-
2144392
ᠯᠢ ᠭᠤᠸᠠᠨ ᠰᠢᠩ ᠠᠺᠡᠳᠧᠮᠢᠴᠢ ᠲᠤᠮᠳᠠᠳᠤ ᠤᠯᠤᠰ ᠴᠦᠮ᠎ᠠ
2019-08-27 19:31
358
0
8 ᠰᠠᠷ᠎ᠠ 21 ᠡᠳᠤᠷ᠂ ᠪᠤᠭᠤᠲᠤ ᠬᠤᠳᠠ ᠬᠤᠷᠠᠯᠳᠤᠬᠰᠠᠨ ᠲᠤᠮᠳᠠᠳᠤ ᠤᠯᠤᠰ ᠴᠦᠮ᠎ᠠ ᠰᠢᠨᠵᠢᠯᠡᠭᠡᠨ ᠨᠡᠶᠢᠭᠡᠮᠯᠢᠭ 2019 ᠤᠨ ᠡᠷᠳᠡᠮ ᠰᠢᠨᠵᠢᠯᠡᠭᠡᠨ ᠤᠨ ᠬᠤᠷᠠᠯ ᠡᠬᠢᠯᠡᠯᠳᠡ ᠶᠤᠰᠤᠯᠠᠯ ᠲᠡᠭᠡᠷ᠎ᠠ᠂ ᠯᠢ ᠭᠤᠸᠠᠨ ᠰᠢᠩ ᠠᠺᠡᠳᠧᠮᠢᠴᠢ ᠲᠤᠮᠳᠠᠳᠤ ᠤᠯᠤᠰ ᠴᠦᠮ᠎ᠠ ᠰᠢᠨᠵᠢᠯᠡᠭᠡᠨ ᠨᠡᠶᠢᠭᠡᠮᠯᠢᠭ ᠤᠨᠴᠠᠭᠠᠢ ᠬᠤᠪᠢ ᠨᠠᠮᠠᠷᠢ ᠦᠵᠡᠬᠦᠯᠦᠭᠰᠡᠨ ᠱᠠᠩᠨᠠᠯ ᠲᠤᠰᠤᠬᠰᠠᠨ ᠪᠠᠶᠢᠨ᠎ᠠ᠃
ᠡᠨᠡ ᠵᠢᠯ 79 ᠨᠡᠰᠤᠳᠠᠢ ᠯᠢ ᠭᠤᠸᠠᠨ ᠰᠢᠩ ᠪᠤᠯ ᠮᠠᠨ ᠤ ᠤᠯᠤᠰ ᠤᠨ ᠴᠦᠮ᠎ᠠ ᠶᠢᠨ ᠮᠠᠲ᠋ᠧᠷᠢᠶᠠᠯ ᠤᠨ ᠲᠤᠰᠬᠠᠢ ᠮᠡᠷᠭᠡᠵᠢᠯᠳᠡᠨ ᠪᠠᠶᠢᠵᠦ᠂ ᠴᠦᠮ᠎ᠠ ᠶᠢᠨ ᠠᠵᠤ ᠦᠢᠯᠡᠳᠪᠦᠷᠢ ᠶᠢᠨ ᠦᠢᠯᠡᠰ ᠤᠨ ᠬᠦᠭᠵᠢᠯᠳᠡ ᠶᠢᠨ ᠲᠦᠯᠦᠭᠡ ᠨᠠᠰᠤ ᠪᠠᠷ ᠢᠶᠠᠨ ᠵᠢᠳᠬᠦᠵᠦ ᠶᠠᠪᠤᠭ᠎ᠠ ᠬᠦᠮᠦᠨ ᠪᠢᠯᠡ᠃ ᠲᠡᠷᠡ 1962 ᠤᠨ ᠳᠤ ᠴᠢᠩᠬᠤᠸᠠ ᠶᠡᠭᠡ ᠰᠤᠷᠭᠠᠭᠤᠯᠢ ᠶᠢᠨ ᠪᠠᠷᠢᠯᠭ᠎ᠠ ᠶᠢᠨ ᠹᠢᠽᠢᠺ ᠤᠨ ᠰᠠᠯᠪᠤᠷᠢ ᠠᠴᠠ ᠲᠡᠭᠦᠰᠴᠦ᠂ 1966 ᠤᠨ ᠳᠤ ᠠᠰᠫᠢᠷᠠᠨᠲ ᠲᠡᠭᠦᠰᠴᠠᠢ᠃ ᠲᠡᠷᠡ ᠤᠷᠢᠳ ᠬᠤᠵᠢᠳ 202 ᠦᠢᠯᠡᠳᠪᠦᠷᠢ ᠶᠢᠨ ᠶᠡᠷᠦᠩᠬᠡᠢ ᠢᠨᠵᠧᠨᠧᠷ᠂ ᠦᠢᠯᠡᠳᠪᠦᠷᠢ ᠶᠢᠨ ᠲᠠᠷᠤᠭ᠎ᠠ᠂ ᠲᠤᠮᠳᠠᠳᠤ ᠤᠯᠤᠰ ᠤᠨ ᠴᠦᠮ᠎ᠠ ᠶᠢᠨ ᠰᠤᠳᠤᠯᠭᠠᠨ ᠤ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠦ ᠦᠩᠬᠡᠷᠡᠪᠡ᠃ ᠤᠳᠤ ᠲᠤᠮᠳᠠᠳᠤ ᠤᠯᠤᠰ ᠤᠨ ᠴᠦᠮ᠎ᠠ ᠶᠢᠨ ᠠᠵᠤ ᠦᠢᠯᠡᠳᠪᠦᠷᠢ ᠶᠢᠨ ᠪᠦᠯᠦᠭᠯᠡᠯ ᠤᠨ ᠤᠮᠠᠷᠠᠳᠤ ᠶᠢᠨ ᠴᠦᠮ᠎ᠠ ᠶᠢᠨ ᠰᠢᠳᠠᠭᠠᠯᠭ᠎ᠠ ᠶᠢᠨ ᠲᠤᠨᠤᠭ ᠤᠨ ᠬᠢᠵᠠᠭᠠᠷᠳᠤ ᠺᠤᠮᠫᠠᠨᠢ ᠶᠢᠨ ᠨᠡᠷ᠎ᠠ ᠬᠦᠨᠳᠤᠳᠤ ᠶᠡᠷᠦᠩᠬᠡᠢ ᠵᠠᠬᠢᠷᠤᠯ᠂ ᠲᠤᠮᠳᠠᠳᠤ ᠤᠯᠤᠰ ᠤᠨ ᠴᠦᠮ᠎ᠠ ᠶᠢᠨ ᠰᠤᠳᠤᠯᠭᠠᠨ ᠤ ᠨᠡᠶᠢᠭᠡᠮᠯᠢᠭ ᠤᠨ ᠬᠢᠨᠠᠭᠴᠢᠳ ᠤᠨ ᠲᠠᠷᠤᠭ᠎ᠠ᠂ ᠡᠷᠳᠡᠮ ᠰᠢᠨᠵᠢᠯᠡᠭᠡᠨ ᠤ ᠠᠵᠢᠯ ᠤᠨ ᠵᠦ᠋ᠪᠯᠡᠯ ᠤᠨ ᠡᠷᠬᠢᠯᠡᠭᠴᠢ᠂ ᠨᠠᠶᠢᠷᠠᠭᠤᠯᠬᠤ ᠠᠵᠢᠯ ᠤᠨ ᠵᠦᠪᠯᠡᠯ ᠤᠨ ᠡᠷᠬᠢᠯᠡᠭᠴᠢ᠂ ᠴᠦᠮ᠎ᠠ ᠶᠢᠨ ᠮᠠᠲ᠋ᠧᠷᠢᠶᠠᠯ ᠤᠨ ᠬᠤᠪᠢᠶᠠᠷᠢ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠲᠠᠷᠤᠭ᠎ᠠ ᠵᠡᠷᠭᠡ ᠲᠤᠰᠢᠶᠠᠯ ᠢ ᠬᠠᠷᠢᠭᠤᠴᠠᠵᠦ ᠪᠠᠶᠢᠨ᠎ᠠ᠃ ᠵᠣᠬᠢᠶᠠᠭᠴᠢ᠄ ᠸ᠊ · ᠭᠡᠷᠡᠯᠳᠤ