 

ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ

2018-06-24 15:07
  195
  0

    6 ᠰᠠᠷ᠎ᠠ ᠶᠢᠨ 22᠎ ᠤᠨ ᠡᠳᠤᠷ᠂ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠳᠠ ᠳᠤ ᠶᠠᠪᠤᠭᠳᠠᠪᠠ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠦᠪᠡᠷᠳᠡᠭᠡᠨ ᠵᠠᠰᠠᠬᠤ ᠤᠷᠤᠨ ᠤ ᠳᠡᠷᠢᠭᠦᠯᠡᠭᠴᠢ ᠪᠦ᠋ ᠰᠢᠶᠤᠤ ᠯᠢᠨ ᠪᠢᠴᠢᠭ ᠤᠨ ᠬᠡᠯᠪᠡᠷᠢ ᠪᠠᠷ ᠶᠠᠷᠢᠶ᠎ᠠ ᠳᠠᠯᠪᠢᠪᠠ᠃ ᠤᠯᠤᠰ ᠤᠨ ᠰᠤᠶᠤᠯ ᠬᠢᠬᠡᠳ ᠵᠤᠭᠠᠴᠠᠯ ᠤᠨ ᠶᠠᠮᠤᠨ ᠤ ᠳᠡᠳ᠋ ᠳᠠᠷᠤᠭ᠎ᠠ ᠯᠢ ᠴᠢᠶᠦ᠋ᠨ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠢ ᠢᠦᠢ ᠭᠠᠩ ᠶᠠᠷᠢᠶ᠎ᠠ ᠳᠠᠯᠪᠢᠪᠠ᠃ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠤᠨ ᠳᠠᠷᠤᠭ᠎ᠠ᠂ ᠳᠤᠮᠳᠠᠳᠤ ᠤᠯᠤᠰ ᠤᠨ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠶᠢᠨ ᠲᠦᠪ ᠤᠨ ᠡᠷᠬᠢᠯᠡᠭᠴᠢ ᠯᠢᠶᠠᠨ ᠵᠢᠢ ᠲᠤᠰᠬᠠᠢ ᠰᠡᠳᠦᠪᠳᠤ ᠶᠠᠷᠢᠶ᠎ᠠ ᠳᠠᠯᠪᠢᠪᠠ᠃ ᠦᠪᠡᠷᠳᠡᠭᠡᠨ ᠵᠠᠰᠠᠬᠤ ᠤᠷᠤᠨ ᠤ ᠳᠡᠳ᠋ ᠳᠡᠷᠢᠭᠦᠯᠡᠭᠴᠢ ᠠᠢ ᠯᠢ ᠬᠤᠸᠠ ᠬᠤᠷᠠᠯ ᠡᠷᠬᠢᠯᠡᠪᠡ᠃ ᠦᠪᠡᠷᠳᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠭᠡᠨ ᠤ ᠳᠡᠳ᠋ ᠳᠡᠷᠢᠭᠦᠯᠡᠭᠴᠢ ᠸᠠᠩ ᠵᠦᠩ ᠡᡁᠧ ᠬᠤᠷᠠᠯ ᠳᠤ ᠤᠷᠤᠯᠴᠠᠪᠠ᠃ ᠦᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠲᠤᠨ ᠠᠴᠠ ᠭᠤᠤᠯᠯᠠᠨ ᠡᠷᠭᠢᠯᠡᠭᠰᠡᠨ ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠬᠦᠬᠡᠬᠤᠲᠠ ᠳᠤ ᠶᠠᠪᠤᠭᠳᠠᠪᠠ᠃ ᠤᠯᠤᠰ ᠤᠨ ᠬᠠᠮᠢᠶ᠎ᠠ ᠪᠦᠬᠦᠢ ᠶᠠᠮᠤᠨ ᠵᠦᠪᠯᠡᠯ ᠤᠨ ᠤᠳᠤᠷᠢᠳᠤᠯᠭ᠎ᠠ ᠵᠢᠴᠢ ᠰᠤᠶᠤᠯ ᠤᠷᠠᠯᠢᠭ᠂ ᠷᠠᠳᠢᠣ᠋ ᠺᠢᠨᠣ᠋ ᠲᠧᠯᠸᠢᠰ᠂ ᠤᠳᠬ᠎ᠠ ᠤᠷᠠᠯᠢᠭ ᠤᠨ ᠰᠢᠭᠦᠮᠵᠢ ᠶᠢᠨ ᠬᠦᠷᠢᠶᠡᠨ ᠳᠠᠬᠢ ᠨᠡᠷᠡᠲᠦ ᠲᠤᠰᠬᠠᠢ ᠮᠡᠷᠭᠡᠵᠢᠯᠲᠡᠨ ᠰᠤᠳᠤᠯᠭᠠᠲᠠᠨ ᠬᠤᠷᠠᠨ ᠴᠤᠭᠯᠠᠷᠠᠵᠤ᠂ ᠤᠯᠠᠭᠠᠨᠮᠦ᠋ᠴᠢᠷ ᠤᠨ ᠬᠦᠭᠵᠢᠯᠲᠡ ᠶᠢᠨ ᠲᠤᠬᠠᠢ ᠬᠠᠮᠲᠤᠪᠡᠷ ᠵᠦᠪᠯᠡᠨ ᠶᠠᠷᠢᠯᠴᠠᠭᠰᠠᠨ ᠪᠠᠶᠢᠨ᠎ᠠ᠃
      ᠪᠦ᠋ ᠰᠢᠶᠤᠤ ᠯᠢᠨ ᠪᠢᠴᠢᠭ ᠤᠨ ᠬᠡᠯᠪᠡᠷᠢ ᠶᠢᠨ ᠶᠠᠷᠢᠶᠠᠨ ᠳᠠᠭᠠᠨ᠂ ᠤᠯᠠᠭᠠᠨᠮᠦ᠋ᠴᠢᠷ ᠪᠤᠯ ᠨᠠᠮ ᠤᠨ ᠦᠨᠳᠦᠰᠦᠲᠡᠨ ᠤ ᠲᠦᠷᠦ ᠶᠢᠨ ᠪᠤᠳᠤᠯᠭ᠎ᠠ᠂ ᠤᠳᠬ᠎ᠠ ᠤᠷᠠᠯᠢᠭ ᠤᠨ ᠤᠨᠤᠯ ᠢ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠤᠳᠠᠳᠤ ᠪᠠᠶᠢᠳᠠᠯ ᠲᠠᠢ ᠤᠶᠠᠯᠳᠤᠭᠤᠯᠤᠭᠰᠠᠨ ᠪᠦᠳᠦᠭᠡᠭᠳᠡᠭᠦᠨ ᠪᠠᠶᠢᠵᠤ᠂ ᠨᠡᠶᠢᠬᠡᠮ ᠵᠢᠷᠤᠮ ᠤᠨ ᠰᠤᠶᠤᠯ ᠤᠨ ᠪᠠᠶᠢᠭᠤᠯᠤᠯᠳᠠ ᠶᠢᠨ ᠨᠢᠭᠡᠨ ᠠᠭᠤᠤ ᠶᠡᠭᠡ ᠡᠭᠦᠳᠦᠯᠳᠡ ᠪᠤᠯᠤᠨ᠎ᠠ᠃ ᠠᠷᠠᠳ ᠲᠦᠮᠡᠨ ᠳᠤ ᠦᠢᠯᠡᠴᠢᠯᠡᠵᠤ᠂ ᠨᠡᠶᠢᠬᠡᠮ ᠵᠢᠷᠤᠮ ᠳᠤ ᠦᠢᠯᠡᠴᠢᠯᠡᠬᠦ ᠦᠢᠯᠡᠳᠦᠯᠭᠡ ᠳᠤᠮᠳᠠ ᠪᠤᠢ ᠪᠤᠯᠤᠭᠰᠠᠨ ᠤᠯᠠᠭᠠᠨᠮᠦ᠋ᠴᠢᠷ ᠤᠨ ᠵᠤᠷᠢᠭ ᠰᠠᠨᠠᠭ᠎ᠠ ᠨᠢ ᠪᠦᠬᠦ ᠤᠯᠤᠰ ᠤᠨ ᠦᠨᠳᠦᠰᠦᠲᠡᠨ ᠨᠦᠭᠦᠳ ᠤᠨ ᠡᠷᠬᠢᠮ ᠨᠠᠨᠳᠢᠨ ᠡᠳ᠋ ᠪᠠᠶᠠᠯᠢᠭ ᠪᠤᠯᠬᠤ ᠶᠤᠮ᠃ ᠰᠢᠨ᠎ᠡ ᠴᠠᠭ ᠦᠶ᠎ᠡ ᠳᠤ ᠶᠡᠷᠦᠩᠬᠡᠢ ᠱᠦᠵᠢ ᠰᠢ ᠶᠢᠨ ᠫᠢᠩ ᠤᠯᠠᠭᠠᠨᠮᠦ᠋ᠴᠢᠷ ᠢ ᠦᠨᠢ ᠡᠭᠦᠷᠢᠳᠡ ᠳᠠᠯ᠎ᠠ ᠨᠤᠳᠤᠭ ᠤᠨ ︽ᠬᠤᠪᠢᠰᠬᠠᠯᠳᠤ ᠤᠳᠬ᠎ᠠ ᠤᠷᠠᠯᠢᠭ ᠤᠨ ᠬᠦᠩᠬᠡᠨ ᠮᠤᠷᠢᠳᠤ ᠴᠡᠷᠢᠭ︾ ᠪᠤᠯᠰᠤᠭᠠᠢ ᠬᠡᠵᠤ ᠴᠢᠩ ᠰᠡᠳᠬᠢᠯ ᠠᠴᠠ ᠪᠠᠨ ᠬᠦᠰᠡᠨ ᠨᠠᠶᠢᠳᠠᠭᠰᠠᠨ ᠪᠠᠶᠢᠨ᠎ᠠ᠃ ᠪᠢᠳᠡ ᠡᠷᠬᠡᠪᠰᠢ ᠤᠯᠠᠭᠠᠨᠮᠦ᠋ᠴᠢᠷ ᠤᠨ ᠬᠤᠪᠢᠰᠬᠠᠯ ᠤᠨ ᠤᠳᠤᠮᠰᠢᠯ ᠢ ᠦᠨᠢ ᠡᠭᠦᠷᠢᠳᠡ ᠬᠤᠪᠢᠷᠠᠭᠤᠯᠬᠤ ᠦᠭᠡᠢ᠂ ᠳᠠᠯ᠎ᠠ ᠨᠤᠳᠤᠭ ᠲᠤ ᠦᠨᠳᠦᠰᠦᠯᠡᠭᠦᠯᠵᠤ᠂ ᠤᠯᠠᠨ ᠲᠦᠮᠡᠨ ᠳᠤ ᠦᠢᠯᠡᠴᠢᠯᠡᠬᠦ ᠰᠢᠯᠢᠳᠡᠭ ᠤᠯᠠᠮᠵᠢᠯᠠᠯ ᠢᠶᠠᠨ ᠡᠭᠦᠷᠢᠳᠡ ᠬᠤᠪᠢᠷᠠᠭᠤᠯᠬᠤ ᠦᠭᠡᠢ᠂ ᠤᠯᠠᠭᠠᠨᠮᠦ᠋ᠴᠢᠷ ᠤᠨ ᠨᠢᠭᠡ ᠳᠤ ᠴᠠᠭᠠᠷᠠᠵᠤ ᠤᠯᠠᠨ ᠳᠤ ᠮᠡᠷᠭᠡᠰᠢᠬᠦ ᠶᠢ ᠡᠭᠦᠷᠢᠳᠡ ᠪᠠᠷᠢᠮᠳᠠᠯᠠᠨ᠂ ᠬᠤᠷᠴᠠ ᠭᠠᠪᠰᠢᠭᠠᠢ ᠤᠶᠠᠨ ᠬᠠᠳᠠᠨ ᠴᠢᠨᠠᠷ ᠢᠶᠠᠨ ᠠᠯᠳᠠᠬᠤ ᠦᠭᠡᠢ ᠪᠠᠷ ᠤᠯᠠᠭᠠᠨᠮᠦ᠋ᠴᠢᠷ ᠤᠨ ᠵᠤᠷᠢᠭ ᠰᠠᠨᠠᠭ᠎ᠠ ᠶᠢ ᠦᠷᠭᠦᠯᠵᠢᠯᠡᠨ ᠤᠯᠠᠮᠵᠢᠯᠠᠵᠤ᠂ ᠤᠳᠬ᠎ᠠ ᠤᠷᠠᠯᠢᠭ ᠤᠨ ᠰᠢᠨ᠎ᠠ ᠡᠭᠦᠲᠦᠯᠲᠡ ᠶᠢ ᠠᠬᠢᠭᠤᠯᠵᠦ᠂ ᠤᠯᠠᠠ ᠲᠦᠮᠡᠡ ᠲᠠᠢ ᠤᠢᠢᠷᠠᠲᠤᠭᠰᠠᠠ᠂ ᠤᠯᠠᠨ ᠲᠦᠮᠡᠨ ᠤ ᠲᠤᠮᠳᠠ ᠲᠡᠯᠭᠡᠷᠡᠵᠦ ᠲᠠᠭᠠᠰᠢᠶᠠᠭᠳᠠᠭᠰᠠᠨ ᠰᠢᠯᠢᠲᠡᠭ ᠪᠦᠲᠦᠭᠡᠯ ᠢ ᠨᠡᠩ ᠤᠯᠠᠠ ᠵᠤᠬᠢᠶᠠᠨ ᠪᠦᠲᠦᠭᠡᠬᠦ ᠪᠠᠷ ᠴᠢᠷᠮᠠᠶᠢᠵᠦ᠂ ᠦᠪᠦᠷ ᠮᠤᠩᠭᠤᠯ ᠤᠨ ᠤᠳᠬ᠎ᠠ ᠤᠷᠠᠯᠢᠭ ᠤᠨ ᠵᠤᠬᠢᠶᠠᠨ ᠪᠦᠳᠦᠭᠡᠯᠭᠡ ᠶᠢ ︽ᠦᠨᠳᠦᠷᠯᠢᠭ︾᠎ ᠠᠴᠠ ︽ᠤᠷᠬᠢᠯ︾᠎ ᠳᠤ ᠬᠦᠷᠬᠦ ᠳᠠᠪᠠᠯᠳᠠ ᠶᠢ ᠪᠡᠶᠡᠯᠡᠭᠦᠯᠦᠨ᠂ ᠤᠯᠠᠭᠠᠨᠮᠦ᠋ᠴᠢᠷ ᠤᠨ ᠡᠨᠡᠬᠦ ᠤᠯᠠᠭᠠᠨ ᠲᠤᠭ ᠢ ᠮᠠᠨ ᠤ ᠤᠯᠤᠰ ᠤᠨ ᠨᠡᠶᠢᠬᠡᠮ ᠵᠢᠷᠤᠮ ᠤᠨ ᠤᠳᠬ᠎ᠠ ᠤᠷᠠᠯᠢᠭ ᠤᠨ ᠹᠷᠤᠨᠲ ᠳᠡᠭᠡᠷ᠎ᠡ ᠦᠨᠳᠤᠷ ᠮᠠᠨᠳᠤᠭᠤᠯᠤᠶ᠎ᠠ ᠬᠡᠵᠦ ᠵᠢᠭᠠᠵᠦ ᠭᠠᠷᠭᠠᠪᠠ᠃
        ᠤᠯᠠᠭᠠᠨᠮᠦ᠋ᠴᠢᠷ ᠤᠨ ᠶᠠᠷᠢᠯᠴᠠᠬᠤ ᠬᠤᠷᠠᠯ ᠢ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠠᠴᠠ ᠭᠤᠤᠯᠯᠠᠨ ᠡᠷᠬᠢᠯᠡᠵᠤ᠂ ᠳᠤᠮᠳᠠᠳᠤ ᠤᠯᠤᠰ ᠤᠨ ᠤᠷᠠᠯᠢᠭ ᠰᠤᠳᠤᠯᠭᠠᠨ ᠤ ᠬᠦᠷᠢᠶᠡᠯᠡᠩ ᠬᠢᠬᠡᠳ ᠦᠪᠡᠷᠳᠡᠭᠡᠨ ᠵᠠᠰᠠᠬᠤ ᠤᠷᠤᠨ ᠤ ᠰᠤᠶᠤᠯ ᠤᠨ ᠲᠢᠩᠬᠢᠮ ᠠᠴᠠ ᠳᠠᠭᠠᠭᠠᠴᠢᠯᠠᠨ ᠡᠷᠬᠢᠯᠡᠪᠡ᠃ ᠶᠠᠷᠢᠯᠴᠠᠬᠤ ᠬᠤᠷᠠᠯ ᠳᠡᠭᠡᠷ᠎ᠡ ᠹᠧᠩ ᠱᠤᠸᠠᠩ ᠪᠠᠢ᠂ ᠯᠢ ᠴᠧᠨ᠂ ᠯᠦᠸᠧ ᠸᠧᠢ᠂ ᠮᠠᠶᠢᠯᠠᠰᠦ᠂ ᠶᠠᠩ ᠹᠸᠢ ᠶᠦᠨ᠂ ᠴᠤᠭ᠂ ᠴᠢ᠊ · ᠪᠤᠯᠠᠭ᠂ ᠯᡁᠠᠰᠦ᠋ᠷᠦᠩ᠂ ᠮᠦᠩᠬᠡᠵᠢᠷᠭᠠᠯ ᠵᠡᠷᠭᠡ ᠨᠡᠷᠡᠳᠦ ᠡᠷᠳᠡᠮᠳᠡᠨ ᠮᠡᠷᠭᠡᠵᠢᠯᠳᠡᠳ ᠬᠢᠬᠡᠳ ᠠᠬᠠᠮᠠᠳ ᠵᠠᠯᠠᠭᠤ ᠤᠷᠠᠯᠢᠭᠴᠢᠳ ᠲᠤᠰᠬᠠᠢ ᠰᠡᠳᠦᠪᠳᠤ ᠶᠠᠷᠢᠶ᠎ᠠ ᠢᠯᠡᠳᠭᠡᠯ ᠬᠢᠪᠡ᠃    



  
     
     