-
320800
2017-11-01 10:42
474
0
ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢᠨ ᠰᠢᠨ᠎ᠡ ᠠᠬᠢᠯᠳᠠ
ᠮᠠᠨ ᠤ ᠤᠷᠤᠨ ᠶᠤᠰᠤ ᠰᠤᠷᠳᠠᠬᠤᠨ ᠢᠶᠠᠷ ᠴᠢᠳᠠᠪᠤᠷᠢᠳᠠᠨ ᠬᠦᠮᠦᠵᠢᠬᠦᠯᠬᠦ ᠪᠠᠷ ᠭᠤᠤᠯ ᠪᠤᠯᠭᠠᠵᠤ᠂ ᠰᠤᠷᠭᠠᠨ ᠬᠦᠮᠦᠵᠢᠯ ᠤᠨ
ᠤᠳᠤᠬᠢᠴᠢᠯᠠᠯᠳᠠ ᠶᠢ ᠪᠡᠶᠡᠯᠡᠬᠦᠯᠬᠦ ᠪᠠᠷ ᠬᠠᠷᠠᠯᠳᠠ ᠪᠤᠯᠭᠠᠵᠤ᠂ ᠠᠯᠢ ᠤᠯᠠᠨ ᠠᠷᠭ᠎ᠠ ᠬᠡᠮᠵᠢᠶ᠎ᠠ ᠠᠪᠴᠤ᠂ ᠪᠠᠶᠢᠭᠤᠯᠤᠮᠵᠢ ᠶᠢᠨ
ᠦᠬᠡᠷᠡᠴᠢᠯᠡᠯᠳᠡ ᠪᠠᠨ ᠬᠦᠨᠵᠡᠬᠡᠶᠢᠷᠡᠬᠦᠯᠵᠦ᠂ ᠬᠠᠮᠢᠶᠠᠷᠤᠯᠳᠠ ᠦᠢᠯᠡᠴᠢᠯᠡᠭᠡ ᠪᠠᠨ ᠴᠢᠩᠭᠠᠳᠬᠠᠵᠤ᠂ ᠪᠠᠭᠰᠢ ᠶᠢᠨ ᠡᠩᠨᠡᠭᠡ ᠶᠢᠨ
ᠪᠦᠳᠦᠴᠡ ᠪᠠᠨ ᠰᠢᠯᠢᠳᠡᠭᠵᠢᠬᠦᠯᠵᠦ᠂ ᠪᠠᠭᠰᠢ ᠶᠢᠨ ᠡᠩᠨᠡᠭᠡ ᠶᠢᠨ ᠪᠦᠬᠦ᠋ᠢᠯᠡ ᠴᠤᠭᠴᠠ ᠶᠢᠨ ᠬᠡᠪ ᠴᠢᠨᠠᠷ ᠢ ᠳᠡᠬᠡᠭᠰᠢᠯᠡᠬᠦᠯᠵᠦ᠂
ᠪᠠᠭᠰᠢ ᠶᠢᠨ ᠬᠦᠷᠳᠡᠬᠡᠮᠵᠢ ᠤᠯᠭᠤᠮᠵᠢ ᠶᠢ ᠰᠠᠶᠢᠵᠢᠷᠠᠭᠤᠯᠵᠤ᠂ ᠪᠠᠭᠰᠢ ᠶᠢᠨ ᠡᠷᠬᠡ ᠠᠰᠢᠭ ᠢ ᠬᠠᠮᠠᠭᠠᠯᠠᠵᠤ᠂ ᠰᠢᠯᠢᠳᠡᠭ ᠴᠢᠳᠠᠪᠤᠷᠢᠳᠠᠨ
ᠤᠷᠳᠤ ᠬᠤᠭᠤᠴᠠᠭ᠎ᠠ ᠪᠠᠷ ᠵᠢᠭᠠᠨ ᠰᠤᠷᠭᠠᠯᠳᠠ ᠳᠤ ᠤᠷᠤᠯᠴᠠᠬᠤ᠂ ᠨᠠᠰᠤᠨ ᠳᠤᠷᠰᠢᠳᠠ ᠪᠠᠨ ᠵᠢᠭᠠᠨ ᠰᠤᠷᠭᠠᠯᠳᠠ ᠳᠤ ᠤᠷᠤᠯᠴᠠᠬᠤ ᠶᠢ
ᠳᠡᠮᠵᠢᠵᠦ ᠵᠤᠷᠢᠭᠵᠢᠭᠤᠯᠤᠭᠰᠠᠭᠠᠷ ᠢᠷᠡᠵᠡᠢ᠃
ᠪᠠᠭᠰᠢ ᠶᠢᠨ ᠬᠡᠪ ᠴᠢᠨᠠᠷ ᠤᠨ ᠪᠤᠯᠪᠠᠰᠤᠷᠠᠯ ᠢ ᠨᠡᠩ ᠳᠡᠬᠡᠭᠰᠢᠯᠡᠬᠦᠯᠪᠡ
ᠮᠠᠨ ᠤ ᠤᠷᠤᠨ ᠪᠠᠭᠰᠢ ᠶᠢᠨ ᠴᠢᠨᠠᠷ ᠴᠢᠨᠰᠠᠭ᠎ᠠ ᠶᠢ ᠶᠡᠬᠡᠪᠡᠷ ᠳᠡᠬᠡᠭᠰᠢᠯᠡᠬᠦᠯᠦᠭᠰᠡᠨ ᠪᠠᠶᠢᠨ᠎ᠠ᠃ ᠪᠦᠬᠦ ᠤᠯᠤᠰ ᠲᠤ 187
ᠪᠠᠭᠰᠢ ᠶᠢᠨ ᠰᠤᠷᠭᠠᠭᠤᠯᠢ᠂ 383 ᠪᠠᠭᠰᠢ ᠶᠢᠨ ᠰᠤᠷᠭᠠᠨ ᠬᠦᠮᠦᠵᠢᠯ ᠡᠷᠬᠢᠯᠡᠵᠦ ᠪᠠᠶᠢᠭ᠎ᠠ ᠪᠠᠭᠰᠢ ᠶᠢᠨ ᠰᠤᠷᠭᠠᠭᠤᠯᠢ ᠶᠢᠨ ᠪᠤᠰᠤ ᠶᠡᠭᠡ
ᠳᠡᠬᠡᠳᠤ ᠰᠤᠷᠭᠠᠭᠤᠯᠢ ᠲᠠᠢ ᠪᠠᠶᠢᠵᠤ᠂ ᠤᠯᠤᠰ ᠤᠨ ᠪᠠᠭᠰᠢ ᠶᠢᠨ ᠵᠢᠭᠠᠨ ᠰᠤᠷᠭᠠᠯᠳᠠ ᠶᠢᠨ ᠵᠢᠱᠢᠶ᠎ᠠ ᠦᠵᠡᠬᠦᠯᠬᠦ ᠰᠠᠭᠤᠷᠢᠨ ᠢᠶᠠᠷ
ᠬᠦᠳᠦᠯᠦᠮᠵᠢ ᠪᠤᠯᠭᠠᠭᠰᠠᠨ᠂ ᠪᠠᠭᠰᠢ ᠶᠢᠨ ᠶᠡᠭᠡ ᠳᠡᠬᠡᠳᠤ ᠰᠤᠷᠭᠠᠭᠤᠯᠢ ᠪᠠᠷ ᠭᠤᠤᠯ ᠪᠤᠯᠭᠠᠭᠰᠠᠨ᠂ ᠳᠡᠬᠡᠳᠤ ᠲᠦᠪᠰᠢᠨ ᠤ
ᠶᠡᠷᠦᠩᠬᠡᠶᠢᠯᠡᠭᠰᠡᠨ ᠰᠤᠷᠭᠠᠭᠤᠯᠢ ᠤᠷᠤᠯᠴᠠᠭᠰᠠᠨ᠂ ᠪᠠᠭᠰᠢ ᠶᠢᠨ ᠬᠦᠭᠵᠢᠯᠳᠡ ᠶᠢᠨ ᠲᠦᠪ ᠢᠶᠠᠷ ᠬᠤᠯᠪᠤᠭᠠᠰᠤ ᠪᠤᠯᠭᠠᠭᠰᠠᠨ᠂ ᠰᠢᠯᠢᠳᠡᠭ
ᠳᠤᠮᠳᠠᠳᠤ ᠪᠠᠭ᠎ᠠ ᠰᠤᠷᠭᠠᠭᠤᠯᠢ ᠪᠠᠷ ᠦᠢᠯᠡᠳᠦᠯᠬᠡ ᠶᠢᠨ ᠰᠠᠭᠤᠷᠢᠨ ᠪᠤᠯᠭᠠᠭᠰᠠᠨ ᠨᠡᠬᠡᠬᠡᠯᠳᠡᠳᠠᠢ᠂ ᠵᠤᠬᠢᠴᠠᠩᠭᠤᠢ᠂ ᠬᠠᠮᠳᠤᠷᠠᠨ
ᠬᠤᠯᠪᠤᠯᠳᠤᠭᠰᠠᠨ ᠤᠳᠤᠬᠢᠴᠢᠯᠠᠭᠰᠠᠨ ᠪᠠᠭᠰᠢ ᠶᠢᠨ ᠰᠤᠷᠭᠠᠨ ᠬᠦᠮᠦᠵᠢᠯ ᠤᠨ ᠰᠢᠰᠲ᠋ᠧᠮ ᠢ ᠪᠦᠷᠢᠯᠳᠦᠬᠦᠯᠵᠦ᠂ ᠡᠨᠡ ᠨᠢ ᠮᠠᠨ ᠤ
ᠤᠷᠤᠨ ᠤ ᠪᠠᠭᠰᠢ ᠶᠢᠨ ᠬᠡᠪ ᠴᠢᠨᠠᠷ ᠤᠨ ᠳᠡᠬᠡᠭᠰᠢᠯᠡᠯᠳᠡ ᠳᠤ ᠪᠠᠳᠤ ᠰᠠᠭᠤᠷᠢ ᠪᠠ ᠴᠢᠳᠠᠪᠤᠷᠢᠳᠠᠨ ᠤ ᠳᠤᠯᠭᠠᠭᠤᠷᠢᠯᠠᠯ ᠪᠤᠯᠤᠭᠰᠠᠨ
ᠪᠠᠶᠢᠨ᠎ᠠ᠃
ᠮᠠᠨ ᠤ ᠤᠷᠤᠨ ᠤᠢᠢᠷ᠎ᠠ ᠶᠢᠨ ᠵᠢᠯ ᠠᠴᠠ᠂ ᠤᠯᠤᠰ ᠪᠠ ᠦᠪᠡᠷᠳᠡᠬᠡᠨ ᠵᠠᠰᠠᠬᠤ ᠤᠷᠤᠨ ᠤ ᠬᠤᠶᠠᠷ ᠳᠡᠰ ᠤᠨ ︽ᠤᠨᠴᠠ
ᠠᠵᠢᠯ ᠤᠨ ᠪᠠᠶᠢᠷᠢ ᠶᠢᠨ ᠪᠠᠭᠰᠢ ᠡᠯᠰᠡᠬᠦ ᠲᠦᠯᠦᠪᠯᠡᠭᠡ︾ ᠪᠠᠷ 4600 ᠭᠠᠷᠤᠢ ᠪᠠᠭᠰᠢ ᠡᠯᠰᠡᠵᠦ᠂ ᠠᠵᠢᠯ ᠠᠴᠠ ᠪᠠᠨ ᠠᠮᠠᠷᠠᠭᠰᠠᠨ
ᠪᠠᠭᠰᠢ᠂ ᠠᠵᠢᠯ ᠤᠨ ᠪᠠᠶᠢᠷᠢ ᠳᠤ ᠪᠠᠶᠢᠭ᠎ᠠ ᠪᠠᠭᠰᠢ᠂ ᠶᠡᠭᠡ ᠳᠡᠬᠡᠳᠤ ᠰᠤᠷᠭᠠᠭᠤᠯᠢ ᠳᠡᠬᠦᠰᠦᠭᠰᠡᠨ ᠰᠤᠷᠤᠭᠴᠢ ᠶᠢᠨ ᠰᠤᠷᠭᠠᠨ
ᠬᠦᠮᠦᠵᠢᠯ ᠢ ᠳᠡᠮᠵᠢᠬᠦ ᠶᠢ ᠠᠬᠢᠭᠤᠯᠵᠤ᠂ ᠮᠠᠯᠵᠢᠬᠤ ᠳᠠᠷᠢᠶᠠᠯᠠᠬᠤ ᠤᠷᠤᠨ ᠤ ᠪᠠᠭᠰᠢ ᠶᠢᠨ ᠡᠬᠢ ᠪᠠᠶᠠᠯᠢᠭ ᠳᠤᠳᠠᠭᠳᠠᠵᠤ ᠪᠠᠶᠢᠭ᠎ᠠ
ᠪᠠᠶᠢᠳᠠᠯ ᠢ ᠪᠦᠳᠦᠮᠵᠢᠳᠡᠢ ᠰᠠᠶᠢᠵᠢᠷᠠᠭᠤᠯᠤᠭᠰᠠᠨ ᠪᠠᠶᠢᠨ᠎ᠠ᠃ ᠪᠠᠭᠰᠢ᠂ ᠰᠤᠷᠭᠠᠭᠤᠯᠢ ᠶᠢᠨ ᠵᠠᠬᠢᠷᠤᠯ ᠤᠨ ᠪᠤᠯᠪᠠᠰᠤᠷᠠᠯ ᠢ ᠬᠦᠨᠵᠡᠬᠡᠢ
ᠠᠬᠢᠭᠤᠯᠵᠤ᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠤᠯᠤᠰ ᠤᠨ ᠳᠡᠰ ᠤᠨ ᠪᠤᠯᠪᠠᠰᠤᠷᠠᠯ ᠤᠨ ᠲᠦᠯᠦᠪᠯᠡᠭᠡ︾᠂ ︽
ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠳᠡᠭᠡ ᠵᠠᠩᠬᠢ ᠮᠡᠷᠬᠡᠵᠢᠯ ᠤᠨ ᠬᠡᠷᠡᠭᠯᠡᠬᠡᠨ ᠤ ᠴᠢᠳᠠᠪᠤᠷᠢ ᠶᠢ ᠳᠡᠬᠡᠭᠰᠢᠯᠡᠬᠦᠯᠬᠦ
ᠢᠨᠵᠧᠨᠧᠷᠢᠩ︾᠂ ︽ᠪᠤᠶᠢᠳᠠ ᠪᠦᠭᠯᠡᠬᠦᠦ ᠶᠠᠳᠠᠭᠤ ᠬᠦᠴᠢᠷᠳᠡᠯᠳᠡᠢ ᠭᠠᠵᠠᠷ ᠤᠷᠤᠨ ᠤ ᠬᠦᠳᠡᠭᠡ ᠶᠢᠨ ᠰᠤᠷᠭᠠᠭᠤᠯᠢ ᠶᠢᠨ ᠵᠠᠬᠢᠷᠤᠯ ᠢ
ᠳᠡᠮᠵᠢᠬᠦ ᠢᠨᠵᠧᠨᠧᠷᠢᠩ︾᠂ ︽ᠭᠠᠷᠮᠠᠭᠠᠢ ᠵᠠᠬᠢᠷᠤᠯ ᠤᠨ ᠵᠠᠮᠴᠢ ᠢᠨᠵᠧᠨᠧᠷᠢᠩ︾ ᠵᠡᠷᠬᠡ ᠶᠢ ᠬᠡᠷᠡᠭᠵᠢᠬᠦᠯᠵᠦ᠂ ᠪᠠᠭᠰᠢ ᠪᠠ
ᠰᠤᠷᠭᠠᠭᠤᠯᠢ ᠶᠢᠨ ᠵᠠᠬᠢᠷᠤᠯ ᠤᠨ ᠴᠢᠳᠠᠪᠤᠷᠢ ᠶᠢ ᠳᠡᠬᠡᠭᠰᠢᠯᠡᠬᠦᠯᠦᠭᠰᠡᠨ ᠪᠠᠶᠢᠨ᠎ᠠ᠃ ᠡᠬᠦᠨ ᠳᠤ᠂ ᠪᠠᠭᠰᠢ ᠶᠢᠨ ᠰᠤᠯᠢᠯᠴᠠᠭ᠎ᠠ ᠬᠢᠬᠦ
ᠲᠦᠷᠢᠮ ᠢ ᠬᠡᠷᠡᠭᠵᠢᠬᠦᠯᠵᠦ᠂ ᠰᠤᠯᠢᠯᠴᠠᠭ᠎ᠠ ᠬᠢᠬᠦ ᠬᠦᠮᠦᠨ ᠤ ᠳᠤᠭ᠎ᠠ 3.5 ᠲᠦᠮᠡ ᠶᠢ ᠳᠠᠪᠠᠵᠤ᠂ ᠪᠠᠭᠰᠢ ᠶᠢᠨ ᠡᠬᠢ ᠪᠠᠶᠠᠯᠢᠭ ᠤᠨ
ᠳᠡᠩᠴᠡᠬᠦᠷᠢᠳᠡᠢ ᠬᠦᠭᠵᠢᠯᠳᠡ ᠶᠢ ᠠᠬᠢᠭᠤᠯᠤᠭᠰᠠᠨ ᠪᠠᠶᠢᠨ᠎ᠠ︔ ᠪᠠᠭᠰᠢᠨᠠᠷ ᠲᠤ ᠪᠤᠯᠪᠠᠰᠤᠷᠠᠯ ᠬᠦᠷᠳᠡᠬᠡᠬᠦ ᠤᠯᠤᠰ ᠤᠨ ᠲᠦᠯᠦᠪᠯᠡᠭᠡ ᠪᠠ
ᠤᠷᠤᠨ ᠤ ᠲᠦᠯᠦᠪᠯᠡᠭᠡ ᠪᠠᠷ ᠳᠠᠮᠵᠢᠨ 37 ᠲᠦᠮᠡᠨ ᠬᠦᠮᠦᠨ ︵ᠤᠳᠠᠭ᠎ᠠ︶ ᠳᠤ ᠪᠤᠯᠪᠠᠰᠤᠷᠠᠯ ᠬᠦᠷᠳᠡᠬᠡᠵᠦ᠂ ᠪᠠᠭᠰᠢ ᠶᠢᠨ
ᠴᠢᠳᠠᠪᠤᠷᠢ ᠶᠢ ᠳᠡᠬᠡᠭᠰᠢᠯᠡᠬᠦᠯᠦᠭᠰᠡᠨ ᠪᠠᠶᠢᠨ᠎ᠠ᠃
ᠪᠠᠭᠰᠢᠨᠠᠷ ᠤᠨ ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠨᠡᠩ ᠳᠡᠭᠦᠯᠳᠡᠷᠵᠢᠭᠦᠯᠪᠡ
︽ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢᠨ ᠡᠩᠨᠡᠭᠡ ᠬᠦᠴᠦᠷᠬᠡᠭᠵᠢᠪᠡᠯ᠂ ᠮᠠᠯᠵᠢᠬᠤ ᠲᠠᠷᠢᠶᠠᠯᠠᠬᠤ ᠤᠷᠤᠨ ᠤ ᠰᠤᠷᠭᠠᠨ
ᠬᠦᠮᠦᠵᠢᠯ ᠬᠦᠴᠦᠷᠬᠡᠭᠵᠢᠵᠦ ᠴᠢᠳᠠᠳᠠᠭ︾᠃ ᠮᠠᠨ ᠤ ᠤᠷᠤᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠳᠡᠮᠵᠢᠬᠦ ᠲᠦᠯᠦᠪᠯᠡᠭᠡ ᠶᠢ
ᠪᠦᠬᠦ ᠳᠠᠯ᠎ᠠ ᠪᠠᠷ ᠡᠬᠢᠯᠡᠨ ᠬᠡᠷᠡᠭᠵᠢᠬᠦᠯᠦᠭᠰᠡᠨ ᠪᠠᠶᠢᠨ᠎ᠠ᠃ ︽ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠤ ᠮᠠᠯᠵᠢᠬᠤ
ᠲᠠᠷᠢᠶᠠᠯᠠᠬᠤ ᠤᠷᠤᠨ ᠤ ᠪᠠᠭᠰᠢ ᠶᠢ ᠳᠡᠮᠵᠢᠬᠦ ᠲᠦᠯᠦᠪᠯᠡᠭᠡ ︵2016 — 2020︶︾ ᠶᠢ ᠳᠠᠷᠤᠮᠠᠯᠯᠠᠨ ᠳᠠᠷᠬᠠᠭᠠᠵᠤ᠂ ᠮᠠᠯᠵᠢᠬᠤ
ᠲᠠᠷᠢᠶᠠᠯᠠᠬᠤ ᠤᠷᠤᠨ ᠤ ᠪᠠᠭᠰᠢ ᠶᠢᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ 19 ᠵᠦᠢᠯ ᠤᠨ ᠪᠤᠳᠠᠳᠠᠢ ᠠᠷᠭ᠎ᠠ ᠬᠡᠮᠵᠢᠶ᠎ᠠ
ᠳᠤᠷᠠᠳᠴᠤ᠂ ᠰᠢᠯᠢᠳᠡᠭ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢ ᠱᠠᠩᠨᠠᠨ ᠬᠦᠬᠢᠬᠦᠯᠦᠭᠰᠡᠨ ᠪᠠᠶᠢᠨ᠎ᠠ᠃ ᠮᠠᠯᠵᠢᠬᠤ ᠳᠠᠷᠢᠶᠠᠯᠠᠬᠤ
ᠤᠷᠤᠨ ᠤ ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠱᠠᠳᠤᠨ ᠤ ᠰᠤᠷᠭᠠᠭᠤᠯᠢ ᠶᠢᠨ ᠪᠠᠭᠰᠢ ᠶᠢᠨ ᠤᠨᠴᠠ ᠠᠵᠢᠯ ᠤᠨ ᠪᠠᠶᠢᠷᠢ ᠶᠢᠨ
ᠲᠦᠯᠦᠪᠯᠡᠭᠡ ᠶᠢ ᠬᠡᠷᠡᠭᠵᠢᠬᠦᠯᠵᠦ᠂ ᠵᠢᠯ ᠪᠦᠷᠢ ᠤᠨᠴᠠ ᠠᠵᠢᠯ ᠤᠨ ᠪᠠᠶᠢᠷᠢ ᠶᠢᠨ ᠪᠠᠭᠰᠢ ᠡᠯᠰᠡᠵᠦ᠂ ᠡᠯ᠎ᠡ ᠤᠷᠤᠨ ᠨᠤᠳᠤᠭ ᠤᠨ ᠬᠢᠨ
ᠬᠠᠨᠳᠤᠯᠭ᠎ᠠ ᠲᠠᠢ ᠪᠠᠷ ᠪᠠᠭᠰᠢ ᠬᠦᠮᠦᠵᠢᠬᠦᠯᠬᠦ ᠶᠢ ᠵᠤᠷᠢᠭᠵᠢᠭᠤᠯᠤᠭᠰᠠᠨ ᠪᠠᠶᠢᠨ᠎ᠠ᠃ ᠲᠦᠪᠯᠡᠷᠡᠬᠦᠯᠦᠨ ᠵᠠᠯᠭᠠᠯᠳᠤᠭᠰᠠᠨ ᠤᠨᠴᠠ ᠶᠠᠳᠠᠭᠤ
ᠬᠦᠴᠢᠷᠳᠡᠯᠳᠡᠢ ᠭᠠᠵᠠᠷ ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠪᠠᠭᠰᠢ ᠳᠤ ᠠᠮᠢᠳᠤᠷᠠᠯ ᠤᠨ ᠨᠦᠬᠦᠪᠦᠷᠢ ᠤᠯᠭᠤᠬᠤ ᠲᠦᠷᠦ ᠶᠢᠨ
ᠪᠤᠳᠤᠯᠭ᠎ᠠ ᠬᠡᠷᠡᠭᠵᠢᠬᠦᠯᠵᠦ᠂ ᠲᠦᠪ ᠤᠨ ᠡᠳ᠋ ᠤᠨ ᠵᠠᠰᠠᠭ ᠠᠴᠠ ᠠᠮᠢᠳᠤᠷᠠᠯ ᠤᠨ ᠨᠦᠬᠦᠪᠦᠷᠢ ᠤᠯᠭᠤᠵᠤ ᠪᠠᠶᠢᠭ᠎ᠠ ᠶᠤᠮ᠃ ᠡᠬᠦᠨ ᠠᠴᠠ
ᠭᠠᠳᠠᠨ᠎ᠠ᠂ ᠮᠠᠨ ᠤ ᠤᠷᠤᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢᠨ ᠴᠠᠯᠢᠩ ᠬᠦᠯᠦᠰᠦ ᠤᠯᠭᠤᠮᠵᠢ ᠶᠢ ᠤᠯᠠᠮ ᠴᠢᠨᠠᠭᠰᠢᠳᠠ
ᠳᠡᠬᠡᠭᠰᠢᠯᠡᠬᠦᠯᠬᠦ ᠶᠢᠨ ᠲᠦᠯᠦᠬᠡ᠂ 2015 ᠤᠨ ᠠᠴᠠ ᠡᠬᠢᠯᠡᠨ ᠲᠦᠷᠦ ᠶᠢᠨ ᠪᠤᠳᠤᠯᠭ᠎ᠠ ᠳᠤᠭᠳᠠᠭᠠᠵᠤ᠂ ᠰᠢᠶᠠᠩ ᠪᠠᠯᠭᠠᠰᠤ ᠳᠤ
ᠠᠵᠢᠯᠯᠠᠵᠤ ᠪᠠᠶᠢᠭ᠎ᠠ ᠪᠠᠭᠰᠢ ᠳᠤ ᠤᠤᠯ ᠤᠨ ᠴᠠᠯᠢᠩ ᠤᠨ ᠰᠠᠭᠤᠷᠢᠨ ᠳᠡᠬᠡᠷ᠎ᠡ ᠬᠦᠮᠦᠨ ᠨᠢᠬᠡᠪᠦᠷᠢ ᠳᠤ ᠰᠠᠷ᠎ᠠ ᠶᠢᠨ 200 —
1500 ᠲᠦᠬᠦᠷᠢᠭ ᠤᠨ ᠨᠦᠬᠦᠪᠦᠷᠢ ᠤᠯᠭᠤᠵᠤ᠂ ᠲᠦᠪᠯᠡᠷᠡᠬᠦᠯᠦᠨ ᠵᠠᠯᠭᠠᠯᠳᠤᠭᠰᠠᠨ ᠤᠨᠴᠠ ᠶᠠᠳᠠᠭᠤ ᠬᠦᠴᠢᠷᠳᠡᠯᠳᠡᠢ ᠭᠠᠵᠠᠷ
ᠤᠷᠤᠨ ᠤ ᠮᠠᠯᠵᠢᠬᠤ ᠲᠠᠷᠢᠶᠠᠯᠠᠬᠤ ᠤᠷᠤᠨ ᠤ ᠪᠠᠭᠰᠢ ᠳᠤ ᠳᠤᠰᠬᠠᠢ ᠠᠮᠢᠳᠤᠷᠠᠯ ᠤᠨ ᠨᠦᠬᠦᠪᠦᠷᠢ ᠤᠯᠭᠤᠭᠰᠠᠨ ᠪᠠᠶᠢᠨ᠎ᠠ᠃ ᠮᠠᠨ ᠤ
ᠤᠷᠤᠨ ᠤ ᠡᠯ᠎ᠠ ᠠᠶᠢᠮᠠᠭ ᠬᠤᠳᠠ ᠴᠤ ᠤᠷᠤᠨ ᠨᠤᠳᠤᠭ ᠤᠨ ᠴᠢᠨᠠᠷᠳᠠᠢ ᠲᠦᠷᠦ ᠶᠢᠨ ᠪᠤᠳᠤᠯᠭ᠎ᠠ ᠭᠠᠷᠭᠠᠵᠤ᠂ ᠮᠠᠯᠵᠢᠬᠤ ᠲᠠᠷᠢᠶᠠᠯᠠᠬᠤ
ᠤᠷᠤᠨ ᠤ ᠪᠠᠭᠰᠢ ᠶᠢᠨ ᠬᠦᠷᠳᠡᠬᠡᠮᠵᠢ ᠤᠯᠭᠤᠮᠵᠢ ᠶᠢ ᠳᠡᠬᠡᠭᠰᠢᠯᠡᠬᠦᠯᠦᠭᠰᠡᠨ ᠪᠠᠶᠢᠨ᠎ᠠ᠃ ᠤᠷᠳᠤᠰ ᠬᠤᠳᠠ᠂ ᠠᠯᠠᠱᠠ ᠠᠶᠢᠮᠠᠭ ᠵᠡᠷᠬᠡ
ᠭᠠᠵᠠᠷ ᠤᠨ ᠮᠠᠯᠵᠢᠬᠤ ᠲᠠᠷᠢᠶᠠᠯᠠᠬᠤ ᠤᠷᠤᠨ ᠤ ᠪᠠᠭᠰᠢ ᠵᠢᠯ ᠪᠦᠷᠢ 1 ᠲᠦᠮᠡᠨ ᠲᠦᠬᠦᠷᠢᠭ ᠤᠨ ᠨᠦᠬᠦᠪᠦᠷᠢ ᠤᠯᠵᠤ ᠪᠤᠯᠤᠨ᠎ᠠ︔
ᠪᠠᠶᠠᠨᠠᠨᠭᠤᠷ ᠬᠤᠳᠠ ᠶᠢᠨ ᠯᠢᠨ ᠡᠾᠧ ᠳᠤᠭᠤᠷᠢᠭ ᠨᠢ ᠪᠠᠭᠰᠢ ᠶᠢᠨ ᠰᠤᠯᠢᠯᠴᠠᠭ᠎ᠠ ᠬᠢᠬᠦ ᠪᠠᠷ ᠳᠠᠮᠵᠢᠨ ᠮᠠᠯᠵᠢᠬᠤ ᠲᠠᠷᠢᠶᠠᠯᠠᠬᠤ
ᠤᠷᠤᠨ ᠳᠤ ᠤᠴᠢᠭᠰᠠᠨ ᠪᠠᠭᠰᠢ ᠳᠤ ᠪᠤᠶᠢᠳᠠ ᠪᠦᠭᠯᠡᠬᠦᠦ ᠭᠠᠵᠠᠷ ᠤᠨ ᠪᠠᠶᠢᠳᠠᠯ ᠢ ᠦᠨᠳᠦᠰᠦᠯᠡᠵᠦ᠂ ᠰᠠᠷ᠎ᠠ ᠳᠤ 500
ᠲᠦᠬᠦᠷᠢᠭ ᠠᠴᠠ 1500 ᠲᠦᠬᠦᠷᠢᠭ ᠤᠨ ᠵᠠᠮ ᠬᠠᠷᠢᠯᠴᠠᠭᠠᠨ ᠤ ᠨᠦᠬᠦᠪᠦᠷᠢ ᠤᠯᠭᠤᠪᠠ᠃ ᠤᠯᠠᠭᠠᠨᠴᠠᠪ ᠬᠤᠳᠠ ᠨᠢ ᠰᠢᠨ᠎ᠡ ᠪᠠᠷ
ᠡᠯᠰᠡᠭᠰᠡᠨ ᠮᠠᠯᠵᠢᠬᠤ ᠲᠠᠷᠢᠶᠠᠯᠠᠬᠤ ᠤᠷᠤᠨ ᠳᠤ ᠤᠴᠢᠵᠤ ᠪᠠᠭᠰᠢᠯᠠᠬᠤ ᠵᠢᠩᠬᠢᠨᠢ ᠠᠩᠬᠢ ᠶᠢᠨ ᠤᠶᠤᠳᠠᠨ ᠳᠤ ᠬᠡᠪ ᠤᠨ ᠴᠠᠯᠢᠩ ᠠᠴᠠ ᠨᠢ
ᠭᠠᠳᠠᠨ᠎ᠠ᠂ 5 ᠵᠢᠯ ᠤᠨ ᠳᠤᠳᠤᠷ᠎ᠠ ᠠᠵᠢᠯᠯᠠᠭᠰᠠᠨ ᠪᠠᠶᠢᠪᠠᠯ᠂ ᠬᠦᠮᠦᠨ ᠨᠢᠬᠡᠪᠦᠷᠢ ᠳᠤ ᠰᠠᠷ᠎ᠠ ᠶᠢᠨ 2000 ᠲᠦᠬᠦᠷᠢᠭ ᠤᠨ ᠠᠵᠢᠯ ᠤᠨ
ᠪᠦᠳᠦᠮᠵᠢ ᠶᠢᠨ ᠴᠠᠯᠢᠩ ᠤᠯᠭᠤᠨ᠎ᠠ᠃ ᠡᠬᠦᠨ ᠠᠴᠠ ᠭᠠᠳᠠᠨ᠎ᠠ᠂ ᠮᠠᠯᠵᠢᠬᠤ ᠲᠠᠷᠢᠶᠠᠯᠠᠬᠤ ᠤᠷᠤᠨ ᠤ ᠪᠠᠭᠰᠢ ᠶᠢᠨ ᠠᠮᠢᠳᠤᠷᠠᠯ ᠤᠨ
ᠨᠦᠬᠦᠴᠡᠯ ᠢ ᠰᠠᠶᠢᠵᠢᠷᠠᠭᠤᠯᠬᠤ ᠶᠢᠨ ᠲᠦᠯᠦᠬᠡ᠂ ᠵᠠᠷᠢᠮ ᠠᠶᠢᠮᠠᠭ ᠬᠤᠳᠠ ᠨᠢ ᠮᠠᠯᠵᠢᠬᠤ ᠲᠠᠷᠢᠶᠠᠯᠠᠬᠤ ᠤᠷᠤᠨ ᠤ ᠪᠠᠭ᠎ᠠ ᠰᠤᠷᠭᠠᠭᠤᠯᠢ᠂
ᠵᠢᠭᠠᠨ ᠰᠤᠷᠭᠠᠯᠳᠠ ᠶᠢᠨ ᠴᠢᠭ᠋ ᠲᠤ ᠪᠠᠷᠢᠮᠵᠢᠶᠠᠵᠢᠭᠰᠠᠨ ᠪᠠᠶᠢᠷᠢ ᠪᠠᠷᠢᠵᠤ᠂ ᠪᠠᠶᠢᠷᠢ ᠪᠤᠯᠭᠠᠨ ᠳᠤᠨᠢ ᠬᠤᠶᠠᠷ ᠬᠦᠮᠦᠨ ᠰᠠᠭᠤᠵᠤ ᠪᠤᠯᠬᠤ
ᠮᠦᠷᠳᠡᠬᠡᠨ ᠬᠡᠷ ᠳᠤᠳᠤᠷ᠎ᠠ ᠨᠢ ᠡᠷᠡᠬᠦᠯ ᠬᠠᠮᠠᠭᠠᠯᠠᠯ ᠤᠨ ᠬᠡᠷ᠂ ᠤᠬᠢᠶᠠᠯᠭ᠎ᠠ ᠶᠢᠨ ᠳᠠᠰᠤᠭ᠂ ᠲᠧᠯᠧᠢᠰ᠂ ᠰᠦᠢᠳᠬᠡᠯ ᠬᠤᠷᠢᠶᠠᠬᠤ ᠦᠬᠡᠢ
WFi ᠵᠡᠷᠬᠡ ᠶᠢ ᠪᠦᠷᠢᠯᠳᠦᠬᠦᠯᠦᠨ ᠦᠭᠴᠡᠢ᠃
ᠪᠠᠭᠰᠢ ᠶᠢᠨ ᠰᠤᠷᠳᠠᠯ ᠤᠨ ᠬᠦᠮᠦᠵᠢᠯ ᠢ ᠨᠡᠩ ᠴᠢᠩᠭᠠᠳᠬᠠᠪᠠ
ᠮᠠᠨ ᠤ ᠤᠷᠤᠨ ᠪᠠᠭᠰᠢ ᠶᠢᠨ ᠰᠤᠷᠳᠠᠯ ᠤᠨ ᠬᠦᠮᠦᠵᠢᠯ ᠢ ᠤᠯᠠᠮ ᠴᠢᠨᠠᠭᠰᠢᠳᠠ ᠴᠢᠩᠭᠠᠳᠬᠠᠭᠰᠠᠨ ᠪᠠᠶᠢᠨ᠎ᠠ᠃ ᠡᠯ᠎ᠠ ᠱᠠᠳᠤᠨ ᠤ
ᠡᠯ᠎ᠠ ᠲᠦᠷᠦᠯ ᠤᠨ ᠪᠠᠭᠰᠢ ᠶᠢᠨ ᠰᠤᠷᠳᠠᠯ ᠤᠨ ᠪᠠᠶᠢᠭᠤᠯᠤᠯᠳᠠ ᠶᠢᠨ ᠰᠢᠰᠲ᠋ᠧᠮ ᠢ ᠪᠠᠶᠢᠭᠤᠯᠬᠤ ᠶᠢᠨ ᠲᠦᠯᠦᠬᠡ᠂ ᠰᠤᠷᠭᠠᠨ
ᠬᠦᠮᠦᠵᠢᠯ ᠤᠨ ᠶᠠᠮᠤᠨ ᠨᠢ ᠤᠷᠢᠳ ᠬᠤᠵᠢᠳ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠰᠤᠷᠳᠠᠯ ᠤᠨ ᠪᠠᠶᠢᠭᠤᠯᠤᠯᠳᠠ ᠶᠢᠨ
ᠤᠷᠳᠤ ᠬᠤᠭᠤᠴᠠᠭᠠᠨ ᠤ ᠪᠦᠳᠦᠮᠵᠢᠳᠤ ᠳᠤᠭᠳᠠᠴᠠ ᠶᠢ ᠪᠠᠶᠢᠭᠤᠯᠬᠤ ᠰᠠᠨᠠᠯ︾᠂ ︽ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ
ᠠᠵᠢᠯ ᠤᠨ ᠰᠤᠷᠳᠠᠯ ᠠᠴᠠ ᠵᠦᠷᠢᠴᠡᠪᠡᠯ ᠰᠢᠢᠳᠪᠦᠷᠢᠯᠡᠬᠦ ᠠᠷᠭ᠎ᠠ︾᠂ ︽ᠪᠠᠭᠰᠢ ᠶᠢᠨ ᠲᠦᠷᠢᠮ ᠠᠴᠠ ᠵᠦᠷᠢᠴᠡᠨ ᠰᠤᠷᠤᠭᠴᠢ ᠪᠠ
ᠬᠡᠷ ᠤᠨ ᠠᠬᠠᠮᠠᠳ ᠤᠨ ᠪᠡᠯᠡᠭ ᠰᠡᠯᠳᠡ ᠪᠡᠯᠡᠭ ᠤᠨ ᠮᠦᠩᠬᠦ ᠶᠢ ᠬᠤᠷᠢᠶᠠᠬᠤ ᠶᠢ ᠴᠢᠩᠭ᠎ᠠ ᠬᠤᠷᠢᠭᠯᠠᠬᠤ︾᠂ ︽ᠶᠡᠭᠡ ᠳᠡᠬᠡᠳᠤ
ᠰᠤᠷᠭᠠᠭᠤᠯᠢ ᠶᠢᠨ ᠪᠠᠭᠰᠢ ᠶᠢᠨ ᠰᠤᠷᠳᠠᠯ ᠤᠨ ᠪᠠᠶᠢᠭᠤᠯᠤᠯᠳᠠ ᠶᠢᠨ ᠤᠷᠳᠤ ᠬᠤᠭᠤᠴᠠᠭᠠᠨ ᠤ ᠪᠦᠳᠦᠮᠵᠢᠳᠤ ᠴᠤᠭᠴᠠ ᠶᠢ ᠪᠠᠶᠢᠭᠤᠯᠬᠤ
ᠳᠤᠬᠠᠢ ᠰᠠᠨᠠᠯ︾᠂ ︽ᠳᠤᠮᠳᠠᠳᠤ ᠪᠠᠭ᠎ᠠ ᠰᠤᠷᠭᠠᠭᠤᠯᠢ ᠪᠠ ᠳᠤᠮᠳᠠᠳᠤ ᠪᠠᠭ᠎ᠠ ᠰᠤᠷᠭᠠᠭᠤᠯᠢ ᠳᠤ ᠠᠵᠢᠯᠯᠠᠵᠤ ᠪᠠᠶᠢᠭ᠎ᠠ ᠪᠠᠭᠰᠢ
ᠲᠦᠯᠦᠪᠦᠷᠢ ᠲᠠᠢ ᠪᠠᠷ ᠬᠢᠴᠢᠶᠡᠯ ᠨᠦᠬᠦᠬᠦ ᠶᠢ ᠴᠢᠩᠭ᠎ᠠ ᠬᠤᠷᠢᠭᠯᠠᠬᠤ︾ ᠵᠡᠷᠬᠡ ᠠᠯᠢ ᠤᠯᠠᠨ ᠰᠠᠨᠠᠯ ᠠᠷᠭ᠎ᠠ ᠬᠡᠮᠵᠢᠶ᠎ᠠ ᠶᠢ ᠳᠤᠷᠠᠳᠤᠨ
ᠭᠠᠷᠭᠠᠵᠤ᠂ ᠤᠷᠤᠨ ᠨᠤᠳᠤᠭ ᠤᠨ ᠬᠢᠨ ᠭᠠᠵᠠᠷ ᠤᠷᠤᠨ ᠤ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠵᠤ᠂ ᠨᠡᠩ ᠨᠠᠷᠢᠨ ᠪᠤᠳᠠᠳᠠᠢ
ᠠᠷᠭ᠎ᠠ ᠬᠡᠮᠵᠢᠶ᠎ᠡ ᠭᠠᠷᠭᠠᠵᠠᠢ᠃ ᠮᠠᠨ ᠤ ᠤᠷᠤᠨ ᠤ ᠡᠯ᠎ᠠ ᠶᠡᠭᠡ ᠳᠡᠬᠡᠳᠤ ᠰᠤᠷᠭᠠᠭᠤᠯᠢ ᠨᠢ ᠨᠡᠶᠢᠬᠡᠮ ᠵᠢᠷᠤᠮ ᠤᠨ ᠭᠤᠤᠯᠯᠠᠬᠴᠢ
ᠦᠷᠳᠡᠭ ᠤᠨ ᠦᠵᠡᠯᠳᠡ ᠶᠢᠨ ᠰᠤᠷᠭᠠᠨ ᠬᠦᠮᠦᠵᠢᠯ᠂ ᠢᠳᠡᠬᠡᠯ ᠬᠦᠰᠡᠯᠡᠩ ᠤᠨ ᠰᠤᠷᠭᠠᠨ ᠬᠦᠮᠦᠵᠢᠯ ᠵᠡᠷᠬᠡ ᠪᠠᠭᠰᠢ ᠶᠢᠨ ᠰᠤᠷᠳᠠᠯ ᠤᠨ
ᠰᠤᠷᠭᠠᠨ ᠬᠦᠮᠦᠵᠢᠯ ᠤᠨ ᠠᠵᠢᠯᠯᠠᠭ᠎ᠠ ᠶᠢ ᠦᠷᠬᠡᠨ ᠢᠶᠠᠷ ᠦᠷᠨᠢᠬᠦᠯᠵᠦ᠂ ᠦᠷᠬᠡᠨ ᠤᠯᠠᠨ ᠪᠠᠭᠰᠢᠨᠠᠷ ︽ᠠᠯᠢᠪᠠ ᠪᠦᠬᠦᠨ
ᠰᠤᠷᠤᠭᠴᠢ ᠶᠢᠨ ᠲᠦᠯᠦᠬᠡ᠂ ᠰᠤᠷᠤᠭᠴᠢ ᠶᠢᠨ ᠠᠯᠢᠪᠠ ᠶᠢᠨ ᠲᠦᠯᠦᠬᠡ︾ ᠬᠡᠬᠦ ᠰᠤᠷᠭᠠᠨ ᠬᠦᠮᠦᠵᠢᠯ ᠤᠨ ᠤᠢᠢᠯᠠᠭᠠᠭᠳᠠᠬᠤᠨ ᠢ ᠪᠤᠢ
ᠪᠤᠯᠭᠠᠵᠤ᠂ ᠠᠵᠢᠯ ᠤᠨ ᠰᠤᠷᠳᠠᠯ ᠤᠨ ᠲᠦᠷᠢᠮᠵᠢᠯ ᠢ ᠪᠠᠳᠤ ᠰᠠᠬᠢᠵᠤ᠂ ᠰᠠᠶᠢᠬᠠᠨ ᠰᠠᠶᠢᠬᠠᠨ ᠰᠤᠷᠭᠠᠨ ᠬᠦᠮᠦᠵᠢᠯ ᠤᠨ ᠬᠡᠪ ᠰᠤᠷᠳᠠᠯ ᠢ
ᠪᠤᠢ ᠪᠤᠯᠭᠠᠵᠤ᠂ ᠦᠷᠬᠡᠨ ᠤᠯᠠᠨ ᠪᠠᠭᠰᠢᠨᠠᠷ ᠤᠨ ︽ᠲᠦᠷᠪᠡ ᠪᠠᠶᠢᠬᠤ︾ ᠪᠠᠭᠰᠢ ᠪᠤᠯᠬᠤ ᠶᠢ ᠤᠷᠮᠠᠰᠢᠭᠤᠯᠤᠨ ᠵᠤᠷᠢᠭᠵᠢᠭᠤᠯᠵᠠᠢ᠃
ᠪᠠᠭᠰᠢ ᠶᠢᠨ ᠮᠡᠷᠬᠡᠵᠢᠯ ᠤᠨ ᠴᠤᠯᠠ ᠶᠢᠨ ᠦᠬᠡᠷᠡᠴᠢᠯᠡᠯᠳᠡ ᠶᠢ ᠨᠡᠩ ᠠᠬᠢᠭᠤᠯᠪᠠ
ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠮᠡᠷᠬᠡᠵᠢᠯ ᠤᠨ ᠴᠤᠯᠠ ᠶᠢᠨ ᠲᠦᠷᠢᠮ ᠤᠨ ᠦᠬᠡᠷᠡᠴᠢᠯᠡᠯᠳᠡ ᠬᠢᠵᠦ ᠠᠩᠬ᠎ᠠ
ᠤᠳᠠᠭ᠎ᠠ ᠹᠷᠦᠹᠧᠰᠰᠤᠷ ᠤᠨ ᠮᠡᠷᠬᠡᠵᠢᠯ ᠤᠨ ᠴᠤᠯᠠ ᠳᠤᠬᠢᠷᠠᠭᠤᠯᠵᠤ᠂ ᠡᠨᠡ ᠨᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢᠨᠠᠷ ᠤᠨ
ᠨᠡᠶᠢᠳᠡᠮ ᠤᠨ ᠬᠦᠷᠢᠶᠡᠯᠡᠯ ᠢ ᠤᠯᠵᠤ᠂ ᠦᠷᠬᠡᠨ ᠤᠯᠠᠨ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠶᠢᠨ ᠢᠳᠡᠪᠬᠢᠳᠤ ᠴᠢᠨᠠᠷ ᠢ
ᠳᠠᠶᠢᠴᠢᠯᠠᠵᠤ᠂ ᠡᠬᠢ ᠪᠠᠶᠠᠯᠢᠭ ᠢᠶᠠᠨ ᠳᠤᠬᠢᠷᠠᠭᠤᠯᠬᠤ᠂ ᠰᠠᠭᠤᠷᠢ ᠰᠤᠷᠭᠠᠨ ᠬᠦᠮᠦᠵᠢᠯ ᠤᠨ ᠪᠠᠭᠰᠢ ᠶᠢᠨ ᠡᠩᠨᠡᠭᠡ ᠶᠢᠨ ᠪᠠᠳᠤᠯᠠᠪᠤᠷᠢ ᠶᠢ
ᠴᠢᠩᠭᠠᠳᠬᠠᠬᠤ ᠳᠤ ᠴᠢᠬᠤᠯᠠ ᠦᠢᠯᠡᠳᠦᠯ ᠦᠵᠡᠬᠦᠯᠦᠭᠰᠡᠨ ᠪᠠᠶᠢᠨ᠎ᠠ᠃ ᠶᠡᠭᠡ ᠳᠡᠬᠡᠳᠤ ᠰᠤᠷᠭᠠᠭᠤᠯᠢ ᠶᠢᠨ ᠮᠡᠷᠬᠡᠵᠢᠯ ᠤᠨ ᠴᠤᠯᠠ ᠶᠢ
ᠬᠢᠨᠠᠨ ᠳᠤᠭᠳᠠᠭᠠᠬᠤ᠂ ᠠᠵᠢᠯ ᠤᠨ ᠪᠠᠶᠢᠷᠢ ᠶᠢᠨ ᠳᠤᠬᠢᠷᠠᠭᠤᠯᠤᠯᠳᠠ ᠳᠤᠮᠳᠠᠬᠢ ᠭᠤᠤᠯ ᠴᠤᠭᠴᠠᠳᠤ ᠦᠢᠯᠡᠳᠦᠯ ᠢ ᠴᠢᠩᠭᠠᠳᠬᠠᠵᠤ᠂
ᠶᠡᠭᠡ ᠳᠡᠬᠡᠳᠤ ᠰᠤᠷᠭᠠᠭᠤᠯᠢ ᠶᠢᠨ ᠪᠠᠭᠰᠢ ᠶᠢᠨ ᠮᠤᠷᠠᠯ ᠰᠤᠷᠳᠠᠯ ᠢ ᠳᠡᠷᠢᠬᠦᠨ ᠳᠤ ᠳᠠᠯᠪᠢᠬᠤ᠂ ᠵᠢᠭᠠᠨ ᠰᠤᠷᠭᠠᠯᠳᠠ ᠶᠢ ᠴᠢᠬᠤᠯᠠᠴᠢᠯᠠᠬᠤ᠂
ᠰᠢᠨᠵᠢᠯᠡᠬᠦ ᠤᠬᠠᠭᠠᠨ ᠰᠤᠳᠤᠯᠭᠠᠨ ᠢᠶᠠᠷ ᠰᠠᠭᠤᠷᠢ ᠪᠤᠯᠭᠠᠬᠤ ᠶᠢ ᠬᠦᠳᠦᠯᠦᠨ ᠵᠢᠯᠤᠭᠤᠳᠴᠤ᠂ ᠶᠤᠰᠤ ᠰᠤᠷᠳᠠᠬᠤᠨ᠂ ᠴᠢᠳᠠᠪᠤᠷᠢ ᠪᠠ
ᠠᠵᠢᠯ ᠤᠨ ᠪᠤᠳᠠᠳᠤ ᠬᠢᠷᠢ ᠪᠦᠳᠦᠮᠵᠢ ᠶᠢ ᠲᠤᠪᠤᠶᠢᠯᠭᠠᠵᠤ᠂ ᠰᠢᠯᠭᠠᠯᠳᠠ ᠪᠠ ᠦᠨᠡᠯᠡᠯᠳᠡ ᠶᠢ ᠤᠶᠠᠯᠳᠤᠭᠤᠯᠵᠤ᠂ ᠨᠢᠭᠤᠷᠳᠠᠨ ᠰᠢᠯᠭᠠᠬᠤ
ᠨᠤᠮ ᠬᠠᠶᠠᠯᠴᠠᠬᠤ᠂ ᠰᠦᠯᠵᠢᠶᠡᠨ ᠳᠡᠬᠡᠷ᠎ᠡ ᠬᠢᠨᠠᠨ ᠰᠢᠯᠭᠠᠷᠠᠭᠤᠯᠬᠤ ᠵᠡᠷᠬᠡ ᠠᠷᠭ᠎ᠠ ᠪᠠᠷ ᠬᠢᠨᠠᠠ ᠦᠨᠡᠯᠡᠬᠦ ᠴᠢᠨᠠᠷ ᠴᠢᠨᠰᠠᠭ᠎ᠠ ᠶᠢ
ᠳᠡᠬᠡᠭᠰᠢᠯᠡᠬᠦᠯᠦᠭᠰᠡᠨ ᠪᠠᠶᠢᠨ᠎ᠠ᠃