-
2142033
ᠡᠬᠡ ᠤᠯᠤᠰ ᠤᠨ ᠢᠶᠠᠨ ᠡᠮᠦᠨ᠎ᠡ ᠠᠴᠠ ᠤᠮᠤᠭᠰᠢᠨ ᠵᠤᠷᠢᠭᠵᠢᠨᠠ
2019-10-04 12:21
430
0
10 ᠰᠠᠷ᠎ᠠ ᠶᠢᠨ 1 ᠤ ᠦᠳᠡ ᠶᠢᠨ ᠡᠮᠦᠨ᠎ᠡ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠬᠦ ᠶᠡᠭᠡ ᠬᠤᠷᠠᠯ ᠪᠡ ᠦᠪᠡᠳᠡᠭᠰᠢ ᠶᠡᠭᠡ ᠴᠡᠷᠢᠭ ᠤᠨ ᠵᠢᠭᠰᠠᠭᠠᠯ ᠰᠢᠯᠭᠠᠨ ᠦᠵᠡᠬᠦ ᠶᠤᠰᠤᠯᠠᠯ ᠨᠢ ᠮᠠᠨ ᠤ ᠤᠷᠤᠨ ᠤ ᠦᠷᠬᠡᠨ ᠤᠯᠠᠨ ᠰᠤᠷᠭᠠᠨ ᠬᠦᠮᠦᠵᠢᠯ᠂ ᠰᠤᠶᠤᠯ ᠤᠷᠠᠯᠢᠬ᠂ ᠪᠠᠶ᠎ᠠ ᠶᠢᠨ ᠲᠠᠮᠢᠷ᠂ ᠡᠷᠡᠬᠦᠯ ᠬᠠᠮᠠᠭᠠᠯᠠᠯ ᠤᠨ ᠠᠵᠢᠯᠳᠡᠳ ᠤᠨ ᠲᠤᠮᠳᠠ ᠬᠠᠯᠠᠭᠤᠨ ᠲᠤᠰᠬᠠᠯ ᠭᠠᠷᠴᠤ᠂ ᠡᠷᠴᠢ ᠵᠤᠷᠢᠭ ᠢ ᠨᠢ ᠬᠦᠪᠴᠢᠯᠡᠨ ᠡᠷᠡᠮᠡᠬᠡᠶᠢᠯᠡᠨ ᠤᠷᠤᠬᠰᠢᠯᠠᠬᠤ ᠢᠳᠡᠬᠡᠯ ᠬᠦᠰᠡᠯ ᠢ ᠨᠢ ᠤᠷᠬᠢᠯᠤᠭᠤᠯᠤᠬᠰᠠᠨ ᠪᠠᠶᠢᠨ᠎ᠠ᠃
— ᠰᠤᠷᠭᠠᠨ ᠬᠦᠮᠦᠵᠢᠯ ᠤᠨ ᠠᠵᠢᠯᠳᠠᠨ ᠪᠤᠯᠤᠭᠰᠠᠨ ᠤ ᠬᠤᠪᠢ ᠳᠤ᠂ 70 ᠵᠢᠯ ᠤᠨ ᠳᠤᠷᠰᠢᠬᠢ ᠠᠵᠤ ᠠᠬᠤᠢ ᠨᠡᠶᠢᠬᠡᠮ ᠤᠨ ᠲᠦᠷᠬᠡᠨ ᠬᠦᠭᠵᠢᠯᠳᠡ ᠢᠯᠠᠩᠭᠤᠶ᠎ᠠ ᠰᠤᠷᠭᠠᠨ ᠬᠦᠮᠦᠵᠢᠯ ᠤᠨ ᠬᠦᠷᠢᠶᠡᠨ ᠳᠠᠬᠢ ᠬᠦᠭᠵᠢᠯᠳᠡ ᠶᠢ ᠬᠠᠷᠠᠭᠠᠳ ᠪᠢ ᠦᠨᠡᠬᠡᠷ ᠡᠬᠡ ᠤᠯᠤᠰ ᠤᠨ ᠢᠶᠠᠨ ᠡᠮᠦᠨ᠎ᠡ ᠠᠴᠠ ᠤᠮᠤᠭᠰᠢᠨ ᠵᠤᠷᠢᠭᠵᠢᠨᠠ᠃ ᠰᠢᠶᠠᠩᠭᠠᠩ ᠵᠦᠬᠠᠢ ᠤᠤᠮᠧᠨ ᠤ ᠳᠤᠮᠤ ᠬᠦᠬᠦᠷᠬᠡ ᠶᠢ ᠪᠠᠶᠢᠭᠤᠯᠤᠭᠰᠠᠨ᠂ 500 ᠮᠧᠲᠷ ᠤᠨ ᠳ᠋ᠢᠶᠠᠮᠧᠲᠷ ᠪᠦᠬᠦᠢ ᠪᠦᠮᠪᠦᠷᠬᠡᠨ ᠭᠠᠳᠠᠷᠭᠤᠳᠤ ᠷᠠᠳᠢᠣ᠋ ᠳᠤᠷᠠᠨ ᠤ ᠢᠨᠵᠧᠨ᠋ᠧᠷᠢᠩ ᠵᠡᠷᠬᠡ ᠨᠢ ᠰᠤᠷᠭᠠᠨ ᠬᠦᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ ᠤ ᠠᠵᠢᠯᠳᠠᠨ ᠤ ᠴᠢᠷᠮᠠᠶᠢᠯᠭ᠎ᠠ ᠵᠢᠳᠬᠦᠯ ᠢ ᠬᠠᠷᠠᠭᠤᠯᠵᠤ ᠪᠠᠶᠢᠭ᠎ᠠ ᠶᠤᠮ᠃ ᠶᠡᠷᠦᠩᠬᠡᠢ ᠱᠦᠵᠢ ᠰᠢ ᠶᠢᠨ ᠫᠢᠩ ᠤᠯᠤᠰ ᠤᠨ ᠭᠠᠪᠢᠶᠠᠨ ᠳᠡᠮᠳᠡᠭ ᠪᠠ ᠤᠯᠤᠰ ᠤᠨ ᠢᠷᠠᠭᠤ ᠠᠯᠳᠠᠷ ᠤᠨ ᠴᠤᠯᠠ ᠶᠢᠨ ᠱᠠᠩᠨᠠᠯ ᠤᠯᠭᠤᠬᠤ ᠶᠤᠰᠤᠯᠠᠯ ᠳᠡᠬᠡᠷ᠎ᠡ ︽ᠪᠠᠭᠠᠳᠤᠷᠴᠤᠳ ᠢ ᠬᠦᠨᠳᠦᠳᠬᠡᠮᠡᠨᠵᠢᠨ ᠰᠠᠶ᠋ᠢ ᠪᠠᠭᠠᠳᠤᠷᠴᠤᠳ ᠪᠤᠢ ᠪᠤᠯᠵᠤ᠂ ᠪᠠᠭᠠᠳᠤᠷ ᠪᠤᠯᠬᠤ ᠪᠠᠷ ᠴᠢᠷᠮᠠᠶᠢᠮᠠᠨᠵᠢᠨ ᠰᠠᠶ᠋ᠢ ᠪᠠᠭᠠᠳᠤᠷᠴᠤᠳ ᠴᠤᠯᠭᠤᠷᠠᠳᠠᠭ︾ ᠬᠡᠵᠦ ᠵᠤᠷᠢᠬᠵᠢᠭᠤᠯᠤᠭᠰᠠᠨ ᠪᠠᠶᠢᠯ᠎ᠠ᠃ ︽ᠠᠷᠠᠳ ᠤᠨ ᠰᠤᠷᠭᠠᠨ ᠬᠦᠮᠦᠵᠢᠯᠳᠡᠨ︾ ᠤ ᠴᠤᠯᠠ ᠬᠦᠷᠳᠡᠭᠰᠡᠨ ᠢᠤᠢ ᠴᠢ ᠪᠤᠯᠤᠨ ᠸᠧᠢ ᠰᠢᠩ ᠬᠤᠸᠠ ᠪᠠᠭᠰᠢ ᠪᠤᠯ ᠪᠢᠳᠡᠨ ᠤ ᠦᠯᠢᠬᠡᠷ ᠳᠠᠭᠤᠷᠢᠶᠠᠯ ᠪᠤᠯᠤᠨ᠎ᠠ᠃ ᠠᠬᠠᠮᠠᠳ ᠵᠢᠱᠢᠶᠠᠴᠢ ᠬᠦᠮᠦᠰ ᠠᠴᠠ ᠰᠤᠷᠤᠯᠴᠠᠵᠤ᠂ ᠡᠬᠡ ᠤᠯᠤᠰ ᠤᠨ ᠢᠷᠡᠬᠡᠳᠦᠢ ᠶᠢᠨ ᠴᠢᠳᠠᠪᠤᠷᠢᠳᠠᠨ ᠢ ᠬᠦᠮᠦᠵᠢᠬᠦᠯᠬᠦ ᠪᠠᠷ ᠴᠢᠷᠮᠠᠶᠢᠨ ᠠᠵᠢᠯᠯᠠᠨ᠎ᠠ ᠬᠡᠵᠦ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠡᠯᠧᠺᠲᠷᠤᠨ ᠮᠡᠳᠡᠭᠡ ᠵᠠᠩᠬᠢ ᠶᠢᠨ ᠳᠡᠬᠡᠳᠤ ᠰᠤᠷᠭᠠᠭᠤᠯᠢ ᠶᠢᠨ ᠫᠷᠦᠹᠧᠰᠰᠤᠷ ᠯᠢᠦ ᠶᠠᠩ ᠬᠡᠯᠡᠨ᠎ᠡ᠃
— ᠠᠷᠪᠠᠨ ᠵᠢᠯ ᠤᠨ ᠡᠮᠦᠨ᠎ᠡ ᠭᠠᠳᠠᠭᠠᠳᠤ ᠳᠤ ᠳ᠋ᠤᠺᠲ᠋ᠤᠷᠨᠨᠲ ᠰᠤᠷᠤᠯᠴᠠᠵᠤ ᠪᠠᠶᠢᠬᠤ ᠳᠠᠭᠠᠨ ᠬᠠᠮᠳᠤ ᠨᠠᠶᠢᠵᠠ ᠨᠠᠷ ᠲᠠᠢ ᠪᠠᠨ ᠺᠤᠮᠫᠢᠦ᠋ᠲ᠋ᠧᠷ ᠤᠨ ᠡᠮᠦᠨ᠎ᠡ ᠰᠠᠭᠤᠭᠠᠳ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ ᠪᠠᠶᠠᠷ ᠢ ᠪᠡᠯᠬᠡᠯᠡᠬᠦ ᠴᠡᠷᠢᠭ ᠰᠢᠯᠭᠠᠨ ᠦᠵᠡᠬᠦ ᠶᠤᠰᠤᠯᠠᠯ ᠢ ᠦᠵᠡᠬᠡᠳ ᠰᠡᠳᠬᠢᠯ ᠳᠤᠭᠳᠤᠯᠵᠤ ᠪᠠᠶᠢᠭᠰᠠᠨ ᠮᠠᠨᠢ ᠨᠠᠳᠠ ᠳᠤ ᠬᠦᠨ ᠰᠠᠭᠤᠭᠳᠠᠯ ᠦᠯᠡᠳᠡᠬᠡᠭᠰᠡᠨ ᠪᠢᠯᠡ᠃ ᠡᠨᠡ ᠡᠳᠦᠷ ᠬᠡᠷ ᠤᠨ ᠬᠦᠮᠦᠰ ᠲᠠᠢ ᠪᠠᠨ ᠬᠠᠮᠳᠤ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠴᠡᠷᠢᠭ ᠰᠢᠯᠭᠠᠨ ᠦᠵᠡᠬᠦ ᠶᠤᠰᠤᠯᠠᠯ ᠢ ᠰᠤᠨᠢᠷᠬᠠᠬᠤ ᠳᠤ ᠰᠠᠶᠢᠨ ᠰᠠᠶᠢᠬᠠᠨ ᠢᠷᠡᠬᠡᠳᠦᠢ ᠶᠢᠨ ᠬᠦᠰᠡᠯ ᠵᠤᠷᠢᠯ ᠪᠠ ᠵᠤᠯ ᠵᠢᠷᠭᠠᠯᠳᠤ ᠰᠡᠳᠬᠢᠯᠬᠡ ᠮᠠᠨᠢ ᠤᠯᠠᠮ ᠨᠡᠮᠡᠭᠳᠡᠵᠡᠢ ᠬᠡᠵᠦ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ ᠺᠤᠮᠫᠢᠦ᠋ᠲ᠋ᠧᠷ ᠤᠨ ᠳᠡᠬᠡᠳᠤ ᠰᠤᠷᠭᠠᠭᠤᠯᠢ ᠶᠢᠨ ᠫᠷᠦᠹᠧᠰᠰᠤᠷ ᠬᠤᠸᠠᠩ ᠪᠤᠤ ᠴᠢ ᠶᠠᠷᠢᠪᠠ᠃
ᠡᠨᠡ ᠡᠳᠦᠷ ᠦᠪᠦᠷ ᠮᠤᠩᠭᠤᠯ ᠤᠨ ᠶᠡᠭᠡ ᠰᠤᠷᠭᠠᠭᠤᠯᠢ ᠶᠢᠨ 300 ᠭᠠᠷᠤᠢ ᠰᠤᠷᠤᠭᠴᠢᠳ ᠬᠠᠮᠳᠤ ᠪᠠᠷ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠤᠨ ᠰᠢᠭᠤᠳ ᠨᠡᠪᠳᠡᠷᠡᠬᠦᠯᠬᠡ ᠶᠢ ᠬᠦᠯᠢᠶᠡᠨ ᠠᠪᠴᠤ ᠰᠤᠨᠢᠷᠬᠠᠭᠰᠠᠨ ᠪᠠᠶᠢᠯ᠎ᠠ᠃ ᠮᠤᠩᠭᠤᠯ ᠰᠤᠳᠤᠯᠤᠯ ᠤᠨ ᠳᠡᠬᠡᠳᠤ ᠰᠤᠷᠭᠠᠭᠤᠯᠢ ᠶᠢᠨ ᠠᠰᠫᠢᠷᠠᠨᠲ ᠴᠠᠰᠤ᠄ ︽ᠴᠡᠷᠢᠭ ᠰᠢᠯᠭᠠᠨ ᠦᠵᠡᠬᠦ ᠶᠤᠰᠤᠯᠠᠯ ᠠᠴᠠ ᠴᠡᠷᠢᠭ ᠬᠦᠮᠦᠨ ᠤ ᠴᠤᠭ ᠵᠢᠪᠬᠤᠭ᠎ᠠ᠂ ᠤᠳᠤᠬᠢᠴᠢᠯᠠᠭᠰᠠᠨ ᠴᠡᠷᠢᠭ ᠤᠨ ᠵᠡᠪᠰᠡᠭ ᠲᠤᠨᠤᠬᠯᠠᠯ ᠢ ᠬᠠᠷᠠᠭᠠᠳ ᠡᠬᠡ ᠤᠯᠤᠰ ᠤᠨ ᠢᠶᠠᠨ ᠬᠦᠴᠦᠷᠬᠡᠭᠵᠢᠯ ᠮᠠᠨᠳᠤᠯ ᠳᠤ ᠬᠢᠵᠠᠭᠠᠷ ᠦᠬᠡᠢ ᠤᠮᠤᠭᠰᠢᠯᠠ᠃ ᠤᠯᠠᠨ ᠲᠦᠮᠡᠨ ᠤ ᠵᠢᠭᠰᠠᠭᠠᠯ ᠨᠢ ᠡᠬᠡ ᠤᠯᠤᠰ ᠤᠨ ᠮᠠᠨᠢ ᠬᠦᠭᠵᠢᠯ ᠴᠡᠴᠡᠭᠯᠡᠯ ᠤᠨ 70 ᠵᠢᠯ ᠤᠨ ᠤᠷᠳᠤ ᠠᠶᠠᠨ ᠢ ᠢᠯᠡᠷᠡᠬᠦᠯᠵᠦ᠂ ᠡᠬᠡ ᠤᠯᠤᠰ ᠢᠶᠠᠨ ᠬᠠᠶᠢᠷᠠᠯᠠᠬᠤ ᠤᠮᠤᠭᠰᠢᠯᠳᠤ ᠰᠡᠳᠬᠢᠯᠬᠡ ᠶᠢ ᠮᠠᠨᠢ ᠤᠯᠠᠮ ᠡᠷᠴᠢᠯᠡᠯᠡ᠃ ᠰᠢᠨ᠎ᠡ ᠴᠠᠭ ᠦᠶ᠎ᠠ ᠶᠢᠨ ᠤᠶᠤᠳᠠᠨ ᠪᠤᠯᠤᠭᠰᠠᠨ ᠤ ᠬᠤᠪᠢ ᠳᠤ ᠴᠢᠷᠮᠠᠶᠢᠨ ᠰᠤᠷᠤᠯᠴᠠᠵᠤ ᠡᠬᠡ ᠤᠯᠤᠰ ᠲᠠᠭᠠᠨ ᠬᠤᠪᠢ ᠨᠡᠮᠡᠷᠢ ᠪᠠᠨ ᠦᠵᠡᠬᠦᠯᠦᠨ᠎ᠡ︾ ᠬᠡᠪᠡ᠃
ᠰᠢᠭᠤᠳ ᠨᠠᠪᠲᠡᠷᠡᠭᠦᠯᠭᠡ ᠶᠢ ᠦᠵᠡᠬᠦ ᠪᠠᠷ ᠳᠠᠮᠵᠢᠨ᠂ ᠤᠳᠬ᠎ᠠ ᠤᠷᠠᠯᠢᠭ ᠤᠨ ᠠᠵᠢᠯᠲᠠᠳ ᠤᠨ ᠤᠯᠤᠰ ᠢᠶᠠᠨ ᠬᠠᠶᠢᠷᠠᠯᠠᠬᠤ ᠬᠠᠶᠢᠷ᠎ᠠ ᠰᠡᠳᠬᠢᠯᠭᠡ ᠶᠢ ᠴᠠᠭᠠᠰᠢᠲᠠ ᠬᠦᠭᠵᠢᠭᠡᠵᠦ᠂ ᠪᠦᠬᠦ ᠠᠵᠢᠯᠲᠠᠳ ᠢ ᠵᠤᠷᠢᠭᠵᠢᠭᠤᠯᠤᠨ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠠᠶᠢᠭᠡᠮ ᠵᠢᠷᠤᠮ ᠤᠨ ᠠᠭᠤᠤ ᠶᠡᠭᠡ ᠢᠯᠠᠯᠲᠠ ᠶᠢ ᠲᠡᠮᠡᠴᠡᠨ ᠤᠯᠵᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠡᠨᠳᠦᠯᠳᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠬᠦᠯᠬᠦ ᠶᠢᠨ ᠲᠦᠯᠦᠭᠡ ᠴᠦᠬᠦᠷᠡᠰᠢ ᠦᠭᠡᠢ ᠲᠡᠮᠡᠴᠡᠬᠦ ᠵᠤᠷᠢᠭ ᠢ ᠨᠢ ᠬᠦᠪᠴᠢᠯᠡᠭᠰᠡᠨ ᠪᠠᠶᠢᠨ᠎ᠠ᠃
— ᠠᠬᠤᠢ ᠲᠠᠯᠠᠪᠠᠢ ᠶᠢᠨ ᠰᠢᠭᠤᠳ ᠨᠡᠪᠳᠡᠷᠡᠬᠦᠯᠬᠡ ᠶᠢ ᠦᠵᠡᠬᠡᠳ ᠤᠷᠮ᠎ᠠ ᠵᠤᠷᠢᠬ ᠤᠷᠬᠢᠯᠵᠤ ᠤᠷᠤᠬᠰᠢᠯᠠᠬᠤ ᠢᠳᠡᠬᠡᠯ ᠨᠡᠮᠡᠭᠳᠡᠯ᠎ᠠ᠃ ᠦᠨᠦᠳᠦᠷ ᠪᠢᠳᠡ ᠡᠭᠡ ᠤᠯᠤᠰ ᠢᠶᠠᠨ ᠪᠦᠲᠦᠭᠡᠨ ᠪᠠᠶᠢᠭᠤᠯᠬᠤ ᠰᠢᠨ᠎ᠡ ᠬᠦᠴᠦᠨ ᠪᠤᠯᠵᠦ ᠪᠠᠶᠢᠭ᠎ᠠ ᠪᠤᠯᠬᠤᠷ ᠨᠡᠩ ᠢᠯᠡᠭᠦᠦ ᠴᠢᠷᠮᠠᠶᠢᠨ ᠠᠵᠢᠯᠯᠠᠬᠤ ᠴᠢᠬᠤᠯᠠᠲᠠᠢ ᠪᠠᠶᠢᠨ᠎ᠠ᠃ ᠪᠢᠳᠡ ᠨᠡᠩ ᠰᠢᠷᠭᠠᠭᠤ ᠠᠵᠢᠯᠯᠠᠵᠦ ᠰᠢᠨ᠎ᠠ ᠶᠢ ᠵᠤᠬᠢᠶᠠᠨ ᠪᠦᠲᠦᠬᠡᠵᠤ᠂ ᠦᠨᠢ ᠡᠭᠦᠷᠢᠳᠡ ᠰᠢᠨ᠎ᠡ ᠴᠠᠭ ᠦᠶ᠎ᠡ ᠶᠢᠨ ︽ᠬᠤᠪᠢᠰᠬᠠᠯᠳᠦ ᠤᠳᠬ᠎ᠠ ᠤᠷᠠᠯᠢᠭ ᠤᠨ ᠬᠦᠡᠭᠭᠡᠨ ᠮᠤᠷᠢᠳᠦ ᠴᠡᠷᠢᠭ︾ ᠪᠤᠯᠵᠦ᠂ ᠠᠮᠢᠳᠦᠷᠠᠯ ᠤᠨ ᠰᠢᠮᠡᠯᠢᠭ ᠬᠦᠷᠦᠰᠦᠨ ᠳᠤ ᠦᠨᠳᠦᠰᠦᠯᠡᠵᠦ᠂ ᠠᠷᠠᠳ ᠲᠦᠮᠡᠨ ᠤ ᠰᠡᠳᠬᠢᠯ ᠤᠨ ᠳᠠᠭᠤᠨ ᠢ ᠰᠤᠨᠤᠰᠴᠦ᠂ ᠠᠷᠠᠳ ᠲᠦᠮᠡᠨ ᠳᠤ ᠦᠢᠯᠡᠴᠢᠯᠡᠨ᠎ᠡ ᠭᠡᠵᠦ ᠦᠪᠦᠷ ᠮᠤᠩᠭᠤᠯ ᠤᠨ ᠦᠨᠳᠦᠰᠦᠲᠡᠨ ᠤ ᠤᠷᠠᠯᠢᠭ ᠵᠦᠴᠦᠭᠡ ᠶᠢᠨ ᠬᠦᠷᠢᠶᠡᠯᠡᠩ ᠤᠨ ᠲᠤᠬᠯᠠᠬᠴᠢ ᠤᠷᠬᠢᠯ ᠰᠡᠳᠬᠢᠯ ᠲᠤᠭᠳᠤᠯᠤᠨ ᠶᠠᠷᠢᠨ᠎ᠠ᠃
— ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠦᠵᠡᠭᠡᠳ ᠦᠪᠡᠷ ᠤᠨ ᠡᠷᠭᠡ ᠦᠭᠡᠢ ᠰᠡᠳᠬᠢᠯ ᠲᠤᠭᠳᠤᠯᠵᠦ᠂ ᠡᠷᠴᠢ ᠵᠤᠷᠢᠭ ᠮᠢᠨᠢ ᠬᠦᠪᠴᠢᠯᠡᠭᠳᠡᠯᠡ᠃ ᠬᠤᠶᠢᠰᠢᠲᠡ ᠵᠡᠪᠡᠯ ᠤᠭ ᠰᠠᠨᠠᠭ᠎ᠠ ᠪᠠᠨ ᠦᠯᠦ ᠮᠡᠷᠲᠡᠨ᠂ ᠡᠬᠦᠷᠭᠡ ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠠᠷᠠᠳ ᠲᠦᠮᠡᠨ ᠢᠶᠠᠷ ᠭᠤᠤᠯ ᠪᠤᠯᠭᠠᠬᠤ ᠠᠵᠢᠯ ᠤᠨ ᠤᠳᠤᠷᠢᠳᠤᠮᠵᠢ ᠶᠢ ᠪᠠᠷᠢᠮᠲᠠᠯᠠᠵᠦ᠂ ᠠᠮᠢᠳᠤᠷᠠᠯ ᠳᠤ ᠬᠦᠨᠵᠡᠭᠡᠶᠢᠷᠡᠵᠦ᠂ ᠠᠷᠠᠳ ᠲᠦᠮᠡᠨ ᠤ ᠳᠤᠮᠲᠠ ᠦᠨᠳᠦᠰᠦᠯᠡᠵᠦ᠂ ᠠᠯᠬᠤᠭ᠎ᠠ ᠪᠠᠨ ᠲᠦᠷᠭᠡᠳᠭᠡᠨ᠂ ᠬᠠᠷᠠᠭ᠎ᠠ ᠪᠠᠨ ᠰᠠᠷᠠᠭᠤᠯᠵᠢᠭᠤᠯᠵᠦ᠂ ᠲᠠᠷᠢᠬᠢ ᠲᠤᠯᠤᠭᠠᠢ ᠪᠠᠨ ᠰᠡᠷᠭᠡᠭᠵᠢᠭᠦᠯᠦᠨ᠂ ᠦᠵᠦᠭ ᠪᠢᠷ ᠢᠶᠠᠨ ᠬᠤᠷᠴᠠᠯᠠᠨ᠂ ᠰᠢᠯᠢᠳᠡᠭ ᠪᠦᠲᠦᠭᠡᠯ ᠵᠤᠬᠢᠶᠠᠨ ᠪᠦᠲᠦᠭᠡᠵᠦ᠂ ᠪᠠᠶᠠᠯᠢᠭ ᠰᠠᠶᠢᠬᠠᠨ ᠰᠤᠶᠤᠯ ᠤᠨ ᠠᠵᠢᠯᠯᠠᠭ᠎ᠠ ᠶᠢ ᠵᠤᠬᠢᠶᠠᠨ ᠪᠠᠶᠢᠭᠤᠯᠤᠨ ᠦᠷᠨᠢᠭᠦᠯᠵᠦ᠂ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠠᠵᠢᠯ ᠢ ᠰᠢᠨ᠎ᠡ ᠠᠬᠢᠴᠠ ᠲᠠᠢ ᠪᠤᠯᠭᠠᠨ᠎ᠠ ᠭᠡᠵᠦ ᠦᠪᠦᠷ ᠮᠤᠩᠭᠤᠯ ᠤᠨ ᠤᠳᠬ᠎ᠠ ᠤᠷᠠᠯᠢᠭ ᠤᠨ ᠬᠢᠨ ᠤ ᠬᠤᠯᠪᠤᠭ᠎ᠠ ᠶᠢᠨ ᠼᠤᠤ ᠸᠧᠨ ᠵᠢᠶᠦ᠋ᠨ ᠶᠠᠷᠢᠵᠤ ᠪᠢᠯᠡ᠃
ᠮᠠᠨ ᠤ ᠤᠷᠤᠨ ᠤ ᠪᠡᠶ᠎ᠠ ᠶᠢᠨ ᠲᠠᠮᠢᠷ ᠤᠨ ᠥᠢᠯᠡᠰ ᠲᠤ ᠭᠠᠪᠰᠢᠭᠠᠢᠢᠯᠠᠵᠥ ᠶᠠᠪᠤᠭ᠎ᠠ ᠲᠡᠮᠢᠷᠴᠢᠨ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠦᠵᠡᠭᠰᠡᠨ ᠲᠤᠬᠠᠢ ᠪᠤᠳᠤᠯ ᠰᠠᠨᠠᠯ ᠢᠶᠠᠨ ᠢᠡᠭᠬᠢᠵᠤ ᠬᠤᠪᠢᠶᠠᠯᠴᠠᠪᠠ᠃
— ︽ᠫᠤᠤ ᠬᠠᠷᠪᠤᠯᠳᠠ ᠶᠢᠨ ᠲᠠᠮᠢᠷᠴᠢᠨ ᠪᠤᠯᠤᠬᠰᠠᠨ ᠤ ᠬᠤᠪᠢ ᠳᠤ᠂ ᠡᠩ ᠤᠨ ᠥᠶ᠎ᠠ ᠳᠤ ᠪᠡᠶ᠎ᠠ ᠰᠡᠳᠬᠢᠯ ᠤᠨ ᠲᠠᠶᠢᠪᠤᠡᠭ ᠪᠠᠶᠢᠳᠠᠯ ᠢ ᠠᠩᠬᠠᠷᠳᠠᠬ ᠪᠤᠯᠪᠠᠴᠤ ᠡᠨᠡ ᠡᠳᠤᠷ ᠤᠨ ᠴᠡᠷᠢᠭ ᠤᠨ ᠵᠢᠬᠰᠠᠭᠠᠯ ᠰᠢᠯᠭᠠᠨ ᠥᠵᠡᠬᠦ ᠶᠤᠰᠤᠯᠠᠯ ᠢ ᠲᠧᠯᠸᠢᠰ ᠠᠴᠠ ᠬᠠᠷᠠᠭᠠᠳ ᠰᠡᠳᠬᠢᠯ ᠲᠤᠭᠳᠤᠯᠤᠨ ᠥᠪᠡᠷ ᠤᠨ ᠡᠷᠭᠡ ᠥᠬᠡᠢ ︿ᠪᠢ ᠡᠭᠡ ᠤᠯᠤᠰ ᠲᠠᠢ ᠪᠠᠨ﹀ ᠬᠡᠬᠦ ᠲᠠᠭᠤᠤ ᠶᠢ ᠲᠠᠭᠤᠯᠠᠵᠥ ᠭᠠᠷᠤᠬᠰᠠᠨ ᠶᠤᠮ᠃ ᠬᠤᠶᠢᠰᠢᠳᠠ ᠰᠤᠷᠢᠭ᠎ᠠ ᠪᠤᠯᠪᠠᠰᠤᠷᠠᠯ ᠢᠶᠠᠨ ᠴᠢᠩᠭᠠᠳᠬᠠᠨ ᠤᠯᠢᠮᠫᠢᠺ ᠤᠨ ᠪᠡᠶ᠎ᠠ ᠶᠢᠨ ᠲᠠᠮᠢᠷ ᠤᠨ ᠴᠤᠬᠯᠠᠭᠠᠨ ᠤ ᠬᠠᠮᠤᠬ ᠤᠨ ᠥᠨᠳᠤᠷ ᠱᠠᠩᠨᠠᠯ ᠤᠨ ᠲᠠᠶᠢᠰᠠᠨ ᠳᠤ ᠭᠠᠷᠬᠤ ᠪᠠᠷ ᠵᠤᠷᠢᠬ ᠰᠢᠭᠤᠳᠴᠤ ᠪᠠᠶᠢᠨ᠎ᠠ︾ ᠬᠡᠵᠥ ᠠᠷᠪᠠᠨ ᠨᠢᠬᠡᠳᠤᠭᠡᠷ ᠬᠤᠭᠤᠴᠠᠭᠠᠨ ᠤ ᠪᠥᠬᠦ ᠤᠯᠤᠰ ᠤᠨ ᠴᠥᠭᠡᠨ ᠲᠤᠭᠠᠳᠤ ᠥᠨᠳᠤᠰᠤᠳᠠᠨ ᠤ ᠪᠡᠶ᠎ᠠ ᠶᠢᠨ ᠲᠠᠮᠢᠷ ᠤᠨ ᠴᠤᠬᠯᠠᠭᠠᠨ ᠤ ᠬᠤᠯᠬᠤᠪᠴᠢ ᠨᠤᠮᠤ ᠶᠢᠨ ᠤᠷᠤᠯᠳᠤᠭᠠᠨ ᠳᠤ ᠬᠤᠶᠠᠷ ᠲᠡᠷᠢᠬᠦᠨ ᠱᠠᠩ ᠲᠤᠰᠤᠬᠰᠠᠨ ᠲᠠᠮᠢᠷᠴᠢᠨ ᠤᠤ ᠵᠥᠸᠧ ᠨᠠᠨ ᠰᠤᠷᠪᠤᠯᠵᠢᠯᠠᠭ᠎ᠠ ᠬᠥᠯᠢᠶᠡᠬᠦ ᠳᠡᠭᠡᠨ ᠶᠡᠷᠢᠵᠥ ᠪᠢᠯᠠ᠃
ᠴᠡᠩᠭᠡᠯᠪᠡᠶᠡᠷ ᠪᠤᠯ ᠰᠢᠯᠢ ᠶᠢᠨ ᠭᠤᠤᠯ ᠠᠶᠢᠮᠠᠬ ᠤᠨ ᠪᠠᠷᠠᠭᠤᠨ ᠥᠵᠥᠮᠥᠴᠢᠨ ᠬᠤᠰᠢᠭᠤ ᠨᠤᠳᠤᠬᠳᠠᠢ ᠪᠥᠬᠡᠴᠢᠨ᠃ ᠲᠡᠷᠡ ᠸᠧᠨᠵᠸᠤ ᠬᠤᠳᠠ ᠳᠤ ᠶᠠᠪᠤᠬᠳᠠᠬᠰᠠᠨ 2018 ᠤᠨ ᠤ ᠪᠥᠬᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠮᠠᠩᠯᠠᠢ ᠪᠥᠬᠡᠴᠢᠨ᠂ ᠡᠨᠡ ᠵᠢᠯ ᠤᠨ 5 ᠰᠠᠷ᠎ᠠ ᠳᠤ ᠬᠠᠷᠪᠢᠨ ᠬᠤᠳᠠ ᠳᠤ ᠶᠠᠪᠤᠬᠳᠠᠬᠰᠠᠨ 2019 ᠤᠨ ᠤ ᠪᠥᠬᠦ ᠤᠯᠤᠰ ᠤᠨ ᠮᠠᠩᠯᠠᠢ ᠰᠢᠯᠭᠠᠷᠠᠭᠤᠯᠬᠤ ᠤᠷᠤᠯᠳᠤᠭᠠᠨ ᠳᠤ ᠲᠥᠷᠥᠬᠦᠯᠡᠵᠥ᠂ ᠮᠠᠩᠯᠠᠢ ᠪᠥᠬᠡᠴᠢᠨ ᠤ ᠴᠤᠯᠠ ᠬᠥᠷᠳᠡᠭᠰᠡᠨ ᠪᠢᠯᠡ᠃ ᠲᠡᠷᠡ ᠬᠥᠳᠡᠭᠡ ᠭᠡᠷ ᠲᠡᠭᠡᠨ ᠲᠧᠯᠸᠢᠰ ᠠᠴᠠ ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢᠨ ᠤᠯᠤᠰ ᠤᠨ ᠪᠠᠶᠠᠷ ᠤᠨ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠥᠵᠡᠬᠡᠳ᠄ ︽ᠶᠤᠰᠤᠯᠠᠯ ᠲᠡᠭᠡᠷ᠎ᠠ ᠪᠡᠶ᠎ᠠ ᠶᠢᠨ ᠲᠠᠮᠢᠷ ᠤᠨ ᠬᠥᠴᠥᠷᠭᠡᠭ ᠤᠯᠤᠰ ᠬᠡᠬᠦ ᠥᠰᠥᠭ ᠲᠠᠢ ᠵᠢᠬᠰᠠᠭᠠᠯ ᠤᠨ ᠡᠩᠨᠡᠭᠡ ᠲᠢᠶᠠᠨ ᠠᠨ ᠮᠧᠨ ᠲᠠᠯᠠᠪᠠᠢ ᠪᠠᠷ ᠰᠥᠷ ᠲᠠᠯᠠᠶᠢᠴᠠᠳᠠᠢ ᠥᠡᠭᠭᠡᠷᠡᠭᠦ ᠳᠤ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠥᠢᠯᠡᠰ ᠤᠨ ᠴᠢᠬᠤᠯᠠ ᠪᠥᠷᠢᠯᠳᠥᠬᠦᠨ ᠪᠤᠯᠤᠬᠰᠠᠨ ᠲᠤᠮᠳᠠᠳᠤ ᠤᠯᠤᠰ ᠤᠨ ᠪᠠᠶ᠎ᠠ ᠶᠢᠨ ᠲᠠᠮᠢᠷ ᠤᠨ ᠥᠢᠯᠡᠰ ᠬᠥᠮᠥᠰ ᠢ ᠲᠤᠬᠳᠤᠯᠤᠭᠤᠯᠤᠮᠠ ᠬᠡᠷᠡᠯ ᠰᠠᠴᠤᠷᠠᠩᠭᠤᠢ ᠠᠮᠵᠢᠯᠳᠠ ᠤᠯᠤᠬᠰᠠᠨ ᠢ ᠤᠯᠵᠥ ᠬᠠᠷᠠᠯ᠎ᠠ᠃ ᠤᠯᠠᠨ ᠤᠳᠠᠭ᠎ᠠ ᠪᠥᠬᠡ ᠶᠢᠨ ᠮᠠᠩᠯᠠᠢ ᠪᠠᠷ ᠲᠤᠳᠤᠷᠠᠵᠥ᠂ ᠪᠡᠶ᠎ᠠ ᠶᠢᠨ ᠲᠠᠮᠢᠷ ᠤᠨ ᠬᠥᠴᠥᠷᠭᠡᠭ ᠤᠯᠤᠰ ᠤᠨ ᠲᠠᠮᠢᠷᠴᠢᠨ ᠪᠤᠯᠤᠬᠰᠠᠨ ᠳᠠᠭᠠᠨ ᠤᠮᠤᠬᠰᠢᠨ ᠵᠤᠷᠢᠬᠵᠢᠵᠥ ᠪᠤᠢ᠃ ᠬᠤᠶᠢᠰᠢᠳᠠ ᠪᠥᠬᠡ ᠶᠢᠨ ᠤᠷ᠎ᠠ ᠮᠡᠷᠭᠡᠰᠢᠯ ᠢᠶᠠᠨ ᠤᠯᠠᠮ ᠡᠷᠴᠢᠮᠵᠢᠬᠦᠯᠥᠨ ᠪᠥᠬᠡ ᠶᠢᠨ ᠲᠠᠪᠴᠠᠩ ᠳᠤ ᠨᠠᠩ ᠥᠨᠳᠤᠷ ᠬᠢᠷᠢ ᠪᠥᠳᠥᠮᠵᠢ ᠤᠯᠬᠤ ᠪᠠᠷ ᠴᠢᠷᠮᠠᠶᠢᠨ᠎ᠠ︾ ᠬᠡᠵᠥ ᠤᠳᠠᠰᠤ ᠶᠢᠨ ᠴᠠᠭᠠᠨ᠎ᠠ ᠶᠠᠷᠢᠵᠥ ᠪᠢᠯᠠ᠃
10 ᠰᠠᠷ᠎ᠠ ᠶᠢᠨ 1 ᠤ ᠦᠳᠡ ᠶᠢᠨ ᠡᠮᠦᠨᠡᠬᠢ 10 ᠴᠠᠭ᠃ ᠬᠦᠬᠡᠬᠤᠳᠠ ᠶᠢᠨ ᠮᠤᠩᠭᠤᠯ ᠬᠢᠳᠠᠳ ᠡᠮᠨᠡᠯᠭᠡ ᠶᠢᠨ ᠬᠤᠷᠢᠶ᠎ᠠ ᠶᠢᠨ ᠵᠢᠷᠭᠤᠳᠤᠭᠠᠷ ᠳᠠᠪᠬᠤᠷᠭ᠎ᠠ ᠶᠢᠨ ᠡᠪᠡᠳᠴᠢᠳᠡᠨ ᠤ ᠦᠷᠦᠭᠡ ᠶᠢᠨ ᠲᠧᠯᠸᠢᠰ ᠨᠡᠭᠡᠭᠡᠯᠳᠠᠳᠠᠢ᠂ ᠡᠮᠴᠢ ᠡᠪᠡᠳᠴᠢᠳᠡᠨ ᠠᠳᠡ ᠪᠦᠬᠦᠳᠡ ᠨᠠᠶᠢᠷᠠᠮᠳᠠᠬᠤ ᠳᠤᠮᠳᠠᠳᠦ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ ᠶᠢ ᠪᠡᠯᠭᠡᠯᠡᠬᠦ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠠᠩᠬᠠᠷᠤᠯ ᠲᠦᠪᠯᠡᠷᠡᠬᠦᠯᠦᠨ ᠦᠵᠡᠵᠤ ᠪᠠᠶᠢᠯ᠎ᠠ᠃
︽ᠴᠡᠷᠢᠭ ᠤᠨ ᠵᠢᠭᠰᠠᠭᠠᠯ ᠠᠴᠠ ᠡᠭᠡ ᠤᠯᠤᠰ ᠤᠨ ᠮᠢᠨᠢ ᠶᠡᠷᠦᠩᠬᠡᠶᠢᠯᠡᠭᠰᠡᠨ ᠪᠤᠳᠠᠳᠤ ᠬᠦᠴᠦᠨ ᠢ ᠤᠯᠵᠦ ᠬᠠᠷᠠᠵᠦ ᠪᠤᠯᠤᠨ᠎ᠠ᠂ ᠡᠭᠡ ᠤᠯᠤᠰ ᠤᠨ ᠢᠶᠠᠨ ᠲᠦᠯᠦᠭᠡ ᠤᠮᠤᠭᠰᠢᠵᠦ ᠪᠠᠶᠢᠨ᠎ᠠ︾᠃ ᠡᠦ ᠰᠢᠤ ᠯᠠᠨ ᠡᠮᠴᠢ ᠤᠯᠤᠰ ᠤᠨ ᠪᠠᠶᠠᠷ ᠤᠨ ᠡᠳᠦᠷ ᠵᠢᠵᠢᠭᠦᠷ ᠡᠭᠡᠯᠵᠢ ᠳᠠᠭᠠᠷᠠᠵᠤ᠂ ᠡᠪᠡᠳᠴᠢᠳᠡᠨ ᠲᠠᠢ ᠪᠠᠨ ᠡᠨᠡ ᠬᠦ ᠶᠡᠷᠦ ᠪᠤᠰᠤ ᠶᠢᠨ ᠤᠳᠬ᠎ᠠ ᠠᠭᠤᠯᠭ᠎ᠠ ᠲᠠᠢ ᠡᠳᠦᠷ ᠢᠶᠠᠨ ᠬᠠᠮᠳᠦ ᠦᠩᠭᠡᠷᠡᠬᠦᠯᠵᠦ ᠪᠠᠶᠢᠭ᠎ᠠ ᠠᠵᠢ᠃
︽ᠬᠤᠶᠠᠷ ᠬᠡᠦᠬᠡᠳ ᠢᠶᠠᠨ ᠳᠠᠭᠠᠭᠤᠯᠵᠦ ᠬᠦᠳᠡᠭᠡ ᠭᠡᠷ ᠲᠡᠭᠡᠨ ᠬᠠᠷᠢᠶ᠎ᠠ ᠭᠡᠵᠦ ᠪᠡᠯᠡᠳᠬᠡᠵᠦ ᠪᠠᠶᠢᠭᠰᠠᠨ᠂ ᠡᠨᠡ ᠡᠳᠦᠷ ᠮᠢᠨᠤ ᠠᠵᠢᠯ ᠤᠨ ᠡᠭᠡᠯᠵᠢ ᠪᠤᠯᠬᠤᠷ ᠬᠠᠷᠢᠬᠤ ᠡᠳᠦᠷ ᠢᠶᠠᠨ ᠬᠤᠶᠢᠰᠢᠯᠠᠭᠤᠯᠴᠢᠬᠠᠵᠠᠢ᠃ ᠡᠮᠴᠢ ᠪᠤᠯᠤᠭᠰᠠᠨ ᠤ ᠬᠤᠪᠢ ᠳᠤ ᠬᠡᠵᠢᠶ᠎ᠠ ᠴᠦ ᠭᠡᠰᠡᠨ ᠡᠪᠡᠳᠴᠢᠳᠡᠨ ᠢᠶᠠᠨ ᠤᠷᠢᠳ ᠢᠶᠠᠷ ᠪᠤᠳᠤᠯᠬᠢᠯᠠᠬᠤ ᠪᠤᠯ ᠵᠠᠶᠢᠯᠠᠭᠤᠯᠵᠤ ᠪᠤᠯᠤᠰᠢ ᠦᠬᠡᠢ ᠡᠬᠦᠷᠬᠡ ᠬᠠᠷᠢᠭᠤᠴᠠᠯᠭ᠎ᠠ ᠪᠤᠯᠤᠨ᠎ᠠ᠃ ᠡᠪᠡᠳᠴᠢᠳᠡᠨ ᠲᠠᠢ ᠪᠠᠨ ᠬᠠᠮᠳᠦ ᠡᠨᠡ ᠡᠳᠦᠷ ᠢᠶᠠᠨ ᠦᠩᠭᠡᠷᠡᠬᠦᠯᠬᠦ ᠨᠢ ᠨᠠᠳᠠᠳᠦ ᠮᠠᠰᠢ ᠶᠡᠭᠡ ᠤᠳᠬ᠎ᠠ ᠠᠭᠤᠯᠭ᠎ᠠ ᠲᠠᠢ︾ ᠭᠡᠵᠦ ᠡᠤ ᠰᠢᠤ ᠯᠠᠨ ᠡᠮᠴᠢ ᠬᠡᠯᠠᠨ᠎ᠠ᠃
︽ᠡᠦ ᠡᠮᠴᠢ ᠶᠢᠨ ᠮᠡᠷᠭᠡᠵᠢᠯ ᠦᠨᠳᠦᠷ᠂ ᠤᠪᠤᠷ ᠨᠢ ᠰᠠᠶᠢᠨ᠂ ᠮᠠᠨ ᠲᠠᠢ ᠬᠠᠮᠳᠦ ᠴᠡᠷᠢᠭ ᠤᠨ ᠵᠢᠬᠰᠠᠭᠠᠯ ᠰᠢᠯᠭᠠᠨ ᠦᠵᠡᠬᠦ ᠶᠤᠰᠤᠯᠠᠯ ᠢ ᠦᠵᠡᠵᠤ ᠪᠠᠶᠢᠭ᠎ᠠ ᠪᠦᠬᠡᠳ ᠪᠢᠳᠡᠨ ᠳᠤ ᠪᠠᠰᠠ ᠠᠷᠪᠢᠨ ᠵᠢᠮᠢᠰ ᠠᠪᠴᠢᠷᠠᠵᠦ ᠦᠭᠭᠦᠯ᠎ᠡ᠂ ᠡᠪᠡᠳᠴᠢᠳᠡᠨ ᠢᠶᠠᠨ ᠭᠡᠰᠡᠨ ᠨᠢᠭᠡ ᠯᠠ ᠪᠤᠳᠤᠯ ᠲᠠᠢ ᠰᠠᠶᠢᠨ ᠡᠮᠴᠢ ᠰᠢᠤ︾ ᠭᠡᠵᠦ ᠬᠠᠮᠳᠦ ᠪᠠᠶᠢᠯᠴᠠᠭᠰᠠᠨ ᠠᠬᠢᠮᠠᠭ ᠨᠠᠰᠤᠨ ᠤ ᠨᠢᠭᠡ ᠡᠪᠡᠳᠴᠢᠳᠡᠨ ᠶᠠᠷᠢᠨ᠎ᠠ᠃
ᠰᠢᠨ᠎ᠠ ᠲᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢᠬᠢ ᠬᠠᠮᠤᠭ ᠤᠨ ᠶᠡᠭᠡ ᠬᠤᠪᠢᠷᠠᠯᠳᠠ ᠶᠢᠨ ᠲᠤᠬᠠᠢ ᠡᠪᠡᠳᠴᠢᠳᠡᠨ ᠨᠠᠷ ᠠᠴᠠ ︽ᠡᠣ ᠡᠮᠴᠢ ᠵᠡᠷᠭᠡ ᠡᠪᠡᠳᠴᠢᠳᠡᠨ ᠳᠤ ᠰᠠᠶᠢᠳᠤᠷ ᠦᠢᠯᠡᠴᠢᠯᠡᠳᠡᠭ ᠡᠮᠴᠢ ᠪᠠᠶᠢᠭ᠎ᠠ ᠪᠤᠯᠬᠤᠷ ᠪᠢᠳᠡ ᠡᠪᠡᠳᠴᠢᠨ ᠠᠷᠬᠠᠬ ᠠᠴᠠ ᠪᠠᠨ ᠰᠠᠯᠬᠤ ᠳᠤ ᠮᠠᠰᠢ ᠢᠳᠡᠬᠡᠯ ᠲᠠᠢ ᠪᠤᠯᠤᠭᠰᠠᠨ᠂ ᠡᠬᠡ ᠤᠯᠤᠰ ᠤᠨ ᠬᠦᠭᠵᠢᠯᠳᠡ ᠲᠠᠪᠰᠢᠯᠳᠠ ᠳᠤ ᠪᠢᠳᠡ ᠮᠠᠰᠢ ᠪᠠᠶᠠᠷᠯᠠᠨ ᠵᠤᠷᠢᠭᠵᠢᠵᠤ ᠬᠦᠷᠳᠡᠮᠵᠢ ᠶᠢᠨ ᠲᠦᠷᠦᠭᠳᠡᠯ ᠡᠳᠦᠷ ᠢᠷᠡᠬᠦᠶ᠎ᠠ ᠨᠡᠮᠡᠭᠳᠡᠵᠤ ᠪᠠᠶᠢᠨ᠎ᠠ︾ ᠬᠡᠵᠤ ᠰᠠᠨᠠᠯ ᠨᠢᠬᠡᠳᠡᠢ ᠬᠡᠯᠡᠵᠤ ᠪᠠᠶᠢᠯ᠎ᠠ᠃
︽ᠪᠦᠬᠦ ᠤᠷᠤᠨ ᠤ ᠬᠦᠮᠦᠨ ᠳᠤᠮᠳᠠᠴᠢ ᠶᠢᠨ ᠨᠠᠰᠤᠨ ᠬᠤᠳᠤᠬ ᠴᠢᠯᠦᠭᠡᠯᠡᠭᠳᠡᠬᠦ ᠠᠴᠠ ᠡᠮᠦᠨᠡᠬᠢ 35 ᠨᠠᠰᠤ ᠬᠦᠷᠬᠦ ᠦᠭᠡᠢ ᠪᠠᠶᠢᠭᠰᠠᠨ ᠠᠴᠠ ᠪᠠᠨ ᠤᠳᠤ ᠨᠡᠮᠡᠭᠳᠡᠭᠡᠳ 75.8 ᠨᠠᠰᠤ ᠪᠤᠯᠵᠠᠢ᠂ ᠡᠨᠡ ᠪᠤᠯ ᠮᠠᠨ ᠤ ᠤᠷᠤᠨ ᠤ ᠡᠮ ᠡᠮᠨᠡᠯᠭᠡ ᠶᠢᠨ ᠦᠢᠯᠡᠰ ᠤᠨ ᠬᠠᠮᠤᠭ ᠤᠨ ᠶᠡᠭᠡ ᠠᠮᠵᠢᠯᠳᠠ ᠰᠢᠦ︾ ᠬᠡᠵᠤ ᠡᠦ ᠰᠢᠤ ᠯᠠᠨ ᠡᠮᠴᠢ ᠬᠡᠯᠡᠬᠡᠳ ᠠᠵᠢᠯ ᠤᠨ ᠪᠠᠶᠢᠷᠢᠨ ᠠᠴᠠ ᠪᠠᠨ ᠡᠬᠡ ᠤᠯᠤᠰ ᠲᠠᠭᠠᠨ ᠪᠠᠶᠠᠷ ᠤᠨ ᠡᠳᠦᠷ ᠤᠨ ᠮᠡᠨᠳᠦᠴᠢᠯᠡᠭᠡ ᠲᠡᠪᠰᠢᠬᠦᠯᠵᠤ ᠪᠢᠯᠡ᠃ ᠵᠣᠬᠢᠶᠠᠭᠴᠢ᠄ ᠨᠠᠪᠴᠢ ᠨᠠᠷᠠᠨᠳᠤᠩᠭᠠᠯᠠᠬ ᠦᠷᠬᠡᠨ ᠤᠷᠭᠤᠮᠠᠯ