲᠡᠡ ᠪᠤᠯᠤᠨ ᠦᠨᠲᠦᠰᠦᠲᠡᠡ ᠤ ᠭᠠᠵᠠᠷ ᠤᠷᠤᠨ ᠤ ᠬᠦᠭᠵᠢᠯᠲᠠ ᠶᠢ ᠰᠠᠶᠢᠲᠤᠷ ᠲᠦᠯᠦᠪᠵᠢᠭᠦᠯᠵᠤ᠂ ᠦᠨᠳᠦᠰᠦᠲᠡᠨ ᠨᠦᠭᠦᠳ ᠤᠨ ᠠᠷᠠᠳ ᠲᠦᠮᠡᠨ ᠰᠠᠶᠢᠨ ᠰᠠᠶᠢᠬᠠᠨ ᠢᠷᠡᠭᠡᠳᠦᠢ ᠪᠠᠨ ᠬᠠᠮᠲᠤ ᠪᠠᠷ ᠴᠤᠬᠴᠠᠯᠠᠵᠤ᠂ ᠳᠤᠮᠳᠠᠳᠤ ᠶᠢᠨ ᠦᠨᠳᠦᠰᠦᠲᠡᠨ ᠤ ᠰᠢᠨ᠎ᠠ ᠢᠷᠠᠭᠤ ᠠᠯᠳᠠᠷ ᠪᠠ ᠬᠦᠰᠡᠯ ᠵᠡᠭᠦᠳᠦ ᠶᠢ ᠬᠠᠮᠲᠤ ᠪᠠᠷ ᠡᠳ᠋ᠯᠡᠬᠦᠯᠬᠦ  ᠬᠡᠷᠡᠭᠲᠡᠢ᠃
  ᠭᠤᠷᠪᠠᠲᠤᠭᠠᠷ ᠲᠤ᠂ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠪᠠᠷ ᠵᠢᠯᠤᠭᠤᠳᠤᠮᠵᠢ ᠪᠤᠯᠭᠠᠵᠤ᠂ ᠦᠨᠳᠦᠰᠦᠲᠡᠨ ᠨᠦᠭᠦᠳ ᠤᠨ ᠬᠠᠮᠲᠤ ᠶᠢᠨ ᠤᠶᠤᠨ ᠰᠠᠨᠠᠭᠠᠨ ᠤ ᠭᠡᠷ ᠤᠷᠤᠨ ᠢ ᠪᠠᠶᠢᠭᠤᠯᠬᠤ ᠬᠡᠷᠡᠭᠲᠡᠢ᠃ ᠰᠤᠶᠤᠯ ᠪᠤᠯ ᠨᠢᠭᠡ ᠦᠨᠲᠦᠰᠦᠲᠡᠡ ᠤ ᠰᠦᠭ ᠰᠦᠨᠡᠰᠦ ᠮᠦᠨ᠂ ᠰᠤᠶᠤᠯ ᠤᠨ ᠬᠠᠮᠲᠤ ᠶᠢᠨ ᠲᠠᠨᠢᠯᠲᠠ ᠪᠤᠯ ᠦᠨᠲᠦᠰᠦᠲᠡᠡ ᠤ ᠪᠦᠯᠬᠦᠮᠲᠡᠯ ᠤᠨ ᠦᠠᠲᠦᠰᠦ ᠰᠠᠭᠤᠷᠢ ᠮᠦᠨ᠃ ᠦᠨᠲᠦᠰᠦᠲᠡᠡ ᠨᠦᠭᠦᠳ ᠰᠤᠶᠤᠯ ᠤᠨ ᠲᠠᠯ᠎ᠠ ᠪᠠᠷ ᠬᠠᠷᠢᠯᠴᠠᠠ ᠬᠦᠨᠲᠦᠳᠭᠡᠵᠦ᠂ ᠬᠠᠷᠢᠯᠴᠠᠠ ᠪᠠᠭ᠋ᠠᠷᠬᠠᠵᠤ᠂ ᠬᠠᠷᠢᠯᠴᠠᠠ ᠰᠤᠷᠤᠯᠴᠠᠵᠦ᠂ ᠬᠠᠷᠢᠯᠴᠠᠠ ᠲᠤᠯᠢᠯᠠᠬᠤ ᠭᠡᠷᠡᠭᠲᠡᠢ᠃ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠ ᠨᠡᠶᠢᠭᠡᠮ ᠵᠢᠷᠦᠮ ᠤᠨ ᠭᠤᠤᠯᠯᠠᠬᠴᠢ ᠦᠷᠲᠡᠭ ᠤᠨ ᠦᠵᠡᠯᠲᠡ ᠶᠢᠨ ᠬᠦᠮᠦᠵᠢᠯ ᠢ ᠴᠢᠩᠭᠠᠳᠬᠠᠵᠤ᠂ ᠵᠦᠪ ᠡᠬᠡ ᠤᠷᠤᠨᠴᠢ ᠦᠵᠡᠯᠲᠡ᠂ ᠦᠨᠳᠦᠰᠦᠲᠡᠨ ᠤ ᠦᠵᠡᠯᠲᠡ᠂ ᠰᠤᠶᠤᠯ ᠤᠨ ᠦᠵᠡᠯᠲᠡ᠂ ᠲᠡᠦᠬᠡ ᠶᠢᠨ ᠦᠵᠡᠯᠲᠡ ᠶᠢ ᠪᠠᠲᠤ ᠪᠤᠢ ᠪᠤᠯᠭᠠᠬᠤ ᠨᠢ᠂ ᠦᠨᠲᠦᠰᠦᠲᠡᠡ ᠨᠦᠭᠦᠳ ᠤᠨ ᠬᠠᠮᠲᠤ ᠶᠢᠨ ᠤᠶᠤᠨ ᠰᠠᠨᠠᠭᠠᠠ ᠤ ᠭᠡᠷ ᠤᠷᠤᠨ ᠢ ᠪᠠᠶᠢᠭᠤᠯᠵᠦ᠂ ᠲᠤᠮᠲᠠᠲᠤ ᠶᠢᠨ ᠦᠨᠲᠦᠰᠦᠲᠡᠡ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠳᠤ ᠲᠦᠢᠯ ᠤᠨ ᠴᠢᠬᠤᠯᠠ ᠪᠠᠶᠢᠭ᠎ᠠ ᠶᠤᠮ᠃ ᠡᠭᠦᠨ ᠢᠶᠠᠷ ᠵᠢᠯᠤᠭᠤᠳᠤᠮᠵᠢ ᠪᠤᠯᠭᠠᠵᠤ᠂ ᠦᠨᠲᠦᠰᠦᠲᠠᠠ ᠨᠦᠭᠦᠳ ᠤᠨ ᠰᠤᠶᠤᠯ ᠢ ᠤᠯᠠᠮᠵᠢᠯᠠᠠ ᠵᠠᠯᠭᠠᠮᠵᠢᠯᠠᠵᠦ ᠬᠠᠮᠠᠭᠠᠯᠠᠬᠤ ᠪᠠ ᠰᠢᠨᠡᠴᠢᠯᠡᠡ ᠠᠭᠤᠰᠤᠯᠴᠠᠭᠤᠯᠬᠤ ᠶᠢ ᠠᠬᠢᠭᠤᠯᠵᠦ᠂ ᠦᠨᠳᠦᠰᠦᠲᠡᠨ ᠨᠦᠭᠦᠳ ᠤᠨ ᠬᠠᠮᠲᠤ ᠪᠠᠷ ᠡᠳ᠋ᠯᠡᠭᠦ ᠲᠤᠮᠲᠠᠲᠤ ᠶᠢᠨ ᠰᠤᠶᠤᠯ ᠤᠨ ᠲᠡᠮᠲᠡᠭ ᠪᠤᠯᠤᠨ ᠲᠤᠮᠲᠠᠲᠤ ᠶᠢᠨ ᠦᠨᠲᠦᠰᠦᠲᠡᠡ ᠤ ᠲᠦᠷᠢ ᠲᠦᠷᠬᠦ ᠶᠢ ᠪᠤᠢ ᠪᠤᠯᠭᠠᠠ ᠲᠤᠪᠤᠶᠢᠯᠭᠠᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠳᠤᠮᠳᠠᠳᠤ ᠶᠢᠨ ᠦᠨᠳᠦᠰᠦᠲᠡᠨ ᠤ ᠰᠤᠶᠤᠯ ᠤᠨ ᠲᠤᠬᠠᠢ ᠬᠠᠮᠳᠦ ᠶᠢᠨ ᠲᠠᠨᠢᠯᠳᠠ ᠶᠢ ᠴᠢᠩᠭᠠᠳᠬᠠᠬᠤ ᠬᠡᠷᠡᠭᠲᠡᠢ᠃ ᠦᠨᠳᠦᠰᠦᠲᠡᠨ ᠤ ᠭᠠᠵᠠᠷ ᠤᠷᠤᠨ ᠤ ᠡᠯ᠎ᠠ ᠱᠠᠲᠤᠨ ᠤ ᠡᠯ᠎ᠠ ᠲᠦᠷᠦᠯ ᠤᠨ ᠰᠤᠷᠭᠠᠨ ᠬᠦᠮᠦᠵᠢᠯ ᠢ ᠰᠠᠶᠢᠲᠤᠷ ᠡᠷᠬᠢᠯᠡᠵᠦ᠂ ᠤᠯᠤᠰ ᠤᠨ ᠨᠡᠶᠢᠳᠡᠮ ᠤᠨ ᠬᠡᠷᠡᠭᠯᠡᠭᠡᠨ ᠤ ᠦᠭᠡ ᠬᠡᠯᠡ ᠦᠰᠦᠭ ᠪᠢᠴᠢᠭ ᠤᠨ ᠬᠦᠮᠦᠵᠢᠯ ᠢ ᠪᠦᠬᠦ ᠲᠠᠯ ᠎ᠠ ᠪᠠᠷ ᠴᠢᠩᠭᠠᠳᠬᠠᠵᠤ᠂ ᠦᠨᠳᠦᠰᠦᠲᠡᠨ ᠨᠦᠭᠦᠳ ᠤᠨ ᠤᠯᠠᠨ ᠲᠦᠮᠡᠨ ᠤ ᠰᠢᠨᠵᠢᠯᠡᠬᠦ ᠤᠬᠠᠭᠠᠨ ᠰᠤᠶᠤᠯ ᠤᠨ ᠬᠡᠪ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠵᠠᠯᠠᠭᠤᠴᠤᠳ ᠪᠠᠭᠠᠴᠤᠳ ᠤᠨ ᠤᠯᠤᠰ ᠢᠶᠠᠨ ᠬᠠᠶᠢᠷᠠᠯᠠᠬᠤ ᠦᠵᠡᠯ ᠤᠨ ᠬᠦᠮᠦᠵᠢᠯ ᠢ ᠳᠤᠪᠤᠶᠢᠮ᠎ᠠ ᠪᠠᠶᠢᠷᠢᠨ ᠳᠤ ᠲᠠᠯᠪᠢᠵᠤ᠂ ᠳᠤᠮᠳᠠᠳᠤ ᠤᠯᠤᠰ ᠢᠶᠠᠨ ᠬᠠᠶᠢᠷᠠᠯᠠᠬᠤ ᠰᠡᠳᠭᠢᠯ ᠢ ᠬᠡᠦᠬᠡᠳ ᠪᠦᠬᠦᠨ ᠤ ᠬᠡᠭᠦᠳᠡᠭ ᠴᠡᠭᠡᠵᠢᠨ ᠳᠤ ᠬᠠᠳᠠᠩᠰᠢᠭᠤᠯᠬᠤ ᠬᠡᠷᠡᠭᠲᠡᠢ᠃ ᠶᠠᠷᠢᠶ᠎ᠠ ᠬᠡᠯᠡᠯᠴᠡᠭᠡᠡ ᠤ ᠰᠠᠨᠠᠭᠠᠴᠢᠯᠠᠭᠠᠲᠦ ᠡᠷᠭᠡ ᠪᠤᠯᠤᠨ ᠭᠤᠤᠯᠯᠠᠠ ᠵᠢᠯᠤᠭᠤᠳᠬᠤ ᠡᠷᠭᠡ ᠶᠢ ᠪᠠᠲᠤ ᠡᠵᠡᠮᠲᠡᠵᠦ᠂ ᠢᠨᠲ᠋ᠧᠷ ᠰᠦᠯᠵᠢᠶ᠎ᠠ ᠶᠢ ᠦᠨᠲᠦᠰᠦᠲᠠᠠ ᠨᠦᠭᠦᠳ ᠤᠨ ᠬᠠᠮᠲᠤ ᠶᠢᠨ ᠤᠶᠤᠨ ᠰᠠᠨᠠᠭᠠᠠ ᠤ ᠭᠡᠷ ᠤᠷᠤᠨ ᠢ ᠪᠠᠶᠢᠭᠤᠯᠵᠦ᠂ ᠲᠤᠮᠲᠠᠲᠤ ᠶᠢᠨ ᠦᠨᠲᠦᠰᠦᠲᠡᠡ ᠤ ᠬᠠᠮᠲᠤ ᠶᠢᠨ ᠴᠤᠭᠴᠠ ᠶᠢᠨ ᠤᠬᠠᠮᠰᠠᠷ ᠢ ᠪᠠᠲᠤ ᠪᠤᠢ ᠪᠤᠯᠭᠠᠬᠤ ᠬᠠᠮᠤᠭ ᠤᠨ ᠶᠡᠭᠡ ᠨᠡᠮᠡᠯᠲᠡ ᠬᠦᠴᠤ ᠪᠤᠯᠭᠠᠬᠤ ᠭᠡᠷᠡᠭᠲᠡᠢ᠃
  ᠲᠦᠷᠪᠡᠲᠦᠭᠡᠷ ᠲᠤ᠂ ᠳᠤᠮᠳᠠᠳᠤ ᠶᠢᠨ ᠦᠨᠳᠦᠰᠦᠲᠡᠨ ᠤ ᠶᠡᠭᠡ ᠪᠦᠯᠬᠦᠮᠳᠡᠯ ᠤᠨ ᠲᠤᠭ ᠢ ᠦᠨᠳᠦᠷ ᠮᠠᠨᠳᠤᠭᠤᠯᠵᠤ᠂ ᠦᠨᠳᠦᠰᠦᠲᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠠᠬᠢᠭᠤᠯᠬᠤ ᠬᠡᠷᠡᠭᠲᠡᠢ᠃ 70 ᠵᠢᠯ ᠤᠨ ᠲᠤᠷᠰᠢ ᠢᠯᠠᠩᠭᠤᠶ᠎ᠠ ᠦᠭᠡᠷᠡᠴᠢᠯᠡᠯᠲᠡ ᠨᠡᠭᠡᠭᠡᠯᠲᠡ ᠬᠢᠭᠰᠡᠡ ᠠᠴᠠ ᠨᠠᠭᠠᠰᠢ᠂ ᠦᠨᠳᠦᠰᠦᠲᠡᠨ ᠨᠦᠭᠦᠳ ᠨᠡᠶᠢᠭᠡᠮ ᠤᠨ ᠠᠮᠢᠲᠤᠷᠠᠯ ᠲᠤᠮᠲᠠ ᠨᠢᠭᠲᠠ ᠬᠠᠷᠢᠯᠴᠠᠭᠰᠠᠠ ᠦᠷᠭᠡᠴᠡ ᠪᠤᠯᠤᠨ ᠬᠦᠠᠴᠠ ᠤᠷᠢᠳ ᠡᠮᠦᠨ᠎ᠠ ᠭᠠᠷᠤᠭ᠎ᠠ ᠦᠭᠡᠢ ᠶᠤᠮ᠃ ᠮᠠᠠ ᠤ ᠤᠯᠤᠰ ᠤᠨ ᠶᠡᠭᠡ ᠬᠡᠪᠴᠢᠶ᠎ᠡ ᠪᠠᠷ ᠲᠠᠷᠬᠠᠨ ᠰᠠᠭᠤᠷᠢᠰᠢᠵᠤ᠂ ᠪᠠᠭ᠎ᠠ ᠬᠡᠪᠴᠢᠶ᠎ᠡ ᠪᠠᠷ ᠲᠦᠪᠯᠡᠷᠡᠠ ᠰᠠᠭᠤᠷᠢᠰᠢᠵᠦ᠂ ᠰᠤᠯᠪᠢᠴᠠᠯᠲᠤᠨ ᠰᠠᠭᠤᠷᠢᠰᠢᠵᠦ ᠪᠠᠶᠢᠭ᠎ᠠ ᠦᠨᠲᠦᠰᠦᠲᠡᠡ ᠤ ᠬᠦᠮᠦᠨ ᠠᠮᠠ ᠶᠢᠨ ᠪᠠᠶᠢᠷᠢᠰᠢᠯ ᠤᠨ ᠪᠦᠲᠦᠴᠡ ᠲᠠᠰᠤᠷᠠᠯᠲᠠ ᠦᠭᠡᠢ ᠬᠦᠨᠵᠡᠭᠡᠶᠢᠷᠡᠵᠤ᠂ ᠶᠡᠭᠡ ᠪᠠᠷ ᠨᠡᠭᠦᠵᠦ᠂ ᠶᠡᠭᠡ ᠪᠠᠷ ᠠᠭᠤᠰᠤᠯᠴᠠᠠ ᠰᠠᠭᠤᠬᠤ ᠰᠢᠨ᠎ᠠ ᠤᠨᠴᠠᠯᠢᠭ ᠢᠯᠡᠷᠡᠭᠰᠡᠡ ᠪᠠᠶᠢᠨ᠎ᠠ᠃ ᠪᠢᠲᠠ ᠡᠶᠢᠮᠦ ᠪᠠᠶᠢᠲᠠᠯ ᠳᠤ ᠵᠤᠬᠢᠴᠠᠵᠦ᠂ ᠬᠠᠷᠢᠯᠴᠠᠠ ᠠᠭᠤᠰᠤᠯᠴᠠᠬᠤ ᠬᠡᠯᠪᠡᠷᠢ ᠶᠢᠨ ᠨᠡᠶᠢᠭᠡᠮ ᠤᠨ ᠪᠦᠲᠦᠴᠡ ᠶᠢ ᠪᠠᠶᠢᠭᠤᠯᠬᠤ ᠳᠤ ᠠᠰᠢᠭ ᠲᠠᠢ ᠲᠦᠷᠦ ᠶᠢᠨ ᠪᠤᠲᠤᠯᠭ᠎ᠠ ᠠᠷᠭ᠎ᠠ ᠬᠡᠮᠵᠢᠶ᠎ᠠ ᠪᠤᠯᠤᠨ ᠪᠠᠶᠢᠭᠤᠯᠤᠮᠵᠢ ᠲᠤᠭᠲᠠᠴᠠ ᠶᠢ ᠪᠠᠶᠢᠭᠤᠯᠵᠦ᠂ ᠴᠦᠭᠡᠡ ᠲᠤᠭᠠᠲᠤ ᠦᠨᠲᠦᠰᠦᠲᠠᠠ ᠤ ᠨᠡᠭᠦᠲᠡᠯ ᠬᠦᠮᠦᠠ ᠠᠮᠠ ᠳᠤ ᠦᠢᠯᠡᠴᠢᠯᠡᠬᠦ ᠬᠠᠮᠢᠶᠠᠷᠤᠯᠲᠠ ᠶᠢᠨ ᠰᠢᠰᠲ᠋ᠧᠮ ᠢ ᠲᠡᠭᠦᠯᠲᠡᠷᠵᠢᠭᠦᠯᠦᠨ᠂ ᠦᠨᠳᠦᠰᠦᠲᠡᠨ ᠨᠦᠭᠦᠳ ᠰᠠᠶᠢᠨ ᠰᠠᠶᠢᠬᠠᠠ ᠭᠡᠷ ᠤᠷᠤᠨ ᠢᠶᠠᠨ ᠬᠠᠮᠲᠤ ᠪᠠᠷ ᠪᠠᠶᠢᠭᠤᠯᠵᠦ᠂ ᠰᠠᠶᠢᠨ ᠰᠠᠶᠢᠬᠠᠠ ᠠᠯᠤᠰ ᠢᠷᠡᠭᠡᠲᠦᠢ ᠪᠠᠨ ᠬᠠᠮᠲᠤ ᠪᠠᠷ ᠴᠤᠭᠴᠠᠯᠠᠬᠤ ᠶᠢ ᠠᠬᠢᠭᠤᠯᠬᠤ ᠬᠡᠷᠡᠭᠲᠡᠢ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠲᠠᠯ᠎ᠠ ᠪᠠᠷ ᠭᠦᠨᠵᠡᠭᠡᠢ ᠤᠷᠲᠤ ᠬᠤᠭᠤᠴᠠᠭ᠎ᠠ ᠪᠠᠷ ᠦᠷᠨᠢᠭᠦᠯᠵᠦ᠂ ᠠᠷᠭ᠎ᠠ ᠬᠡᠮᠵᠢᠶ᠎ᠠ ᠠᠴᠢᠶᠠᠯᠠᠪᠤᠷᠢ ᠶᠢᠨ ᠰᠢᠨ᠎ᠠ ᠶᠢ ᠡᠭᠦᠳᠴᠦ᠂ ᠪᠠᠶᠢᠭᠤᠯᠭ᠎ᠠ ᠳᠤ ᠦᠷᠨᠢᠭᠦᠯᠬᠦ᠂ ᠠᠵᠤ ᠠᠬᠤᠢᠢᠯᠠᠯ ᠳᠤ ᠦᠷᠨᠢᠭᠦᠯᠬᠦ᠂ ᠨᠡᠶᠢᠭᠡᠮ ᠲᠤᠭᠤᠷᠢᠭ ᠲᠤ ᠦᠷᠨᠢᠭᠦᠯᠬᠦ᠂ ᠰᠢᠶᠠᠩ ᠪᠠᠯᠭᠠᠰᠤ ᠳᠤ ᠦᠷᠨᠢᠭᠦᠯᠬᠦ᠂ ᠰᠤᠷᠭᠠᠭᠤᠯᠢ ᠳᠤ ᠦᠷᠨᠢᠭᠦᠯᠬᠦ᠂ ᠰᠤᠮᠤᠨ ᠠᠩᠭᠢ ᠳᠤ ᠦᠷᠨᠢᠭᠦᠯᠬᠦ᠂ ᠱᠠᠰᠢᠨ ᠰᠤᠷᠳᠠᠬᠤᠨ ᠤ ᠠᠵᠢᠯᠯᠠᠭᠠᠨ ᠤ ᠲᠠᠯᠠᠪᠠᠢ ᠵᠡᠷᠭᠡ ᠳᠤ ᠦᠷᠨᠢᠭᠦᠯᠬᠦ ᠶᠢ ᠠᠬᠢᠭᠤᠯᠬᠤ ᠬᠡᠷᠡᠭᠲᠡᠢ᠃ ᠬᠢᠲᠠᠳ ᠤᠨ ᠲᠡᠭᠡᠷᠡᠩᠭᠦᠢ ᠦᠵᠡᠯ ᠪᠤᠯᠤᠨ ᠤᠷᠤᠨ ᠨᠤᠲᠤᠭ ᠤᠨ ᠦᠨᠲᠦᠰᠦᠲᠡᠡ ᠤ ᠦᠵᠡᠯ ᠪᠤᠯ ᠪᠦᠷ ᠴᠤ ᠦᠨᠲᠦᠰᠦᠲᠡᠡ ᠤ ᠪᠦᠯᠬᠦᠮᠲᠡᠯ ᠲᠠᠪᠰᠢᠯᠲᠠ ᠶᠢᠨ ᠶᠡᠭᠡ ᠲᠠᠶᠢᠰᠤᠨ ᠮᠦᠨ᠂ ᠡᠷᠡᠰ ᠡᠰᠡᠷᠭᠦᠴᠡᠬᠦ ᠭᠡᠷᠡᠭᠲᠡᠢ᠃
  ᠲᠠᠪᠤᠲᠤᠭᠠᠷ ᠲᠤ᠂ ᠦᠨᠳᠦᠰᠦᠲᠡᠨ ᠤ ᠤᠴᠢᠷ ᠶᠠᠪᠤᠳᠠᠯ ᠢ ᠬᠠᠤᠯᠢ ᠪᠠᠷ ᠵᠠᠰᠠᠵᠤ᠂ ᠦᠨᠳᠦᠰᠦᠲᠡᠨ ᠨᠦᠭᠦᠳ ᠤᠨ ᠠᠷᠠᠳ ᠢᠷᠭᠡᠨ ᠬᠠᠤᠯᠢ ᠴᠠᠭᠠᠵᠠ ᠶᠢᠨ ᠡᠮᠦᠨ᠎ᠠ ᠪᠦᠷ ᠡᠷᠬᠡ ᠲᠡᠭᠰᠢ ᠪᠠᠶᠢᠬᠤ ᠶᠢ ᠪᠠᠲᠤᠯᠠᠬᠤ ᠬᠡᠷᠡᠭᠲᠡᠢ᠃ ᠦᠨᠳᠦᠰᠦᠲᠡᠨ ᠤ ᠤᠷᠤᠨ ᠤ ᠦᠪᠡᠷᠲᠡᠭᠡᠨ ᠵᠠᠰᠠᠬᠤ ᠬᠠᠤᠯᠢ ᠶᠢ ᠪᠦᠬᠦ ᠲᠠᠯ ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠲᠦᠰᠦᠲᠡᠡ ᠤ ᠠᠵᠢᠯ ᠤᠨ ᠬᠠᠤᠯᠢ ᠴᠠᠭᠠᠵᠠ ᠬᠠᠤᠯᠢ ᠲᠦᠷᠢᠮ ᠤᠨ ᠰᠢᠰᠲ᠋ᠧᠮ ᠢ ᠪᠦᠷᠢᠠᠰᠢᠭᠦᠯᠵᠦ᠂ ᠦᠨᠳᠦᠰᠦᠲᠡᠨ ᠨᠦᠭᠦᠳ ᠤᠨ ᠬᠠᠤᠯᠢ ᠶᠤᠰᠤᠨ ᠤ ᠡᠷᠬᠡ ᠠᠰᠢᠭ ᠢ ᠬᠠᠤᠯᠢ ᠶᠤᠰᠤᠭᠠᠷ ᠪᠠᠲᠤᠯᠠᠬᠤ ᠬᠡᠷᠡᠭᠲᠡᠢ᠃ ᠨᠢᠭᠡ ᠠᠲᠠᠯᠢ ᠪᠠᠷ ᠬᠠᠨᠲᠤᠬᠤ᠂ ᠭᠤᠤᠯᠴᠢ ᠪᠠᠷ ᠬᠠᠤᠯᠢ ᠭᠡᠷᠡᠭᠵᠢᠭᠦᠯᠵᠦ᠂ ᠦᠨᠳᠦᠰᠦᠲᠡᠨ ᠤ ᠡᠯᠧᠮᠧᠨ᠋ᠲ ᠲᠠᠢ ᠬᠤᠯᠪᠤᠬᠳᠠᠬᠤ ᠬᠡᠷᠡᠭ ᠪᠠ ᠤᠴᠢᠷ ᠶᠠᠪᠤᠳᠠᠯ ᠢ ᠬᠠᠤᠯᠢ ᠶᠤᠰᠤᠭᠠᠷ ᠲᠤᠬᠢᠲᠠᠢ ᠰᠢᠢᠳᠪᠦᠷᠢᠯᠡᠵᠦ᠂ ᠦᠨᠳᠦᠰᠦᠲᠡᠨ ᠨᠦᠭᠦᠳ ᠤᠨ ᠠᠷᠠᠳ ᠢᠷᠭᠡᠳ ᠡᠷᠬᠡ ᠲᠡᠭᠰᠢ ᠪᠠᠷ ᠡᠷᠬᠡ ᠪᠠᠨ ᠡᠳ᠋ᠯᠡᠵᠦ᠂ ᠡᠷᠬᠡ ᠲᠡᠭᠰᠢ ᠪᠠᠷ ᠡᠭᠦᠷᠭᠡ ᠪᠠᠨ ᠭᠦᠢᠴᠡᠳᠭᠡᠬᠦ ᠶᠢ ᠪᠠᠲᠤᠯᠠᠵᠤ᠂ ᠦᠨᠳᠦᠰᠦᠲᠡᠨ ᠤ ᠤᠴᠢᠷ ᠶᠠᠪᠤᠳᠠᠯ ᠤᠨ ᠵᠠᠰᠠᠯᠲᠠ ᠶᠢ ᠬᠠᠤᠯᠢᠵᠢᠯ ᠤᠨ ᠵᠠᠮ ᠢᠶᠠᠷ ᠵᠠᠮᠨᠠᠭᠤᠯᠬᠤ ᠶᠢ ᠪᠠᠲᠤᠯᠠᠬᠤ ᠬᠡᠷᠡᠭᠲᠡᠢ᠃ ᠡᠯ᠎ᠠ ᠵᠦᠢᠯ ᠤᠨ ᠨᠡᠪᠴᠢᠯᠲᠡ ᠨᠤᠷᠠᠭᠠᠯᠲᠠ ᠡᠪᠳᠡᠯᠡᠭᠡ ᠶᠢᠨ ᠠᠵᠢᠯᠯᠠᠭ᠎ᠠ᠂ ᠬᠦᠴᠦᠷᠬᠡᠭᠯᠡᠯ ᠰᠦᠷᠳᠡᠭᠦᠯᠦᠯ ᠤᠨ ᠠᠵᠢᠯᠯᠠᠭ᠎ᠠ᠂ ᠦᠨᠳᠦᠰᠦᠲᠡᠨ ᠢ ᠬᠠᠭᠠᠴᠠᠭᠤᠯᠬᠤ ᠠᠵᠢᠯᠯᠠᠭ᠎ᠠ᠂ ᠱᠠᠰᠢᠨ ᠰᠤᠷᠳᠠᠬᠤᠨ ᠤ ᠬᠡᠳᠦᠷᠡᠮᠡᠬᠡᠢ ᠠᠵᠢᠯᠯᠠᠭ᠎ᠠ ᠶᠢ ᠴᠢᠩᠭ᠎ᠠ ᠰᠡᠷᠭᠡᠶᠢᠯᠡᠨ᠂ ᠴᠢᠩᠭ᠎ᠠ ᠴᠤᠬᠢᠯᠲᠠ ᠦᠭᠭᠦ ᠬᠡᠷᠡᠭᠲᠡᠢ᠃
  ᠰᠢᠨ᠎ᠠ ᠪᠠᠶᠢᠲᠠᠯ ᠲᠤᠤᠷ᠎ᠠ ᠦᠨᠲᠦᠰᠦᠲᠡᠡ ᠤ ᠠᠵᠢᠯ ᠢ ᠰᠠᠶᠢᠲᠤᠷ ᠬᠢᠬᠦ ᠳᠤ᠂ ᠡᠷᠬᠡᠪᠰᠢ ᠨᠠᠮ ᠤᠨ ᠦᠨᠲᠦᠰᠦᠲᠡᠡ ᠤ ᠠᠵᠢᠯ ᠳᠠᠬᠢ ᠤᠲᠤᠷᠢᠲᠤᠯᠭ᠎ᠠ ᠶᠢ ᠴᠢᠩᠭᠠᠳᠬᠠᠬᠤ ᠭᠡᠷᠡᠭᠲᠡᠢ᠃ ᠡᠯ᠎ᠠ ᠱᠠᠲᠤᠨ ᠤ ᠨᠠᠮ ᠤᠨ ᠬᠤᠷᠢᠶ᠎ᠠ ᠦᠨᠳᠦᠰᠦᠲᠡᠨ ᠤ ᠠᠵᠢᠯ ᠢ ᠡᠳᠦᠷ ᠳᠤᠲᠤᠮ ᠤᠨ ᠴᠢᠬᠤᠯᠠ ᠵᠦᠪᠯᠡᠬᠦ ᠵᠦᠢᠯ ᠳᠡᠭᠡᠨ ᠤᠷᠤᠭᠤᠯᠬᠤ ᠬᠡᠷᠡᠭᠲᠡᠢ᠃ ᠦᠨᠲᠦᠰᠦᠲᠡᠡ ᠤ ᠠᠵᠢᠯ ᠢ ᠰᠠᠶᠢᠨ ᠤᠢᠢᠯᠠᠭᠠᠬᠤ ᠡᠰᠡᠬᠦ᠂ ᠦᠨᠲᠦᠰᠦᠲᠠᠠ ᠤ ᠪᠦᠯᠬᠦᠮᠲᠠᠯ ᠢ ᠰᠠᠶᠢᠨ ᠠᠳᠬᠤᠵᠦ ᠴᠢᠲᠠᠬᠤ ᠡᠰᠡᠬᠦ ᠪᠠᠷ ᠤᠲᠤᠷᠢᠳᠬᠤ ᠺᠠᠳ᠋ᠷ ᠢ ᠰᠢᠯᠭᠠᠠ ᠪᠠᠶᠢᠴᠠᠭᠠᠬᠤ ᠴᠢᠬᠤᠯᠠ ᠠᠭᠤᠯᠭ᠎ᠠ ᠪᠤᠯᠭᠠᠬᠤ ᠭᠡᠷᠡᠭᠲᠡᠢ᠃ ᠦᠨᠳᠦᠰᠦᠲᠡᠨ ᠤ ᠬᠦᠷᠢᠶᠡᠨ ᠤ ᠰᠠᠭᠤᠷᠢ ᠤᠨᠤᠯ ᠤᠨ ᠠᠰᠠᠭᠤᠳᠠᠯ ᠪᠤᠯᠤᠨ ᠴᠢᠬᠤᠯᠠ ᠶᠡᠭᠡ ᠪᠤᠳᠠᠳᠤ ᠠᠰᠠᠭᠤᠳᠠᠯ ᠤᠨ ᠲᠤᠬᠠᠢ ᠰᠤᠳᠤᠯᠭᠠᠨ ᠢ ᠴᠢᠩᠭᠠᠳᠬᠠᠵᠦ᠂ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠨᠲᠦᠰᠦᠲᠡᠡ ᠤ ᠤᠨᠤᠯ ᠲᠦᠷᠦ ᠶᠢᠨ



  
     
     