-
2134705
ᠰᠤᠶᠤᠯ ᠤᠨ ᠤᠯᠠᠮᠵᠢᠯᠠᠯ ᠳᠤ ᠬᠠᠷᠢᠭᠤᠴᠠᠯᠭ᠎ᠠ ᠨᠡᠩ ᠴᠢᠬᠤᠯᠠ
2019-10-23 15:23
355
0
ᠰᠤᠶᠤᠯ ᠪᠤᠯ ᠨᠢᠭᠡ ᠦᠨᠳᠦᠰᠦᠳᠡᠨ ᠤ ᠰᠦᠭ ᠰᠦᠨᠡᠰᠤ᠃ ᠨᠢᠭᠡ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠨᠢ ᠲᠤᠰ ᠦᠨᠳᠦᠰᠦᠳᠡᠨ ᠤ ᠵᠤᠷᠢᠭ ᠰᠠᠨᠠᠭᠠᠨ ᠤ ᠬᠢᠨᠢ ᠠᠮᠢᠨ ᠰᠤᠳᠠᠰᠤ᠂ ᠬᠦᠭᠵᠢᠯ ᠴᠡᠴᠡᠭᠯᠡᠯ ᠤᠨ ᠬᠢᠨᠢ ᠤᠨᠳᠤᠷᠤᠮᠠᠯ ᠪᠤᠯᠠᠬ ᠪᠤᠯᠬᠤ ᠪᠦᠭᠡᠳ ᠡᠨᠡ ᠬᠦ ᠦᠨᠳᠦᠰᠦᠳᠡᠨ ᠤ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠡ ᠲᠠᠢ ᠮᠦᠷᠦ ᠵᠡᠷᠭᠡᠴᠡᠨ ᠤᠷᠤᠬᠰᠢᠯᠠᠨ ᠲᠠᠪᠰᠢᠬᠤ ᠶᠢᠨ ᠬᠢᠨᠢ ᠰᠠᠭᠤᠷᠢ ᠴᠢᠯᠠᠭᠤ ᠪᠠᠶᠢᠭ᠎ᠠ ᠶᠤᠮ᠃
ᠰᠤᠶᠤᠯ ᠤᠨ ᠭᠤᠤᠯ ᠴᠤᠬᠴᠠ ᠨᠢ ᠬᠦᠮᠦᠨ᠂ ᠤᠯᠠᠮᠵᠢᠯᠠᠬᠤ ᠭᠤᠤᠯ ᠠᠴᠢᠶᠠᠯᠠᠪᠤᠷᠢ ᠨᠢ ᠴᠤ ᠬᠦᠮᠦᠨ ᠪᠤᠯᠬᠤ ᠶᠤᠮ᠃ ᠮᠤᠩᠭᠤᠯ ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠡᠬᠢ ᠰᠤᠷᠪᠤᠯᠵᠢ ᠨᠢ ᠮᠤᠩᠭᠤᠯ ᠦᠨᠳᠦᠰᠦᠳᠡᠨ ᠤ ᠤᠯᠠᠮᠵᠢᠯᠠᠯᠳᠤ ᠨᠡᠶᠢᠭᠡᠮ ᠠᠮᠢᠳᠤᠷᠠᠯ᠂ ᠦᠵᠡᠯ ᠰᠠᠨᠠᠭ᠎ᠠ ᠰᠤᠶᠤᠯ ᠰᠡᠳᠬᠢᠬᠦᠢ᠂ ᠵᠠᠩ ᠵᠠᠩᠰᠢᠯ᠂ ᠠᠮᠢᠳᠤᠷᠠᠯ ᠤᠨ ᠬᠡᠯᠪᠡᠷᠢ ᠠᠴᠠ ᠡᠬᠦᠰᠦᠯᠳᠡᠢ᠃ ᠤᠯᠠᠮᠵᠢᠯᠠᠯᠳᠤ ᠰᠤᠶᠤᠯ ᠨᠢ ᠤᠯᠠᠮᠵᠢᠯᠠᠯᠳᠤ ᠠᠮᠢᠳᠤᠷᠠᠯ ᠤᠨ ᠲᠦᠪᠯᠡᠷᠡᠭᠰᠡᠨ ᠲᠤᠰᠬᠠᠯ ᠪᠠᠶᠢᠳᠠᠬ ᠪᠤᠯᠬᠤᠷ ᠤᠯᠠᠮᠵᠢᠯᠠᠨ ᠬᠦᠭᠵᠢᠬᠦᠯᠬᠦ ᠳᠡᠭᠡᠨ ᠭᠠᠵᠢᠭᠤᠳᠠᠭᠤᠯᠬᠤ᠂ ᠰᠠᠨᠠᠭᠠᠨ ᠲᠠᠪᠠ ᠪᠠᠷ ᠢᠶᠠᠨ ᠦᠭᠡᠷᠡᠴᠢᠯᠡᠬᠦ ᠨᠢ ᠵᠤᠬᠢᠰ ᠦᠭᠡᠢ᠃ ᠡᠶᠢᠮᠦ ᠠᠴᠠ ᠰᠤᠶᠤᠯ ᠤᠨ ᠤᠯᠠᠮᠵᠢᠯᠠᠯ ᠳᠤ ᠬᠠᠷᠢᠭᠤᠴᠠᠯᠭ᠎ᠠ ᠶᠠᠭᠤᠨ ᠠᠴᠠ ᠴᠤ ᠴᠢᠬᠤᠯᠠ᠃ ᠶᠡᠷᠦᠩᠬᠡᠢ ᠱᠦᠵᠢ ᠰᠢ ᠶᠢᠨ ᠫᠢᠩ᠂ ᠲᠤᠮᠳᠠᠳᠤ ᠶᠢᠨ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠤᠨ ᠪᠦᠲᠦᠭᠡᠯᠴᠢ ᠴᠢᠨᠠᠷᠳᠠᠢ ᠬᠤᠪᠢᠷᠠᠭᠤᠯᠤᠯᠳᠠ᠂ ᠪᠦᠲᠦᠭᠡᠯᠴᠢ ᠴᠢᠨᠠᠷᠳᠠᠢ ᠬᠦᠭᠵᠢᠬᠦᠯᠦᠯᠳᠡ ᠶᠢ ᠲᠦᠯᠬᠢᠨ ᠠᠬᠢᠭᠤᠯᠬᠤ ᠭᠡᠷᠡᠭᠳᠡᠢ ᠭᠡᠵᠦ ᠴᠢᠬᠤᠯᠠᠴᠢᠯᠠᠬᠰᠠᠨ ᠶᠤᠮ᠃ ᠪᠦᠲᠦᠭᠡᠯᠴᠢ ᠴᠢᠨᠠᠷᠳᠠᠢ ᠬᠦᠭᠵᠢᠬᠦᠯᠬᠦ ᠶᠢ ᠪᠡᠶᠡᠯᠡᠬᠦᠯᠬᠦ ᠳᠤ ᠰᠤᠶᠤᠯ ᠤᠨ ᠤᠯᠠᠮᠵᠢᠯᠠᠯ ᠢ ᠬᠠᠳᠠᠭᠠᠯᠠᠬᠤ ᠬᠠᠷᠢᠭᠤᠴᠠᠯᠭ᠎ᠠ ᠲᠠᠢ ᠬᠦᠮᠦᠰ ᠱᠠᠭᠠᠷᠳᠠᠭᠳᠠᠨ᠎ᠠ᠃
︽ᠤᠯᠠᠮᠵᠢᠯᠠᠯᠳᠤ ᠰᠤᠶᠤᠯ ᠢᠶᠠᠨ ᠬᠦᠭᠵᠢᠬᠦᠯᠦᠨ᠎ᠡ᠂ ᠲᠡᠯᠡᠬᠡᠢ ᠳᠤ ᠭᠠᠷᠭᠠᠨ᠎ᠠ︾ ᠭᠡᠳ ᠮᠠᠨᠠᠶᠢᠬᠢᠳ ᠰᠤᠶᠤᠯ ᠢᠶᠠᠨ ᠦᠭᠡᠶᠢᠬᠢᠵᠦ᠂ ᠴᠢᠨᠠᠭᠰᠢᠯᠠᠭᠠᠳ ᠰᠤᠶᠤᠯ ᠤᠨ ᠢᠶᠠᠨ ᠰᠦᠭ ᠰᠦᠨᠡᠰᠤ ᠶᠢ ᠴᠤ ᠭᠡᠭᠡᠭᠳᠡᠬᠦᠯᠵᠦ ᠪᠠᠶᠢᠭ᠎ᠠ ᠦᠵᠡᠭᠳᠡᠯ ᠵᠦᠩᠳᠡᠭᠡᠨ᠃ ᠮᠤᠷᠢᠨ ᠬᠤᠭᠤᠷ ᠮᠤᠷᠢᠨ ᠲᠤᠯᠤᠭᠠᠢ ᠲᠠᠢ᠂ ᠬᠢᠯᠭᠠᠰᠤᠨ ᠴᠢᠪᠬᠠᠳᠠᠰᠤ ᠲᠠᠢ᠂ ᠡᠬᠦᠰᠦᠯ ᠤᠨ ᠬᠢᠨᠢ ᠲᠤᠮᠤᠬ ᠲᠠᠢ ᠪᠤᠯᠬᠤᠷ ︽ᠮᠤᠷᠢᠨ ᠬᠤᠭᠤᠷ︾ ᠭᠡᠭᠳᠡᠵᠦ᠂ ᠬᠤᠷᠸ᠎ᠠ ᠶᠢᠨ ᠠᠶᠠᠯᠭᠤ ᠶᠢ ᠬᠤᠶᠠᠷ ᠤᠳᠠᠰᠤᠨ ᠲᠡᠭᠡᠷ᠎ᠡ ᠪᠠᠨ ᠬᠦᠭᠯᠡᠬᠦᠯᠦᠭᠰᠡᠨ ᠭᠠᠶᠢᠬᠠᠮᠰᠢᠬᠳᠤ ᠬᠦᠭᠵᠢᠮ ᠤᠨ ᠵᠢᠮᠰᠡᠭ᠃ ᠡᠬᠦᠨ ᠢ ᠪᠠᠨ ᠦᠭᠡᠷᠡᠴᠢᠯᠡᠵᠦ ︽ᠲᠡᠯᠡᠬᠡᠢ ᠳᠤ ᠭᠠᠷᠭᠠᠨ᠎ᠠ︾ ᠭᠡᠮᠡᠨ ᠮᠠᠨ ᠤ ᠵᠠᠷᠢᠮᠨᠳ ᠨᠢ ᠯᠤᠤ ᠶᠢᠨ ᠲᠤᠯᠤᠭᠠᠢ ᠲᠠᠢ ᠵᠤᠬᠢᠶᠠᠵᠦ ᠪᠠᠶᠢᠨ᠎ᠠ︔ ᠪᠤᠭᠤ ᠶᠢᠨ ᠲᠤᠯᠤᠭᠠᠢ ᠲᠠᠢ ᠵᠤᠬᠢᠶᠠᠵᠦ ᠪᠠᠶᠢᠨ᠎ᠠ︔ ᠪᠦᠷᠬᠦᠳ ᠤᠨ ᠲᠤᠯᠤᠭᠠᠢ ᠪᠠᠷ ᠴᠤ ᠰᠤᠯᠢᠵᠦ ᠦᠵᠡᠵᠦ ᠪᠠᠶᠢᠨ᠎ᠠ᠃ ᠮᠤᠷᠢᠨ ᠬᠤᠭᠤᠷ ᠤᠨ ᠰᠦᠭ ᠰᠦᠨᠡᠰᠤ ᠨᠢ ᠴᠤᠬᠤᠮ ᠶᠠᠭᠤ ᠪᠢᠯᠡ⁈ ᠬᠤᠷᠸ᠎ᠠ ᠳᠤ ᠬᠤᠤᠰ ᠦᠭᠡᠢ ᠭᠠᠶᠢᠬᠠᠮᠰᠢᠬᠳᠠᠢ ᠪᠤᠯᠤᠭᠰᠠᠨ ᠨᠢ ᠶᠠᠮᠠᠷ ᠰᠢᠳᠢ ᠬᠦᠴᠦᠨ ᠠᠴᠠ ᠨᠢ ᠪᠤᠯᠤᠭᠰᠠᠨ ᠪᠤᠯ⁈ ᠦᠭᠡᠷᠡᠴᠢᠯᠡᠬᠦ ᠳᠡᠭᠡᠨ ᠡᠳᠡᠭᠡᠷ ᠢ ᠪᠤᠳᠤᠯᠬᠢᠯᠠᠭᠤᠰᠢᠳᠠᠢ ᠪᠢᠰᠢᠦ᠃ ᠬᠦᠮᠦᠷᠢᠭᠰᠡᠨ ᠲᠤᠭᠤᠭ᠎ᠠ ᠰᠢᠬ ᠤᠷᠤᠢ ᠲᠠᠢ ᠪᠠᠷᠢᠯᠭ᠎ᠠ ᠪᠦᠬᠦᠨ ᠮᠤᠩᠭᠤᠯ ᠭᠡᠷ ᠪᠢᠰᠢ᠂ ᠮᠤᠩᠭᠤᠯ ᠭᠡᠷ ᠤᠨ ᠤᠨᠢ᠂ ᠬᠠᠨ᠎ᠠ᠂ ᠪᠦᠷᠢᠶᠡᠰᠤ᠂ ᠲᠤᠭᠤᠷᠭ᠎ᠠ ᠁ ᠪᠦᠬᠦᠨ ᠦᠪᠡᠷ ᠦᠪᠡᠷ ᠤᠨ ᠢᠶᠠᠨ ᠵᠢᠮ᠎ᠠ ᠵᠢᠷᠤᠮ᠂ ᠶᠤᠰᠤ ᠵᠠᠶ᠋ᠢᠬ᠂ ᠴᠡᠭᠡᠷ ᠰᠠᠬᠢᠶ᠎ᠠ ᠲᠠᠢ᠃ ᠭᠡᠳᠡᠯ᠎ᠡ ᠮᠠᠨ ᠤ ᠤᠷᠤᠨ ᠤ ᠵᠢᠭᠤᠯᠴᠢᠯᠠᠯ ᠤᠨ ᠭᠠᠵᠠᠷ ᠤᠳ ᠤᠨ ︽ᠮᠤᠩᠭᠤᠯ ᠭᠡᠷ︾ ᠭᠡᠭᠳᠡᠳᠡᠭ ᠢ ᠠᠵᠢᠬᠯᠠᠵᠦ ᠦᠵᠡ᠃ ᠠᠷᠠᠳ ᠤᠨ ᠲᠠᠭᠤᠤ ᠶᠢᠨ ᠠᠶ᠎ᠠ ᠡᠭᠡᠰᠢᠭ ᠢ ᠠᠰᠢᠬᠯᠠᠵᠦ᠂ ᠰᠢᠨ᠎ᠠ ᠲᠠᠭᠤᠤ ᠵᠤᠬᠢᠶᠠᠬᠤ ᠪᠤᠶᠤ ᠰᠢᠨᠡᠴᠢᠯᠡᠬᠦ ᠪᠤᠯ ᠠᠷᠠᠳ ᠤᠨ ᠲᠠᠭᠤᠤ ᠶᠢᠨ ᠨᠢᠭᠡ ᠬᠦᠭᠵᠢᠯᠳᠡ᠂ ᠭᠡᠳᠡᠯ᠎ᠡ ᠠᠷᠠᠳ ᠤᠨ ᠲᠠᠭᠤᠤ ᠪᠠᠨ ᠲᠠᠭᠤᠯᠠᠬᠤ ᠭᠡᠳ᠂ ᠦᠭᠡ ᠦᠰᠦᠭ ᠢ ᠨᠢ ᠲᠤᠷ᠎ᠠ ᠪᠠᠷ ᠵᠤᠬᠢᠶᠠᠨ ᠦᠭᠡᠶᠢᠬᠢᠵᠦ ᠪᠠᠶᠢᠭ᠎ᠠ ᠵᠢᠱᠢᠶ᠎ᠡ ᠵᠦᠩᠳᠡᠭᠡᠨ᠃ ᠮᠠᠨ ᠤ ᠤᠯᠠᠮᠵᠢᠯᠠᠯᠳᠤ ᠰᠤᠶᠤᠯ ᠤᠨ ᠦᠭᠡᠷᠡᠴᠢᠯᠡᠯᠳᠡ ᠶᠢᠨ ᠡᠶᠢᠮᠦ ᠵᠢᠱᠢᠶ᠎ᠡ ᠶᠢ ᠲᠤᠭᠠᠯᠠᠭᠠᠳ ᠪᠠᠷᠠᠰᠢ ᠦᠭᠡᠢ᠃ ᠡᠳᠡᠭᠡᠷ ᠨᠢ ᠬᠡᠯᠡᠯᠭᠡᠨ ᠦᠭᠡᠢ ᠤᠯᠠᠮᠵᠢᠯᠠᠯ ᠤᠨ ᠬᠠᠷᠢᠭᠤᠴᠠᠯᠭ᠎ᠠ ᠠᠯᠳᠠᠭᠰᠠᠨ ᠤ ᠤᠷᠰᠢᠬ᠃
ᠦᠶ ᠲᠦᠮᠡᠨ ᠠᠷᠠᠳ ᠤᠨ ᠤᠷᠠᠯᠢᠬᠴᠢᠳ ᠠᠷᠢᠭᠤᠨ ᠬᠦᠳᠡᠯᠮᠦᠷᠢ᠂ ᠤᠷ᠎ᠠ ᠤᠬᠠᠭᠠᠨ ᠢᠶᠠᠷ ᠢᠶᠠᠨ ᠪᠤᠳᠠᠰ ᠤᠨ᠂ ᠪᠤᠳᠠᠰ ᠤᠨ ᠪᠤᠰᠤ ᠰᠤᠶᠤᠯ ᠢᠶᠠᠨ ᠤᠳᠤ ᠪᠤᠯᠳᠠᠯ᠎ᠠ ᠰᠢᠰᠲ᠋ᠧᠮ ᠲᠠᠢ᠂ ᠪᠦᠷᠢᠨ ᠪᠦᠲᠦᠨ ᠢᠶᠠᠷ ᠬᠠᠳᠠᠭᠠᠯᠠᠭᠠᠳ ᠠᠪᠤᠭᠠᠳ ᠶᠠᠪᠤᠵᠦ ᠪᠠᠶᠢᠨ᠎ᠠ᠃ ᠬᠠᠷᠢᠨ ᠨᠢᠭᠡ ᠪᠦᠯᠦᠭ ᠦᠨᠳᠦᠰᠦᠳᠡᠨ ᠤ ᠤᠯᠠᠮᠵᠢᠯᠠᠯᠳᠤ ᠰᠤᠶᠤᠯ ᠳᠠᠭᠠᠨ ᠬᠠᠷᠢᠭᠤᠴᠠᠯᠭ᠎ᠠ ᠦᠭᠡᠢ ᠡᠷᠳᠡᠮᠳᠡᠨ ᠭᠡᠳᠡᠯ᠎ᠡ ᠮᠡᠷᠭᠡᠵᠢᠯᠳᠡᠨ ᠭᠡᠭᠴᠢ ᠨᠢ ᠮᠠᠨ ᠤ ᠬᠤᠪᠤᠷ ᠡᠷᠳᠡᠨᠢ ᠪᠠᠨ ᠦᠭᠡᠬᠦ ᠴᠤ ᠪᠢᠰᠢ ᠪᠤᠯᠴᠢᠷᠬᠠᠢ ᠴᠤ ᠪᠢᠰᠢ ᠶᠠᠭᠤᠮ᠎ᠠ ᠪᠤᠯᠭᠠᠵᠦ ᠪᠠᠶᠢᠭ᠎ᠠ ᠶᠢ ᠠᠩᠬᠠᠷᠤᠭᠤᠰᠢᠳᠠᠢ᠃
ᠦᠨᠳᠦᠰᠦᠳᠡᠨ ᠤ ᠤᠯᠠᠮᠵᠢᠯᠠᠯᠳᠤ ᠰᠤᠶᠤᠯ ᠤᠨ ᠤᠯᠠᠮᠵᠢᠯᠠᠯ᠂ ᠬᠦᠭᠵᠢᠯ ᠴᠡᠴᠡᠭᠯᠡᠯ ᠪᠠᠶᠢᠬᠤ ᠦᠭᠡᠢ ᠪᠤᠯ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠪᠠᠶᠢᠵᠦ ᠴᠢᠳᠠᠬᠤ ᠦᠭᠡᠢ᠃ ᠡᠶᠢᠮᠦ ᠠᠴᠠ ᠰᠤᠶᠤᠯ ᠤᠨ ᠤᠯᠠᠮᠵᠢᠯᠠᠯ ᠳᠤ ᠡᠨᠡ ᠰᠤᠶᠤᠯ ᠢᠶᠠᠨ ᠠᠴᠢᠶᠠᠯᠠᠵᠦ ᠪᠠᠶᠢᠭ᠎ᠠ ᠬᠦᠮᠦᠨ ᠪᠦᠬᠦᠨ ᠤ ᠬᠠᠷᠢᠭᠤᠴᠠᠯᠭ᠎ᠠ ᠲᠦᠢᠯ ᠤᠨ ᠬᠦᠨᠳᠤ᠃ ᠭᠠᠵᠢ ᠪᠤᠷᠤᠭᠤ ᠶᠢ ᠨᠢ ᠵᠠᠯᠠᠷᠠᠭᠤᠯᠵᠦ᠂ ᠵᠦᠪ ᠴᠢᠭᠯᠡᠯ ᠢᠶᠠᠷ ᠬᠦᠭᠵᠢᠬᠦᠯᠬᠦ ᠪᠤᠯ ᠰᠠᠶ᠋ᠢ ᠰᠤᠶᠤᠯ ᠤᠨ ᠭᠠᠷᠬᠤ ᠵᠠᠮ᠃ ᠵᠣᠬᠢᠶᠠᠭᠴᠢ᠄ ᠪᠢᠯᠢᠭᠲᠦ