-
2144381
ᠮᠠᠨ ᠤ ᠤᠷᠤᠨ ᠤ 2 ᠬᠥᠯ ᠪᠥᠮᠪᠦᠭᠡ ᠶᠢᠨ ᠠᠩᠭᠢ ᠶᠡᠷᠥᠩᠭᠡᠢ ᠰᠢᠢᠳᠪᠤᠷᠢᠳᠤ ᠤᠷᠤᠯᠳᠤᠭᠠᠨ ᠳᠤ ᠤᠷᠤᠯᠴᠠᠨ᠎ᠠ
2019-06-10 15:54
469
0
5 ᠰᠠᠷ᠎ᠠ ᠶᠢᠨ 15 ᠤ ᠡᠳᠤᠷ᠂ 2018 — 2019 ᠤᠨ ᠤ ᠪᠥᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠥᠷᠢᠶᠠᠨ ᠤ ᠬᠥᠯ ᠪᠥᠮᠪᠦᠭᠡ ᠶᠢᠨ ᠬᠤᠯᠪᠤᠭᠠᠳᠤ ᠤᠷᠤᠯᠳᠤᠭᠠᠨ ᠤ ᠶᠡᠭᠡ ᠰᠤᠷᠭᠠᠭᠤᠯᠢ ᠶᠢᠨ ᠡᠷᠡᠭᠳᠠᠢ ᠶᠢᠨ ᠰᠤᠷᠭᠠᠭᠤᠯᠢ ᠶᠢᠨ ᠬᠥᠷᠢᠶᠠᠨ ᠤ ᠲᠤᠭᠤᠢᠢᠯᠠᠩ ᠤᠨ ᠪᠠᠷᠠᠭᠤᠨ ᠬᠤᠶᠢᠳᠤ ᠤᠷᠤᠨ ᠤ ᠰᠢᠢᠳᠪᠤᠷᠢᠳᠤ ᠤᠷᠤᠯᠳᠤᠭᠠᠨ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠳᠤ ᠥᠨᠳᠤᠷᠯᠠᠪᠠ᠃ ᠬᠤᠷᠴᠠ ᠰᠢᠷᠥᠬᠦᠨ ᠥᠷᠢᠰᠥᠯᠳᠥᠭᠡᠨ ᠢᠶᠠᠷ ᠲᠠᠮᠵᠢᠨ᠂ ᠬᠥᠬᠡᠬᠤᠳᠠ ᠥ ᠨᠳᠤᠰᠤᠳᠠᠨ ᠤ ᠲᠡᠭᠡᠳᠤ ᠰᠤᠷᠭᠠᠭᠤᠯᠢ ᠪᠠ ᠥᠪᠥᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠪᠥᠬᠦ ᠤᠯᠤᠰ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠤᠬᠰᠠᠨ ᠪᠠᠶᠢᠨ᠎ᠠ᠃
ᠲᠤᠰ ᠤᠳᠠᠭ᠎ᠠ ᠶᠢᠨ ᠰᠢᠢᠳᠪᠤᠷᠢᠳᠤ ᠤᠷᠤᠯᠳᠤᠭᠠᠨ ᠳᠤ ᠪᠠᠷᠠᠭᠤᠨ ᠬᠤᠶᠢᠳᠤ ᠤᠷᠤᠨ ᠤ 16 ᠲᠥᠯᠥᠭᠡᠯᠡᠭᠴᠢ ᠶᠢᠨ ᠠᠩᠭᠢ ᠶᠢᠨ 400 ᠭᠠᠷᠤᠢ ᠲᠡᠮᠢᠷᠴᠢᠨ ᠤᠷᠤᠯᠴᠠᠵᠥ᠂ ᠪᠥᠬᠦ ᠤᠯᠤᠰ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠬᠤ ᠪᠠᠷ ᠦᠷᠢᠰᠦᠨ ᠲᠡᠮᠡᠴᠡᠯᠳᠤᠵᠠᠢ᠃ ᠤᠷᠤᠯᠳᠤᠭᠠᠨ ᠤ ᠲᠥᠷᠢᠮ ᠢᠶᠠᠷ᠂ ᠲᠤᠰ ᠤᠳᠠᠭ᠎ᠠ ᠶᠢᠨ ᠤᠷᠤᠯᠳᠤᠭᠠᠨ ᠤ ᠡᠮᠥᠨ᠎ᠠ 4 ᠳᠤ ᠲᠤᠳᠤᠷᠠᠬᠰᠠᠨ ᠠᠩᠭᠢ ᠨᠢ ᠪᠥᠬᠦ ᠤᠯᠤᠰ ᠤᠨ ᠰᠢᠢᠳᠪᠤᠷᠢᠳᠤ ᠤᠷᠤᠯᠳᠤᠭᠠᠨ ᠳᠤ ᠤᠷᠤᠯᠴᠠᠬᠤ ᠡᠷᠭᠡ ᠶᠢ ᠤᠯᠳᠠᠬ᠃ ᠮᠠᠨ ᠤ ᠤᠷᠤᠨ ᠠᠴᠠ ᠥᠪᠥᠷ ᠮᠤᠩᠭᠤᠯ ᠤᠨ ᠲᠡᠷᠢᠶᠡᠯᠠᠩ ᠤᠨ ᠶᠡᠭᠡ ᠰᠤᠷᠭᠠᠭᠤᠯᠢ᠂ ᠬᠥᠬᠡᠬᠤᠳᠠ ᠥ ᠨᠳᠤᠰᠤᠳᠠᠨ ᠤ ᠲᠡᠭᠡᠳᠤ ᠰᠤᠷᠭᠠᠭᠤᠯᠢ ᠪᠠ ᠥᠪᠥᠷ ᠮᠤᠩᠭᠤᠯ ᠤᠨ ᠪᠠᠭᠰᠢ ᠶᠢᠨ ᠶᠡᠭᠡ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠶᠢ ᠲᠤᠮᠢᠯᠠᠨ ᠤᠷᠤᠯᠴᠠᠭᠤᠯᠵᠥ᠂ ᠤᠷᠤᠯᠳᠤᠭᠠᠨ ᠤ ᠳ᠋ᠦᠡᠭ ᠳᠤ ᠬᠥᠬᠡᠬᠤᠳᠠ ᠥᠨᠳᠤᠰᠤᠳᠠᠨ ᠤ ᠲᠡᠭᠡᠳᠤ ᠰᠤᠷᠭᠠᠭᠤᠯᠢ ᠪᠠ ᠥᠪᠥᠷ ᠮᠤᠩᠭᠤᠯ ᠤᠨ ᠲᠠᠷᠢᠶᠠᠯᠠᠩ ᠤᠨ ᠶᠡᠭᠡ ᠰᠤᠷᠭᠠᠭᠤᠯᠢ ᠶᠢᠨ ᠬᠥᠯ ᠪᠥᠮᠪᠦᠭᠡ ᠶᠢᠨ ᠠᠩᠭᠢ ᠡᠮᠥᠨ᠎ᠠ 4 ᠳᠤ ᠲᠤᠳᠤᠷᠠᠬᠰᠠᠨ ᠪᠠᠶᠢᠨ᠎ᠠ᠃︵ ᠨᠠᠶᠢᠷᠠᠭᠤᠯᠤᠭᠴᠢ᠄ ᠪᠣᠣ ᠮᠧᠢ ᠷᠥᠩ︶