

ᠰᠢᠨᠬᠤᠸᠠ ᠬᠤᠷᠢᠶ᠎ᠠ 2019 ᠤᠨ ᠤ ᠤᠯᠤᠰ ᠤᠨ ᠲᠤᠲᠤᠭᠠᠲᠤ ᠶᠢᠨ ᠠᠷᠪᠠᠠ ᠶᠡᠭᠡ ᠰᠤᠨᠢᠨ ᠮᠡᠲᠡᠭᠡ ᠶᠢ ᠰᠢᠯᠭᠠᠷᠠᠭᠤᠯᠪᠠ

2019-12-30 11:13
  35
  0


   ᠰᠢᠨᠬᠤᠸᠠ ᠬᠤᠷᠢᠶᠠᠠ ᠤ ᠪᠡᠭᠡᠵᠢᠩ ᠤᠨ 12 ᠰᠠᠷ᠎ᠠ ᠶᠢᠨ 29 ᠤ ᠴᠠᠬᠢᠯᠭᠠᠠ ᠮᠡᠲᠡᠭᠡ ᠠᠴᠠ ᠰᠢᠨᠬᠤᠸᠠ ᠬᠤᠷᠢᠶ᠎ᠠ 2019 ᠤᠨ ᠤ ᠤᠯᠤᠰ ᠤᠨ ᠲᠤᠲᠤᠭᠠᠲᠤ ᠶᠢᠨ ᠠᠷᠪᠠᠠ ᠲᠤᠮᠤ ᠰᠤᠨᠢᠨ ᠮᠡᠲᠡᠭᠡ ᠶᠢ ᠰᠢᠯᠭᠠᠷᠠᠭᠤᠯᠪᠠ᠃
   1᠂ ᠭᠠᠲᠠᠭᠠᠲᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠲᠠ ᠶᠢᠨ ᠬᠠᠤᠯᠢ ᠶᠢ ᠨᠡᠶᠢᠲᠡᠯᠡᠵᠦ ᠦᠨᠲᠦᠷ ᠲᠦᠪᠰᠢᠨ ᠪᠦᠬᠦᠢ ᠭᠠᠲᠠᠭᠠᠲᠤ ᠨᠡᠭᠡᠭᠡᠯᠲᠡ ᠶᠢ ᠠᠬᠢᠭᠤᠯᠪᠠ
   3 ᠰᠠᠷ᠎ᠠ ᠶᠢᠨ 15 ᠤ ᠡᠲᠦᠷ᠂ ᠠᠷᠪᠠᠠ ᠭᠤᠷᠪᠠᠲᠤᠭᠠᠷ ᠬᠤᠭᠤᠴᠠᠭᠠᠠ ᠤ ᠪᠦᠬᠦ ᠤᠯᠤᠰ ᠤᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠬᠤᠶᠠᠲᠤᠭᠠᠷ ᠬᠤᠷᠠᠯ ᠠᠴᠠ ︽ᠪᠦᠬᠦᠲᠠ ᠨᠠᠶᠢᠷᠠᠮᠲᠠᠬᠤ ᠲᠤᠮᠲᠠᠲᠤ ᠠᠷᠠᠳ ᠤᠯᠤᠰ ᠤᠨ ᠭᠠᠲᠠᠭᠠᠲᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠲᠠ ᠶᠢᠨ ᠬᠠᠤᠯᠢ︾ ᠶᠢ ᠪᠠᠲᠤᠯᠠᠵᠤ᠂ 2020 ᠤᠨ ᠤ 1 ᠰᠠᠷ᠎ᠠ ᠶᠢᠨ 1 ᠤ ᠡᠲᠦᠷ ᠠᠴᠠ ᠡᠬᠢᠯᠡᠡ ᠭᠡᠷᠡᠭᠵᠢᠭᠦᠯᠬᠦ ᠪᠠᠷ ᠲᠤᠬᠳᠠᠪᠠ᠃ ᠡᠨᠡ ᠪᠤᠯ ᠨᠠᠮ ᠤᠨ ᠲᠦᠪ ᠬᠤᠷᠢᠶᠠᠠ ᠤ ᠭᠠᠲᠠᠭᠠᠲᠤ ᠨᠡᠭᠡᠭᠡᠯᠲᠡ ᠶᠢ ᠦᠷᠭᠡᠳᠭᠡᠵᠦ᠂ ᠭᠠᠲᠠᠭᠠᠲᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠲᠠ ᠶᠢ ᠠᠬᠢᠭᠤᠯᠬᠤ ᠰᠢᠢᠳᠪᠦᠷᠢᠲᠦ ᠪᠤᠲᠤᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠲᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠠ ᠪᠤᠯᠤᠨ᠎ᠠ᠂ ᠮᠠᠠ ᠤ ᠤᠯᠤᠰ ᠤᠨ ᠭᠠᠲᠠᠭᠠᠲᠤ ᠶᠢᠨ ᠠᠷᠠᠯᠵᠢᠶᠠᠴᠢᠨ ᠤ ᠪᠡᠯᠡ ᠤᠷᠤᠭᠤᠯᠤᠯᠲᠠ ᠶᠢᠨ ᠬᠠᠤᠯᠢ ᠴᠠᠭᠠᠵᠠ ᠲᠦᠷᠢᠮ ᠲᠤᠭᠲᠠᠭᠠᠯ ᠴᠠᠭ ᠦᠶ᠎ᠠ ᠲᠠᠢ ᠵᠡᠷᠭᠡ ᠪᠠᠷ ᠤᠷᠤᠭᠰᠢᠯᠠᠵᠦ ᠬᠦᠭᠵᠢᠯᠲᠠ ᠶᠢ ᠲᠡᠭᠦᠯᠲᠡᠷᠵᠢᠭᠦᠯᠬᠦ ᠪᠤᠰᠤᠳᠴᠢ ᠱᠠᠭᠠᠷᠲᠠᠯᠭ᠎ᠠ ᠪᠤᠯᠤᠨ᠎ᠠ᠂ ᠨᠡᠶᠢᠭᠡᠮ ᠵᠢᠷᠤᠮ ᠤᠨ ᠵᠠᠬ᠎ᠠ ᠲᠡᠯᠭᠡᠭᠦᠷ ᠤᠨ ᠠᠵᠦ ᠠᠬᠤᠢ ᠶᠢᠨ ᠡᠷᠡᠭᠦᠯ ᠬᠦᠭᠵᠢᠯᠲᠠ ᠶᠢ ᠠᠬᠢᠭᠤᠯᠵᠦ ᠠᠵᠦ ᠠᠬᠤᠢ ᠶᠢᠨ ᠴᠢᠨᠠᠷ ᠰᠠᠶᠢᠲᠠᠢ ᠬᠦᠭᠵᠢᠯᠲᠠ ᠶᠢ ᠠᠬᠢᠭᠤᠯᠬᠤ ᠪᠤᠰᠤᠳᠴᠢ ᠱᠠᠭᠠᠷᠲᠠᠯᠭ᠎ᠠ ᠪᠤᠯᠤᠨ᠎ᠠ᠃
   2᠂ ︽ᠨᠢᠭᠡ ᠪᠦᠰᠡ ᠨᠢᠭᠡ ᠵᠠᠮ︾ ᠤᠨ ᠤᠯᠠᠠ ᠤᠯᠤᠰ ᠤᠨ ᠬᠠᠮᠲᠤᠷᠠᠯᠴᠠᠭᠠᠨ ᠤ ᠲᠦᠷᠦᠭᠦᠴᠤᠳ ᠤᠨ ᠶᠠᠷᠢᠶᠠᠠ ᠤ ᠲᠡᠪᠴᠠᠩ ᠵᠡᠷᠭᠡ ᠡᠵᠡᠨ ᠲᠠᠯᠠᠪᠤᠷ ᠤᠨ ᠭᠠᠲᠠᠭᠠᠲᠤ ᠬᠠᠷᠢᠯᠴᠠᠭ᠎ᠠ ᠨᠢ ᠨᠡᠭᠡᠭᠡᠯᠲᠠ ᠬᠢᠵᠥ ᠬᠠᠮᠲᠤᠷᠠᠯᠴᠠᠠ ᠬᠠᠮᠲᠤ ᠪᠠᠷ ᠠᠰᠢᠭ ᠬᠦᠷᠲᠡᠬᠦ ᠶᠢ ᠢᠯᠡᠷᠡᠭᠦᠯᠪᠡ
   4 ᠰᠠᠷ᠎ᠠ ᠶᠢᠨ 25 ᠠᠴᠠ 27 ᠤ ᠡᠲᠦᠷ ᠪᠤᠯᠲᠠᠯ᠎ᠠ᠂ ᠬᠤᠶᠠᠲᠤᠭᠠᠷ ᠬᠤᠭᠤᠴᠠᠭᠠᠠ ᠤ ︽ᠨᠢᠭᠡ ᠪᠦᠰᠡ ᠨᠢᠭᠡ ᠵᠠᠮ︾ ᠤᠨ ᠤᠯᠠᠠ ᠤᠯᠤᠰ ᠤᠨ ᠬᠠᠮᠲᠤᠷᠠᠯᠴᠠᠭᠠᠨ ᠤ ᠲᠦᠷᠦᠭᠦᠴᠤᠳ ᠤᠨ ᠶᠠᠷᠢᠶᠠᠠ ᠤ ᠲᠡᠪᠴᠠᠩ ᠪᠡᠭᠡᠵᠢᠩ ᠳᠤ ᠠᠮᠵᠢᠯᠲᠠ ᠲᠠᠢ ᠶᠠᠪᠤᠭᠲᠠᠵᠦ᠂ 150 ᠤᠯᠤᠰ᠂ 92 ᠤᠯᠠᠠ ᠤᠯᠤᠰ ᠤᠨ ᠵᠤᠬᠢᠶᠠᠠ ᠪᠠᠶᠢᠭᠤᠯᠤᠯᠲᠠ ᠠᠴᠠ ᠬᠦᠷᠦᠯᠴᠡᠨ ᠢᠷᠡᠭᠰᠡᠡ 6000 ᠭᠠᠷᠤᠢ ᠭᠠᠲᠠᠭᠠᠲᠤ ᠶᠢᠨ ᠵᠤᠴᠢᠨ ᠤᠷᠤᠯᠴᠠᠵᠦ᠂ ︽ᠨᠢᠭᠡ ᠪᠦᠰᠡ ᠨᠢᠭᠡ ᠵᠠᠮ︾ ᠢ ᠴᠢᠨᠠᠷ ᠰᠠᠶᠢᠳᠠᠢ ᠬᠠᠮᠲᠤ ᠪᠠᠷ ᠪᠦᠳᠦᠬᠡᠨ ᠪᠠᠶᠢᠭᠤᠯᠬᠤ ᠰᠢᠨ᠎ᠠ ᠱᠠᠲᠤ ‍ᠦᠶ᠎ᠠ ᠶᠢ ᠡᠬᠢᠯᠡᠭᠦᠯᠵᠠᠢ᠃ ᠲᠠᠷᠠᠭ᠎ᠠ ᠨᠢ᠂ ᠪᠡᠭᠡᠵᠢᠩ ᠤᠨ ᠲᠡᠯᠡᠭᠡᠢ ᠶᠢᠨ ᠴᠡᠴᠡᠷᠯᠢᠭᠵᠢᠭᠦᠯᠬᠦ ᠮᠡᠷᠭᠡᠵᠢᠯ ᠤᠨ ᠦᠵᠡᠰᠭᠦᠯᠡᠩ᠂ ᠠᠽᠢᠶ᠎ᠠ ᠲᠢᠪ ᠤᠨ ᠪᠤᠯᠪᠠᠰᠤᠨ ᠤ ᠶᠠᠷᠢᠯᠴᠠᠭᠠᠨ ᠤ ᠶᠡᠭᠡ ᠬᠤᠷᠠᠯ ᠪᠡᠭᠡᠵᠢᠩ ᠳᠤ ᠬᠤᠷᠠᠯᠲᠤᠪᠠ︔ ᠬᠤᠶᠠᠲᠤᠭᠠᠷ ᠬᠤᠭᠤᠴᠠᠭᠠᠠ ᠤ ᠲᠤᠮᠲᠠᠲᠤ ᠤᠯᠤᠰ ᠤᠨ ᠤᠯᠠᠠ ᠤᠯᠤᠰ ᠤᠨ ᠭᠠᠲᠠᠭᠠᠲᠤ ᠤᠷᠤᠭᠤᠯᠤᠯᠲᠠ ᠶᠢᠨ ᠦᠵᠡᠰᠭᠦᠯᠡᠩ ᠤᠨ ᠴᠤᠬᠯᠠᠭᠠᠨ 11 ᠰᠠᠷ᠎ᠠ ᠶᠢᠨ 5 ᠠᠴᠠ 10 ᠤ ᠡᠲᠦᠷ ᠪᠤᠯᠲᠠᠯ᠎ᠠ ᠱᠠᠩᠬᠠᠢ ᠳᠤ ᠶᠠᠪᠤᠭᠲᠠᠪᠠ᠃
   3᠂ ᠪᠦᠬᠦ ᠨᠠᠮ ᠤᠨ ᠬᠡᠪᠴᠢᠶᠡᠨ ᠳᠤ ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ ᠦᠷᠨᠢᠭᠦᠯᠪᠠ
   ︽ᠤᠭ ᠰᠠᠨᠠᠭ᠎ᠠ ᠪᠠᠨ ᠦᠯᠦ ᠮᠠᠷᠲᠠᠵᠦ ᠡᠬᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠲᠦᠪᠲᠦ ᠬᠦᠮᠦᠵᠢᠯ ᠢ 5 ᠰᠠᠷ᠎ᠠ ᠶᠢᠨ ᠡᠴᠤᠰ ᠠᠴᠠ ᠡᠬᠢᠯᠡᠭᠦᠯᠵᠦ᠂ ︽ᠤᠭ ᠰᠠᠨᠠᠭ᠎ᠠ ᠪᠠᠨ ᠰᠠᠬᠢᠬᠤ᠂ ᠡᠬᠦᠷᠭᠡ ᠬᠠᠷᠢᠭᠤᠴᠠᠯᠭ᠎ᠠ ᠡᠬᠦᠷᠭᠡᠯᠡᠬᠦ᠂ ᠵᠦᠷᠢᠶ᠎ᠠ ᠪᠠᠨ ᠡᠷᠢᠵᠦ᠂ ᠨᠠᠶᠢᠲᠠᠪᠤᠷᠢᠵᠢᠭᠤᠯᠤᠯᠲᠠ ᠶᠢ ᠠᠳᠬᠤᠬᠤ︾ ᠶᠡᠷᠦᠩᠭᠡᠢ ᠱᠠᠭᠠᠷᠲᠠᠯᠭ᠎ᠠ ᠶᠤᠰᠤᠭᠠᠷ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠠ ᠲᠤᠭᠤᠰᠢᠯᠠᠭᠤᠯᠵᠦ᠂ ᠦᠨᠡᠡᠴᠢ ᠰᠢᠳᠤᠷᠭᠤ ᠠᠷᠢᠭᠤᠠ ᠴᠢᠭᠡᠴᠢ ᠬᠠᠷᠢᠭᠤᠴᠠᠯᠭ᠎ᠠ ᠡᠬᠦᠷᠬᠡᠯᠡᠳᠡᠭ ᠤᠯᠤᠰ ᠲᠦᠷᠦ ᠶᠢᠨ ᠬᠡᠪ ᠴᠢᠨᠠᠷ ᠢ ᠲᠠᠪᠲᠠᠠ ᠪᠤᠯᠪᠠᠰᠤᠷᠠᠭᠤᠯᠵᠦ᠂ ᠪᠦᠬᠦ ᠤᠯᠤᠰ ᠤᠨ ᠦᠨᠲᠦᠰᠦᠲᠡᠡ ᠨᠦᠭᠦᠳ ᠤᠨ ᠠᠷᠠᠳ ᠲᠦᠮᠡᠡ ᠢ ᠪᠦᠯᠬᠦᠮᠲᠡᠭᠦᠯᠤᠨ ᠲᠠᠭᠠᠭᠤᠯᠵᠤ ᠠᠭᠤᠤ ᠶᠡᠭᠡ ᠬᠦᠰᠡᠯ ᠵᠡᠭᠦᠳᠦ ᠪᠠᠨ ᠲᠡᠷᠭᠡᠯᠰᠢᠭᠦᠯᠬᠦ ᠪᠠᠷ ᠲᠡᠮᠡᠴᠡᠬᠦ ᠪᠠᠷ ᠦᠨᠲᠦᠰᠦᠨ ᠡᠬᠦᠷᠭᠡ ᠪᠠᠨ ᠪᠤᠯᠭᠠᠠ᠂ ᠤᠨᠤᠯ ᠰᠤᠷᠤᠯᠴᠠᠵᠤ ᠤᠯᠤᠯᠳᠠ ᠲᠠᠢ ᠪᠤᠯᠬᠤ᠂ ᠦᠵᠡᠯ ᠰᠠᠨᠠᠭ᠎ᠠ ᠤᠯᠤᠰ ᠲᠦᠷᠦ ᠪᠠᠨ ᠠᠷᠢᠭᠤᠳᠬᠠᠬᠤ᠂ ᠠᠵᠢᠯ ᠬᠢᠵᠤ ᠦᠢᠯᠡᠰ ᠪᠤᠰᠬᠠᠬᠤ ᠳᠤ ᠵᠤᠷᠢᠬᠳᠠᠢ ᠪᠠᠷ ᠡᠭᠦᠷᠭᠡᠯᠡᠬᠦ᠂ ᠠᠷᠠᠳ ᠲᠦᠮᠡᠨ ᠳᠤ ᠦᠢᠯᠡᠴᠢᠯᠡᠵᠤ ᠬᠦᠴᠢᠷ ᠠᠰᠠᠭᠤᠳᠠᠯ ᠢ ᠰᠢᠢᠳᠪᠤᠷᠢᠯᠡᠬᠦ᠂ ᠲᠦᠪ ᠭᠤᠤᠯᠴᠢ ᠠᠷᠢᠭᠤᠨ ᠴᠢᠭᠡᠴᠢ ᠶᠢᠨ ᠲᠠᠭᠤᠷᠢᠶᠠᠯ ᠪᠤᠯᠬᠤ ᠪᠠᠷ ᠪᠤᠲᠠᠲᠠᠢ ᠬᠠᠷᠠᠯᠲᠠ ᠪᠠᠨ ᠪᠤᠯᠭᠠᠵᠦ᠂ ᠪᠦᠬᠦ ᠨᠠᠮ ᠤᠨ ᠬᠡᠪᠴᠢᠶᠡᠨ ᠳᠤ ᠬᠤᠶᠠᠷ ᠪᠦᠯᠦᠭ ᠬᠤᠪᠢᠶᠠᠵᠦ ᠦᠷᠨᠢᠭᠦᠯᠵᠠᠢ᠃
   4᠂ ᠤᠯᠤᠰ ᠤᠨ ᠴᠢᠬᠤᠯᠠ ᠶᠡᠭᠡ ᠤᠷᠤᠨ ᠪᠦᠰᠡ ᠶᠢᠨ ᠪᠠᠶᠢᠯᠲᠤᠬᠤ ᠪᠤᠲᠤᠯᠭ᠎ᠠ ᠶᠢ ᠤᠯᠠᠮ ᠴᠢᠨᠠᠭᠰᠢᠲᠠ ᠲᠡᠭᠦᠯᠲᠡᠷᠵᠢᠭᠦᠯᠪᠠ
   9 ᠰᠠᠷ᠎ᠠ ᠶᠢᠨ 18 ᠤ ᠡᠲᠦᠷ᠂ ᠶᠡᠷᠦᠩᠭᠡᠢ ᠱᠦᠵᠢ ᠰᠢ ᠶᠢᠨ ᠫᠢᠩ ᠵᠧᠩᠵᠸᠤ ᠳᠤ ᠶᠠᠷᠢᠯᠴᠠᠬᠤ ᠬᠤᠷᠠᠯ ᠢ ᠡᠷᠬᠢᠯᠡᠡ ᠬᠤᠷᠠᠯᠲᠤᠭᠤᠯᠤᠭᠰᠠᠠ ᠪᠦᠭᠡᠳ ᠴᠢᠬᠤᠯᠠ ᠶᠠᠷᠢᠶ᠎ᠠ ᠲᠠᠯᠪᠢᠵᠦ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠦᠭᠵᠢᠯᠲᠠ ᠶᠢ ᠪᠡᠭᠡᠵᠢᠩ ᠲᠢᠶᠠᠠᠵᠢᠨ ᠡᡁᠧᠪᠸᠢ ᠶᠢᠨ ᠬᠠᠮᠵᠢᠯᠴᠠᠨ ᠬᠦᠭᠵᠢᠬᠦ᠂ ᠬᠦᠬᠡᠮᠦ᠋ᠷᠠᠠ ᠤ ᠠᠵᠦ ᠠᠬᠤᠢ ᠶᠢᠨ ᠪᠦᠰᠡ ᠶᠢᠨ ᠬᠦᠭᠵᠢᠯᠲᠠ᠂ ᠭᠤᠸᠠᠩᠲᠦ᠋ᠩ ᠰᠢᠶᠠᠩᠭᠠᠩ ᠤᠤᠮᠸᠠ ᠤ ᠶᠡᠭᠡ ᠪᠤᠯᠤᠩ ᠤᠨ ᠤᠷᠤᠨ ᠤ ᠪᠦᠲᠦᠭᠡᠡ ᠪᠠᠶᠢᠭᠤᠯᠤᠯᠲᠠ᠂ ᠬᠦᠬᠡᠮᠦ᠋ᠷᠠᠠ ᠤ ᠭᠤᠷᠪᠠᠯᠵᠢᠨ ᠬᠤᠶᠢᠬ ᠢ ᠨᠢᠭᠡ ᠴᠤᠭᠴᠠᠵᠢᠭᠤᠯᠤᠨ ᠬᠦᠭᠵᠢᠭᠦᠯᠬᠦ ᠲᠠᠢ ᠠᠳᠠᠯᠢ ᠪᠠᠷ ᠤᠯᠤᠰ ᠤᠨ ᠴᠢᠬᠤᠯᠠ ᠶᠡᠭᠡ ᠪᠠᠶᠢᠯᠲᠤᠬᠤ ᠪᠤᠲᠤᠯᠭ᠎ᠠ ᠳᠤ ᠤᠷᠤᠭᠤᠯᠵᠠᠢ᠃
   5᠂ ᠪᠡᠬᠡᠵᠢᠩ ᠤᠨ ᠳ᠋ᠠᠰᠢᠩ ᠤᠯᠠᠨ ᠤᠯᠤᠰ ᠤᠨ ᠨᠢᠰᠬᠡᠯ ᠤᠨ ᠪᠠᠭᠤᠳᠠᠯ ᠵᠡᠷᠬᠡ ᠨᠢᠬᠡ ᠪᠦᠯᠦᠭ ᠴᠢᠬᠤᠯᠠ ᠶᠡᠭᠡ ᠲᠦᠷᠤᠯ ᠵᠦᠢᠯ ᠢ ᠠᠮᠵᠢᠯᠳᠠᠳᠠᠢ ᠭᠡᠷᠡᠭᠵᠢᠬᠦᠯᠪᠠ
   9 ᠰᠠᠷ᠎ᠠ ᠶᠢᠨ 25 ᠤ ᠡᠳᠤᠷ᠂ ᠪᠡᠬᠡᠵᠢᠩ ᠤᠨ ᠳ᠋ᠠᠰᠢᠩ ᠨᠢᠰᠬᠡᠯ ᠤᠨ ᠪᠠᠭᠤᠳᠠᠯ ᠠᠰᠢᠬᠯᠠᠯᠳᠠ ᠳᠤ ᠤᠷᠤᠵᠤ᠂ ᠢᠷᠡᠬᠡᠳᠤᠢ ᠳᠤ ᠵᠢᠯ ᠳᠤ 1 ᠳ᠋ᠦᠩᠰᠢᠭᠤᠷ ᠬᠦᠮᠤᠨ ᠤᠳᠠᠭ᠎ᠠ ᠶᠢᠨ ᠠᠶᠠᠨᠴᠢᠨ ᠤ ᠢᠷᠡᠵᠤ ᠶᠠᠪᠤᠬᠤ ᠭᠡᠷᠡᠭᠴᠡᠭᠡ ᠶᠢ ᠬᠠᠩᠭᠠᠬᠤ ᠪᠤᠯᠤᠨ᠎ᠠ᠃ 12 ᠰᠠᠷ᠎ᠠ ᠶᠢᠨ 17 ᠤ ᠡᠳᠤᠷ᠂ ᠮᠠᠨ ᠤ ᠤᠯᠤᠰ ᠤᠨ ᠠᠩᠬᠠᠳᠠᠬᠴᠢ ᠤᠯᠤᠰ ᠲᠠᠭᠠᠨ ᠤᠢᠢᠯᠡᠳᠪᠤᠷᠢᠯᠡᠭᠰᠡᠨ ᠨᠢᠰᠬᠡᠯ ᠤᠨ ᠰᠠᠭᠤᠷᠢ ᠤᠩᠭᠤᠴᠠ ᠱᠠᠨᠳᠦ᠋ᠩ ᠨᠡᠷᠡᠮᠵᠢᠳᠤ ᠨᠢᠰᠬᠡᠯ ᠤᠨ ᠰᠠᠭᠤᠷᠢ ᠤᠩᠭᠤᠴᠠ ᠶᠢ ᠲᠠᠯᠠᠢ ᠶᠢᠨ ᠴᠡᠷᠢᠭ ᠲᠤ ᠲᠤᠰᠢᠶᠠᠨ ᠦᠭᠪᠡ᠃ ᠨᠢᠬᠡ ᠵᠢᠯ ᠤᠨ ᠲᠤᠷᠰᠢ᠂ ᠨᠢᠬᠡ ᠪᠦᠯᠦᠭ ᠴᠢᠬᠤᠯᠠ ᠶᠡᠭᠡ ᠲᠦᠷᠤᠯ ᠵᠦᠢᠯ ᠲᠠᠰᠤᠷᠠᠯᠳᠠ ᠦᠬᠡᠢ ᠰᠢᠨ᠎ᠠ ᠠᠮᠵᠢᠯᠳᠠ ᠪᠦᠳᠤᠮᠵᠢ ᠤᠯᠪᠠ᠄ 5G ᠶᠢ ᠬᠤᠳᠠᠯᠳᠤᠭᠠᠨ ᠳᠤ ᠭᠡᠷᠡᠭᠯᠡᠬᠦ ᠦᠨᠡᠮᠯᠡᠯ ᠢ ᠵᠢᠩᠬᠢᠨᠢ ᠪᠠᠷ ᠲᠠᠷᠬᠠᠭᠠᠪᠠ︔ ᠴᠠᠩ ᠡᠸ᠋ ᠲᠦᠷᠪᠡᠳᠤᠭᠡᠷ ᠬᠠᠶᠢᠭᠤᠷ ᠠᠩᠬ᠎ᠠ ᠤᠳᠠᠭ᠎ᠠ ᠰᠠᠷᠠᠨ ᠪᠦᠮᠪᠦᠷᠴᠡᠭ ᠤᠨ ᠠᠷᠤ ᠲᠠᠯ᠎ᠠ ᠳᠤ ᠠᠶᠠᠷᠬᠠᠨ ᠪᠠᠭᠤᠪᠠ︔ ᠴᠠᠩ ᠵᠧᠩ ᠲᠠᠪᠤᠳᠤᠭᠠᠷ ᠬᠦᠯᠬᠡ ᠲᠡᠶᠢᠷᠤᠯᠳᠤ ᠰᠤᠮᠤ ᠪᠠᠷ ᠤᠢᠢᠯᠡᠳᠤᠯᠬᠡ ᠬᠤᠷᠢᠳᠤᠭᠠᠷ ᠲᠠᠭᠠᠭᠤᠯᠢ ᠤᠳᠤ ᠶᠢ ᠠᠮᠵᠢᠯᠳᠠᠳᠠᠢ ᠬᠠᠷᠪᠤᠪᠠ︔ ᠡᠨᠡ ᠵᠢᠯ ᠤᠨ ᠡᠴᠤᠰ ᠪᠤᠯᠬᠤ ᠳᠤ᠂ ᠲᠡᠮᠤᠷ ᠵᠠᠮ ᠤᠨ ᠡᠵᠡᠩᠨᠠᠯᠳᠠ ᠶᠢᠨ ᠵᠠᠮ ᠤᠨ ᠤᠷᠳᠤ ᠶᠢᠨ ᠬᠡᠮᠵᠢᠶ᠎ᠡ 13.9 ᠲᠦᠮᠡᠨ ᠺᠢᠯᠤᠮᠧᠲᠷ ᠢ ᠲᠠᠪᠠᠪᠠ᠂ ᠲᠦᠷᠬᠡᠨ ᠤ ᠲᠠᠮᠤᠷ ᠵᠠᠮ 3.5 ᠲᠦᠮᠡᠨ ᠺᠢᠯᠤᠮᠧᠲᠷ ᠲᠤ ᠬᠦᠷᠴᠤ᠂ ᠲᠡᠯᠡᠬᠡᠢ ᠶᠢᠨ ᠲᠡᠷᠢᠬᠦᠨ ᠳᠤ ᠤᠷᠤᠵᠠᠢ᠃
   6᠂ ᠰᠢᠨ᠎ᠠ ᠳᠤᠮᠳᠠᠳᠤ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠦᠪᠡᠳᠡᠭᠰᠢ ᠶᠡᠭᠡ ᠪᠠᠷ ᠪᠡᠯᠬᠡᠯᠡᠪᠡ
   10 ᠰᠠᠷ᠎ᠠ ᠶᠢᠨ 1 ᠤ ᠦᠳᠡ ᠶᠢᠨ ᠡᠮᠤᠨ᠎ᠠ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠶᠡᠭᠡ ᠬᠤᠷᠠᠯ ᠪᠡᠬᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠬᠳᠠᠵᠤ᠂ 20 ᠲᠦᠮᠡ ᠭᠠᠷᠤᠢ ᠴᠡᠷᠢᠭ ᠠᠷᠠᠳ ᠦᠪᠡᠳᠡᠭᠰᠢ ᠶᠡᠭᠡ ᠴᠡᠷᠢᠭ ᠤᠨ ᠵᠢᠭᠰᠠᠭᠠᠯ ᠰᠢᠯᠭᠠᠨ ᠦᠵᠡᠬᠦ ᠶᠤᠰᠤᠯᠠᠯ ᠪᠠ ᠤᠯᠠᠨ ᠲᠦᠮᠡᠨ ᠤ ᠵᠢᠭᠰᠠᠭᠠᠯ ᠵᠠᠪᠤᠭᠤᠯᠵᠤ ᠰᠢᠨ᠎ᠡ ᠲᠤᠮᠳᠠᠳᠤ ᠤᠯᠤᠰ ᠤᠨ 70 ᠵᠢᠯ ᠤᠨ ᠤᠢ ᠶᠢ ᠪᠡᠯᠬᠡᠯᠡᠪᠡ᠃ ᠨᠠᠮ ᠤᠨ ᠲᠦᠪ ᠬᠤᠷᠢᠶᠡᠨ ᠤ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ ᠶᠠᠪᠤᠳᠠᠯ ᠤᠨ ᠬᠤᠷᠢᠶᠡᠨ ᠤ ᠲᠡᠷᠢᠬᠦᠯᠡᠭᠴᠢ ᠰᠢ ᠶᠢᠨ ᠫᠢᠩ ᠴᠢᠬᠤᠯᠠ ᠶᠠᠷᠢᠶ᠎ᠠ ᠲᠠᠯᠪᠢᠭᠰᠠᠠ ᠪᠦᠬᠡᠳ ᠴᠡᠷᠢᠭ ᠠᠩᠬᠢ ᠶᠢ ᠰᠢᠯᠭᠠᠨ ᠦᠵᠡᠪᠡ᠃ 1 ᠤ ᠤᠷᠤᠢ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠬᠠᠮᠳᠤᠷᠠᠬᠰᠠᠨ ᠦᠳᠡᠰᠢᠯᠡᠭᠡ ᠪᠡᠬᠡᠵᠢᠩ ᠤᠨ ᠲᠢᠶᠠᠨ ᠠᠨ ᠮᠧᠨ ᠠᠭᠤᠳᠠᠮ ᠲᠠᠯᠠᠪᠠᠢ ᠳᠤ ᠦᠪᠡᠳᠡᠭᠰᠢ ᠶᠡᠭᠡ ᠪᠠᠷ ᠶᠠᠪᠤᠬᠳᠠᠪᠠ᠃
   7᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠠᠴᠠ ︽ᠳᠤᠮᠳᠠᠳᠤ ᠤᠯᠤᠰ ᠤᠨ ᠵᠠᠰᠠᠯᠳᠠ︾ ᠶᠢᠨ ᠰᠢᠨ᠎ᠠ ᠵᠢᠷᠤᠬ ᠲᠦᠯᠤᠪᠯᠡᠭᠡ ᠶᠢ ᠲᠦᠰᠦᠪᠯᠡᠪᠡ
   10 ᠰᠠᠷ᠎ᠠ ᠶᠢᠨ 28 ᠠᠴᠠ 31 ᠤ ᠡᠳᠤᠷ ᠪᠤᠯᠳᠠᠯ᠎ᠠ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠤᠳᠤᠭᠡᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠤᠭᠡᠷ ᠪᠦᠬᠦᠳᠠ ᠬᠤᠷᠠᠯ ᠪᠡᠬᠡᠵᠢᠩ ᠳᠤ ᠬᠤᠷᠠᠯᠳᠤᠪᠠ᠃ ᠬᠤᠷᠠᠯ ᠠᠴᠠ ︽ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠴᠢᠬᠤᠯᠠ ᠶᠡᠭᠡ ᠠᠰᠠᠭᠤᠳᠠᠯ ᠤᠳ ᠤᠨ ᠲᠤᠬᠠᠢ ᠳᠤᠮᠳᠠᠳᠤ ᠤᠯᠤᠰ ᠤᠨ ᠡᠪ ᠬᠠᠮᠳᠤ ᠨᠠᠮ ᠤᠨ ᠲᠦᠪ ᠬᠤᠷᠢᠶᠠᠨ ᠤ ᠲᠤᠭᠳᠠᠭᠠᠯ︾ ᠢ ᠬᠢᠨᠠᠨ ᠵᠦᠪᠯᠡᠵᠤ ᠪᠠᠳᠤᠯᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠶᠢᠭᠤᠯᠤᠬᠰᠠᠨ ᠲᠡᠤᠬᠡᠳᠤ ᠴᠢᠨᠠᠷᠳᠠᠢ ᠠᠮᠵᠢᠯᠳᠠ ᠪᠦᠳᠤᠮᠵᠢ ᠶᠢ ᠪᠦᠬᠦ ᠲᠠᠯ᠎ᠠ ᠪᠠᠷ ᠳ᠋ᠦᠩᠨᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠪᠤᠯᠤᠨ ᠤᠯᠤᠰ ᠤᠨ ᠵᠠᠰᠠᠯᠳᠠ ᠶᠢᠨ ᠰᠢᠰᠲ᠋ᠧᠮ ᠤᠨ ᠢᠯᠡᠳᠳᠡ ᠲᠠᠪᠠᠭᠤᠯᠢᠬ ᠢ ᠲᠦᠪᠯᠡᠷᠡᠬᠦᠯᠤᠨ ᠬᠤᠷᠢᠶᠠᠩᠭᠤᠢᠢᠯᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠲᠤᠯᠭᠠᠭᠤᠷᠢᠯᠠᠵᠤ ᠪᠦᠬᠦᠢ ᠦᠨᠳᠤᠰᠤᠨ ᠪᠠᠶᠢᠭᠤᠯᠤᠯ᠂ ᠰᠠᠭᠤᠷᠢ ᠪᠠᠶᠢᠭᠤᠯᠤᠯ᠂ ᠴᠢᠬᠤᠯᠠ ᠪᠠᠶᠢᠭᠤᠯᠤᠯ ᠢ ᠬᠦᠨᠵᠡᠬᠡᠢ ᠳᠤᠳᠤᠷᠬᠠᠢᠢᠯᠠᠨ ᠦᠬᠦᠯᠠᠵᠤ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠪᠠᠶᠢᠭᠤᠯᠤᠯ ᠢ ᠪᠠᠷᠢᠮᠳᠠᠯᠠᠨ ᠲᠡᠬᠦᠯᠳᠡᠷᠵᠢᠬᠦᠯᠬᠦ᠂ ᠤᠯᠤᠰ ᠤᠨ ᠵᠠᠰᠠᠯᠳᠠ ᠶᠢᠨ ᠰᠢᠰᠲ᠋ᠧᠮ ᠪᠤᠯᠤᠨ ᠵᠠᠰᠠᠯᠳᠠ ᠶᠢᠨ ᠴᠢᠳᠠᠪᠤᠷᠢ ᠶᠢᠨ ᠤᠳᠤᠬᠢᠴᠢᠯᠠᠯᠳᠠ ᠶᠢ ᠠᠬᠢᠭᠤᠯᠬᠤ ᠶᠠᠷᠤᠩᠬᠡᠢ ᠱᠠᠭᠠᠷᠳᠠᠯᠭ᠎ᠠ᠂ ᠶᠠᠷᠤᠩᠬᠡᠢ ᠬᠠᠷᠠᠯᠳᠠ ᠪᠤᠯᠤᠨ ᠴᠢᠬᠤᠯᠠ ᠡᠬᠦᠷᠬᠡ ᠶᠢ ᠳᠤᠳᠤᠷᠬᠠᠢᠢᠯᠠᠵᠠᠢ᠃
   8. ᠲᠤᠮᠳᠠᠳᠤ ᠤᠯᠤᠰ ᠤᠨ ᠠᠵᠤ ᠠᠬᠤᠢ ᠲᠤᠬᠳᠠᠭᠤᠨ ᠤ ᠲᠤᠮᠳᠠ ᠰᠠᠶᠢᠵᠢᠷᠠᠵᠤ ᠬᠦᠴᠢᠷ ᠢ ᠰᠦᠷᠦᠨ ᠤᠷᠤᠬᠰᠢᠯᠠᠪᠠ
   12 ᠰᠠᠷ᠎ᠡ ᠶᠢᠨ 10 ᠠᠴᠠ 12 ᠤᠨ ᠡᠳᠦᠷ ᠪᠤᠯᠳᠠᠯ᠎ᠡ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ ᠬᠤᠷᠠᠯ ᠠᠴᠠ᠂ ᠡᠨᠡ ᠵᠢᠯ ᠠᠴᠠ ᠨᠠᠭᠠᠰᠢ᠂ ᠤᠯᠤᠰ ᠤᠨ ᠲᠤᠳᠤᠭᠠᠳᠤ ᠭᠠᠳᠠᠭᠠᠳᠤ ᠶᠢᠨ ᠠᠶᠤᠯ ᠲᠦᠭᠰᠢᠬᠦᠷᠢ ᠦᠷᠢᠰᠦᠯᠳᠦᠭᠡᠨ ᠮᠡᠳᠡᠭᠳᠡᠮ᠎ᠡ ᠲᠡᠭᠡᠭᠰᠢᠯᠡᠭᠰᠡᠨ ᠪᠤᠳᠤᠯᠢᠶᠠᠨᠳᠠᠢ ᠪᠠᠶᠢᠳᠠᠯ ᠲᠤᠤᠷ᠎ᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠡᠨ ᠨᠠᠮ ᠤᠨ ᠲᠦᠪ ᠬᠤᠷᠢᠶᠠᠨ ᠤ ᠪᠠᠳᠤ ᠴᠢᠩᠭ᠎ᠠ ᠤᠳᠤᠷᠢᠳᠤᠯᠭ᠎ᠠ ᠲᠤᠤᠷ᠎ᠡ᠂ ᠪᠦᠬᠦ ᠨᠠᠮ ᠪᠦᠬᠦ ᠤᠯᠤᠰ ᠢᠶᠠᠷ ᠢᠶᠠᠨ ᠨᠠᠮ ᠤᠨ ᠲᠦᠪ ᠬᠤᠷᠢᠶᠠᠨ ᠤ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠲᠤᠭᠤᠰᠢᠯᠠᠭᠤᠯᠵᠤ᠂ ᠲᠤᠬᠳᠠᠭᠤᠨ ᠤ ᠲᠤᠮᠳᠠ ᠤᠷᠤᠬᠰᠢᠯᠠᠨ ᠲᠠᠪᠰᠢᠬᠤ ᠠᠵᠢᠯ ᠤᠨ ᠶᠡᠷᠤᠩᠭᠡᠢ ᠬᠦᠭ ᠠᠶᠠᠰ ᠢ ᠪᠠᠷᠢᠮᠳᠠᠯᠠᠵᠤ᠂ ᠴᠢᠨᠠᠷ ᠰᠠᠶᠢᠳᠠᠢ ᠬᠦᠭᠵᠢᠯᠳᠠ ᠶᠢ ᠠᠬᠢᠭᠤᠯᠵᠤ᠂ ︽ᠵᠢᠷᠭᠤᠭ᠎ᠠ ᠶᠢ ᠲᠤᠬᠳᠠᠪᠤᠷᠢᠵᠢᠭᠤᠯᠬᠤ︾ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠤ᠂ ᠠᠵᠤ ᠠᠬᠤᠢ ᠨᠡᠶᠢᠭᠡᠮ ‍ᠦᠷᠬᠦᠯᠵᠢᠯᠡᠨ ᠡᠷᠡᠬᠦᠯ ᠢᠶᠠᠷ ᠬᠦᠭᠵᠢᠬᠦ ᠶᠢ ᠪᠠᠳᠤᠯᠠᠵᠤ᠂ ︽ᠠᠷᠪᠡᠨ ᠭᠤᠷᠪᠠᠳᠤᠭᠠᠷ ᠲᠠᠪᠤᠨ ᠵᠢᠯ︾ ᠤᠨ ᠲᠦᠯᠦᠪᠵᠢᠬᠦᠯᠭᠡ ᠶᠢᠨ ᠭᠤᠤᠯ ᠬᠦᠢᠴᠡᠳᠭᠡᠯ ᠲᠤᠭ᠎ᠠ ᠶᠢᠨ ᠠᠬᠢᠴᠠ ᠵᠢᠱᠢᠯᠳᠠ ᠲᠠᠢ ᠨᠠᠶᠢᠴᠡᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠡ ᠪᠠᠷ ᠪᠠᠶᠠᠯᠡᠬᠦᠯᠬᠦ ᠠᠵᠢᠯ ᠴᠢᠬᠤᠯᠠ ᠶᠡᠭᠡ ᠰᠢᠨ᠎ᠡ ᠠᠬᠢᠴᠠ ᠲᠠᠢ ᠪᠤᠯᠵᠠᠢ᠃
   9. ᠲᠤᠮᠳᠠᠳᠤ ᠠᠮᠧᠷᠢᠺᠠ ᠶᠢᠨ ᠨᠢᠭᠡᠳᠦᠭᠡᠷ ᠱᠠᠳᠤᠨ ᠤ ᠠᠵᠤ ᠠᠬᠤᠢ ᠠᠷᠠᠯᠵᠢᠶᠠᠨ ᠤ ᠵᠦᠪᠯᠡᠯᠴᠡᠭᠡᠷ ᠤᠨ ᠪᠢᠴᠢᠭ ᠮᠠᠲ᠋ᠧᠷᠢᠶᠠᠯ ᠤᠨ ᠲᠤᠬᠠᠢ ᠰᠠᠨᠠᠯ ᠨᠢᠭᠡᠳᠪᠠ
   12 ᠰᠠᠷ᠎ᠡ ᠶᠢᠨ 13 ᠤ ᠡᠳᠦᠷ᠂ ᠲᠤᠮᠳᠠᠳᠤ ᠤᠯᠤᠰ ᠲᠤᠮᠳᠠᠳᠤ ᠠᠮᠧᠷᠢᠺᠠ ᠶᠢᠨ ᠨᠢᠭᠡᠳᠦᠭᠡᠷ ᠱᠠᠳᠤᠨ ᠤ ᠠᠵᠤ ᠠᠬᠤᠢ ᠠᠷᠠᠯᠵᠢᠶᠠᠨ ᠤ ᠵᠦᠪᠯᠡᠯᠴᠡᠭᠡᠷ ᠤᠨ ᠲᠤᠬᠠᠢ ᠢᠯᠡᠷᠭᠡᠶᠢᠯᠡᠯᠳᠠ ᠶᠢ ᠨᠡᠶᠢᠳᠡᠯᠡᠵᠤ᠂ ᠲᠤᠮᠳᠠᠳᠤ ᠠᠮᠧᠷᠢᠺᠠ ᠬᠤᠶᠠᠷ ᠤᠯᠤᠰ ᠤᠨ ᠠᠵᠤ ᠠᠬᠤᠢ ᠠᠷᠠᠯᠵᠢᠶᠠᠨ ᠤ ᠪᠦᠯᠬᠦᠮ ᠤᠨ ᠬᠠᠮᠳᠤ ᠶᠢᠨ ᠴᠢᠷᠮᠠᠶᠢᠯᠭ᠎ᠠ ᠪᠠᠷ ᠲᠠᠮᠵᠢᠵᠤ᠂ ᠬᠤᠶᠠᠷ ᠲᠠᠯ᠎ᠡ ᠪᠠᠷ ᠢᠶᠠᠨ ᠡᠷᠭᠡ ᠲᠡᠭᠰᠢ ᠪᠠᠶᠢᠬᠤ ᠪᠠ ᠬᠠᠷᠢᠯᠴᠠᠨ ᠬᠦᠨᠳᠦᠳᠭᠡᠬᠦ ᠵᠡᠷᠴᠢᠮ ᠤᠨ ᠰᠠᠭᠤᠷᠢᠨ ᠳᠤ᠂ ᠲᠤᠮᠳᠠᠳᠤ ᠠᠮᠧᠷᠢᠺᠠ ᠶᠢᠨ ᠨᠢᠭᠡᠳᠦᠭᠡᠷ ᠱᠠᠳᠤᠨ ᠤ ᠠᠵᠤ ᠠᠬᠤᠢ ᠠᠷᠠᠯᠵᠢᠶᠠᠨ ᠤ ᠵᠦᠪᠯᠡᠯᠴᠡᠭᠡᠷ ᠤᠨ ᠪᠢᠴᠢᠭ ᠮᠠᠲ᠋ᠧᠷᠢᠶᠠᠯ ᠤᠨ ᠲᠤᠬᠠᠢ ᠰᠠᠨᠠᠯ ᠨᠢᠭᠡᠳᠪᠠ᠃ ᠨᠢᠭᠡᠳᠦᠭᠡᠷ ᠱᠠᠳᠤᠨ ᠤ ᠵᠦᠪᠯᠡᠯᠴᠡᠭᠡᠷ ᠢ ᠲᠤᠬᠢᠷᠠᠯᠴᠠᠬᠰᠡᠨ ᠨᠢ ᠲᠤᠮᠳᠠᠳᠤ ᠤᠯᠤᠰ ᠲᠤ ᠠᠰᠢᠬᠳᠠᠢ᠂ ᠠᠮᠧᠷᠢᠺᠠ ᠳᠤ ᠠᠰᠢᠬᠳᠠᠢ ᠪᠦᠭᠡᠳ ᠲᠡᠯᠡᠭᠡᠢ ᠳ᠋ᠠᠬᠢᠨ ᠳᠤ ᠠᠰᠢᠬᠳᠠᠢ ᠶᠤᠮ᠃
   10. ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠴᠢᠭᠯᠡᠯᠳᠠ ᠶᠢ ᠪᠠᠷᠢᠮᠳᠠᠯᠠᠵᠤ᠂ ᠭᠠᠳᠠᠭᠠᠳᠤ ᠶᠢᠨ ᠬᠦᠴᠦᠨ ᠤ ᠰᠢᠶᠠᠩᠭᠠᠩ᠂ ᠤᠤᠮᠸᠠ ᠤ ᠶᠠᠪᠤᠳᠠᠯ ᠳᠤ ᠭᠠᠷ ᠲᠦᠷᠦᠬᠦ ᠶᠢ ᠡᠰᠡᠷᠬᠦᠴᠡᠪᠠ
   11 ᠰᠠᠷ᠎ᠡ ᠶᠢᠨ 14 ᠤ ᠡᠳᠦᠷ᠂ ᠤᠯᠤᠰ ᠤᠨ ᠲᠡᠷᠢᠬᠦᠯᠡᠭᠴᠢ ᠰᠢ ᠶᠢᠨ ᠫᠢᠩ ᠪᠷᠠᠽᠢᠯ ᠳᠤ ᠠᠯᠳᠠᠨ ᠲᠤᠭᠤᠰᠬ᠎ᠠ ᠤᠯᠤᠰ ᠤᠳ ᠤᠨ ᠤᠳᠤᠷᠢᠳᠬᠤ ᠬᠦᠮᠦᠰ ᠤᠨ ᠠᠷᠪᠡᠨ ᠨᠢᠭᠡᠳᠦᠭᠡᠷ ᠤᠳᠠᠭ᠎ᠠ ᠶᠢᠨ ᠠᠭᠤᠯᠵᠠᠯᠳᠠ ᠳᠤ ᠤᠷᠤᠯᠴᠠᠵᠤ ᠪᠠᠶᠢᠬᠤ ᠬᠤᠭᠤᠴᠠᠭᠠᠨ ᠳᠤ ᠶᠠᠷᠢᠶ᠎ᠡ ᠲᠠᠯᠪᠢᠵᠤ᠂ ᠰᠢᠶᠠᠩᠭᠠᠩ ᠤᠨ ᠬᠦᠴᠦᠷᠭᠡᠭᠯᠡᠯ ᠢ ᠬᠤᠷᠢᠬᠯᠡᠨ ᠰᠠᠮᠠᠭᠤᠷᠠᠯ ᠢ ᠵᠤᠬᠰᠤᠭᠠᠬᠤ᠂ ᠡᠮᠬᠢ ᠲᠢᠭᠯᠢᠮ ᠢ ᠰᠡᠷᠭᠦᠭᠡᠬᠦ ᠲᠤᠬᠠᠢ ᠵᠤᠬᠰᠤᠯᠳᠠ ᠪᠠ ᠤᠪᠤᠷ ᠢᠶᠠᠨ ᠲᠤᠳᠤᠷᠬᠠᠢᠢᠯᠠᠪᠠ᠃ 12 ᠰᠠᠷ᠎ᠡ ᠶᠢᠨ 16 ᠤ ᠡᠳᠦᠷ᠂ ᠰᠢ ᠶᠢᠨ ᠫᠢᠩ ᠵᠦᠩ ᠨᠠᠨ ᠬᠠᠢ ᠳᠤ ᠪᠡᠭᠡᠵᠢᠩ ᠳᠤ ᠲᠤᠰᠢᠶᠠᠯ ᠤᠨ ᠮᠡᠳᠡᠭᠦᠯᠤᠯᠳᠡ ᠬᠢᠬᠦ ᠪᠠᠷ ᠢᠷᠡᠭᠰᠡᠨ ᠰᠢᠶᠠᠩᠭᠠᠩ ᠤᠨᠴᠠᠭᠠᠢ ᠵᠠᠰᠠᠭ ᠵᠠᠬᠢᠷᠭᠠᠨ ᠤ ᠤᠷᠤᠨ ᠤ ᠵᠠᠰᠠᠭ ᠵᠠᠬᠢᠷᠭᠠᠨ ᠤ ᠲᠠᠷᠤᠭ᠎ᠠ ᠯᠢᠨ ᠵᠧᠩ ᠶᠤᠸᠠᠢ ᠡᠸ᠋ ᠲᠠᠢ ᠠᠭᠤᠯᠵᠠᠵᠤ᠂ ᠮᠠᠨ ᠤ ᠤᠯᠤᠰ ᠤᠨ ᠡᠷᠭᠡ ᠮᠡᠳᠡᠯ᠂ ᠠᠮᠤᠷ ᠲᠦᠪᠰᠢᠨ᠂ ᠬᠦᠭᠵᠢᠯᠳᠠ ᠶᠢᠨ ᠠᠰᠢᠭ ᠲᠤᠰᠠ ᠪᠠᠨ ᠬᠠᠮᠠᠭᠠᠯᠠᠬᠤ ᠡᠷᠴᠢ ᠵᠤᠷᠢᠭ ᠡᠷᠡᠰ ᠭᠤᠶᠢᠪᠢᠰᠢ ᠦᠭᠡᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠴᠢᠭᠯᠡᠯᠳᠠ ᠶᠢ ᠲᠤᠭᠤᠰᠢᠯᠠᠭᠤᠯᠬᠤ ᠡᠷᠴᠢ ᠵᠤᠷᠢᠭ ᠡᠷᠡᠰ ᠭᠤᠶᠢᠪᠢᠰᠢ ᠦᠭᠡᠢ᠂ ᠶᠠᠮᠠᠷᠪᠡ ᠭᠠᠳᠠᠭᠠᠳᠤ ᠶᠢᠨ ᠬᠦᠴᠦᠨ ᠤ ᠰᠢᠶᠠᠩᠭᠠᠩ ᠤᠨ ᠶᠠᠪᠤᠳᠠᠯ ᠳᠤ ᠭᠠᠷ ᠲᠦᠷᠦᠬᠦ ᠶᠢ ᠡᠰᠡᠷᠬᠦᠴᠡᠬᠦ ᠡᠷᠴᠢ ᠵᠤᠷᠢᠭ ᠡᠷᠡᠰ ᠭᠤᠶᠢᠪᠢᠰᠢ ᠦᠭᠡᠢ ᠭᠡᠳᠡᠭ ᠢ ᠲᠠᠬᠢᠨᠳᠠ ᠴᠢᠬᠤᠯᠠᠴᠢᠯᠠᠪᠠ᠃ 12 ᠰᠠᠷ᠎ᠡ ᠶᠢᠨ 20 ᠤ ᠡᠳᠦᠷ᠂ ᠤᠤᠮᠸᠠ ᠡᠭᠡ ᠤᠯᠤᠰ ᠲᠠᠭᠠᠨ ᠪᠤᠴᠠᠵᠤ ᠢᠷᠡᠭᠰᠡᠨ 20 ᠵᠢᠯ ᠤᠨ ᠤᠢ ᠶᠢ ᠪᠠᠯᠭᠡᠯᠡᠬᠦ ᠶᠡᠭᠡ ᠬᠤᠷᠠᠯ ᠵᠢᠴᠢ ᠤᠤᠮᠸᠠ ᠤᠨᠴᠠᠭᠠᠢ ᠵᠠᠰᠠᠭ ᠵᠠᠬᠢᠷᠭᠠᠨ ᠤ ᠤᠷᠤᠨ ᠤ ᠲᠠᠪᠤᠳᠤᠭᠠᠷ ᠬᠤᠭᠤᠴᠠᠭᠠᠨ ᠤ ᠵᠠᠰᠠᠭ ᠤᠨ ᠤᠷᠳᠤᠨ ᠤ ᠲᠤᠰᠢᠶᠠᠯ ᠳᠤ ᠭᠠᠷᠬᠤ ᠶᠤᠰᠤᠯᠠᠯ ᠤᠤᠮᠸᠠ ᠳᠤ ᠦᠪᠡᠳᠡᠭᠰᠢ ᠶᠡᠭᠡ ᠪᠠᠷ ᠶᠠᠪᠤᠬᠳᠠᠪᠠ᠂ ᠰᠢ ᠶᠢᠨ ᠫᠢᠩ ᠶᠤᠰᠤᠯᠠᠯ ᠳᠤ ᠤᠷᠤᠯᠴᠠᠵᠤ ᠴᠢᠬᠤᠯᠠ ᠶᠠᠷᠢᠶ᠎ᠡ ᠲᠠᠯᠪᠢᠬᠤ ᠳᠠᠭᠠᠨ᠂ ᠶᠠᠮᠠᠷᠪᠡ ᠭᠠᠳᠠᠭᠠᠳᠤ ᠶᠢᠨ ᠬᠦᠴᠦᠨ ᠤ ᠰᠢᠶᠠᠩᠭᠠᠩ᠂ ᠤᠤᠮᠸᠠ ᠤ ᠶᠠᠪᠤᠳᠠᠯ ᠳᠤ ᠭᠠᠷ ᠲᠦᠷᠦᠬᠦ ᠶᠢ ᠤᠬᠳᠤ ᠵᠦᠪᠰᠢᠶᠡᠷᠡᠬᠦ ᠦᠭᠡᠢ ᠭᠡᠵᠤ ᠵᠢᠭᠠᠵᠤ ᠭᠠᠷᠭᠠᠪᠠ᠃



  
     
     