  

2020 ᠤᠨ ᠳᠤ ᠲᠤᠯᠤᠨ ᠨᠤᠤᠷ ᠲᠤ ᠠᠭᠤᠯᠵᠠᠵᠠᠭᠠᠶ᠎ᠠ︕

2019-10-09 16:10
  195
  0
  ᠡᠳᠦᠷ ᠪᠦᠷᠢ ᠲᠠᠪᠤᠨ ᠴᠠᠭ ᠭᠠᠷᠤᠢ ᠴᠢᠳᠠᠯ ᠢᠶᠠᠨ ᠨᠡᠮᠡᠭᠳᠡᠬᠦᠯᠬᠦ ᠪᠡᠯᠡᠳᠭᠡᠯ ᠤᠨ ᠪᠤᠯᠪᠠᠰᠤᠷᠠᠯ ᠪᠠ ᠡᠯ᠎ᠠ ᠵᠦᠢᠯ ᠤᠨ ᠮᠦᠰᠦᠨ ᠲᠡᠭᠡᠷᠡᠬᠢ ᠲᠡᠰᠢᠯᠳᠡ ᠶᠢᠨ ᠪᠤᠯᠪᠠᠰᠤᠷᠠᠯ᠂ ᠬᠤᠯᠠ ᠭᠦᠶᠦᠯᠳᠡ ᠵᠡᠷᠭᠡ ᠨᠢ ᠲᠤᠯᠤᠨ ᠨᠤᠤᠷ ᠰᠢᠶᠠᠨ ᠤ ᠲᠦᠷᠪᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ ᠪᠠᠭᠰᠢ ᠵᠠᠩ ᠶᠠᠨ ᠳᠤ ᠲᠠᠩᠴᠤ ᠬᠦᠨᠳᠤ ᠬᠡᠴᠡᠭᠦᠦ ᠰᠠᠨᠠᠭᠳᠠᠵᠤ ᠪᠠᠶᠢᠯ᠎ᠠ᠃ ᠤᠴᠢᠷ ᠨᠢ ᠡᠨᠡ ᠮᠡᠲᠤ ᠪᠤᠯᠪᠠᠰᠤᠷᠠᠯ 8 ᠰᠠᠷ᠎ᠠ ᠦᠷᠭᠦᠯᠵᠢᠯᠡᠬᠦ ᠪᠦᠭᠡᠳ ᠬᠦᠨᠳᠤᠴᠡ ᠶᠢᠨ ᠬᠡᠮᠵᠢᠶ᠎ᠡ ᠡᠳᠦᠷ ᠠᠴᠠ ᠡᠳᠦᠷ ᠨᠡᠮᠡᠭᠳᠡᠭᠦ ᠪᠤᠯᠤᠨ᠎ᠠ᠃ ᠭᠡᠪᠡᠴᠤ ᠵᠠᠩ ᠶᠠᠨ ᠦᠪᠡᠷ ᠤᠨ ᠰᠤᠩᠭᠤᠯᠳᠠ ᠳᠠᠭᠠᠨ ᠦᠴᠦᠬᠡᠨ ᠴᠤ ᠬᠠᠷᠠᠮᠰᠠᠬᠤ ᠦᠭᠡᠢ᠂ ᠢᠷᠡᠬᠦ ᠵᠢᠯ ᠡᠬᠡ ᠨᠤᠲᠤᠭ ᠤᠨ ᠢᠶᠠᠨ ᠬᠦᠷᠦᠰᠦᠨ ᠲᠡᠭᠡᠷ᠎ᠡ ᠢᠷᠡᠭᠤ ᠠᠯᠳᠠᠷ ᠲᠡᠮᠡᠴᠡᠨ ᠤᠯᠬᠤ ᠶᠢᠨ ᠲᠤᠯᠠᠳᠠ ᠦᠨᠡᠨ ᠰᠡᠳᠬᠢᠯ ᠠᠴᠠ ᠪᠠᠨ ᠪᠠᠶ᠎ᠡ ᠪᠠᠨ ᠱᠠᠭᠠᠷᠳᠠᠨ ᠪᠤᠯᠪᠠᠰᠤᠷᠠᠯ ᠳᠠᠭᠠᠨ ᠰᠢᠮᠳᠠᠨ᠎ᠠ᠃
   ᠡᠨᠡ ᠪᠤᠯ ᠲᠤᠯᠤᠨ ᠨᠤᠤᠷ ᠰᠢᠶᠠᠨ ᠤ ᠮᠦᠰᠦᠨ ᠲᠡᠭᠡᠷᠡᠬᠢ ᠯᠤᠤᠳᠤ ᠤᠡᠭᠭᠤᠴᠠ ᠶᠢᠨ ᠤᠷᠤᠯᠳᠤᠭᠠᠨ ᠤ ᠲᠠᠮᠢᠷᠴᠢᠳ ᠤᠨ ᠶᠡᠷᠦᠳᠡ ᠶᠢᠨ ᠪᠤᠯᠪᠠᠰᠤᠷᠠᠯ ᠤᠨ ᠬᠡᠰᠡᠭ ᠦᠵᠡᠭᠳᠡᠯ ᠪᠤᠯᠤᠨ᠎ᠠ᠃
   ᠠᠷᠪᠠᠨ ᠲᠦᠷᠪᠡᠳᠦᠭᠡᠷ ᠬᠤᠭᠤᠴᠠᠭᠠᠨ ᠤ ᠪᠦᠬᠦ ᠤᠯᠤᠰ ᠤᠨ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠢᠷᠡᠬᠦ ᠵᠢᠯ ᠤᠨ 2 ᠰᠠᠷ᠎ᠠ ᠳᠤ ᠮᠠᠨ ᠤ ᠤᠷᠤᠨ ᠳᠤ ᠶᠠᠪᠤᠭᠳᠠᠬᠤ ᠪᠤᠯᠤᠨ᠎ᠠ᠃ ᠡᠭᠦᠨ ᠳᠤ ᠮᠦᠰᠤ ᠴᠠᠰᠤᠨ ᠤ ᠡᠬᠢ ᠰᠤᠷᠪᠤᠯᠵᠢ ᠬᠢᠭᠡᠳ ᠡᠪᠦᠯ ᠤᠨ ᠤᠯᠠᠷᠢᠯ ᠤᠨ ᠲᠠᠮᠢᠷ ᠤᠨ ᠲᠦᠷᠦᠯ ᠵᠦᠢᠯ ᠤᠨ ᠪᠠᠶᠠᠯᠢᠬ ᠲᠤᠷᠰᠢᠯᠭ᠎ᠠ ᠲᠠᠢ ᠲᠤᠯᠤᠨ ᠨᠤᠤᠷ ᠰᠢᠶᠠᠨ ᠲᠤᠰ ᠬᠤᠭᠤᠴᠠᠭᠠᠨ ᠤ ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠤ ᠮᠦᠰᠦᠨ ᠲᠡᠭᠡᠷᠡᠬᠢ ᠯᠤᠤᠲᠤ ᠤᠡᠭᠭᠤᠴᠠ ᠶᠢᠨ ᠤᠷᠤᠯᠳᠤᠭᠠᠨ ᠤ ᠲᠦᠷᠦᠯ ᠵᠦᠢᠯ ᠤᠨ ᠴᠤᠷ ᠤᠨ ᠭᠠᠭᠴᠠ ᠭᠠᠵᠠᠷ ᠤᠷᠤᠨ ᠢᠶᠠᠷ ᠲᠤᠭᠳᠠᠭᠠᠭᠳᠠᠭᠰᠠᠨ ᠠᠴᠠ ᠨᠠᠭᠠᠰᠢ᠂ ᠤᠷᠤᠯᠳᠤᠭᠠᠨ ᠤ ᠲᠠᠯᠠᠪᠤᠷ ᠤᠨ ᠪᠦᠲᠦᠭᠡᠨ ᠪᠠᠶᠢᠭᠤᠯᠤᠯᠳᠠ ᠪᠠᠨ ᠤᠯᠠᠮ ᠨᠢᠭᠡ ᠠᠯᠬᠤᠮ ᠴᠢᠩᠭᠠᠳᠬᠠᠬᠤ ᠶᠢᠨ ᠵᠡᠷᠭᠡ ᠪᠠᠷ ᠲᠤᠬᠠᠢ ᠶᠢᠨ ᠭᠠᠵᠠᠷ ᠤᠷᠤᠨ ᠤ ᠪᠠᠨ ᠲᠠᠮᠢᠷᠴᠢᠳ ᠢ ᠰᠢᠯᠢᠨ ᠰᠤᠩᠭᠤᠵᠤ ᠪᠤᠯᠪᠠᠰᠤᠷᠠᠭᠤᠯᠬᠤ ᠠᠵᠢᠯ ᠳᠤ ᠤᠨᠴᠠ ᠠᠩᠬᠠᠷᠤᠨ᠂ ᠤᠷᠤᠯᠳᠤᠭᠠᠨ ᠳᠤ ᠤᠷᠤᠯᠴᠠᠬᠤ ᠲᠠᠮᠢᠷᠴᠢᠳ ᠢ ᠰᠢᠯᠢᠨ ᠰᠤᠩᠭᠤᠬᠤ ᠳᠠᠭᠠᠨ ᠪᠡᠶ᠎ᠡ ᠮᠠᠬᠠᠪᠤᠳ ᠤᠨ ᠰᠤᠷᠢᠯᠳᠠ᠂ ᠶᠡᠷᠦᠩᠬᠡᠶᠢᠯᠡᠭᠰᠡᠨ ᠬᠢᠷᠢ ᠲᠦᠪᠰᠢᠨ᠂ ᠤᠷᠤᠯᠳᠤᠭᠠᠨ ᠤ ᠬᠢᠷᠢ ᠪᠦᠲᠦᠮᠵᠢ ᠵᠡᠷᠭᠡ ᠪᠠᠷ ᠪᠠᠷᠢᠮᠵᠢᠶ᠎ᠠ ᠪᠤᠯᠭᠠᠨ 94 ᠲᠠᠮᠢᠷᠴᠢᠨ ᠤ ᠲᠤᠮᠳᠠ ᠠᠴᠠ 34 ᠬᠦᠮᠦᠨ ᠢ ᠰᠢᠯᠢᠨ ᠠᠪᠴᠤ᠂ 8 ᠰᠠᠷ᠎ᠠ ᠶᠢᠨ ᠬᠤᠭᠤᠴᠠᠭ᠎ᠠ ᠲᠠᠢ ᠲᠤᠰᠠᠭᠠᠷᠯᠠᠭᠰᠠᠨ ᠬᠡᠯᠪᠡᠷᠢ ᠶᠢᠨ ᠪᠤᠯᠪᠠᠰᠤᠷᠠᠯ ᠬᠦᠷᠳᠡᠭᠡᠵᠦ᠂ ᠮᠠᠨ ᠤ ᠤᠷᠤᠨ ᠢ ᠲᠦᠯᠦᠭᠡᠯᠡᠨ ᠪᠤᠰᠤᠳ ᠭᠠᠵᠠᠷ ᠮᠤᠵᠢ ᠤᠷᠤᠨ ᠤ ᠲᠠᠮᠢᠷᠴᠢᠳ ᠲᠠᠢ ᠦᠷᠢᠰᠦᠯᠳᠦᠬᠦ ᠪᠠᠷ ᠪᠡᠯᠡᠳᠬᠡᠵᠤ ᠪᠠᠶᠢᠭ᠎ᠠ ᠨᠢ ᠡᠨᠡ᠃
   34 ᠬᠦᠮᠦᠨ ᠤ ᠲᠤᠲᠤᠷ᠎ᠠ 10 ᠬᠦᠮᠦᠨ ᠨᠢ ᠨᠠᠰᠤᠨ ᠳᠤ ᠬᠦᠷᠦᠭᠰᠡᠳ ᠤᠨ ᠲᠤᠭᠤᠢᠢᠯᠠᠩ ᠤᠨ ᠤᠷᠤᠯᠳᠤᠭᠠᠨ ᠳᠤ ᠤᠷᠤᠯᠴᠠᠵᠤ᠂ ᠪᠤᠰᠤᠳ ᠨᠢ ᠴᠦᠮ ᠪᠠᠭᠠᠴᠤᠳ ᠤᠨ ᠲᠤᠭᠤᠢᠢᠯᠠᠩ ᠤᠨ ᠤᠷᠤᠯᠳᠤᠭᠠᠨ ᠳᠤ ᠤᠷᠤᠯᠴᠠᠬᠤ ᠪᠠᠷ ᠪᠤᠢ᠃ ᠵᠠᠩ ᠶᠠᠨ᠄ ︽ᠲᠠᠮᠢᠷᠴᠢᠨ ᠢᠶᠠᠷ ᠰᠢᠯᠢᠭᠳᠡᠭᠰᠡᠨ ᠳᠡᠭᠡᠨ ᠪᠢ ᠲᠤᠩ ᠪᠠᠶᠠᠷᠯᠠᠵᠤ ᠪᠠᠶᠢᠨ᠎ᠠ᠂ ᠲᠡᠳᠡᠭᠡᠷ ᠪᠢᠴᠢᠬᠠᠨ ᠲᠠᠮᠢᠷᠴᠢᠳ ᠢ ᠪᠤᠳᠤᠪᠠᠯ ᠪᠢ ᠴᠢᠨᠢ ᠪᠠᠰᠠ ᠲᠤᠰᠬᠠᠢ ᠮᠡᠷᠭᠡᠵᠢᠯ ᠰᠤᠷᠴᠤ ᠦᠡᠭᠭᠡᠷᠡᠭᠰᠡᠨ ᠲᠠᠮᠢᠷ ᠤᠨ ᠪᠠᠭᠰᠢ ᠰᠢᠤ᠂ ᠪᠡᠶ᠎ᠡ ᠪᠠᠨ ᠴᠢᠩᠭ᠎ᠠ ᠱᠠᠭᠠᠷᠳᠠᠨ ᠰᠠᠶᠢᠨ ᠪᠤᠯᠪᠠᠰᠤᠷᠠᠵᠤ ᠰᠢᠯᠢᠳᠡᠭ ᠬᠢᠷᠢ ᠪᠦᠲᠦᠮᠵᠢ ᠤᠯᠬᠤ ᠪᠠᠷ ᠴᠢᠷᠮᠠᠶᠢᠨ᠎ᠠ᠃ 2020 ᠤᠨ ᠳᠤ ᠲᠤᠯᠤᠨ ᠨᠤᠤᠷ ᠲᠤ ᠠᠭᠤᠯᠵᠠᠵᠠᠭᠠᠶ᠎ᠠ︕︾ ᠭᠡᠵᠦ ᠢᠳᠡᠭᠡᠯ ᠲᠦᠬᠦᠷᠡᠩ ᠶᠠᠷᠢᠵᠦ ᠪᠠᠶᠢᠯ᠎ᠠ᠃
   ᠡᠪᠦᠯ ᠤᠨ ᠤᠯᠠᠷᠢᠯ ᠤᠨ ᠲᠠᠮᠢᠷ ᠤᠨ ᠴᠤᠭᠯᠠᠭᠠᠨ ᠪᠤᠯ ᠪᠦᠬᠦ ᠤᠯᠤᠰ ᠤᠨ ᠴᠢᠨᠠᠷᠲᠠᠢ ᠲᠤᠮᠤ ᠭᠡᠯᠪᠡᠷᠢ ᠶᠢᠨ ᠡᠪᠦᠯ ᠤᠨ ᠤᠯᠠᠷᠢᠯ ᠤᠨ ᠶᠡᠷᠦᠩᠬᠡᠶᠢᠯᠡᠭᠰᠡᠨ ᠴᠢᠨᠠᠷᠲᠠᠢ ᠲᠠᠮᠢᠷ ᠤᠨ ᠤᠷᠤᠯᠳᠤᠭᠠᠨ ᠪᠠᠶᠢᠵᠤ᠂ 4 ᠵᠢᠯ ᠠᠯᠤᠰᠯᠠᠭᠠᠳ ᠨᠢᠭᠡ ᠤᠳᠠᠭ᠎ᠠ ᠶᠠᠪᠤᠭᠳᠠᠳᠠᠭ᠃ ᠡᠭᠦᠨ ᠳᠤ ᠲᠤᠯᠤᠨ ᠨᠤᠤᠷ ᠰᠢᠶᠠᠨ ᠪᠤᠯ ᠭᠠᠵᠠᠷ ᠤᠷᠤᠨ ᠤ ᠡᠭᠢ ᠪᠠᠶᠠᠯᠢᠭ᠂ ᠮᠦᠰᠦᠨ ᠲᠡᠭᠡᠷᠡᠬᠢ ᠯᠤᠤᠳᠤ ᠤᠡᠭᠭᠤᠴᠠ ᠶᠢᠨ ᠡᠭᠦᠰᠦᠯ ᠬᠦᠭᠵᠢᠯ ᠤᠨ ᠲᠠᠪᠠᠭᠤᠯᠢᠭ ᠲᠠᠭᠠᠨ ᠲᠦᠰᠢᠭᠯᠡᠨ᠂ ︽3 ᠳ᠋ᠦᠡᠭᠰᠢᠭᠤᠷ ᠬᠦᠮᠦᠨ ᠢ ᠡᠪᠦᠯ ᠤᠨ ᠤᠯᠠᠷᠢᠯ ᠤᠨ ᠲᠠᠮᠢᠷ ᠤᠨ ᠬᠦᠳᠡᠯᠭᠡᠭᠡᠨ ᠳᠤ ᠲᠠᠶᠢᠴᠢᠯᠠᠬᠤ︾ ᠪᠠ ᠯᠤᠤᠳᠤ ᠤᠡᠭᠭᠤᠴᠠ ᠶᠢᠨ ᠤᠷᠤᠯᠳᠤᠭᠠᠨ ᠢ ᠤᠯᠢᠮᠫᠢᠺ ᠲᠤ ᠤᠷᠤᠭᠤᠯᠬᠤ ᠬᠠᠷᠠᠯᠳᠠ ᠶᠢ ᠲᠤᠷᠠᠳᠤᠨ ᠭᠠᠷᠭᠠᠵᠤ᠂ 2017 ᠤᠨ ᠠᠴᠠ ᠨᠠᠭᠠᠰᠢ ᠤᠯᠠᠨ ᠤᠳᠠᠭ᠎ᠠ ᠶᠢᠨ ᠤᠷᠤᠨ ᠪᠤᠯᠤᠨ ᠤᠯᠤᠰ ᠤᠨ ᠴᠢᠨᠠᠷᠲᠠᠢ ᠤᠷᠤᠯᠳᠤᠭᠠᠨ ᠲᠡᠮᠡᠴᠡᠭᠡᠨ ᠢ ᠡᠷᠬᠢᠯᠡᠨ ᠶᠠᠪᠤᠭᠳᠠᠭᠤᠯᠤᠭᠰᠠᠨ ᠪᠤᠶᠤ ᠲᠠᠭᠠᠭᠠᠴᠢᠯᠠᠨ ᠡᠷᠬᠢᠯᠡᠭᠰᠡᠨ ᠪᠢᠯᠡ᠃
ᠲᠤᠯᠤᠨ ᠨᠤᠤᠷ ᠰᠢᠶᠠᠨ ᠲᠠᠮᠢᠷᠴᠢᠳ ᠤᠨ ᠰᠤᠷᠢᠭ᠎ᠠ ᠪᠡᠯᠡᠳᠭᠡᠯ᠂ ᠠᠷᠤ ᠲᠠᠯ᠎ᠠ ᠶᠢᠨ ᠠᠵᠢᠯ᠂ ᠤᠷᠤᠯᠳᠤᠭᠠᠨ ᠤ ᠲᠠᠯᠠᠪᠠᠢ ᠵᠡᠷᠭᠡ ᠤᠯᠠᠨ ᠲᠠᠯ᠎ᠠ ᠶᠢᠨ ᠠᠵᠢᠯ ᠢ ᠱᠠᠯᠠᠪᠳᠠᠭᠤᠯᠤᠨ ᠬᠢᠵᠥ᠂ ᠢᠷᠡᠬᠦ ᠵᠢᠯ ᠤᠨ ᠤᠷᠤᠯᠳᠤᠭᠠᠨ ᠳᠤ ᠰᠠᠶᠢᠨ ᠬᠢᠷᠢ ᠪᠦᠲᠦᠮᠵᠢ ᠤᠯᠬᠤ ᠶᠢᠨ ᠲᠠᠭᠠᠤ ᠪᠦᠬᠦ᠋ᠢᠯᠡ ᠤᠷᠤᠯᠳᠤᠭᠠᠨ ᠲᠡᠭᠦᠰ ᠠᠮᠵᠢᠯᠲᠠᠲᠠᠢ ᠶᠠᠪᠤᠭᠳᠠᠬᠤ ᠳᠤ ᠰᠠᠶᠢᠨ ᠰᠠᠶᠢᠬᠠᠨ ᠤᠷᠴᠢᠨ ᠨᠦᠬᠦᠴᠡᠯ ᠪᠦᠷᠢᠯᠳᠦᠭᠦᠯᠵᠦ ᠦᠭᠭᠦ ᠶᠢᠨ ᠲᠦᠯᠦᠭᠡ ᠴᠠᠭ ᠮᠥᠴᠡ ᠲᠠᠢ ᠤᠷᠤᠯᠳᠤᠨ ᠴᠢᠷᠮᠠᠶᠢᠨ ᠠᠵᠢᠯᠯᠠᠵᠤ ᠪᠠᠶᠢᠨ᠎ᠠ᠃ ᠵᠣᠬᠢᠶᠠᠭᠴᠢ᠄  ᠪᠢᠯᠢᠭᠪᠡᠭᠠᠳᠤᠷ



  
     
     