-
2135916
ᠬᠡᠷᠦᠯᠦᠨ ᠰᠤᠮᠤ ᠶᠢᠨ ᠮᠠᠯᠴᠢᠳ ᠬᠤᠭ ᠨᠤᠪᠰᠢ ᠪᠠᠨ ᠲᠦᠷᠦᠯ ᠠᠩᠬᠢᠯᠡᠨ ᠰᠢᠢᠳᠪᠤᠷᠢᠯᠡᠬᠦ ᠪᠤᠯᠤᠯ᠎ᠠ
2019-11-29 20:03
201
0
11 ᠰᠠᠷ᠎ᠠ ᠶᠢᠨ 28 ᠤ ᠡᠳᠦᠷ᠂ ᠰᠢᠨ᠎ᠠ ᠪᠠᠷᠭᠤ ᠪᠠᠷᠠᠭᠤᠨ ᠬᠤᠰᠢᠭᠤᠨ ᠤ ᠬᠡᠷᠦᠯᠦᠨ ᠰᠤᠮᠤ ᠶᠢᠨ ᠪᠠᠶᠠᠨᠴᠠᠭᠠᠨ ᠭᠠᠴᠠᠭᠠᠨ ᠤ ᠮᠠᠯᠴᠢᠨ ᠨᠠᠰᠤᠨᠮᠦ᠋ᠩᠬᠡ ᠬᠡᠷᠭᠡᠢ ᠨᠠᠪᠴᠢᠮ᠎ᠠ ᠲᠠᠢ ᠪᠠᠨ ᠠᠮᠢᠲᠤᠷᠠᠯ ᠤᠨ ᠬᠤᠭ ᠨᠤᠪᠰᠢ ᠪᠠᠨ ᠰᠤᠮᠤᠨ ᠤ ᠪᠠᠨ ᠬᠤᠭ ᠨᠤᠪᠰᠢ ᠶᠢ ᠲᠦᠷᠦᠯ ᠠᠩᠬᠢᠯᠡᠨ ᠰᠢᠢᠳᠪᠤᠷᠢᠯᠡᠬᠦ ᠦᠷᠲᠡᠭᠡ ᠳᠤ ᠬᠦᠷᠭᠡᠵᠦ ᠪᠠᠶᠢᠭᠰᠠᠨ ᠨᠢ ᠦᠪᠦᠷ ᠮᠤᠩᠭᠤᠯ ᠤᠨ ᠮᠤᠩᠭᠤᠯ ᠰᠤᠨᠢᠨ ᠰᠦᠯᠵᠢᠶ᠎ᠡ ᠶᠢᠨ ᠬᠤᠯᠪᠤᠭ᠎ᠠ ᠶᠢᠨ ︽ᠡᠪᠦᠯ ᠤᠨ ᠡᠷᠢᠯ︾ ᠬᠤᠯᠪᠤᠭ᠎ᠠ ᠰᠤᠷᠪᠤᠯᠵᠢᠯᠠᠭ᠎ᠠ ᠶᠢᠨ ᠬᠦᠯᠦᠨ ᠪᠤᠶᠢᠷ — ᠰᠢᠯᠢ ᠶᠢᠨ ᠭᠤᠥᠯ ᠤᠨ ᠲᠤᠭᠤᠢᠢᠯᠠᠩ ᠤᠨ ᠬᠢᠨ ᠤ ᠠᠩᠬᠠᠷᠤᠯ ᠢ ᠳᠠᠳᠠᠯ᠎ᠠ᠃
— ᠡᠮᠦᠨᠡᠬᠡᠨ᠂ ᠰᠤᠮᠤ ᠶᠢᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠠᠴᠠ ᠮᠠᠨᠤᠰ ᠲᠤ ᠬᠠᠶᠠᠭᠳᠠᠮᠠᠯ ᠬᠤᠭ ᠨᠤᠪᠰᠢ ᠶᠢ ᠲᠦᠷᠦᠯ ᠠᠩᠭᠢᠯᠠᠬᠤ ᠤᠭᠤᠲᠠ ᠲᠠᠷᠬᠠᠭᠠᠨ ᠦᠭᠬᠦᠭᠰᠡᠨ ᠶᠤᠮ᠃ ᠡᠨᠡ ᠨᠢ ᠮᠠᠯᠴᠢᠳ ᠤᠨ ᠡᠳᠤᠷ ᠳᠤᠳᠤᠮ ᠤᠨ ᠬᠤᠭ ᠨᠤᠪᠰᠢ ᠶᠢ ᠴᠡᠪᠡᠷᠯᠡᠬᠦ᠂ ᠨᠤᠳᠤᠭ ᠤᠰᠤ ᠪᠠᠨ ᠬᠠᠮᠠᠭᠠᠯᠠᠬᠤ ᠳᠤ ᠮᠠᠰᠢ ᠶᠡᠭᠡ ᠲᠤᠰᠠ ᠦᠵᠡᠬᠦᠯᠦᠯᠠ ᠭᠡᠵᠦ ᠨᠠᠪᠴᠢᠮ᠎ᠠ ᠰᠤᠷᠪᠤᠯᠵᠢᠯᠠᠭ᠎ᠠ ᠬᠦᠯᠢᠶᠡᠬᠦ ᠶᠢᠨ ᠳᠠᠭᠠᠤ ᠬᠠᠶᠠᠭᠳᠠᠮᠠᠯ ᠬᠤᠭ ᠨᠤᠪᠰᠢ ᠪᠠᠨ ᠲᠦᠷᠦᠯ ᠠᠩᠬᠢᠯᠡᠨ ᠰᠢᠢᠳᠪᠤᠷᠢᠯᠡᠬᠦ ᠦᠷᠳᠡᠭᠡ ᠳᠤ ᠪᠠᠭᠤᠯᠭᠠᠵᠤ ᠶᠠᠭᠠᠷᠠᠨ᠎ᠠ᠃
ᠮᠠᠯᠵᠢᠬᠤ ᠤᠷᠤᠨ ᠤ ᠪᠤᠬᠢᠷᠲᠤᠯ ᠦᠭᠡᠢ ᠬᠦᠭᠵᠢᠯᠲᠡ ᠶᠢ ᠠᠬᠢᠭᠤᠯᠵᠤ᠂ ᠮᠠᠯᠴᠢᠳ ᠢ ᠲᠠᠶᠢᠴᠢᠯᠠᠨ ᠬᠤᠭ ᠨᠤᠪᠰᠢ ᠶᠢ ᠲᠦᠷᠦᠯ ᠠᠩᠭᠢᠯᠠᠵᠦ ᠰᠢᠢᠳᠪᠤᠷᠢᠯᠡᠬᠦ ᠰᠢᠨ᠎ᠠ ᠰᠤᠷᠲᠠᠯ ᠢ ᠪᠦᠷᠢᠯᠲᠦᠭᠦᠯᠬᠦ ᠶᠢᠨ ᠲᠦᠯᠦᠭᠡ᠂ ᠬᠡᠷᠦᠯᠦᠨ ᠰᠤᠮᠤᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠤᠷᠲᠤᠨ ᠤᠢᠢᠷ᠎ᠠ ᠶᠢᠨ ᠡᠳᠦᠷ᠂ ᠠᠮᠢᠲᠤᠷᠠᠯ ᠤᠨ ᠬᠤᠭ ᠨᠤᠪᠰᠢ ᠶᠢ ᠲᠦᠷᠦᠯ ᠠᠩᠭᠢᠯᠠᠨ ᠰᠢᠢᠳᠪᠦᠷᠢᠯᠡᠬᠦ ᠠᠵᠢᠯ ᠤᠨ ᠲᠠᠶᠢᠴᠢᠯᠠᠯᠲᠠ ᠶᠢᠨ ᠬᠤᠷᠠᠯ ᠬᠢᠵᠦ᠂ ︽ᠠᠷᠤᠤᠬᠠᠨ ᠪᠦᠰᠡᠭᠦ᠋ᠢᠴᠤᠤᠯ ᠲᠠᠶᠢᠴᠢᠯᠠᠨ ᠬᠤᠭ ᠨᠤᠪᠰᠢ ᠶᠢ ᠲᠦᠷᠦᠯ ᠠᠩᠭᠢᠯᠠᠵᠤ ᠪᠤᠬᠢᠷᠲᠤᠯ ᠦᠭᠡᠢ ᠬᠦᠭᠵᠢᠯᠲᠠ ᠶᠢᠨ ᠤᠢᠢᠯᠠᠭᠠᠭᠲᠠᠬᠤᠨ ᠢ ᠪᠤᠲᠠᠲᠠᠶᠢᠵᠢᠭᠤᠯᠬᠤ︾ ᠭᠤᠤᠯ ᠰᠡᠳᠦᠪᠲᠦ ᠠᠵᠢᠯᠯᠠᠭ᠎ᠠ ᠦᠷᠨᠢᠭᠦᠯᠵᠤ᠂ ᠳᠤᠰᠬᠠᠢ ᠰᠢᠳᠠᠭᠠᠨ ᠰᠢᠢᠳᠪᠤᠷᠢᠯᠡᠬᠦ ᠦᠢᠯᠡᠳᠪᠤᠷᠢᠯᠡᠯ ᠤᠨ ᠳᠠᠰᠤᠭ ᠢ ᠪᠠᠶᠢᠭᠤᠯᠤᠨ᠂ ᠬᠠᠶᠠᠭᠳᠠᠮᠠᠯ ᠬᠤᠭ ᠨᠤᠪᠰᠢ ᠶᠢ ᠳᠡᠬᠦᠵᠦ ᠴᠤᠭᠯᠠᠭᠤᠯᠬᠤ᠂ ᠲᠦᠷᠦᠯ ᠠᠩᠬᠢᠯᠠᠬᠤ᠂ ᠰᠢᠳᠠᠭᠠᠨ ᠰᠢᠢᠳᠪᠤᠷᠢᠯᠡᠬᠦ ᠵᠡᠷᠭᠡ ᠶᠢ ᠨᠢᠭᠡ ᠴᠤᠭᠴᠠᠵᠢᠭᠤᠯᠤᠭᠰᠠᠨ ᠰᠢᠢᠳᠪᠤᠷᠢᠯᠡᠬᠦ ᠱᠤᠭᠤᠮ ᠢ ᠪᠡᠶᠡᠯᠡᠬᠦᠯᠵᠦ᠂ ᠪᠠᠶ᠋ᠬᠠᠠᠭᠤᠯᠠ ᠨᠡᠶᠢᠭᠡᠮ ᠲᠤᠭᠤᠷᠢᠭ ᠪᠤᠯᠤᠨ 15 ᠭᠠᠴᠠᠭᠠᠨ ᠳᠠᠭᠠᠨ ᠲᠠᠬᠢᠨ ᠠᠰᠢᠭᠯᠠᠵᠦ ᠪᠤᠯᠬᠤ ᠬᠤᠭ ᠨᠤᠪᠰᠢ᠂ ᠲᠠᠬᠢᠨ ᠠᠰᠢᠭᠯᠠᠵᠦ ᠦᠯᠦ ᠪᠤᠯᠬᠤ ᠬᠤᠭ ᠨᠤᠪᠰᠢ᠂ ᠨᠦᠢᠲᠠᠨ ᠬᠤᠭ ᠨᠤᠪᠰᠢ᠂ ᠬᠠᠭᠤᠷᠠᠢ ᠬᠤᠭ ᠨᠤᠪᠰᠢ ᠵᠡᠷᠭᠡ ᠶᠢ ᠲᠦᠷᠦᠯ ᠠᠩᠭᠢᠯᠠᠬᠤ ᠬᠤᠭ ᠤᠨ ᠰᠠᠪᠠ ᠵᠢᠴᠢ ᠬᠤᠭ ᠤᠨ ᠤᠭᠤᠲᠠ ᠶᠢ ᠲᠠᠷᠬᠠᠭᠠᠨ ᠦᠭᠬᠦᠭᠰᠡᠨ ᠪᠠᠶᠢᠨ᠎ᠠ᠃
ᠰᠤᠷᠪᠤᠯᠵᠢᠯᠠᠭᠴᠢ ᠬᠠᠶᠠᠭᠳᠠᠮᠠᠯ ᠬᠤᠭ ᠨᠤᠪᠰᠢ ᠰᠢᠢᠳᠪᠤᠷᠢᠯᠡᠬᠦ ᠦᠷᠳᠡᠭᠡ ᠶᠢᠨ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠤᠢᠢᠯᠠᠭᠠᠭᠰᠠᠨ ᠢᠶᠠᠷ᠂ ᠳᠤᠰ ᠦᠷᠳᠡᠭᠡ ᠶᠢᠨ ᠬᠢᠨ ᠤᠬᠤᠷᠬᠠᠨ ᠬᠡᠳᠤᠨ ᠰᠠᠷ᠎ᠠ ᠶᠢᠨ ᠬᠤᠭᠤᠴᠠᠭᠠᠨ ᠳᠤ 40 ᠰᠢᠬᠠᠮ ᠤᠳᠠᠭ᠎ᠠ ᠬᠤᠭ ᠨᠤᠪᠰᠢ ᠶᠢ ᠰᠢᠢᠳᠪᠤᠷᠢᠯᠡᠵᠦ᠂ ᠨᠢᠭᠡᠨᠳᠡ 20 ᠲᠤᠨ ᠬᠤᠭ ᠨᠤᠪᠰᠢ ᠶᠢ ᠴᠡᠪᠡᠷᠯᠡᠨ ᠠᠷᠢᠯᠭᠠᠭᠰᠠᠨ ᠪᠠᠶᠢᠨ᠎ᠠ᠃ ᠵᠣᠬᠢᠶᠠᠭᠴᠢ᠄ ᠬᠢᠯᠪᠠᠭ᠎ᠠ ᠠᠯᠳ᠋ᠬᠠᠤᠳᠤ