

ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠳᠤ ᠪᠠᠷ ᠰᠤᠷᠤᠯᠴᠠᠪᠠ

2019-12-08 13:09
  33
  0
ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠤᠨᠤᠯ ᠰᠤᠷᠤᠯᠴᠠᠬᠤ ᠭᠤᠤᠯ ᠳᠤᠭᠤᠢᠢᠯᠠᠩ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠬᠠᠮᠳᠤ ᠪᠠᠷ ᠰᠤᠷᠤᠯᠴᠠᠪᠠ
 
  12 ᠰᠠᠷ᠎ᠠ ᠶᠢᠨ 5 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠣᠨᠣᠯ ᠰᠤᠷᠤᠯᠴᠠᠬᠤ ᠭᠤᠤᠯ ᠳᠤᠭᠤᠢᠢᠯᠠᠩ 2019 ᠣᠨ ᠤ 7 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠬᠢᠵᠦ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠡᠵᠡᠮᠰᠢᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠱᠦᠵᠢ ᠪᠦ᠋ ᠰᠢᠶᠣᠤ ᠯᠢᠨ ᠰᠤᠷᠤᠯᠴᠠᠯᠭ᠎ᠠ ᠶᠢᠨ ᠬᠤᠷᠠᠯ ᠢ ᠡᠷᠬᠢᠯᠡᠪᠡ᠃
  ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠤᠨ ᠵᠠᠰᠠᠯᠲᠠ ᠶᠢᠨ ᠰᠢᠰᠲ᠋ᠧᠮ ᠤᠨ ᠢᠯᠡᠳᠳᠠ ᠳᠠᠪᠠᠭᠤᠯᠢᠭ᠂ ᠨᠠᠮ ᠤᠨ ᠤᠳᠤᠷᠢᠳᠬᠤ ᠳᠦᠷᠢᠮ ᠤᠨ ᠰᠢᠰᠲ᠋ᠧᠮ ᠢ ᠪᠠᠷᠢᠮᠲᠠᠯᠠᠨ ᠲᠡᠭᠦᠯᠳᠡᠷᠵᠢᠭᠦᠯᠬᠦ ᠪᠠᠷ ᠭᠤᠤᠯᠳᠠᠭᠤᠯᠤᠨ ᠰᠤᠳᠤᠯᠤᠨ ᠶᠠᠷᠢᠯᠴᠠᠵᠦ᠂ ᠰᠤᠷᠤᠯᠴᠠᠭᠰᠠᠨ ᠤᠯᠤᠯᠳᠠ ᠲᠥᠷᠥᠭᠳᠡᠯ ᠢᠶᠠᠨ ᠰᠣᠯᠢᠯᠴᠠᠪᠠ᠃
  ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠳᠥᠷᠪᠡᠳᠦᠭᠡᠷ ᠪᠥᠬᠦᠳᠡ ᠬᠤᠷᠠᠯ ᠠᠴᠠ ᠠᠩᠬ᠎ᠠ ᠤᠳᠠᠭ᠎ᠠ ᠮᠠᠨ ᠤ ᠤᠯᠤᠰ ᠤᠨ ᠤᠯᠤᠰ ᠤᠨ ᠪᠠᠶᠢᠭᠤᠯᠤᠯ ᠪᠣᠯᠤᠨ ᠤᠯᠤᠰ ᠤᠨ ᠵᠠᠰᠠᠯᠲᠠ ᠶᠢᠨ ᠰᠢᠰᠲ᠋ᠧᠮ ᠤᠨ ᠣᠯᠠᠨ ᠲᠠᠯ᠎ᠠ ᠶᠢᠨ ᠢᠯᠡᠳᠲᠡ ᠳᠠᠪᠠᠭᠤᠯᠢᠭ ᠢ ᠰᠢᠰᠲ᠋ᠧᠮ ᠲᠠᠢ ᠬᠤᠷᠢᠶᠠᠩᠭᠤᠶᠢᠯᠠᠪᠠ᠂ ᠡᠳᠡᠭᠡᠷ ᠢᠯᠡᠳᠲᠡ ᠳᠠᠪᠠᠭᠤᠯᠢᠭ ᠪᠣᠯ ᠪᠢᠳᠡᠨ ᠤ ︽ᠳᠥᠷᠪᠡᠨ ᠢᠲᠡᠭᠡᠯ︾ ᠢᠶᠠᠨ ᠪᠠᠲᠤᠳᠬᠠᠬᠤ ᠶᠢᠨ ᠦᠨᠳᠦᠰᠦᠨ ᠦᠨᠳᠦᠰᠦᠯᠡᠯ ᠪᠣᠯᠤᠨ᠎ᠠ᠃ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ 70 ᠵᠢᠯ ᠤᠨ ᠲᠤᠷᠰᠢ᠂ ᠮᠠᠨ ᠤ ᠤᠯᠤᠰ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠤᠬᠡᠨ ᠳᠡᠭᠡᠷᠡᠬᠢ ᠭᠠᠶᠢᠬᠠᠮᠰᠢᠭ ᠢ ᠡᠭᠦᠳᠴᠡᠶ᠂ ᠡᠭᠦᠨ ᠳᠤ ᠬᠠᠮᠤᠭ ᠤᠨ ᠦᠨᠳᠦᠰᠦᠨ ᠵᠦᠶ᠋ᠯ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠪᠠᠶᠢᠭᠤᠯᠤᠨ ᠲᠡᠭᠦᠯᠳᠡᠷᠵᠢᠭᠦᠯᠦᠭᠰᠡᠨ ᠶᠠᠪᠤᠳᠠᠯ ᠪᠣᠯᠤᠨ᠎ᠠ᠃ ᠪᠢᠳᠡ ᠢᠮᠠᠭᠲᠠ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠳᠤ ᠳᠡᠭᠡᠳᠦ ᠬᠡᠮᠵᠢᠶᠡᠨ ᠤ ᠢᠲᠡᠭᠡᠯ ᠲᠠᠢ ᠪᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃
  ᠬᠤᠷᠠᠯ ᠠᠴᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠳᠤᠷᠢᠳᠤᠯᠭ᠎ᠠ ᠪᠣᠯ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠬᠠᠮᠤᠭ ᠤᠨ ᠮᠥᠨ ᠴᠢᠨᠠᠷ ᠤᠨ ᠣᠨᠴᠠᠯᠢᠭ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠭ ᠤᠨ ᠶᠡᠭᠡ ᠳᠠᠪᠠᠭᠤᠯᠢᠭ ᠮᠥᠨ᠂ ᠡᠷᠬᠡᠪᠰᠢ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠶᠢ ᠡᠷᠡᠰ ᠬᠠᠮᠠᠭᠠᠯᠠᠵᠤ᠂ ᠨᠠᠮ ᠤᠨ ᠤᠳᠤᠷᠢᠳᠤᠯᠭ᠎ᠠ ᠶᠢ ᠤᠯᠤᠰ ᠤᠨ ᠵᠠᠰᠠᠯᠲᠠ ᠶᠢᠨ ᠡᠯ᠎ᠡ ᠬᠦᠷᠢᠶ᠎ᠡ ᠡᠯ᠎ᠡ ᠲᠠᠯ᠎ᠠ ᠡᠯ᠎ᠡ ᠭᠤᠭᠴᠤᠭ᠎ᠠ ᠳᠤ ᠨᠠᠶᠢᠳᠠᠪᠤᠷᠢᠵᠢᠭᠤᠯᠬᠤ ᠬᠡᠷᠡᠭᠲᠡᠶ᠃ ᠳᠥᠷᠪᠡᠳᠦᠭᠡᠷ ᠪᠥᠬᠦᠳᠡ ᠬᠤᠷᠠᠯ ᠠᠴᠠ ᠤᠬ ᠰᠠᠨᠠᠭ᠎ᠠ ᠪᠠᠨ ᠦᠯᠦ ᠮᠠᠷᠳᠠᠵᠦ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ ᠳᠦᠷᠢᠮ ᠢ ᠪᠠᠶᠢᠭᠤᠯᠤᠨ᠎ᠠ ᠭᠡᠵᠦ ᠳᠤᠷᠠᠳᠤᠭᠰᠠᠨ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠶᠤᠮ᠃ ᠮᠠᠨ ᠤ ᠨᠠᠮ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠥᠨᠥᠳᠥᠷ ᠬᠦᠷᠴᠦ ᠢᠷᠡᠭᠰᠡᠨ ᠨᠢ ᠡᠪ ᠬᠠᠮᠲᠤᠴᠤᠳ ᠤᠨ ᠤᠭ ᠰᠠᠨᠠᠭ᠎ᠠ ᠪᠣᠯᠤᠨ ᠡᠭᠦᠷᠭᠡ ᠬᠠᠷᠢᠭᠤᠴᠠᠯᠭ᠎ᠠ ᠪᠠᠷ ᠲᠣᠭᠲᠠᠭᠠᠭᠳᠠᠭᠰᠠᠨ ᠶᠤᠮ᠃ ᠢᠮᠠᠭᠲᠠ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢᠶᠠᠷ ᠮᠠᠨ ᠤ ᠲᠡᠮᠡᠴᠡᠬᠦ ᠬᠠᠷᠠᠯᠲᠠ ᠪᠠᠨ ᠪᠣᠯᠭᠠᠵᠤ᠂ ᠤᠯᠤᠰ ᠤᠨ ᠪᠠᠶᠢᠭᠤᠯᠤᠯ ᠪᠣᠯᠤᠨ ᠵᠠᠰᠠᠯᠲᠠ ᠶᠢᠨ ᠰᠢᠰᠲ᠋ᠧᠮ ᠤᠨ ᠪᠠᠶᠢᠭᠤᠯᠤᠯᠲᠠ ᠶᠢᠨ ᠡᠯ᠎ᠡ ᠵᠦᠶ᠋ᠯ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠶ ᠭᠡᠵᠦ ᠴᠢᠬᠤᠯᠠᠴᠢᠯᠠᠵᠠᠢ᠃
  ᠬᠤᠷᠠᠯ ᠳᠤ ᠣᠷᠣᠯᠴᠠᠭᠰᠠᠳ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠤᠨ ᠪᠠᠰᠠ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠨᠡᠬᠡᠮᠵᠢᠯᠡᠬᠦ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠥᠳᠡᠭᠡ ᠲᠣᠰᠬᠤᠨ ᠤ ᠠᠵᠢᠯ ᠤᠨ ᠳᠦᠷᠢᠮ︾ ᠪᠠ ︽ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠳᠦᠷᠢᠮ︾ ᠢ ᠰᠤᠷᠤᠯᠴᠠᠪᠠ᠃ ᠬᠤᠷᠠᠯ ᠠᠴᠠ᠂ ᠳᠦᠷᠢᠮ ᠤᠨ ᠤᠬᠠᠮᠰᠠᠷ ᠢᠶᠠᠨ ᠴᠢᠩᠭᠠᠳᠬᠠᠵᠤ᠂ ᠳᠦᠷᠢᠮ ᠤᠨ ᠡᠷᠬᠡ ᠰᠦᠷ ᠢ ᠲᠦᠷᠦᠭᠦᠯᠡᠨ ᠬᠠᠮᠠᠭᠠᠯᠠᠵᠤ᠂ ᠳᠦᠷᠢᠮ ᠢ ᠬᠡᠷᠡᠭᠵᠢᠭᠦᠯᠬᠦ ᠦᠯᠢᠭᠡᠷ ᠳᠠᠭᠤᠷᠢᠶᠠᠯ ᠪᠣᠯᠬᠤ ᠬᠡᠷᠡᠭᠲᠡᠶ ᠭᠡᠵᠦ ᠴᠢᠬᠤᠯᠠᠴᠢᠯᠠᠪᠠ᠃
  ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠨᠠᠮ ᠤᠨ ᠭᠠᠳᠠᠨᠠᠬᠢ ᠳᠡᠳ᠋ ᠲᠡᠷᠢᠭᠦᠯᠡᠭᠴᠢ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ ᠵᠣᠬᠢᠶᠠᠭᠴᠢ᠄  ᠳ᠋ᠠᠶ ᠬᠤᠩ



  
     
     