-
2135917
ᠠᠵᠤ ᠠᠬᠤᠢ ᠶᠢᠨ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ
2019-12-19 13:26
210
0
ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ ︽2019 ᠤᠨ ᠤ ᠪᠦᠬᠦ ᠤᠷᠤᠨ ᠤ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠪᠤᠯᠤᠨ 2020 ᠤᠨ ᠤ ᠠᠵᠤ ᠠᠬᠤᠢ ᠶᠢᠨ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ︾ ᠶᠢ ᠰᠤᠳᠤᠯᠵᠠᠢ
12 ᠰᠠᠷ᠎ᠡ ᠶᠢᠨ 18 ᠤ ᠡᠳᠦᠷ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶᠠᠨ ᠤ ᠲᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠪᠠᠶᠢᠡᠭᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ︽2019 ᠤᠨ ᠤ ᠪᠦᠬᠦ ᠤᠷᠤᠨ ᠤ ᠠᠵᠤ ᠠᠬᠤᠢ ᠶᠢᠨ ᠡᠷᠬᠢᠯᠳᠠ ᠶᠢᠨ ᠪᠠᠶᠢᠳᠠᠯ ᠪᠤᠯᠤᠨ 2020 ᠤᠨ ᠤ ᠠᠵᠤ ᠠᠬᠤᠢ ᠶᠢᠨ ᠠᠵᠢᠯ ᠤᠨ ᠲᠤᠬᠢᠷᠠᠭᠤᠯᠤᠯᠳᠠ ᠶᠢᠨ ᠰᠠᠨᠠᠭᠤᠯᠭ᠎ᠠ︾ ᠶᠢ ᠰᠤᠳᠤᠯᠵᠠᠢ᠃
ᠬᠤᠷᠠᠯ ᠠᠴᠠ᠂ ᠡᠨᠡ ᠵᠢᠯ ᠠᠴᠠ ᠨᠠᠭᠠᠰᠢ ᠤᠷᠤᠨ ᠲᠠᠶᠠᠭᠠᠷ ᠢᠶᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠬᠤ ᠶᠢ ᠪᠠᠷᠢᠮᠳᠠᠯᠠᠨ᠂ ᠨᠠᠮ ᠤᠨ ᠲᠦᠪ ᠬᠤᠷᠢᠶ᠎ᠡ᠂ ᠲᠦᠷᠦ ᠶᠢᠨ ᠶᠠᠪᠤᠳᠠᠯ ᠤᠨ ᠬᠤᠷᠢᠶᠠᠨ ᠤ ᠡᠯ᠎ᠡ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠬᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠶᠡᠷᠤᠩᠭᠡᠢ ᠱᠦᠵᠢ ᠰᠢ ᠶᠢᠨ ᠫᠢᠩ ᠤᠨ ᠦᠪᠤᠷ ᠮᠤᠩᠭᠤᠯ ᠤᠨ ᠠᠵᠢᠯ ᠤᠨ ᠲᠤᠬᠠᠢ ᠴᠢᠬᠤᠯᠠ ᠶᠠᠷᠢᠶ᠎ᠡ ᠴᠢᠬᠤᠯᠠ ᠵᠢᠭᠠᠪᠤᠷᠢ ᠴᠤᠬᠤᠯᠠᠪᠤᠷᠢ ᠶᠢᠨ ᠵᠤᠷᠢᠭ ᠰᠠᠨᠠᠭ᠎ᠠ ᠶᠢ ᠪᠦᠬᠦ ᠲᠠᠯ᠎ᠡ ᠪᠠᠷ ᠨᠠᠶᠢᠳᠠᠪᠤᠷᠢᠵᠢᠭᠤᠯᠵᠤ᠂ ᠨᠡᠮᠡᠭᠳᠡᠯ ᠢ ᠲᠤᠬᠳᠠᠪᠤᠷᠢᠵᠢᠭᠤᠯᠬᠤ᠂ ᠦᠭᠡᠷᠡᠴᠢᠯᠡᠯᠳᠠ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠳᠡᠭᠡᠬᠦ᠂ ᠠᠶᠤᠯ ᠲᠦᠭᠰᠢᠬᠦᠷᠢ ᠶᠢ ᠰᠡᠷᠭᠡᠶᠢᠯᠡᠬᠦ᠂ ᠲᠤᠬᠳᠠᠭᠤᠨ ᠪᠠᠶᠢᠳᠠᠯ ᠢ ᠪᠠᠳᠤᠯᠠᠬᠤ ᠠᠵᠢᠯ ᠢ ᠨᠢᠭᠡᠳᠦᠯᠳᠠᠢ ᠲᠦᠯᠦᠪᠵᠢᠬᠦᠯᠤᠨ ᠠᠬᠢᠭᠤᠯᠵᠤ᠂ ᠠᠵᠤ ᠠᠬᠤᠢ ᠶᠢᠨ ᠡᠷᠬᠢᠯᠳᠠ ᠶᠡᠷᠤᠩᠭᠡᠢ ᠳᠡᠭᠡᠨ ᠲᠤᠬᠳᠠᠭᠤᠨ ᠪᠠᠶᠢᠵᠤ ᠲᠤᠭᠳᠠᠭᠤᠨ ᠤ ᠲᠤᠮᠳᠠ ᠠᠬᠢᠯᠳᠠ ᠲᠠᠢ ᠪᠤᠯᠤᠭᠰᠠᠨ ᠰᠠᠶᠢᠨ ᠰᠠᠶᠢᠬᠠᠨ ᠪᠠᠶᠢᠳᠠᠯ ᠢ ᠦᠷᠬᠦᠯᠵᠢᠯᠡᠬᠦᠯᠪᠡ᠃ ᠠᠮᠵᠢᠯᠳᠠ ᠪᠦᠳᠦᠮᠵᠢ ᠪᠠᠨ ᠨᠠᠷᠢᠨ ᠬᠢᠨᠠᠮᠠᠭᠠᠢ ᠳ᠋ᠦᠡᠭᠨᠡᠨ᠂ ᠠᠰᠠᠭᠤᠳᠠᠯ ᠢ ᠬᠦᠨᠵᠡᠭᠡᠢ ᠵᠠᠳᠠᠯᠵᠤ᠂ ᠬᠦᠭᠵᠢᠯᠳᠠ ᠶᠢᠨ ᠢᠳᠡᠭᠡᠯ ᠵᠤᠷᠢᠭ ᠢᠶᠠᠨ ᠤᠯᠠᠮ ᠬᠦᠪᠴᠢᠯᠡᠨ᠂ ᠨᠡᠶᠢᠭᠡᠮ ᠤᠨ ᠵᠢᠱᠢᠯᠳᠠ ᠶᠢ ᠲᠤᠬᠳᠠᠪᠤᠷᠢᠵᠢᠭᠤᠯᠵᠤ᠂ ᠠᠵᠢᠯ ᠤᠨ ᠴᠢᠭᠯᠡᠬᠦᠯᠦᠯᠳᠤ ᠴᠢᠨᠠᠷ ᠢ ᠴᠢᠩᠭᠠᠳᠬᠠᠬᠤ ᠭᠡᠷᠡᠭᠳᠠᠢ ᠭᠡᠵᠤ ᠵᠢᠭᠠᠵᠤ ᠭᠠᠷᠭᠠᠪᠠ᠃
ᠬᠤᠷᠠᠯ ᠠᠴᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠳᠤ ᠲᠤᠬᠳᠠᠭᠠᠬᠰᠡᠨ ᠬᠠᠷᠠᠯᠳᠠ ᠡᠬᠦᠷᠭᠡ ᠶᠢ ᠪᠠᠶᠠᠯᠡᠬᠦᠯᠬᠦ ᠪᠤᠯ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠮᠦᠨ᠃ ᠤᠷᠤᠨ ᠲᠠᠶᠠᠭᠠᠷ ᠢᠶᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶᠠᠨ ᠤ ᠪᠠᠶᠢᠷᠢᠯᠠᠭᠤᠯᠤᠯᠳᠠ ᠱᠠᠭᠠᠷᠳᠠᠯᠭ᠎ᠠ ᠲᠠᠢ ᠦᠨᠡᠨ ᠬᠦ ᠨᠢᠭᠡᠳᠭᠡᠵᠤ᠂ ᠰᠢᠨ᠎ᠡ ᠬᠦᠭᠵᠢᠯᠳᠠ ᠶᠢᠨ ᠤᠢᠢᠯᠠᠭᠠᠬᠳᠠᠬᠤᠨ ᠢ ᠪᠠᠳᠤ ᠪᠤᠢ ᠪᠤᠯᠭᠠᠬᠤ ᠪᠠ ᠲᠤᠭᠤᠰᠢᠯᠠᠭᠤᠯᠵᠤ᠂ ᠠᠮᠢ ᠠᠬᠤᠢ ᠶᠢ ᠤᠷᠢᠳ ᠢᠶᠠᠷ ᠪᠤᠳᠤᠯᠬᠢᠯᠠᠵᠤ ᠪᠤᠬᠢᠷᠳᠦᠯ ᠦᠭᠡᠢ ᠬᠦᠭᠵᠢᠯᠳᠠ ᠪᠠᠷ ᠤᠳᠤᠷᠢᠳᠤᠮᠵᠢ ᠪᠤᠯᠭᠠᠬᠰᠡᠨ ᠴᠢᠨᠠᠷ ᠰᠠᠶᠢᠳᠠᠢ ᠬᠦᠭᠵᠢᠯᠳᠠ ᠶᠢᠨ ᠰᠢᠨ᠎ᠡ ᠵᠠᠮ ᠢᠶᠠᠷ ᠭᠤᠶᠢᠪᠢᠰᠢ ᠦᠭᠡᠢ ᠵᠠᠮᠨᠠᠬᠤ ᠭᠡᠷᠡᠭᠳᠠᠢ᠃ ᠠᠵᠢᠯ ᠤᠨ ᠰᠤᠳᠤᠯᠭᠠᠨ ᠢᠶᠠᠨ ᠴᠢᠩᠭᠠᠳᠬᠠᠵᠤ᠂ ᠤᠯᠤᠰ ᠤᠨ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠦᠷ᠎ᠡ ᠪᠦᠳᠦᠮᠵᠢ ᠭᠠᠷᠭᠠᠬᠤ ᠶᠢ ᠰᠠᠶᠢᠳᠤᠷ ᠠᠳᠬᠤᠬᠤ ᠭᠡᠷᠡᠭᠳᠠᠢ᠃ ᠠᠷᠪᠢᠴᠢ ᠭᠠᠮᠳᠠᠢ ᠪᠠᠷ ᠠᠮᠢᠳᠤᠷᠠᠬᠤ ᠦᠵᠡᠯ ᠰᠠᠨᠠᠭ᠎ᠠ ᠶᠢ ᠪᠠᠳᠤ ᠪᠤᠢ ᠪᠤᠯᠭᠠᠵᠤ᠂ ᠡᠩ ᠤᠨ ᠴᠢᠨᠠᠷᠳᠠᠢ ᠵᠠᠷᠤᠯᠭ᠎ᠠ ᠶᠢ ᠡᠷᠡᠰ ᠪᠠᠭᠠᠰᠬᠠᠨ ᠪᠦᠷᠢᠯᠭᠡᠨ ᠰᠦᠢᠳᠭᠡᠬᠦ ᠶᠢ ᠡᠷᠡᠰ ᠲᠠᠪᠴᠢᠵᠤ᠂ ᠵᠤᠭᠤᠰ ᠮᠦᠩᠬᠦ ᠪᠠᠨ ᠦᠨᠡᠨ ᠬᠦ ᠴᠢᠬᠤᠯᠠᠳᠠᠢ ᠭᠠᠵᠠᠷ ᠲᠤᠨᠢ ᠭᠡᠷᠡᠭᠯᠡᠬᠦ ᠭᠡᠷᠡᠭᠳᠠᠢ᠃ ᠵᠢᠯ ᠤᠨ ᠰᠡᠬᠦᠯᠴᠢ ᠵᠢᠯ ᠤᠨ ᠡᠬᠢᠨ ᠤ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠳᠤᠷ ᠬᠢᠵᠤ᠂ ᠠᠶᠤᠯᠬᠦᠢ ᠦᠢᠯᠡᠳᠪᠤᠷᠢᠯᠡᠯ᠂ ᠭᠠᠮᠰᠢᠭ ᠢ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠡᠷᠤᠯᠳᠠ ᠵᠡᠷᠭᠡ ᠠᠵᠢᠯ ᠢ ᠦᠨᠡᠨ ᠬᠦ ᠰᠠᠶᠢᠳᠤᠷ ᠠᠳᠬᠤᠵᠤ᠂ ᠶᠠᠳᠠᠭᠤ ᠬᠦᠴᠢᠷᠳᠡᠯᠳᠠᠢ ᠤᠯᠠᠨ ᠲᠦᠮᠡᠨ ᠤ ᠦᠢᠯᠡᠳᠪᠤᠷᠢᠯᠡᠯ ᠠᠮᠢᠳᠤᠷᠠᠯ ᠢ ᠰᠠᠶᠢᠳᠤᠷ ᠪᠠᠳᠤᠯᠠᠬᠤ ᠭᠡᠷᠡᠭᠳᠠᠢ ᠭᠡᠵᠤ ᠴᠢᠬᠤᠯᠠᠴᠢᠯᠠᠪᠠ᠃
ᠵᠣᠬᠢᠶᠠᠭᠴᠢ᠄ ᠳ᠋ᠠᠢ ᠬᠤᠩ