-
2144178
ᠥᠪᠦᠷ ᠮᠤᠩᠭᠤᠯ ᠤᠨ ︽ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ︾
2019-10-11 11:32
443
0
10 ᠰᠠᠷ᠎ᠠ ᠶᠢᠨ 8 — 13 ᠤ ᠡᠳᠦᠷ ᠪᠤᠯᠳᠠᠯ᠎ᠠ᠂ ᠥᠪᠦᠷ ᠮᠤᠩᠭᠤᠯ ᠤᠨ ︽ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ︾ ᠭᠡᠬᠦ ᠬᠦᠭᠵᠢᠯᠳᠠ ᠶᠢᠨ ᠤᠢᠢᠯᠠᠭᠠᠭᠳᠠᠬᠤᠨ ᠢ ᠦᠢᠯᠡᠳᠦᠯᠭᠡᠵᠢᠬᠦᠯᠦᠭᠰᠡᠨ ᠭᠤᠤᠯ ᠰᠡᠳᠦᠪᠳᠦ ᠭᠡᠷᠡᠯ ᠵᠢᠷᠤᠬ ᠤᠨ ᠦᠵᠡᠬᠦᠯᠭᠡ ᠪᠡᠭᠡᠵᠢᠩ ᠳᠤ ᠶᠠᠪᠤᠭᠳᠠᠨ᠎ᠠ᠃ 10 ᠰᠠᠷ᠎ᠠ ᠶᠢᠨ 10 ᠤ ᠡᠳᠦᠷ᠂ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠵᠧᠩ ᠬᠤᠩ ᠹᠠᠨ ᠦᠵᠡᠬᠦᠯᠭᠡ ᠶᠢ ᠲᠤᠭᠤᠷᠢᠨ ᠦᠵᠡᠪᠡ᠃
ᠲᠤᠰ ᠤᠳᠠᠭᠠᠨ ᠤ ᠭᠤᠤᠯ ᠰᠡᠳᠦᠪᠳᠦ ᠭᠡᠷᠡᠯ ᠵᠢᠷᠤᠭ ᠤᠨ ᠦᠵᠡᠬᠦᠯᠭᠡ ᠨᠢ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠤᠬᠴᠠᠯᠠᠨ ᠪᠠᠬᠢᠵᠢᠬᠦᠯᠬᠦ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠬᠤ ᠪᠤᠬᠢᠷᠳᠤᠯ ᠦᠭᠡᠢ ᠬᠦᠭᠵᠢᠬᠦᠯᠬᠦ ᠰᠢᠨ᠎ᠠ ᠵᠠᠮ ᠢᠶᠠᠷ ᠵᠠᠮᠨᠠᠬᠤ᠂ ᠡᠭᠡ ᠤᠯᠤᠰ ᠤᠨ ᠤᠮᠠᠷᠠᠳᠦ ᠶᠢᠨ ᠡᠨᠡ ᠬᠦ ᠦᠵᠡᠮᠵᠢ ᠶᠢᠨ ᠤᠷᠤᠨ ᠢᠶᠠᠨ ᠰᠠᠶᠢᠳᠤᠷ ᠰᠠᠬᠢᠨ ᠬᠠᠮᠠᠭᠠᠯᠠᠬᠤ 3 ᠭᠡᠰᠡᠭ ᠢᠶᠠᠷ ᠪᠦᠷᠢᠯᠳᠦᠵᠡᠢ᠃ ᠦᠵᠡᠰᠬᠦᠯᠡᠩᠳᠦ ᠰᠠᠶᠢᠬᠠᠨ ᠠᠭᠤᠯᠠ ᠤᠰᠤ᠂ ᠨᠡᠯᠦᠭᠡᠷ ᠠᠭᠤᠳᠠᠮ ᠨᠤᠭᠤ ᠭᠠᠵᠠᠷ᠂ ᠦᠷᠭᠡᠨ ᠠᠭᠤᠳᠠᠮ ᠲᠠᠯ᠎ᠠ ᠨᠤᠳᠤᠭ ᠁ ᠳᠡᠯᠭᠡᠨ ᠦᠵᠡᠬᠦᠯᠬᠦ ᠰᠠᠮᠪᠠᠷ᠎ᠠ ᠨᠤᠭᠤᠳ ᠨᠢ ᠨᠢᠭᠡ ᠨᠢᠭᠡ ᠨᠡᠷ᠎ᠠ ᠶᠢᠨ ᠬᠠᠭᠤᠳᠠᠰᠤ ᠪᠤᠯᠵᠦ᠂ 200 ᠭᠠᠷᠤᠢ ᠭᠡᠷᠡᠯ ᠵᠢᠷᠤᠭ᠂ ᠵᠢᠷᠤᠬᠳᠤ ᠬᠦᠰᠦᠨᠦᠭ ᠵᠢᠴᠢ ᠸᠢᠳᠢᠣ᠋ ᠪᠠᠷ ᠮᠠᠨ ᠤ ᠤᠷᠤᠨ ᠤ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠭᠠᠳ ᠤᠯᠤᠭᠰᠠᠨ ᠰᠢᠨ᠎ᠠ ᠠᠮᠵᠢᠯᠳᠠ ᠪᠦᠳᠦᠮᠵᠢ ᠶᠢ ᠠᠮᠢᠳᠤᠯᠢᠭ ᠢᠶᠠᠷ ᠳᠡᠯᠭᠡᠨ ᠦᠵᠡᠬᠦᠯᠵᠡᠢ᠃
ᠵᠧᠩ ᠬᠤᠩ ᠹᠠᠨ ᠠᠵᠢᠯᠳᠠᠨ ᠤ ᠲᠠᠶᠢᠯᠪᠤᠷᠢᠯᠠᠬᠤ ᠶᠢ ᠨᠠᠷᠢᠨ ᠬᠢᠨᠠᠮᠠᠭᠠᠢ ᠰᠤᠨᠤᠰᠴᠦ᠂ ᠬᠤᠯᠪᠤᠭᠳᠠᠯ ᠪᠦᠬᠦᠢ ᠪᠠᠶᠢᠳᠠᠯ ᠢ ᠨᠠᠷᠢᠨ ᠠᠰᠠᠭᠤᠵᠦ ᠪᠠᠶᠢᠯ᠎ᠠ᠃ ᠲᠡᠷᠡ᠂ ᠤᠯᠠᠨ ᠵᠢᠯ ᠤᠨ ᠲᠤᠷᠰᠢ᠂ ᠥᠪᠦᠷ ᠮᠤᠩᠭᠤᠯ ︽ᠬᠦᠭᠡᠮᠳᠦᠭ ᠨᠤᠭᠤᠭᠠᠨ ᠠᠭᠤᠯᠠ ᠤᠰᠤ ᠪᠤᠯ ᠲᠠᠷᠤᠢ ᠠᠯᠳᠠ ᠮᠦᠩᠬᠦᠨ ᠠᠭᠤᠯᠠ ᠮᠦᠨ︾ ᠭᠡᠬᠦ ᠬᠦᠭᠵᠢᠯᠳᠠ ᠶᠢᠨ ᠤᠢᠢᠯᠠᠭᠠᠭᠳᠠᠬᠤᠨ ᠢ ᠪᠠᠷᠢᠮᠳᠠᠯᠠᠨ ᠦᠢᠯᠡᠳᠦᠯᠭᠡᠵᠢᠬᠦᠯᠵᠦ᠂ ᠠᠮᠢ ᠠᠬᠤᠢ ᠤᠷᠴᠢᠨ ᠲᠤᠭᠤᠷᠢᠨ ᠤ ᠪᠦᠳᠦᠭᠡᠨ ᠪᠠᠶᠢᠭᠤᠯᠤᠯᠳᠠ ᠶᠢ ᠴᠢᠩᠭ᠎ᠠ ᠠᠳᠬᠤᠨ᠂ ᠯᠤᠳᠤ ᠶᠡᠭᠡ ᠠᠮᠵᠢᠯᠳᠠ ᠤᠯᠵᠠᠢ᠃ ᠳᠠᠷᠠᠭᠠᠴᠢ ᠶᠢᠨ ᠠᠯᠬᠤᠮ ᠳᠤ᠂ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠶᠢ ᠦᠷᠬᠦᠯᠵᠢᠯᠡᠨ ᠰᠠᠶᠢᠳᠤᠷ ᠬᠢᠵᠦ᠂ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠴᠢᠷᠮᠠᠶᠢᠨ ᠪᠦᠳᠦᠭᠡᠨ ᠪᠠᠶᠢᠭᠤᠯᠬᠤ ᠶᠢᠨ ᠵᠡᠷᠭᠡ ᠪᠠᠷ ᠡᠶᠢᠮᠦᠷᠬᠦᠤ ᠦᠵᠡᠬᠦᠯᠭᠡ ᠶᠢᠨ ᠠᠵᠢᠯᠯᠠᠭ᠎ᠠ ᠶᠢ ᠢᠯᠡᠬᠦᠦ ᠡᠷᠬᠢᠯᠡᠵᠦ᠂ ᠮᠠᠨ ᠤ ᠤᠷᠤᠨ ᠤ ᠠᠮᠢ ᠠᠬᠤᠢ ᠶᠢᠨ ᠪᠦᠳᠦᠭᠡᠨ ᠪᠠᠶᠢᠭᠤᠯᠤᠯᠳᠠ ᠶᠢᠨ ᠤᠯᠤᠬᠰᠠᠨ ᠠᠮᠵᠢᠯᠳᠠ ᠶᠢ ᠶᠡᠭᠡ ᠪᠠᠷ ᠤᠬᠠᠭᠤᠯᠤᠨ᠂ ᠪᠤᠬᠢᠷᠳᠤᠯ ᠦᠭᠡᠢ ᠥᠪᠦᠷ ᠮᠤᠩᠭᠤᠯ ᠢ ᠮᠠᠨ ᠤ ᠤᠷᠤᠨ ᠤ ᠢᠷᠠᠭᠤ ᠰᠠᠶᠢᠬᠠᠨ ᠨᠡᠷ᠎ᠠ ᠶᠢᠨ ᠬᠠᠭᠤᠳᠠᠰᠤ ᠪᠤᠯᠭᠠᠨ ᠴᠤᠬᠴᠠᠯᠠᠵᠦ᠂ ᠪᠦᠬᠦ ᠤᠯᠤᠰ ᠤᠨ ᠡᠯ᠎ᠠ ᠭᠠᠵᠠᠷ ᠤᠨ ᠵᠢᠭᠤᠯᠴᠢᠯᠠᠬᠰᠠᠳ ᠢ ᠥᠪᠦᠷ ᠮᠤᠩᠭᠤᠯ ᠳᠤ ᠳᠠᠳᠠᠨ ᠠᠪᠴᠢᠷᠠᠬᠤ ᠶᠢᠨ ᠬᠠᠮᠳᠤ ᠮᠠᠨ ᠤ ᠬᠦᠭᠡᠮᠳᠦᠭ ᠨᠤᠭᠤᠭᠠᠨ ᠠᠭᠤᠯᠠ ᠤᠰᠤ ᠪᠠᠨ ᠦᠨᠡᠨ ᠬᠦ ᠠᠯᠳᠠ ᠮᠦᠩᠬᠦᠨ ᠠᠭᠤᠯᠠ ᠪᠤᠯᠭᠠᠨ ᠬᠤᠪᠢᠷᠠᠭᠤᠯᠬᠤ ᠭᠡᠷᠡᠭᠲᠡᠢ ᠭᠡᠵᠦ ᠢᠯᠡᠳᠭᠡᠵᠡᠢ᠃ ᠵᠣᠬᠢᠶᠠᠭᠴᠢ᠄ ᠱᠢ ᠵᠢᠶᠠ ᠯᠢ