-
2144414
ᠮᠠᠨ ᠤ ᠤᠷᠤᠨ ᠤ ᠲᠠᠮᠢᠷᠴᠢᠨ ᠳ᠋ᠸᠤ ᠳ᠋ᠠᠨ ᠡᠮᠡᠭᠳᠡᠢ ᠶᠢᠨ ᠪᠣᠺᠰ ᠤᠨ 64 — 69 ᠺᠢᠯᠣᠭ᠍ᠷᠡᠮ
2019-10-23 15:32
308
0
ᠮᠠᠨ ᠤ ᠤᠷᠤᠨ ᠤ ᠲᠠᠮᠢᠷᠴᠢᠨ ᠳ᠋ᠸᠤ ᠳ᠋ᠠᠨ ᠡᠮᠡᠭᠳᠡᠢ ᠶᠢᠨ ᠪᠣᠺᠰ ᠤᠨ 64 — 69 ᠺᠢᠯᠣᠭ᠍ᠷᠡᠮ ᠤᠨ ᠲᠡᠰ ᠤᠨ ᠬᠠᠭᠠᠰ ᠰᠢᠢᠳᠪᠦᠷᠢᠳᠦ ᠣᠷᠣᠯᠳᠣᠭᠠᠨ ᠳᠤ ᠣᠷᠣᠯᠴᠠᠬᠤ ᠡᠷᠬᠡ ᠶᠢ ᠣᠯᠪᠠ
10 ᠰᠠᠷ᠎ᠠ ᠶᠢᠨ 22 ᠤᠨ ᠦᠳᠡ ᠶᠢᠨ ᠬᠤᠶᠢᠨ᠎ᠠ ᠶᠠᠪᠣᠭᠳᠠᠭᠰᠠᠨ ᠲᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠤᠨ ᠴᠤᠬᠯᠠᠭᠠᠨ ᠤ ᠡᠮᠡᠭᠳᠡᠢ ᠶᠢᠨ ᠪᠤᠺᠰ ᠤᠨ 64 — 69 ᠺᠢᠯᠣᠭ᠍ᠷᠡᠮ ᠤᠨ ᠲᠡᠰ ᠤᠨ ᠤᠷᠤᠯᠳᠤᠭᠠᠨ ᠳᠤ᠂ ᠮᠠᠨ ᠤ ᠤᠷᠤᠨ ᠤ ᠪᠠᠶᠠᠨᠨᠠᠭᠤᠷ ᠨᠤᠳᠤᠭᠳᠠᠢ ᠲᠠᠮᠢᠷᠴᠢᠨ ᠳ᠋ᠸᠤ ᠳ᠋ᠠᠨ ᠲᠡᠭᠡᠷ᠎ᠠ ᠨᠠᠢᠮᠠ ᠠᠴᠠ ᠳᠡᠭᠡᠷ᠎ᠡ ᠲᠦᠷᠪᠡ ᠳᠤ ᠳᠠᠪᠰᠢᠬᠤ ᠤᠷᠤᠯᠳᠤᠭᠠᠨ ᠳᠤ 5᠄ 0 ᠤᠨ ᠬᠠᠷᠢᠴᠠᠯ ᠢᠶᠠᠷ ᠪᠷᠡᠽᠢᠯ ᠤᠨ ᠲᠠᠮᠢᠷᠴᠢᠨ ᠢ ᠢᠯᠡᠵᠦ᠂ ᠬᠠᠭᠠᠰ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠪᠠ᠃
ᠳ᠋ᠸᠤ ᠳ᠋ᠠᠨ 2010 ᠤᠨ ᠳᠤ ᠦᠪᠤᠷ ᠮᠤᠩᠭᠤᠯ ᠤᠨ ᠪᠤᠺᠰ ᠤᠨ ᠠᠩᠭᠢ ᠳᠤ ᠲᠠᠮᠢᠷᠴᠢᠨ ᠢᠶᠠᠷ ᠡᠯᠰᠡᠭᠳᠡᠨ ᠪᠤᠺᠰ ᠤᠨ ᠮᠡᠷᠭᠡᠵᠢᠯ ᠪᠤᠯᠪᠠᠰᠤᠷᠠᠵᠦ᠂ 2012 ᠤᠨ ᠳᠤ ᠤᠯᠤᠰ ᠤᠨ ᠪᠤᠺᠰ ᠤᠨ ᠠᠩᠭᠢ ᠳᠤ ᠡᠯᠰᠡᠭᠳᠡᠪᠡ᠃ ᠲᠡᠷᠡ ᠪᠤᠺᠰ ᠤᠨ ᠮᠡᠷᠭᠡᠵᠢᠯ ᠪᠤᠯᠪᠠᠰᠤᠷᠠᠵᠦ ᠪᠠᠶᠢᠭ᠎ᠠ ᠬᠤᠭᠤᠴᠠᠭᠠᠨ ᠳᠠᠭᠠᠨ ᠲᠤᠮᠳᠠᠳᠤ ᠤᠯᠤᠰ ᠤᠨ ᠲᠠᠯᠠᠢ ᠲᠠᠩᠭᠢᠰ ᠤᠨ ᠶᠡᠭᠡ ᠰᠤᠷᠭᠠᠭᠤᠯᠢ ᠳᠤ ᠤᠶᠤᠳᠠᠨ ᠢᠶᠠᠷ ᠰᠤᠷᠤᠯᠴᠠᠵᠦ᠂ 2018 ᠤᠨ ᠳᠤ ᠶᠡᠭᠡ ᠰᠤᠷᠭᠠᠭᠤᠯᠢ ᠪᠠᠨ ᠠᠮᠵᠢᠯᠳᠠ ᠲᠠᠢ ᠲᠡᠭᠦᠰᠭᠡᠵᠡᠢ᠃ 2011 ᠤᠨ ᠠᠴᠠ ᠨᠠᠭᠠᠰᠢ᠂ ᠲᠡᠷᠡ ᠪᠦᠭᠦ ᠤᠯᠤᠰ ᠤᠨ ᠵᠠᠯᠠᠭᠤᠴᠤᠳ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠪᠦᠭᠦ ᠤᠯᠤᠰ ᠤᠨ ᠲᠠᠮᠢᠷ ᠤᠨ ᠴᠤᠬᠯᠠᠭᠠᠨ᠂ ᠠᠽᠢᠶ᠎ᠠ ᠲᠢᠪ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ᠂ ᠲᠡᠯᠡᠭᠡᠢ ᠶᠢᠨ ᠡᠮᠡᠭᠳᠡᠢ ᠶᠢᠨ ᠪᠤᠺᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠭᠡ ᠲᠤᠮᠤ ᠬᠡᠯᠪᠡᠷᠢ ᠶᠢᠨ ᠤᠷᠤᠯᠳᠤᠭᠠᠨ ᠤ ᠠᠯᠳᠠ ᠮᠦᠡᠭᠭᠦᠨ ᠮᠧᠳᠠᠯ ᠢ 20 ᠰᠢᠬᠠᠮ ᠤᠳᠠᠭ᠎ᠠ ᠲᠤᠰᠴᠤ ᠪᠤᠢ᠃
ᠪᠠᠰᠠ ᠨᠢᠭᠡ ᠮᠡᠳᠡᠭᠡ ︵ᠰᠣᠷᠪᠣᠯᠵᠢᠯᠠᠭᠴᠢ ᠰᠠᠷᠠᠨᠳᠣᠶᠠᠭᠠ︶ 10 ᠰᠠᠷ᠎ᠠ ᠶᠢᠨ 22 ᠤᠨ ᠡᠳᠦᠷ᠂ ᠲᠤᠯᠤᠳᠤᠭᠠᠷ ᠬᠤᠭᠤᠴᠠᠭᠠᠨ ᠤ ᠲᠡᠯᠡᠭᠡᠢ ᠶᠢᠨ ᠴᠡᠷᠢᠭ ᠬᠦᠮᠦᠨ ᠤ ᠲᠠᠮᠢᠷ ᠤᠨ ᠴᠤᠬᠯᠠᠭᠠᠨ ᠤ ᠵᠢᠤᠳᠤᠤ ᠪᠦᠭᠡ ᠶᠢᠨ ᠪᠦᠯᠭᠦᠮ ᠤᠨ ᠤᠷᠤᠯᠳᠤᠭᠠᠨ ᠶᠠᠪᠣᠭᠳᠠᠵᠣ᠂ ᠵᠢᠤᠳᠤᠤ ᠪᠦᠭᠡ ᠶᠢᠨ ᠤᠷᠤᠯᠳᠤᠭᠠᠨ ᠢ ᠪᠦᠬᠦᠨ ᠢᠶᠠᠷ ᠢᠶᠠᠨ ᠲᠠᠭᠤᠰᠪᠠ᠃ ᠮᠠᠨ ᠤ ᠤᠷᠤᠨ ᠤ ᠲᠠᠮᠢᠷᠴᠢᠨ ᠰᠠᠶᠢᠨᠵᠢᠷᠭᠠᠯ᠂ ᠪᠦᠭᠡᠪᠢᠯᠢᠭ ᠪᠦᠯᠭᠦᠮ ᠤᠨ ᠤᠷᠤᠯᠳᠤᠭᠠᠨ ᠳᠤ ᠤᠷᠤᠯᠴᠠᠬᠰᠠᠨ ᠪᠤᠯᠪᠠᠴᠤ᠂ ᠳᠣᠮᠳᠠᠳᠣ ᠤᠯᠤᠰ ᠤᠨ ᠠᠩᠬᠢ ᠲᠦᠷᠦᠭᠦᠦ ᠲᠠᠯᠠᠪᠠᠢ ᠤᠷᠤᠯᠳᠤᠭᠠᠨ ᠳᠤ ᠶᠡᠷᠦᠩᠭᠡᠢ ᠬᠤᠪᠢ ᠪᠠᠷ ᠢᠶᠠᠨ ᠠᠽᠧᠷᠪᠠᠶᠢᠵᠠᠨ ᠤ ᠠᠩᠬᠢ ᠳᠤ ᠲᠡᠶᠢᠯᠦᠭᠳᠡᠭᠰᠡᠨ ᠠᠴᠠ ᠨᠤᠭᠤᠯᠤᠭ᠎ᠠ ᠤᠷᠤᠯᠳᠤᠭᠠᠨ ᠳᠤ ᠤᠷᠤᠯᠴᠠᠬᠤ ᠡᠷᠭᠡ ᠪᠠᠨ ᠠᠯᠳᠠᠪᠠ᠃ ᠵᠣᠬᠢᠶᠠᠭᠴᠢ᠄ ᠰᠠᠷᠠᠨᠲᠤᠶᠠᠭ᠎ᠠ