 

ᠦᠷᠭᠡᠨ ᠬᠠᠮᠳᠤᠷᠠᠯᠴᠠᠭᠠᠨ ᠤ ᠠᠵᠠ ᠲᠤᠬᠢᠶᠠᠯ ᠦᠷᠨᠢᠬᠦᠨ ᠬᠦᠭᠵᠢᠯᠳᠡ ᠶᠢᠨ ᠢᠳᠡᠬᠡᠯ ᠬᠦᠰᠡᠯ

2019-09-12 17:33
  332
  0
   — ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠬᠠᠮᠢᠶ᠎ᠠ ᠪᠦᠬᠦᠢ ᠬᠤᠷᠠᠯ ᠤᠨ ᠲᠣᠬᠠᠢ ᠲᠠᠲᠠᠯᠠᠭ᠎ᠠ
   ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠤᠷᠤᠨ ᠪᠦᠰᠡ ᠶᠢᠨ ᠬᠠᠮᠳᠤᠷᠠᠯᠴᠠᠭᠠᠨ ᠤ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠵᠦᠪᠳᠡᠯᠴᠡᠬᠡᠷ ᠤᠨ ᠬᠤᠷᠠᠯ ᠨᠢ ︽︿ᠨᠢᠬᠡ ᠪᠦᠰᠡ ᠨᠢᠬᠡ ᠵᠠᠮ﹀ ᠤᠨ ᠠᠵᠠ ᠲᠤᠬᠢᠶᠠᠯ ᠢ ᠬᠠᠮᠳᠤ ᠪᠠᠷ ᠡᠳ᠋ᠯᠡᠨ᠂ ᠠᠰᠢᠬ ᠬᠦᠷᠳᠡᠬᠦ ᠬᠦᠭᠵᠢᠯᠳᠡ ᠶᠢ ᠬᠠᠮᠳᠤᠷᠠᠯᠴᠠᠨ ᠡᠷᠢᠯᠬᠢᠯᠡᠶ᠎ᠠ︾ ᠭᠤᠤᠯ ᠰᠡᠳᠦᠪ ᠤᠨ ᠲᠤᠭᠤᠷᠢᠨ ᠳᠤ ᠠᠵᠦ ᠠᠬᠤᠢ ᠠᠷᠠᠯᠵᠢᠶ᠎ᠠ ᠶᠢᠨ ᠬᠠᠮᠳᠤᠷᠠᠯᠴᠠᠭᠠᠨ ᠤ ᠲᠠᠨᠢᠯᠴᠠᠭᠤᠯᠭ᠎ᠠ᠂ ᠲᠦᠷᠦᠯ ᠵᠦᠢᠯ ᠤᠨ ᠬᠡᠷ᠎ᠠ ᠲᠤᠬᠳᠠᠬᠤ ᠶᠤᠰᠤᠯᠠᠯ᠂ ᠲᠦᠷᠦᠯ ᠵᠦᠢᠯ ᠤᠨ ᠬᠠᠮᠳᠤᠷᠠᠯᠴᠠᠭᠠᠨ ᠤ ᠵᠦᠪᠳᠡᠯᠴᠡᠬᠡᠷ ᠬᠡᠬᠦ ᠭᠤᠷᠪᠠᠨ ᠠᠭᠤᠯᠭ᠎ᠠ ᠪᠠᠷ ᠶᠠᠪᠤᠬᠳᠠᠪᠠ᠃ ᠡᠬᠦᠨ ᠤ ᠬᠠᠮᠳᠤ ᠮᠤᠩᠭᠤᠯ ᠤᠯᠤᠰ᠂ ᠰᠢᠶᠠᠩᠭᠠᠩ᠂ ᠤᠤᠮᠧᠨ᠂ ᠦᠪᠤᠷ ᠮᠤᠩᠭᠤᠯ ᠤᠨ ᠠᠵᠤ ᠠᠬᠤᠢ ᠠᠷᠠᠯᠵᠢᠶᠡᠨ ᠤ ᠬᠠᠮᠳᠤᠷᠠᠯᠴᠠᠭ᠎ᠠ ᠰᠤᠯᠢᠯᠴᠠᠭᠠᠨ ᠤ ᠲᠠᠨᠢᠯᠴᠠᠭᠤᠯᠭ᠎ᠠ ᠶᠢᠨ ᠬᠤᠷᠠᠯ᠂ ᠲᠤᠮᠳᠠᠳᠤ ᠺᠤᠷᠢᠶᠠ ᠶᠢᠨ ᠡᠨᠧᠷᠬᠢ ᠶᠢᠨ ᠬᠠᠮᠳᠤᠷᠠᠯᠴᠠᠭᠠᠨ ᠤ ᠲᠤᠭᠤᠷᠠᠭ ᠰᠢᠷᠡᠬᠡᠨ ᠤ ᠬᠤᠷᠠᠯ᠂ ᠲᠤᠮᠳᠠᠳᠤ ᠺᠤᠷᠢᠶᠠ ᠶᠢᠨ ᠠᠵᠤ ᠠᠬᠤᠢᠢᠯᠠᠯ ᠤᠨ ᠠᠵᠤ ᠠᠬᠤᠢ ᠠᠷᠠᠯᠵᠢᠶᠡᠨ ᠤ ᠵᠦᠪᠳᠡᠯᠴᠬᠡᠷ ᠤᠨ ᠬᠤᠷᠠᠯ᠂ ᠤᠷᠤᠰ ᠤᠨ ᠺᠷᠠᠰᠨᠤᠶᠠᠷᠰᠺ ᠬᠢᠯᠢ ᠬᠢᠵᠠᠭᠠᠷ ᠤᠷᠤᠨ ᠤ ᠲᠠᠨᠢᠯᠴᠠᠭᠤᠯᠭ᠎ᠠ ᠶᠢᠨ ᠬᠤᠷᠠᠯ ᠴᠦ ᠵᠠᠯᠭᠠᠭ᠎ᠠ ᠪᠠᠷ ᠤᠯᠠᠭᠠᠨᠴᠠᠪ ᠬᠤᠳᠠ ᠳᠤ ᠶᠠᠪᠤᠭᠳᠠᠭᠰᠠᠨ ᠪᠠᠶᠢᠨ᠎ᠠ᠃ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠡᠳᠡᠬᠡᠷ ᠬᠤᠷᠠᠯ ᠨᠢ ᠬᠠᠮᠢᠶ᠎ᠠ ᠪᠦᠬᠦᠢ ᠤᠯᠤᠰ ᠤᠳ ᠤᠨ ᠬᠠᠮᠳᠤᠷᠠᠯᠴᠠᠵᠤ ᠬᠠᠮᠳᠤ ᠪᠠᠷ ᠠᠰᠢᠭ ᠬᠦᠷᠳᠡᠬᠦ ᠳᠤ ᠬᠤᠪᠤᠷ ᠨᠠᠨᠳᠢᠨ ᠠᠵᠠ ᠲᠤᠬᠢᠶᠠᠯ ᠬᠠᠩᠭᠠᠯ᠎ᠠ᠃ ᠢᠯᠠᠩᠭᠤᠶ᠎ᠠ ᠦᠪᠦᠷ ᠮᠤᠩᠭᠤᠯ ᠤᠨ ᠪᠡᠯᠡ ᠤᠷᠤᠭᠤᠯᠤᠯᠳᠠ ᠶᠢᠨ ᠤᠷᠴᠢᠨ ᠨᠦᠬᠦᠴᠡᠯ ᠤᠨ ᠲᠠᠪᠠᠭᠤᠯᠢᠬ ᠢ ᠤᠬᠠᠭᠤᠯᠤᠨ ᠨᠦᠯᠦᠬᠡᠯᠡᠬᠦ ᠬᠦᠴᠦᠨ ᠢ ᠨᠢ ᠴᠢᠩᠭᠠᠳᠬᠠᠵᠤ᠂ ᠦᠪᠦᠷ ᠮᠤᠩᠭᠤᠯ ᠬᠢᠬᠡᠳ ᠮᠤᠩᠭᠤᠯ ᠤᠯᠤᠰ ᠤᠨ ᠬᠤᠭᠤᠷᠤᠨᠳᠤᠬᠢ ᠤᠷᠤᠨ ᠪᠦᠰᠡ ᠶᠢᠨ ᠬᠠᠮᠳᠤᠷᠠᠯᠴᠠᠭᠠᠨ ᠤ ᠠᠵᠠ ᠲᠤᠬᠢᠶᠠᠯ ᠢ ᠠᠪᠴᠢᠷᠠᠬᠤ ᠶᠢᠨ ᠬᠠᠮᠳᠤ ᠦᠷᠨᠢᠬᠦᠨ ᠬᠦᠭᠵᠢᠯᠳᠡ ᠶᠢᠨ ᠬᠦᠰᠡᠯ ᠢᠳᠡᠬᠡᠯ ᠢ ᠬᠦᠪᠴᠢᠯᠡᠭᠰᠡᠨ ᠠᠵᠢ᠃
 ᠠᠵᠠ ᠲᠤᠬᠢᠶᠠᠯ ᠢ ᠠᠪᠴᠢᠷᠠᠯ᠎ᠠ
  ᠲᠤᠮᠳᠠᠳᠤ ᠮᠤᠩᠭᠤᠯ ᠬᠤᠶᠠᠷ ᠤᠯᠤᠰ ᠠᠭᠤᠯᠠ ᠤᠰᠤ ᠪᠠᠷ ᠢᠶᠠᠨ ᠵᠠᠯᠭᠠᠯᠳᠤᠵᠦ᠂ ᠠᠵᠦ ᠠᠬᠤᠢ ᠶᠢᠨ ᠨᠦᠬᠦᠪᠦᠷᠢᠯᠡᠬᠦ ᠴᠢᠨᠠᠷ ᠢᠶᠠᠷ ᠴᠢᠩᠭ᠎ᠠ ᠪᠠᠶᠢᠳᠠᠬ᠃ ᠢᠯᠠᠩᠭᠤᠶ᠎ᠠ ᠦᠪᠦᠷ ᠮᠤᠩᠭᠤᠯ ᠬᠢᠬᠡᠳ ᠮᠤᠩᠭᠤᠯ ᠤᠯᠤᠰ ᠨᠢ ᠤᠢᠢᠷ᠎ᠠ ᠶᠢᠨ ᠵᠢᠯ ᠤᠳ ᠲᠤ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠬᠠᠮᠳᠤᠷᠠᠯᠴᠠᠭᠠᠨ ᠤ ᠲᠠᠯ᠎ᠠ ᠪᠠᠷ ᠮᠠᠰᠢ ᠰᠠᠶᠢᠨ ᠦᠷ᠎ᠠ ᠪᠦᠲᠦᠮᠵᠢ ᠤᠯᠤᠬᠰᠨᠨ ᠪᠠᠶᠢᠨ᠎ᠠ᠃
  ᠨᠢᠳᠤᠨᠤᠨ ᠦᠪᠦᠷ ᠮᠤᠩᠭᠤᠯ ᠤᠨ ᠮᠤᠩᠭᠤᠯ ᠤᠯᠤᠰ ᠯᠤᠭ᠎ᠠ ᠶᠢᠨ ᠠᠷᠠᠯᠵᠢᠶᠠᠨ ᠤ ᠬᠡᠮᠵᠢᠶ᠎ᠠ 49.6 ᠳ᠋ᠦᠩᠰᠢᠭᠤᠷ ᠳ᠋ᠤᠯᠯᠠᠷ ᠲᠤ ᠬᠦᠷᠴᠦ᠂ ᠮᠠᠨ ᠤ ᠤᠯᠤᠰ ᠤᠨ ᠮᠤᠩᠭᠤᠯ ᠤᠯᠤᠰ ᠯᠤᠭ᠎ᠠ ᠶᠢᠨ ᠠᠷᠠᠯᠵᠢᠶᠠᠨ ᠤ ᠬᠡᠮᠵᠢᠶ᠎ᠠ ᠶᠢᠨ 62.1% ᠶᠢ ᠡᠵᠡᠯᠡᠪᠡ᠃ ᠡᠨᠡ ᠵᠢᠯ ᠤᠨ ᠲᠦᠷᠦᠬᠦᠦ 7 ᠰᠠᠷ᠎ᠠ ᠳᠤ᠂ ᠦᠪᠦᠷ ᠮᠤᠩᠭᠤᠯ ᠤᠨ ᠮᠤᠩᠭᠤᠯ ᠤᠯᠤᠰ ᠯᠤᠭ᠎ᠠ ᠶᠢᠨ ᠠᠷᠠᠯᠵᠢᠶᠠᠨ ᠤ ᠬᠡᠮᠵᠢᠶ᠎ᠠ ᠨᠢᠳᠤᠨᠤᠨ ᠤ ᠠᠳᠠᠯᠢ ᠬᠤᠭᠤᠴᠠᠭ᠎ᠠ ᠶᠢᠨ ᠬᠢ ᠠᠴᠠ 12.5% ᠪᠠᠷ ᠨᠡᠮᠡᠭᠳᠡᠵᠡᠢ᠃ ᠦᠪᠦᠷ ᠮᠤᠩᠭᠤᠯ ᠤᠨ ᠮᠤᠩᠭᠤᠯ ᠤᠯᠤᠰ ᠲᠠᠬᠢ ᠪᠡᠯᠡ ᠤᠷᠤᠭᠤᠯᠤᠯᠳᠠ ᠯᠠᠪᠳᠠᠭᠤᠨ ᠢᠶᠠᠷ ᠨᠡᠮᠡᠭᠳᠡᠵᠦ᠂ ᠡᠨᠡ ᠵᠢᠯ ᠤᠨ 6 ᠰᠠᠷ᠎ᠠ ᠪᠤᠯᠳᠠᠯ᠎ᠠ ᠦᠪᠦᠷ ᠮᠤᠩᠭᠤᠯ ᠤᠨ ᠮᠤᠩᠭᠤᠯ ᠤᠯᠤᠰ ᠲᠠᠬᠢ ᠪᠡᠯᠡ ᠤᠷᠤᠭᠤᠯᠤᠯᠳᠠ ᠶᠢᠨ ᠲᠦᠷᠦᠯ ᠵᠦᠢᠯ 226 ᠳᠤ ᠬᠦᠷᠴᠤ᠂ ᠲᠤᠮᠳᠠᠳᠤ ᠤᠯᠤᠰ ᠤᠨ ᠲᠠᠯ᠎ᠠ ᠶᠢᠨ ᠵᠦᠪᠯᠡᠯᠴᠡᠬᠡᠷ ᠲᠤᠬᠳᠠᠬᠰᠠᠨ ᠪᠡᠯᠡ ᠤᠷᠤᠭᠤᠯᠤᠯᠳᠠ ᠶᠢᠨ ᠵᠤᠭᠤᠰ ᠤᠨ ᠲᠤᠭ᠎ᠠ ᠨᠢ 19.52 ᠳ᠋ᠦᠩᠰᠢᠭᠤᠷ ᠳ᠋ᠤᠯᠯᠠᠷ ᠲᠤ ᠬᠦᠷᠴᠠᠢ᠃ ᠡᠬᠦᠨ ᠤ ᠬᠠᠮᠳᠤ᠂ ᠲᠤᠮᠳᠠᠳᠤ ᠮᠤᠩᠭᠤᠯ ᠬᠤᠶᠠᠷ ᠲᠠᠯ᠎ᠠ ᠶᠢᠨ ᠬᠢᠨ ᠤ ᠠᠭᠤᠷᠬᠠᠢ ᠨᠡᠬᠡᠬᠡᠬᠦ᠂ ᠡᠮ ᠡᠮᠨᠡᠯᠬᠡ ᠶᠢᠨ ᠮᠡᠷᠬᠡᠵᠢᠯ ᠤᠨ ᠰᠤᠳᠤᠯᠭᠠᠨ ᠪᠠ ᠨᠡᠬᠡᠬᠡᠯᠳᠡ ᠵᠡᠷᠬᠡ ᠲᠠᠯ᠎ᠠ ᠶᠢᠨ ᠲᠦᠷᠦᠯ ᠵᠦᠢᠯ ᠤᠨ ᠬᠠᠮᠳᠤᠷᠠᠯᠴᠠᠭ᠎ᠠ ᠢᠳᠡᠪᠬᠢᠳᠡᠢ ᠠᠬᠢᠬᠰᠠᠨ ᠮᠦᠷᠳᠡᠬᠡᠨ ᠲᠤᠰᠬᠠᠢ ᠲᠦᠷᠦᠯ ᠢᠶᠠᠷ ᠵᠦᠪᠳᠡᠯᠴᠡᠬᠦ ᠠᠵᠢᠯ ᠤᠨ ᠲᠤᠬᠳᠠᠴᠠ ᠶᠢᠨ ᠦᠢᠯᠡᠳᠦᠯ ᠢᠶᠠᠨ ᠪᠠᠳᠠᠷᠠᠭᠤᠯᠵᠦ᠂ ᠬᠤᠶᠠᠷ ᠲᠠᠯ᠎ᠠ ᠶᠢᠨ ᠪᠤᠳᠠᠳᠤ ᠬᠠᠮᠳᠤᠷᠠᠯᠴᠠᠭ᠎ᠠ ᠰᠢᠨ᠎ᠠ ᠠᠬᠢᠴᠠ ᠲᠠᠢ ᠪᠤᠯᠵᠦ᠂ ᠡᠷᠢᠶᠡᠨ — ᠵᠠᠮ ᠤᠨ ᠡᠬᠦᠳᠡ ᠶᠢᠨ ᠠᠵᠦ ᠠᠬᠤᠢ ᠶᠢᠨ ᠬᠠᠮᠳᠤᠷᠠᠯᠴᠠᠭᠠᠨ ᠤ ᠤᠷᠤᠨ ᠤ ᠪᠦᠲᠦᠬᠡᠨ ᠪᠠᠶᠢᠭᠤᠯᠤᠯᠳᠠ ᠶᠢᠨ ᠠᠬᠢᠴᠠ ᠤᠷᠤᠬᠰᠢᠳᠠᠢ ᠶᠠᠪᠤᠬᠳᠠᠵᠤ ᠪᠤᠢ᠃ ︽ᠡᠬᠦᠨ ᠳᠤ ᠲᠦᠷᠦᠬᠦᠦ ᠬᠤᠶᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠬᠠᠮᠳᠤᠷᠠᠯᠴᠠᠭᠠᠨ ᠤ ᠵᠦᠪᠳᠡᠯᠴᠡᠬᠡᠷ ᠤᠨ ᠬᠤᠷᠠᠯ ᠴᠢᠬᠤᠯᠠ ᠠᠬᠢᠭᠤᠯᠬᠤ ᠦᠢᠯᠡᠳᠦᠯ ᠢᠶᠠᠨ ᠪᠠᠳᠠᠷᠠᠭᠤᠯᠵᠦ᠂ ᠬᠠᠮᠳᠤᠷᠠᠯᠴᠠᠭᠠᠨ ᠤ ᠠᠵᠠ ᠲᠤᠬᠢᠶᠠᠯ ᠬᠠᠩᠭᠠᠬᠰᠠᠨ ᠶᠤᠮ︾ ᠬᠡᠵᠦ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠪᠡ ᠦᠬᠡᠷᠡᠴᠢᠯᠡᠯᠳᠡ ᠶᠢᠨ ᠵᠦᠪᠯᠡᠯ ᠤᠨ ᠡᠷᠬᠢᠯᠡᠭᠴᠢ ᠬᠦᠩ ᠮᠢᠩ ᠵᠦ ᠳᠤᠰ ᠤᠳᠠᠭ᠎ᠠ ᠶᠢᠨ ᠵᠦᠪᠳᠡᠯᠴᠡᠭᠡᠷ ᠤᠨ ᠬᠤᠷᠠᠯ ᠤᠨ ᠵᠠᠭᠤᠴᠢᠯᠠᠭᠤᠷ ᠤᠨ ᠬᠢᠨ ᠲᠠᠢ ᠵᠤᠯᠭᠠᠬᠤ ᠬᠤᠷᠠᠯ ᠳᠡᠭᠡᠷ᠎ᠠ ᠲᠠᠨᠢᠯᠴᠠᠭᠤᠯᠤᠯ᠎ᠠ᠃
  ᠲᠤᠰ ᠤᠳᠠᠭ᠎ᠠ ᠶᠢᠨ ᠵᠦᠪᠳᠡᠯᠴᠡᠭᠡᠷ ᠤᠨ ᠬᠤᠷᠠᠯ ᠲᠡᠭᠡᠷ᠎ᠠ᠂ ᠦᠪᠡᠷᠳᠡᠬᠡᠨ ᠵᠠᠰᠠᠬᠤ ᠤᠷᠤᠨ ᠤ ᠬᠦᠭᠵᠢᠬᠦᠯᠦᠯᠳᠡ ᠪᠠ ᠦᠬᠡᠷᠡᠴᠢᠯᠡᠯᠳᠡ ᠶᠢᠨ ᠵᠦᠪᠯᠡᠯ᠂ ᠠᠮᠢ ᠠᠬᠤᠢ ᠤᠷᠴᠢᠨ ᠲᠤᠭᠤᠷᠢᠨ ᠤ ᠲᠢᠩᠬᠢᠮ ᠵᠢᠴᠢ ᠡᠷᠢᠶᠡᠨ ᠬᠤᠳᠡ ᠵᠡᠷᠬᠡ ᠰᠠᠯᠠᠭ᠎ᠠ ᠮᠦᠴᠢᠷ ᠪᠠ ᠭᠠᠵᠠᠷ ᠤᠷᠤᠨ ᠨᠢ ᠦᠪᠦᠷ ᠮᠤᠩᠭᠤᠯ ᠤᠨ ᠪᠡᠯᠡ ᠤᠷᠤᠭᠤᠯᠤᠯᠳᠠ ᠶᠢᠨ ᠲᠦᠷᠦ ᠶᠢᠨ ᠪᠤᠳᠤᠯᠭ᠎ᠠ ᠪᠠ ᠠᠷᠠᠯᠵᠢᠶᠠᠴᠢᠨ ᠤᠷᠢᠬᠤ ᠬᠠᠮᠳᠤᠷᠠᠯᠴᠠᠭᠠᠨ ᠤ ᠲᠦᠷᠦᠯ ᠵᠦᠢᠯ ᠤᠳ ᠢᠶᠠᠨ ᠲᠠᠨᠢᠯᠴᠠᠭᠤᠯᠤᠬᠰᠨᠨ ᠪᠠᠶᠢᠨ᠎ᠠ᠃ ᠵᠦᠪᠳᠡᠯᠴᠡᠬᠡᠷ ᠤᠨ ᠬᠤᠷᠠᠯ ᠲᠡᠭᠡᠷ᠎ᠠ᠂ ᠲᠤᠮᠳᠠᠳᠤ ᠮᠤᠩᠭᠤᠯ ᠬᠤᠶᠠᠷ ᠲᠠᠯ᠎ᠠ ᠶᠢᠨ ᠬᠢᠨ ᠪᠠᠰᠠ ᠲᠦᠷᠦᠯ ᠵᠦᠢᠯ ᠤᠨ ᠬᠡᠷ᠎ᠠ ᠲᠤᠬᠳᠠᠬᠤ ᠶᠤᠰᠤᠯᠠᠯ ᠶᠠᠪᠤᠬᠳᠠᠭᠤᠯᠵᠦ᠂ ᠲᠤᠬᠠᠢ ᠶᠢᠨ ᠲᠠᠯᠠᠪᠠᠢ ᠳᠤ 53 ᠭᠤᠤᠯᠳᠠᠯᠭ᠎ᠠ ᠲᠠᠢ ᠬᠠᠮᠳᠤᠷᠠᠯᠴᠠᠭᠠᠨ ᠤ ᠲᠦᠷᠦᠯ ᠵᠦᠢᠯ ᠤᠨ ᠬᠡᠷ᠎ᠠ ᠲᠤᠬᠳᠠᠵᠦ᠂ ᠬᠡᠷ᠎ᠠ ᠲᠤᠬᠳᠠᠬᠰᠠᠨ ᠶᠡᠷᠦᠩᠬᠡᠢ ᠪᠡᠯᠡ ᠤᠷᠤᠭᠤᠯᠤᠯᠳᠠ ᠨᠢ 410 ᠳ᠋ᠦᠩᠰᠢᠭᠤᠷ ᠲᠦᠬᠦᠷᠢᠭ ᠲᠤ ᠬᠦᠷᠦᠭᠰᠡᠨ ᠮᠦᠷᠳᠡᠬᠡᠠ ᠪᠠᠰᠠ 63 ᠲᠦᠷᠦᠯ ᠵᠦᠢᠯ ᠤᠨ ᠵᠦᠪᠳᠡᠯᠴᠡᠬᠡᠷ ᠲᠤᠭᠳᠠᠵᠤ᠂ ᠶᠡᠷᠦᠩᠬᠡᠢ ᠪᠡᠯᠡ ᠤᠷᠤᠭᠤᠯᠤᠯᠳᠠ ᠨᠢ 599 ᠳ᠋ᠦᠩᠰᠢᠭᠤᠷ ᠲᠦᠬᠦᠷᠢᠭ ᠲᠤ ᠬᠦᠷᠦᠭᠰᠡᠨ
ᠪᠠᠶᠢᠨ᠎ᠠ᠃ ᠲᠤᠰ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠲᠡᠬᠡᠷ᠎ᠠ᠂ ᠮᠤᠩᠭᠤᠯ ᠤᠯᠤᠰ ᠤᠨ ᠲᠠᠯ᠎ᠠ ᠠᠴᠠ 17 ᠶᠡᠭᠡ ᠲᠦᠷᠦᠯ ᠵᠦᠢᠯ ᠢᠶᠠᠨ ᠲᠠᠨᠢᠯᠴᠠᠭᠤᠯᠤᠬᠰᠠᠨ ᠠᠴᠠ ᠭᠠᠳᠠᠨ᠎ᠠ 43 ᠨᠢᠬᠡᠴᠢ ᠶᠢᠨ ᠲᠦᠯᠦᠬᠡᠯᠡᠭᠴᠢ ᠨᠢ 56 ᠲᠦᠷᠦᠯ ᠵᠦᠢᠯ ᠢᠶᠠᠨ ᠲᠠᠨᠢᠯᠴᠠᠭᠤᠯᠵᠠᠢ᠃ ᠡᠳᠡᠬᠡᠷ ᠲᠦᠷᠦᠯ ᠵᠦᠢᠯ ᠨᠢ ᠮᠠᠯ ᠠᠵᠦ ᠠᠬᠤᠢ ᠲᠠᠷᠢᠶᠠᠯᠠᠩ᠂ ᠠᠭᠤᠷᠬᠠᠢ ᠵᠡᠷᠬᠡ ᠠᠵᠢᠯ ᠲᠦᠷᠦᠯ ᠢ ᠬᠠᠮᠤᠷᠤᠬᠰᠠᠨ ᠪᠠᠶᠢᠨ᠎ᠠ᠃
  ︽ᠦᠪᠦᠷ ᠮᠤᠩᠭᠤᠯ ᠲᠠᠷᠠᠭᠠᠴᠢ ᠪᠠᠷ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠵᠡᠷᠬᠡ ᠲᠤᠬᠳᠠᠴᠠ ᠲᠠᠪᠴᠠᠩ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠶᠠᠷ ᠲᠠᠯ᠎ᠠ ᠶᠢᠨ ᠠᠷᠠᠯᠵᠢᠶᠠᠨ ᠤ ᠬᠡᠪᠴᠢᠶ᠎ᠠ ᠶᠢ ᠦᠷᠬᠡᠳᠬᠡᠬᠦ᠂ ᠠᠭᠤᠷᠬᠠᠢ ᠶᠢᠨ ᠡᠬᠢ ᠪᠠᠶᠠᠯᠢᠬ ᠢ ᠨᠡᠬᠡᠬᠡᠬᠦ ᠵᠡᠷᠬᠡ ᠲᠠᠯ᠎ᠠ ᠶᠢᠨ ᠪᠤᠳᠠᠳᠤ ᠬᠠᠮᠳᠤᠷᠠᠯᠴᠠᠭ᠎ᠠ ᠪᠠᠨ ᠴᠢᠩᠭᠠᠳᠬᠠᠨ᠂ 2020 ᠤᠨ ᠪᠤᠯᠳᠠᠯ᠎ᠠ ᠲᠤᠮᠳᠠᠳᠤ ᠮᠤᠩᠭᠤᠯ ᠤᠨ ᠠᠷᠠᠯᠵᠢᠶᠠᠨ ᠤ ᠬᠡᠮᠵᠢᠶ᠎ᠠ ᠶᠢ 100 ᠳ᠋ᠦᠩᠰᠢᠭᠤᠷ ᠲᠦᠬᠦᠷᠢᠭ ᠲᠤ ᠬᠦᠷᠬᠡᠬᠦ ᠬᠠᠷᠠᠯᠳᠠ ᠶᠢ ᠪᠡᠶᠡᠯᠡᠬᠦᠯᠬᠦ ᠳᠤ ᠦᠪᠤᠷ ᠮᠤᠩᠭᠤᠯ ᠤᠨ ᠬᠤᠪᠢ ᠨᠡᠮᠡᠷᠢ ᠪᠠᠨ ᠦᠵᠡᠬᠦᠯᠦᠨ᠎ᠠ︾ ᠬᠡᠵᠦ ᠬᠦᠩ ᠮᠢᠩ ᠵᠦ ᠶᠠᠷᠢᠨ᠎ᠠ᠃
  ᠲᠤᠰ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠨᠢ ᠮᠤᠩᠭᠤᠯ ᠤᠯᠤᠰ ᠤᠨ ᠲᠠᠯ᠎ᠠ ᠳᠤ ᠮᠦᠨ ᠠᠳᠠᠯᠢᠬᠠᠨ ᠬᠠᠮᠳᠤᠷᠠᠯᠴᠠᠭᠠᠨ ᠤ ᠠᠵᠠ ᠲᠤᠬᠢᠶᠠᠯ ᠢ ᠬᠠᠩᠭᠠᠵᠠᠢ᠃ ᠡᠨᠡ ᠲᠤᠬᠠᠢ ᠮᠤᠩᠭᠤᠯ ᠤᠯᠤᠰ ᠤᠨ ᠤᠯᠤᠰ ᠤᠨ ᠬᠤᠷᠠᠯ ᠤᠨ ᠬᠡᠰᠢᠬᠦᠨ ᠶ᠊ · ᠰᠠᠩᠵᠠᠶᠢᠮᠢᠳᠠᠪ ᠵᠦᠪᠳᠡᠯᠴᠡᠬᠡᠷ ᠤᠨ ᠬᠤᠷᠠᠯ ᠲᠡᠭᠡᠷ᠎ᠠ ᠪᠠᠶᠠᠷ ᠤᠨ ᠦᠬᠡ ᠬᠡᠯᠡᠬᠦ ᠳᠡᠭᠡᠨ᠄ ︽ᠮᠤᠩᠭᠤᠯ ᠤᠯᠤᠰ ᠲᠤᠰ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠢᠶᠠᠷ ᠲᠠᠮᠵᠢᠨ ᠨᠡᠩ ᠤᠯᠠᠨ ᠬᠠᠮᠳᠤᠷᠠᠯᠴᠠᠭᠠᠨ ᠤ ᠬᠠᠨᠢᠳᠠᠨ ᠢᠶᠠᠨ ᠡᠷᠢᠨ ᠤᠯᠵᠦ᠂ ᠠᠷᠠᠯᠵᠢᠶᠠᠨ ᠤ ᠬᠠᠮᠳᠤᠷᠠᠯᠴᠠᠭ᠎ᠠ ᠪᠠᠨ ᠦᠷᠬᠡᠳᠬᠡᠨ᠂ ᠮᠠᠯ ᠠᠵᠦ ᠠᠬᠤᠢ ᠲᠠᠷᠢᠶᠠᠯᠠᠩ ᠪᠠ ᠬᠦᠨᠡᠰᠤ ᠢᠳᠡᠬᠡᠨ ᠵᠡᠷᠬᠡ ᠬᠦᠷᠢᠶ᠎ᠠ ᠴᠠᠷᠠᠭ᠎ᠠ ᠳᠤ ᠲᠡᠷᠢᠬᠦᠨ ᠤ ᠮᠡᠷᠬᠡᠵᠢᠯ ᠲᠦᠬᠦᠬᠡᠷᠦᠮᠵᠢ ᠶᠢ ᠤᠷᠤᠭᠤᠯᠤᠨ ᠠᠪᠴᠢᠷᠠᠵᠦ᠂ ᠦᠢᠯᠡᠳᠬᠦᠨ ᠤ ᠲᠠᠭᠠᠯᠳᠠ ᠦᠷᠳᠡᠭ ᠢᠶᠠᠨ ᠨᠡᠮᠡᠭᠳᠡᠬᠦᠯᠬᠦ ᠶᠢ ᠬᠦᠰᠡᠵᠦ ᠪᠠᠶᠢᠨ᠎ᠠ︾ ᠬᠡᠵᠠᠢ᠃
    ᠬᠦᠰᠡᠯ ᠢᠳᠡᠬᠡᠯ ᠢ ᠬᠦᠪᠴᠢᠯᠡᠯ᠎ᠠ
  ᠮᠤᠩᠭᠤᠯ ᠤᠯᠤᠰ ᠲᠠᠬᠢ ᠦᠪᠦᠷ ᠮᠤᠩᠭᠤᠯ ᠤᠨ ᠠᠷᠠᠯᠵᠢᠶᠠᠴᠢᠨ ᠤ ᠨᠡᠶᠢᠬᠡᠮᠯᠢᠭ ᠤᠨ ᠲᠠᠷᠤᠭ᠎ᠠ ᠦ᠋ ᠬᠠᠢ ᠮᠢᠩ ᠪᠤᠯ ᠭᠤᠷᠪᠠᠳᠤᠭᠠᠷ ᠬᠤᠭᠤᠴᠠᠭᠠᠨ ᠤ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠤ ᠤᠷᠤᠨ ᠪᠦᠰᠡ ᠶᠢᠨ ᠬᠠᠮᠳᠤᠷᠠᠯᠴᠠᠭᠠᠨ ᠤ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠵᠦᠪᠳᠡᠯᠴᠡᠬᠡᠷ ᠤᠨ ᠬᠤᠷᠠᠯ ᠤᠨ ᠵᠤᠬᠢᠶᠠᠨ ᠪᠠᠶᠢᠭᠤᠯᠤᠭᠴᠢ ᠶᠢᠨ ᠨᠢᠬᠡ ᠮᠦᠨ᠃ ᠲᠤᠰ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠳᠤ ᠲᠡᠬᠦᠨ ᠤ ᠨᠡᠶᠢᠬᠡᠮᠯᠢᠭ ᠨᠢ 86 ᠬᠡᠰᠢᠬᠦᠨ ᠠᠵᠦ ᠠᠬᠤᠢᠢᠯᠠᠯ ᠢᠶᠠᠨ ᠵᠤᠬᠢᠶᠠᠨ ᠪᠠᠶᠢᠭᠤᠯᠵᠦ ᠤᠷᠤᠯᠴᠠᠭᠤᠯᠤᠬᠰᠠᠨ ᠮᠦᠷᠳᠡᠬᠡᠨ 15 ᠶᠡᠭᠡ ᠲᠦᠷᠦᠯ ᠵᠦᠢᠯ ᠤᠨ ᠬᠡᠷ᠎ᠠ ᠲᠤᠬᠳᠠᠵᠦ᠂ 34 ᠲᠦᠷᠦᠯ ᠵᠦᠢᠯ ᠢ ᠲᠤᠮᠳᠠᠳᠤ ᠤᠯᠤᠰ ᠪᠠ ᠪᠤᠰᠤᠳ ᠤᠯᠤᠰ ᠤᠨ ᠠᠵᠦ ᠠᠬᠤᠢᠢᠯᠠᠯᠳᠠᠨ᠂ ᠪᠡᠯᠡ ᠤᠷᠤᠭᠤᠯᠤᠬᠴᠢᠳ ᠲᠤ ᠲᠠᠨᠢᠯᠴᠠᠭᠤᠯᠤᠬᠰᠨᠨ ᠠᠵᠢ᠃ ᠤᠯᠠᠨ ᠵᠢᠯ ᠤᠨ ᠲᠤᠷᠰᠢ᠂ ᠮᠤᠩᠭᠤᠯ ᠤᠯᠤᠰ ᠲᠠᠬᠢ ᠦᠪᠦᠷ ᠮᠤᠩᠭᠤᠯ ᠤᠨ ᠠᠷᠠᠯᠵᠢᠶᠠᠴᠢᠨ ᠤ ᠨᠡᠶᠢᠬᠡᠮᠯᠢᠭ ᠤᠨ ᠬᠢᠨ ᠠᠭᠤᠷᠬᠠᠢ᠂ ᠪᠠᠷᠢᠯᠭ᠎ᠠ᠂ ᠠᠶᠠᠯᠠᠯ ᠵᠢᠭᠤᠯᠴᠢᠯᠠᠯ᠂ ᠠᠷᠠᠯᠵᠢᠶ᠎ᠠ ᠬᠤᠳᠠᠯᠳᠤᠭ᠎ᠠ ᠵᠡᠷᠬᠡ ᠤᠯᠠᠨ ᠬᠦᠷᠢᠶ᠎ᠠ ᠴᠠᠷᠠᠭ᠎ᠠ ᠳᠤ ᠤᠯᠠᠨ ᠠᠵᠢᠯ ᠬᠢᠵᠦ᠂ ᠮᠠᠰᠢ ᠰᠠᠶᠢᠨ ᠦᠷ᠎ᠠ ᠪᠦᠳᠦᠮᠵᠢ ᠪᠠᠷ ᠢᠶᠠᠨ ᠬᠤᠶᠠᠷ ᠤᠯᠤᠰ ᠤᠨ ᠠᠵᠦ ᠠᠬᠤᠢ ᠠᠷᠠᠯᠵᠢᠶ᠎ᠠ ᠪᠡᠯᠡ ᠤᠷᠤᠭᠤᠯᠤᠯᠳᠠ ᠶᠢᠨ ᠬᠠᠮᠳᠤᠷᠠᠯᠴᠠᠭ᠎ᠠ ᠳᠤ ᠴᠢᠬᠤᠯᠠ ᠦᠢᠯᠡᠳᠦᠯ ᠭᠠᠷᠭᠠᠬᠰᠠᠨ ᠠᠵᠢ᠃
  ᠮᠤᠩᠭᠤᠯ ᠤᠯᠤᠰ ᠪᠠ ᠦᠪᠦᠷ ᠮᠤᠩᠭᠤᠯ ᠤᠨ ᠠᠵᠦ ᠠᠬᠤᠢ ᠠᠷᠠᠯᠵᠢᠶᠡᠨ ᠤ ᠬᠦᠭᠵᠢᠯᠳᠡ ᠶᠢᠨ ᠬᠤᠪᠢ ᠳᠤ᠂ ᠤᠢᠢᠷ᠎ᠠ ᠶᠢᠨ ᠵᠢᠯ ᠳᠤ ᠮᠤᠩᠭᠤᠯ ᠤᠯᠤᠰ ᠤᠨ ᠰᠤᠳᠤᠨ ᠺᠤᠮᠫᠠᠨᠢ ᠨᠤᠭᠤᠳ ᠨᠢ ᠦᠪᠦᠷ ᠮᠤᠩᠭᠤᠯ ᠳᠤ ᠤᠷᠤᠵᠦ ᠢᠷᠡᠭᠰᠡᠨ ᠪᠠᠶᠠᠷᠯᠠᠭᠤᠰᠢᠳᠠᠢ ᠪᠠᠶᠢᠳᠠᠯ ᠢᠯᠡᠷᠡᠵᠠᠢ᠃ ᠵᠢᠱᠢᠶᠡᠯᠡᠪᠡᠯ ᠡᠷᠳᠡᠨᠢᠳᠤ ᠬᠡᠪᠢᠰ ᠺᠤᠮᠫᠠᠨᠢ᠂ ᠭᠤᠪᠢ ᠺᠤᠮᠫᠠᠨᠢ ᠨᠢ ᠪᠦᠷ ᠡᠷᠢᠶᠡᠨᠬᠤᠳᠠ ᠪᠤᠶᠤ ᠬᠦᠬᠡᠬᠤᠳᠠ ᠳᠤ ᠰᠠᠯᠪᠤᠷᠢ ᠺᠤᠮᠫᠠᠨᠢ ᠪᠠᠨ ᠨᠡᠬᠡᠬᠡᠵᠦ᠂ ᠮᠤᠩᠭᠤᠯ ᠤᠯᠤᠰ ᠤᠨ ᠴᠠᠭᠠᠨ ᠢᠳᠡᠬᠡᠨ ᠪᠠ ᠤᠯᠠᠭᠠᠨ ᠢᠳᠡᠬᠡᠨ ᠴᠦ ᠲᠤᠮᠳᠠᠳᠤ ᠤᠯᠤᠰ ᠤᠨ ᠵᠠᠬ᠎ᠠ ᠲᠡᠯᠬᠡᠬᠦᠷ ᠲᠤ ᠨᠡᠯᠢᠶᠡᠳ ᠶᠡᠭᠡ ᠬᠡᠮᠵᠢᠶ᠎ᠠ ᠪᠠᠷ ᠤᠷᠤᠵᠦ ᠢᠷᠡᠬᠦ ᠪᠤᠯᠤᠬᠰᠠᠨ ᠶᠤᠮ᠃
  ᠦ᠋ ᠬᠠᠢ ᠮᠢᠩ ᠰᠤᠷᠪᠤᠯᠵᠢᠯᠠᠭ᠎ᠠ ᠬᠦᠯᠢᠶᠡᠬᠦ ᠳᠡᠭᠡᠨ᠄ ︽ᠲᠤᠮᠳᠠᠳᠤ ᠤᠯᠤᠰ ᠲᠤ ᠮᠠᠰᠢ ᠶᠡᠭᠡ ᠵᠠᠬ᠎ᠠ ᠲᠡᠯᠬᠡᠬᠦᠷ ᠪᠤᠢ᠂ ᠬᠡᠬᠦ ᠳᠡᠭᠡᠨ ᠵᠦᠪᠬᠡᠨ ᠠᠭᠤᠷᠬᠠᠢ ᠶᠢᠨ ᠦᠢᠯᠡᠰ ᠲᠡᠳᠦᠢ ᠪᠢᠰᠢ᠂ ᠨᠡᠩ ᠤᠯᠠᠨ ᠬᠦᠷᠢᠶ᠎ᠠ ᠴᠠᠷᠠᠭ᠎ᠠ ᠳᠤ ᠬᠠᠮᠳᠤᠷᠠᠯᠴᠠᠵᠦ ᠬᠠᠮᠳᠤ ᠪᠠᠷ ᠬᠦᠭᠵᠢᠬᠦ ᠪᠤᠯᠤᠮᠵᠢ ᠶᠡᠭᠡ ᠪᠠᠶᠢᠨ᠎ᠠ᠃ ᠮᠤᠩᠭᠤᠯ ᠤᠯᠤᠰ ᠪᠠ ᠦᠪᠦᠷ ᠮᠤᠩᠭᠤᠯ ᠤᠨ ᠬᠤᠭᠤᠷᠤᠨᠳᠤᠬᠢ ᠡᠳ᠋ ᠤᠨ ᠵᠠᠰᠠᠬ᠂ ᠠᠷᠠᠯᠵᠢᠶ᠎ᠠ᠂ ᠰᠤᠶᠤᠯ ᠵᠡᠷᠬᠡ ᠲᠠᠯ᠎ᠠ ᠶᠢᠨ ᠰᠤᠯᠢᠯᠴᠠᠭ᠎ᠠ ᠬᠠᠮᠳᠤᠷᠠᠯᠴᠠᠭᠠᠨ ᠤ ᠢᠷᠡᠬᠡᠳᠦᠢ ᠮᠠᠰᠢ ᠰᠠᠷᠠᠭᠤᠯ ᠠᠭᠤᠳᠠᠮ ᠪᠠᠶᠢᠨ᠎ᠠ︾ ᠭᠡᠯ᠎ᠠ᠃
  ᠪᠦᠷᠢᠳᠬᠡᠯ ᠢᠶᠠᠷ 1990 ᠤᠨ ᠠᠴᠠ 2019 ᠤᠨ ᠤ ᠲᠡᠭᠡᠷ᠎ᠠ ᠬᠠᠭᠠᠰ ᠵᠢᠯ ᠪᠤᠯᠳᠠᠯᠠᠬᠢ ᠬᠤᠭᠤᠴᠠᠭᠠᠨ ᠳᠤ᠂ ᠮᠤᠩᠭᠤᠯ ᠤᠯᠤᠰ ᠲᠤ ᠲᠠᠩᠰᠠᠯᠠᠭᠤᠯᠤᠬᠰᠠᠨ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠬᠰᠠᠨ ᠠᠵᠦ ᠠᠬᠤᠢᠢᠯᠠᠯ 1.4 ᠲᠦᠮᠡ ᠳᠤ ᠬᠦᠷᠦᠭᠰᠡᠨ ᠤ ᠲᠤᠳᠤᠷ᠎ᠠ 50% ᠭᠠᠷᠤᠢ ᠨᠢ ᠲᠤᠮᠳᠠᠳᠤ ᠤᠯᠤᠰ ᠤᠨ ᠬᠢ ᠪᠤᠯᠤᠨ᠎ᠠ᠃ ᠡᠨᠡ ᠬᠦ ᠬᠤᠭᠤᠴᠠᠭᠠᠨ ᠳᠤ ᠲᠤᠮᠳᠠᠳᠤ ᠤᠯᠤᠰ ᠤᠨ ᠮᠤᠩᠭᠤᠯ ᠤᠯᠤᠰ ᠲᠠᠬᠢ ᠰᠢᠭᠤᠳ ᠪᠡᠯᠡ ᠤᠷᠤᠭᠤᠯᠤᠯᠳᠠ ᠪᠠᠷᠤᠬ 51 ᠳ᠋ᠦᠩᠰᠢᠭᠤᠷ ᠳ᠋ᠤᠯᠯᠠᠷ ᠲᠤ ᠬᠦᠷᠴᠤ᠂ ᠮᠤᠩᠭᠤᠯ ᠤᠯᠤᠰ ᠤᠨ ᠪᠦᠬᠦ ᠭᠠᠳᠠᠭᠠᠳᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠳᠠ ᠶᠢᠨ ᠬᠢᠨᠢ 20.1% ᠶᠢ ᠡᠵᠡᠯᠡᠵᠦ᠂ ᠪᠡᠯᠡ ᠤᠷᠤᠭᠤᠯᠤᠯᠳᠠ ᠶᠢᠨ ᠬᠡᠮᠵᠢᠶ᠎ᠠ ᠨᠢ 112 ᠤᠯᠤᠰ ᠤᠨ ᠲᠤᠳᠤᠷ᠎ᠠ ᠲᠦᠷᠦᠬᠦᠯᠡᠵᠦ ᠪᠠᠶᠢᠨ᠎ᠠ᠃ ᠡᠳᠡᠬᠡᠷ ᠨᠢ ᠲᠤᠮᠳᠠᠳᠤ ᠮᠤᠩᠭᠤᠯ ᠬᠤᠶᠠᠷ ᠤᠯᠤᠰ ᠤᠨ ᠠᠷᠠᠯᠵᠢᠶ᠎ᠠ ᠪᠠ ᠪᠡᠯᠡ ᠤᠷᠤᠭᠤᠯᠤᠯᠳᠠ ᠶᠢᠨ ᠬᠠᠮᠳᠤᠷᠠᠯᠴᠠᠭᠠᠨ ᠤ ᠦᠷᠬᠡᠵᠢᠯ ᠢ ᠲᠤᠳᠤᠬᠠᠨ ᠬᠠᠷᠠᠭᠤᠯᠵᠤ ᠪᠤᠢ᠃
  ︽ᠮᠤᠩᠭᠤᠯ ᠤᠯᠤᠰ ᠠᠭᠤᠷᠬᠠᠢ ᠶᠢᠨ ᠡᠬᠢ ᠪᠠᠶᠠᠯᠢᠬ ᠢᠶᠠᠨ ᠲᠤᠮᠳᠠᠳᠤ ᠤᠯᠤᠰ ᠲᠤ ᠭᠠᠷᠭᠠᠵᠦ ᠡᠳ᠋ ᠤᠨ ᠵᠠᠰᠠᠬ ᠤᠨ ᠤᠷᠤᠯᠭ᠎ᠠ ᠪᠠᠨ ᠨᠡᠮᠡᠭᠳᠡᠬᠦᠯᠬᠦ ᠶᠢᠨ ᠲᠠᠭᠠᠤ᠂ ᠲᠤᠰ ᠤᠳᠠᠭ᠎ᠠ ᠶᠢᠨ ᠵᠦᠪᠳᠡᠯᠴᠡᠬᠡᠷ ᠤᠨ ᠬᠤᠷᠠᠯ ᠢᠶᠠᠷ ᠲᠠᠮᠵᠢᠨ ᠠᠶᠠᠯᠠᠯ ᠵᠢᠭᠤᠯᠴᠢᠯᠠᠯ᠂ ᠬᠦᠳᠡᠭᠡ ᠠᠵᠦ ᠠᠬᠤᠢ᠂ ᠡᠯᠧᠺᠳ᠋ᠷᠤᠨ ᠬᠤᠳᠠᠯᠳᠤᠭ᠎ᠠ᠂ ᠮᠡᠳᠡᠭᠡ ᠵᠠᠩᠬᠢ ᠵᠡᠷᠬᠡ ᠠᠵᠦ ᠦᠢᠯᠡᠰ ᠢ ᠬᠦᠭᠵᠢᠬᠦᠯᠬᠦ ᠪᠤᠯᠤᠮᠵᠢ ᠶᠢ ᠡᠷᠢᠯᠬᠢᠯᠡᠵᠦ ᠪᠠᠶᠢᠨ᠎ᠠ︾ ᠬᠡᠵᠦ ᠮᠤᠩᠭᠤᠯ ᠤᠯᠤᠰ ᠤᠨ ᠬᠦᠭᠵᠢᠬᠦᠯᠦᠯᠳᠡ ᠶᠢᠨ ᠲᠤᠪᠴᠢᠶᠠᠨ ᠤ ᠳᠠᠷᠤᠭ᠎ᠠ ᠪ᠊ · ᠪᠠᠶᠠᠷᠰᠠᠶᠢᠬᠠᠨ ᠰᠤᠷᠪᠤᠯᠵᠢᠯᠠᠭ᠎ᠠ ᠬᠦᠯᠢᠶᠡᠬᠦ ᠳᠡᠭᠡᠨ ᠶᠠᠷᠢᠯ᠎ᠠ᠃ ᠲᠠᠬᠦᠨ ᠤ ᠲᠠᠨᠢᠯᠴᠠᠭᠤᠯᠤᠭᠰᠠᠨ ᠢᠶᠠᠷ᠂ ᠮᠤᠩᠭᠤᠯ ᠤᠯᠤᠰ ᠲᠦᠬᠦᠬᠡᠢ ᠪᠦᠲᠦᠭᠡᠭᠳᠡᠬᠦᠨ ᠢᠶᠠᠨ ᠤᠷᠤᠨ ᠭᠠᠵᠠᠷ ᠲᠠᠭᠠᠨ ᠡᠳ᠋ᠰᠢᠬᠦᠯᠦᠨ ᠪᠤᠯᠪᠠᠰᠤᠷᠠᠭᠤᠯᠵᠦ ᠦᠢᠯᠡᠳᠬᠦᠨ ᠤ ᠦᠷᠳᠡᠭ ᠢ ᠨᠢ ᠨᠡᠮᠡᠭᠳᠡᠬᠦᠯᠬᠦ ᠬᠦᠭᠵᠢᠯᠳᠡ ᠶᠢᠨ ᠲᠦᠷᠦ ᠶᠢᠨ ᠪᠤᠳᠤᠯᠭ᠎ᠠ ᠠᠪᠬᠤ ᠶᠢᠨ ᠬᠠᠮᠳᠤ ᠠᠵᠦ ᠦᠢᠯᠡᠳᠪᠦᠷᠢ ᠪᠠᠨ ᠬᠦᠭᠵᠢᠬᠦᠯᠬᠦ ᠵᠤᠷᠢᠯᠭ᠎ᠠ ᠪᠠᠷ ᠤᠢᠢᠷ᠎ᠠ ᠶᠢᠨ ᠵᠢᠯ ᠳᠤ ᠮᠠᠰᠢ ᠴᠢᠷᠮᠠᠶᠢᠵᠦ ᠪᠠᠶᠢᠭ᠎ᠠ ᠶᠤᠮ᠃
  ᠮᠤᠩᠭᠤᠯ ᠤᠯᠤᠰ ᠲᠤ ᠺᠤᠮᠫᠠᠨᠢ ᠡᠷᠬᠢᠯᠡᠬᠡᠳ 9 ᠵᠢᠯ ᠭᠠᠷᠤᠢ ᠶᠢᠨ ᠨᠢᠭᠤᠷ ᠦᠵᠡᠵᠦ ᠪᠠᠶᠢᠭ᠎ᠠ ᠦᠪᠦᠷ ᠮᠤᠩᠭᠤᠯ ᠤᠨ ᠴᠠᠩ ᠱᠧᠩ ᠪᠤᠳᠠᠳᠤ ᠦᠢᠯᠡᠰ ᠤᠨ ᠪᠦᠯᠦᠭᠯᠡᠯ ᠺᠤᠮᠫᠠᠨᠢ ᠶᠢᠨ ᠬᠡᠷᠡᠭ ᠮᠡᠳᠡᠭᠴᠢᠳ ᠤᠨ ᠲᠠᠷᠤᠭ᠎ᠠ ᠰᠢᠤᠧᠠᠢ ᠷᠦᠩ ᠶᠤᠧᠠᠢ ᠪᠤᠯ ᠮᠤᠩᠭᠤᠯ ᠤᠯᠤᠰ ᠲᠤ ᠪᠡᠯᠡ ᠤᠷᠤᠭᠤᠯᠵᠦ ᠠᠵᠦ ᠠᠬᠤᠢᠢᠯᠠᠯ ᠡᠷᠬᠢᠯᠡᠵᠦ ᠪᠠᠶᠢᠭ᠎ᠠ ᠦᠪᠦᠷ ᠮᠤᠩᠭᠤᠯ ᠤᠨ ᠠᠵᠦ ᠠᠬᠤᠢᠢᠯᠠᠯᠳᠡᠳ ᠤᠨ ᠨᠢᠬᠡ ᠪᠤᠯᠤᠨ᠎ᠠ᠃ ᠲᠡᠷᠡ ᠤᠢᠢᠷ᠎ᠠ ᠶᠢᠨ ᠵᠢᠯ ᠤᠨ ᠮᠤᠩᠭᠤᠯ ᠤᠯᠤᠰ ᠤᠨ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠤᠨ ᠰᠠᠶᠢᠵᠢᠷᠠᠯᠳᠠ ᠶᠢᠨ ᠲᠤᠬᠠᠢ ᠮᠠᠰᠢ ᠬᠦᠨ ᠲᠦᠷᠦᠭᠳᠡᠯ ᠲᠠᠢ ᠪᠠᠶᠢᠯ᠎ᠠ᠃ ︽ᠪᠢᠳᠡ ᠲᠤᠬᠠᠢ ᠶᠢᠨ ᠭᠠᠵᠠᠷ ᠤᠨ ᠵᠠᠰᠠᠬ ᠤᠨ ᠤᠷᠳᠤᠨ ᠪᠠ ᠠᠷᠠᠳ ᠲᠦᠮᠡᠨ ᠲᠠᠢ ᠮᠠᠰᠢ ᠰᠠᠶᠢᠬᠠᠨ ᠬᠠᠷᠢᠴᠠᠵᠤ᠂ ᠪᠢᠳᠡᠨ ᠤ ᠬᠤᠭᠤᠷᠤᠨᠳᠤᠬᠢ ᠬᠠᠷᠢᠴᠠᠭ᠎ᠠ ᠶᠡᠭᠡ ᠰᠠᠶᠢᠨ᠃ ᠮᠤᠩᠭᠤᠯ ᠤᠯᠤᠰ ᠲᠤ ᠯᠤᠳᠤ ᠶᠡᠭᠡ ᠵᠠᠬ᠎ᠠ ᠲᠡᠯᠬᠡᠬᠦᠷ ᠪᠠᠶᠢᠨ᠎ᠠ᠂ ᠮᠤᠩᠭᠤᠯ ᠤᠯᠤᠰ ᠤᠨ ᠵᠠᠬ᠎ᠠ ᠲᠡᠯᠬᠡᠬᠦᠷ ᠢ ᠰᠠᠶᠢᠳᠤᠷ ᠨᠡᠬᠡᠬᠡᠵᠦ ᠴᠢᠳᠠᠬᠤ ᠳᠤ ᠬᠦᠷᠪᠡᠯ ᠦᠪᠦᠷ ᠮᠤᠩᠭᠤᠯ ᠬᠢᠬᠡᠳ ᠮᠤᠩᠭᠤᠯ ᠤᠯᠤᠰ ᠤᠨ ᠠᠵᠦ ᠠᠬᠤᠢ ᠠᠷᠠᠯᠵᠢᠶᠡᠨ ᠤ ᠬᠦᠭᠵᠢᠯᠳᠡ ᠶᠢᠨ ᠤᠷᠤᠨ ᠵᠠᠢ ᠨᠡᠩ ᠦᠷᠬᠡᠵᠢᠬᠦ ᠨᠢ ᠯᠠᠪᠳᠠᠢ︾ ᠬᠡᠵᠦ ᠰᠢᠤᠸᠠᠢ ᠷᠦᠩ ᠶᠤᠧᠠᠢ ᠵᠠᠯᠭᠠᠭᠠᠳ᠄ ︽ᠮᠤᠩᠭᠤᠯ ᠤᠯᠤᠰ ᠤᠨ ᠠᠷᠠᠳ ᠲᠦᠮᠡᠨ ᠮᠠᠰᠢ ᠠᠰᠪᠤᠷᠢ ᠴᠠᠶᠢᠯᠭᠠᠨ᠂ ᠰᠢᠭᠤᠳ ᠰᠢᠯᠤᠭᠤᠨ᠃ ᠮᠤᠩᠭᠤᠯ ᠤᠯᠤᠰ ᠤᠨ ᠠᠷᠠᠯᠵᠢᠶ᠎ᠠ ᠡᠵᠡᠩᠨᠡᠬᠦ ᠤᠷᠴᠢᠨ ᠨᠦᠬᠦᠴᠡᠯ ᠴᠤ ᠶᠡᠭᠡ ᠰᠠᠶᠢᠵᠢᠷᠠᠬᠰᠠᠨ︾ ᠭᠡᠵᠦ ᠤᠷᠮᠠᠳᠠᠢ  ᠶᠠᠷᠢᠨ᠎ᠠ᠃



  
     
     